ᠪᠥᠬᠥ᠌ ᠣᠷᠣᠨ ᠤ ᠦᠨᠳᠦᠰᠦᠲᠡᠨ ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠬᠠᠷᠢᠯᠴᠠᠨ ᠲᠤᠭᠤᠷᠢᠨ ᠦᠵᠠᠵᠤ ᠬᠠᠷᠢᠯᠴᠠᠨ ᠰᠤᠷᠤᠯᠴᠠᠬᠤ ᠠᠵᠢᠯᠯᠠᠭ᠎ᠠ ᠤᠢᠷ᠎ᠠ ᠳ᠋ᠤ ᠤᠯᠠᠭᠠᠨᠴᠠᠪ ᠬᠣᠲᠠ᠎ᠳᠤ ᠶᠠᠪᠤᠭᠳᠠᠵᠠᠢ᠃ ᠲᠤᠰ ᠠᠵᠢᠯᠯᠠᠭ᠎ᠠ ᠨᠢ ᠶᠡᠷᠦᠩᠬᠡᠶ ᠱᠦᠵᠢ ᠰᠢ ᠵᠢᠨ ᠫᠢᠩ ᠦᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ᠎ᠶᠢ ᠦᠷᠭᠦᠯᠵᠢᠯᠡᠨ ᠭᠦᠨᠵᠡᠭᠡᠶ᠋ᠢᠷᠡᠭᠦᠯᠬᠦ᠌ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠭᠤᠤᠯ ᠰᠢᠵᠢᠮ᠎ᠢ ᠴᠢᠩᠭ᠎ᠠ ᠡᠵᠡᠮᠳᠡᠵᠦ᠍᠂ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠵᠢᠯ᠎ᠤᠨ ᠲᠠᠰ ᠳᠡᠪᠰᠢᠬᠦ᠌᠎ᠶᠢ ᠪᠥᠬᠥ᠌ ᠲᠠᠯ᠎ᠠ᠎ᠪᠠᠷ ᠠᠬᠢᠭᠤᠯᠬᠤ ᠵᠢ ᠵᠣᠷᠢᠭᠰᠨᠨ ᠪᠠᠢᠨ᠎ᠠ᠃
ᠲᠣᠰ ᠠᠵᠢᠯᠯᠠᠭ᠎ᠠ ᠨᠢ 《ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠥᠬᠥ᠌ ᠲᠠᠯ᠎ᠠ᠎ᠪᠠᠷ ᠪᠠᠲᠤ᠌ ᠴᠤᠭᠴᠠᠯᠠᠶ᠎ᠠ》ᠬᠡᠬᠦ ᠪᠠᠷ ᠭᠤᠤᠯ ᠰᠡᠳᠦᠪ ᠪᠣᠯᠭᠠᠵᠤ᠂《ᠬᠠᠷᠢᠯᠴᠠᠨ ᠰᠤᠷᠤᠯᠴᠠᠵᠤ ᠬᠠᠮᠲᠤ᠎ᠪᠠᠷ ᠠᠬᠢᠭᠤᠯᠬᠤ᠂ ᠵᠢᠱ᠌ᠢᠶ᠎ᠡ ᠦᠵᠡᠭᠦᠯᠦᠨ ᠬᠠᠮᠲᠤ᠎ᠪᠠᠷ ᠪᠠᠶ᠋ᠢᠭᠤᠯᠬᠤ》 ᠵᠠᠭᠪᠤᠷ᠎ᠢᠶᠠᠷ ᠳᠠᠮᠵᠢᠭᠤᠯᠤᠨ᠂ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ ᠶᠢ ᠡᠭᠦᠳᠦᠨ ᠪᠠᠶ᠋ᠢᠭᠤᠯᠬᠤ᠎ᠶᠢ ᠭᠦᠨᠵᠡᠭᠡᠶ᠋ᠢᠷᠡᠭᠦᠯᠦᠭᠰᠡᠨ ᠢᠳᠡᠪᠬᠢᠲᠡᠶ ᠦᠷ᠎ᠡ ᠪᠦᠲᠦᠮᠵᠢ ᠶᠢ ᠬᠦᠢᠴᠡᠳ ᠢᠯᠡᠷᠡᠭᠦᠯᠵᠦ᠍᠂ ᠳᠤᠮᠳᠠᠳᠤ᠎ᠶᠢᠨ ᠦᠨᠳᠦᠰᠦᠲᠡᠨ ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠬᠤ 《ᠤᠯᠠᠭᠠᠨᠴᠠᠪ᠎ᠤᠨ ᠬᠠᠭᠤᠳᠠᠰᠤ》 ᠵᠢ ᠳᠡᠯᠭᠡᠨ ᠦᠵᠡᠭᠦᠯᠵᠡᠶ᠃
ᠠᠵᠢᠯᠯᠠᠭ᠎ᠠ ᠳ᠋ᠤ ᠣᠷᠣᠯᠴᠠᠭᠰᠠᠳ ᠴᠠᠬᠠᠷ ᠪᠠᠷᠠᠭᠤᠨ ᠭᠠᠷᠤᠨ ᠬᠣᠶ᠋ᠢᠲᠤ᠌ ᠬᠣᠰᠢᠭᠤᠨ᠎ᠤ ᠤᠯᠠᠭᠠᠨᠬᠠᠳᠠ ᠰᠤᠮᠤ᠂ ᠵᠢᠨᠢᠩ ᠦᠨ ᠣᠯᠠᠨ ᠤᠯᠤᠰ ᠤᠨ ᠠᠷᠠᠰᠤᠨ ᠡᠳ᠋ᠯᠡᠯ᠎ᠦᠨ ᠬᠣᠲᠠ᠂ ᠤᠯᠠᠭᠠᠨᠴᠠᠪ ᠬᠣᠲᠠ᠎ᠶᠢᠨ ᠭᠠᠯ ᠰᠡᠷᠭᠡᠶ᠋ᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠳᠤᠮᠳᠠᠳᠤ ᠤᠯᠤᠰ᠎ᠤᠨ ᠬᠦᠢᠲᠡᠨ ᠰᠡᠷᠢᠭᠦᠨ ᠢᠳᠡᠰᠢᠨ ᠨᠣᠭᠣᠭᠠᠨ᠎ᠤ ᠠᠺᠠᠳᠧᠮᠢᠴᠢ᠎ᠶᠢᠨ ᠠᠵᠢᠯ᠎ᠤᠨ ᠥᠷᠲᠡᠭᠡ ᠵᠡᠷᠭᠡ ᠤᠯᠠᠭᠠᠨᠴᠠᠪ ᠬᠣᠲᠠ᠎ᠶᠢᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠵᠢᠯ᠎ᠤᠨ ᠦᠷ᠎ᠡ ᠪᠦᠲᠦᠭᠡᠯ᠎ᠦᠨ ᠴᠡᠭ᠎ᠵᠢᠡᠷ ᠬᠦᠷᠴᠦ ᠪᠠᠶ᠋ᠢᠴᠠᠭᠠᠨ ᠰᠤᠳᠤᠯᠵᠤ᠂ ᠤᠯᠠᠭᠠᠨᠴᠠᠪ ᠬᠣᠲᠠ᠎ᠶᠢᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ ᠶᠢ ᠡᠭᠦᠳᠦᠨ ᠪᠠᠶ᠋ᠢᠭᠤᠯᠬᠤ ᠠᠵᠢᠯ ᠢ᠋ ᠬᠥᠳᠡᠭᠡ ᠲᠣᠰᠬᠣᠨ᠎ᠳᠤ ᠣᠷᠣᠭᠤᠯᠬᠤ᠂ ᠪᠠᠶ᠋ᠢᠭᠤᠯᠭ᠎ᠠ ᠳᠤ ᠣᠷᠣᠭᠤᠯᠬᠤ᠂ ᠬᠤᠳᠠᠯᠳᠤᠭᠠᠨ ᠤ ᠲᠣᠭᠣᠷᠢᠭ᠎ᠲᠤ᠌ ᠣᠷᠣᠭᠤᠯᠬᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠠᠵᠢᠯ᠎ᠤᠨ ᠥᠷᠲᠡᠭᠡᠨ ᠳ᠋ᠤ ᠤᠷᠤᠭᠤᠯᠬᠤ ᠵᠡᠷᠭᠡ ᠠᠵᠢᠯ ᠲᠥᠷᠥᠯ᠎ᠦᠨ ᠬᠦᠷᠢᠶᠡᠨ᠎ᠦ ᠰᠢᠨ᠎ᠡ᠎ᠶᠢ ᠡᠭᠦᠳᠬᠦ᠌ ᠠᠷᠭ᠎ᠠ ᠬᠢᠳᠡᠯ᠎ᠢ ᠨᠠᠷᠢᠨ ᠣᠶ᠋ᠢᠯᠠᠭᠠᠪᠠ᠃
ᠠᠵᠢᠯᠯᠠᠭ᠎ᠠ᠎ᠶᠢᠨ ᠬᠤᠭᠤᠴᠠᠭᠠᠨ᠎ᠳᠤ ᠪᠥᠬᠥ᠌ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠵᠢᠯ᠎ᠤᠨ ᠠᠬᠢᠭᠤᠯᠬᠤ ᠬᠤᠷᠠᠯ᠎ᠢ ᠬᠤᠷᠠᠯᠳᠤᠭᠤᠯᠵᠠᠢ᠃ ᠬᠤᠷᠠᠯ ᠳᠡᠭᠡᠷ᠎ᠡ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠂ ᠣᠷᠳᠣᠰ᠎ᠤᠨ ᠴᠠᠬᠢᠯᠭᠠᠨ ᠬᠠᠩᠭᠠᠬᠤ ᠺᠣᠮᠫᠠᠨᠢ ᠵᠡᠷᠭᠡ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ᠌ ᠤᠷᠤᠨ ᠤ᠋ ᠵᠢᠱ᠌ᠢᠶ᠎ᠡ ᠦᠵᠡᠭᠦᠯᠬᠦ᠌ ᠨᠢᠭᠡᠴᠢ ᠠᠵᠢᠯ᠎ᠤᠨ ᠲᠤᠷᠰᠢᠯᠭ᠎ᠠ᠎ᠪᠠᠨ ᠲᠠᠨᠢᠯᠴᠠᠭᠤᠯᠪᠠ᠃ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠤᠭᠰᠠᠨ ᠰᠢᠯᠢᠳᠡᠭ ᠦᠷ᠎ᠡ ᠪᠦᠲᠦᠭᠡᠯ᠎ᠦᠨ ᠴᠡᠭ ᠪᠤᠯᠬᠤ ᠰᠢᠯᠢ᠎ᠶᠢᠨ ᠭᠤᠤᠯ ᠠᠶ᠋ᠢᠮᠠᠭ᠎ᠤᠨ ᠰᠢᠯᠢᠩᠬᠣᠲᠠ᠎ᠶᠢᠨ ᠠᠶ ᠮᠢᠨ ᠨᠡᠶ᠋ᠢᠭᠡᠮ ᠲᠣᠭᠣᠷᠢᠭ᠂ ᠪᠠᠶᠠᠨᠨᠠᠭᠤᠷ ᠬᠣᠲᠠ᠎ᠶᠢᠨ ᠯᠢᠨᠾᠧ ᠲᠣᠭᠣᠷᠢᠭ᠎ᠤᠨ ᠪᠠ ᠢ ᠰᠢᠶᠠᠩ᠎ᠤᠨ ᠯᠢᠶᠠᠨᠹᠧᠩ ᠲᠣᠰᠬᠣᠨ᠎ᠤ ᠲᠥᠯᠥᠭᠡᠯᠡᠭᠴᠢ ᠲᠤᠬᠠᠶ᠎ᠶᠢᠨ ᠲᠠᠯᠠᠪᠠᠶ᠎ᠳᠤ ᠲᠠᠶ᠋ᠢᠯᠤᠮᠵᠢ ᠬᠢᠪᠠ᠃ ᠲᠦᠩᠯᠢᠶᠣᠤ ᠬᠣᠲᠠ᠂ ᠤᠯᠠᠭᠠᠨᠴᠠᠪ ᠬᠣᠲᠠ᠂ ᠦᠬᠠᠶ ᠬᠣᠲᠠ ᠵᠡᠷᠭᠡ ᠭᠠᠵᠠᠷ ᠣᠷᠣᠨ᠎ᠤ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ᠌ ᠣᠷᠣᠨ ᠡᠭᠦᠳᠦᠨ ᠪᠠᠶ᠋ᠢᠭᠤᠯᠤᠭᠰᠠᠨ ᠬᠠᠮᠢᠶ᠎ᠠ ᠪᠥᠬᠥᠶ ᠠᠵᠢᠯ᠎ᠤᠨ ᠪᠠᠶ᠋ᠢᠳᠠᠯ ᠵᠢᠡᠨ ᠲᠠᠨᠢᠯᠴᠠᠭᠤᠯᠤᠭᠰᠠᠨ ᠪᠠᠢᠨ᠎ᠠ᠃
ᠪᠤᠭᠤᠲᠤ᠌ ᠬᠣᠲᠠ᠎ᠶᠢᠨ ᠵᠢᠦᠶᠤᠸᠠᠨ ᠲᠣᠭᠣᠷᠢᠭ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠡᠷᠬᠢᠯᠡᠭᠴᠢ ᠱᠸᠨ ᠳ᠋ᠠᠨ᠄《 ᠲᠣᠰ ᠤᠳᠠᠭᠠᠨ᠎ᠤ ᠠᠵᠢᠯᠯᠠᠭ᠎ᠠ᠎ᠶᠢᠨ ᠭᠤᠤᠯ ᠰᠡᠳᠦᠪ ᠲᠣᠪᠣᠶ᠋ᠢᠮ᠎ᠠ᠂ ᠠᠭᠤᠯᠭ᠎ᠠ ᠪᠠᠶᠠᠯᠢᠭ ᠪᠠᠶ᠋ᠢᠵᠤ᠂ ᠣᠨᠣᠯ ᠤᠢᠯᠡᠳᠦᠯᠭᠡᠶᠢ ᠤᠶᠠᠯᠳᠤᠭᠤᠯᠤᠭᠰᠠᠨ ᠠᠮᠢᠳᠤᠯᠢᠭ ᠵᠢᠭᠠᠨ ᠰᠤᠷᠭᠠᠯᠲᠠ ᠪᠤᠯᠵᠠᠢ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠵᠢᠯ ᠢ ᠦᠷᠭᠦᠯᠵᠢᠯᠡᠨ ᠭᠦᠨᠵᠡᠭᠡᠶ᠋ᠢᠷᠡᠭᠦᠯᠬᠦ᠌᠎ᠳᠦ ᠮᠠᠰᠢ ᠴᠢᠩᠭ᠎ᠠ ᠵᠢᠯᠣᠭᠣᠳᠬᠤ ᠠᠴᠢ ᠬᠣᠯᠪᠣᠭᠳᠠᠯ᠎ᠲᠠᠶ》 ᠬᠡᠵᠤ ᠰᠤᠷᠪᠤᠯᠵᠢᠯᠠᠭᠴᠢ᠎ᠳᠤ ᠶᠠᠷᠢᠪᠠ ᠃
ᠠᠵᠢᠯᠯᠠᠭ᠎ᠠ᠎ᠳᠤ ᠤᠷᠤᠯᠴᠠᠭᠰᠡᠳ ᠲᠣᠰ ᠤᠳᠠᠭ᠎ᠠ ᠵᠢᠨ ᠬᠠᠷᠢᠯᠴᠠᠨ ᠲᠤᠭᠤᠷᠢᠨ ᠦᠵᠡᠵᠤ ᠬᠠᠷᠢᠯᠴᠠᠨ ᠰᠤᠷᠤᠯᠴᠠᠬᠤ ᠪᠠᠷ ᠳᠠᠮᠵᠢᠭᠤᠯᠤᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠵᠢᠯ᠎ᠤᠨ ᠨᠡᠶ᠋ᠢᠲᠡᠯᠢᠭ ᠲᠤᠷᠰᠢᠯᠭ᠎ᠠ ᠪᠠ ᠲᠡᠷᠢᠭᠦᠨ᠎ᠦ ᠠᠷᠭ᠎ᠠ ᠬᠢᠳᠡᠯ᠎ᠢ ᠰᠤᠷᠤᠯᠴᠠᠵᠤ᠂ ᠬᠠᠷᠠᠭ᠎ᠠ᠎ᠪᠠᠨ ᠥᠷᠭᠡᠳᠬᠡᠨ᠂ ᠡᠭᠦᠳᠦᠨ ᠪᠠᠶ᠋ᠢᠭᠤᠯᠬᠤ ᠠᠵᠢᠯ᠎ᠢᠶᠠᠷ ᠭᠠᠷᠳᠠᠴᠠ ᠪᠣᠯᠭᠠᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠠᠵᠢᠯ᠎ᠤᠨ ᠲᠤᠬᠠᠢ ᠲᠠᠨᠢᠯᠲᠠ ᠣᠶ᠋ᠢᠯᠠᠭᠠᠯᠲᠠ ᠪᠠᠨ ᠬᠦᠨᠵᠡᠭᠡᠢᠷᠡᠭᠦᠯᠵᠤ᠂ ᠡᠭᠦᠳᠦᠨ ᠪᠠᠶ᠋ᠢᠭᠤᠯᠬᠤ ᠠᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ᠌᠎ᠳᠦ ᠴᠢᠬᠤᠯᠠ ᠠᠴᠢ ᠬᠣᠯᠪᠣᠭᠳᠠᠯ᠎ᠲᠠᠶ ᠬᠡᠵᠤ ᠰᠠᠨᠠᠯ ᠨᠢᠭᠡᠲᠠᠢ ᠢᠯᠡᠷᠭᠡᠢᠯᠡᠵᠡᠭᠡᠭᠰᠡᠨ ᠪᠠᠢᠨ᠎ᠠ᠃