ᠭᠦᠨᠵᠡᠭᠡᠢ ᠰᠤᠷᠤᠯᠴᠠᠨ ᠨᠠᠷᠢᠯᠢᠭ ᠣᠬᠠᠪᠤᠷᠢᠯᠠᠨ ᠰᠠᠭᠤᠷᠢ᠎ᠶ᠋ᠢ ᠪᠠᠲᠤᠳᠭᠠᠵᠤ ᠤᠯᠠᠨ ᠲᠦᠮᠡᠨ᠎ᠢᠶᠠᠷ ᠦᠨᠳᠦᠰᠦ ᠪᠣᠯᠭᠠᠨ ᠪᠣᠳᠠᠲᠤ᠌ ᠠᠮᠵᠢᠯᠲᠠ ᠭᠠᠷᠭᠠᠨ᠎ᠠ
2026-07-08 09:29:30
ᠵᠣᠬᠢᠶᠠᠭ᠍ᠴᠢ᠄
ᠯᠢ ᠭᠦᠸᠧ ᠫᠢᠩ ᠯᠢᠦ ᠬᠣᠩ ᠵᠠᠩ ᠯᠢ ᠺᠧ ᠰᠢᠨ
ᠣᠩᠱᠢᠭ᠍ᠰᠠᠨ ᠣᠳᠠᠭ᠎ᠠ᠄
★★★☆☆

ᠪᠥᠬᠦ᠌ ᠣᠷᠤᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠵᠠᠰᠠᠬ᠎ᠤᠨ ᠠᠵᠢᠯ᠎ᠤᠨ ᠪᠦᠲᠦᠮᠵᠢ  ᠵᠢᠨ ᠲᠤᠬᠠᠢ ᠵᠦᠪ ᠦᠵᠡᠯᠲᠡ᠎ᠶ᠋ᠢ ᠪᠣᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ ᠪᠤᠢ

       

ᠵᠠᠰᠠᠬ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶ᠋ᠢ ᠪᠣᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠎ᠢ ᠥᠷᠨᠢᠭᠦᠯᠦᠭᠰᠡᠨ ᠡᠴᠡ ᠨᠠᠭᠠᠰᠢ᠂ ᠮᠠᠨ᠎ᠤ ᠤᠷᠤᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠎ᠤᠨ ᠎ᠬᠢᠨ ᠶᠡᠷᠦᠩᠬᠡᠢ ᠱᠠᠭᠠᠷᠳᠠᠯᠭ᠎ᠠ᠎ᠶ᠋ᠢᠨ ᠲᠤᠭᠤᠷᠢᠨ ᠳ᠋ᠦ᠂ ᠰᠤᠷᠤᠯᠴᠠᠬᠤ᠂ ᠪᠠᠶ᠋ᠢᠴᠠᠭᠠᠬᠤ᠂ ᠰᠠᠶ᠋ᠢᠵᠢᠷᠠᠭᠤᠯᠬᠤ ᠪᠦᠬᠦ᠌ ᠬᠡᠯᠬᠢᠶ᠎ᠡ᠎ᠶ᠋ᠢᠨ ᠨᠠᠶ᠋ᠢᠳᠠᠪᠤᠷᠢᠵᠢᠭᠤᠯᠤᠯᠲᠠ᠎ᠶ᠋ᠢ ᠨᠢᠭᠡᠳᠦᠯᠲᠡᠢ ᠲᠥᠯᠦᠪᠵᠢᠭᠦᠯᠦᠨ ᠠᠬᠢᠭᠤᠯᠵᠤ᠂ ᠰᠡᠳᠬᠢᠯ᠎ᠢᠶᠠᠨ ᠨᠢᠭᠡᠳᠬᠡᠨ ᠰᠦᠭ ᠰᠦᠨᠡᠰᠦ ᠵᠢ ᠱᠤᠭᠤᠵᠤ ᠦᠵᠡᠯ ᠰᠠᠨᠠᠭ᠎ᠠ᠎ᠪᠠᠨ ᠬᠦᠴᠦᠷᠬᠡᠭᠵᠢᠭᠦᠯᠬᠦ᠎ᠶ᠋ᠢ ᠪᠠᠷᠢᠮᠲᠠᠯᠠᠵᠤ᠂ ᠭᠦᠨᠵᠡᠭᠡᠢ ᠰᠤᠷᠤᠯᠴᠠᠨ ᠨᠠᠷᠢᠯᠢᠭ ᠤᠬᠠᠪᠤᠷᠢᠯᠡᠨ ᠰᠠᠭᠤᠷᠢ ᠎ᠶ᠋ᠢ ᠪᠠᠲᠤᠳᠭᠠᠵᠤ᠂ ᠰᠤᠷᠤᠭᠰᠠᠨ᠎ᠢᠶᠠᠨ ᠬᠡᠷᠡᠭᠯᠡᠨ ᠬᠤᠪᠢᠷᠠᠭᠤᠯᠬᠤ᠎ᠶ᠋ᠢ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠤᠨ ᠶᠠᠰᠤ ᠴᠢᠨᠠᠷ᠎ᠢ ᠳᠡᠭᠡᠭᠰᠢᠯᠡᠬᠦᠯᠦᠨ ᠦᠷ᠎ᠡ ᠪᠦᠲᠦᠮᠵᠢ ᠤᠯᠬᠤ᠎ᠶ᠋ᠢ ᠠᠬᠢᠭᠤᠯᠪᠠ᠃

ᠥᠪᠡᠷᠲᠡᠭᠡᠨ ᠵᠠᠰᠠᠬᠤ ᠣᠷᠤᠨ᠎ᠤ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭᠠᠯᠠᠬᠤ ᠦᠢᠯᠡᠴᠢᠯᠡᠭᠡᠨ᠎ᠤ ᠲᠥᠪ ᠨᠢ ᠣᠯᠠᠨ ᠲᠦᠮᠡᠨ ᠎ᠤ ᠲᠤᠰᠭᠠᠯ ᠴᠢᠩᠭ᠎ᠠ ᠪᠠᠶ᠋ᠢᠭ᠎ᠠ ᠬᠡᠷᠡᠭᠯᠡᠭᠡ᠎ᠶ᠋ᠢᠨ ᠬᠦᠷᠢᠶᠡᠨ᠎ᠳᠠᠬᠢ ᠪᠠᠴᠢᠮᠳᠠᠵᠤ ᠲᠦᠪᠡᠭᠳᠡᠵᠤ ᠵᠣᠪᠠᠨᠢᠵᠦ ᠬᠦᠰᠡᠵᠦ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠨᠠᠷᠢᠯᠢᠭ ᠣᠨᠤᠴᠠᠲᠠᠢ᠎ᠪᠠᠷ ᠬᠦᠴᠦᠯᠡᠵᠦ᠍᠂ ᠴᠢᠩᠭ᠎ᠠ ᠠᠳᠭᠤᠨ ᠴᠢᠩᠭ᠎ᠠ ᠬᠠᠮᠢᠶᠠᠷᠴᠤ᠌᠂ ᠦᠨᠡᠨ᠎ᠢ ᠪᠠᠷᠢᠮᠲᠠᠯᠠᠨ ᠬᠠᠳᠠᠭᠤ ᠲᠠᠢ ᠨᠢ ᠬᠠᠯᠳᠠᠬᠤ ᠠᠷᠭ᠎ᠠ ᠬᠡᠮᠵᠢᠶ᠎ᠡ᠎ᠪᠠᠷ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭᠠᠯᠠᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠬᠦ᠎ᠪᠠᠷ ᠳᠠᠮᠵᠢᠨ᠂ ᠬᠡᠷᠡᠭᠯᠡᠭᠴᠢᠳ ᠎ᠤᠨ ᠡᠷᠬᠡ ᠠᠰᠢᠭ᠎ᠢ ᠬᠠᠮᠠᠭᠠᠯᠠᠨ ᠠᠷᠠᠳ᠎ᠲᠤ᠌ ᠠᠰᠢᠭ ᠬᠦᠷᠲᠡᠭᠡᠬᠦ᠌ ᠪᠣᠳᠠᠲᠤ᠌ ᠶᠠᠪᠤᠳᠠᠯ ᠎ᠢ ᠦᠨᠡᠨ ᠎ᠬᠦ ᠰᠠᠶ᠋ᠢᠲᠤᠷ ᠬᠢᠪᠡ᠃ ᠰᠢᠰᠲᠧᠮ᠎ᠤᠨ ᠪᠠᠶ᠋ᠢᠭᠤᠯᠤᠯᠲᠠ᠎ᠶ᠋ᠢᠨ ᠲᠠᠯ᠎ᠠ᠎ᠪᠠᠷ᠂ ᠪᠥᠬᠦ᠌ ᠣᠷᠤᠨ᠎ᠤ ᠬᠡᠷᠡᠭᠯᠡᠭᠴᠢᠳ᠎ᠤᠨ ᠨᠡᠶ᠋ᠢᠭᠡᠮᠯᠢᠭ᠎ᠤᠨ ᠵᠣᠬᠢᠶᠠᠨ ᠪᠠᠶ᠋ᠢᠭᠤᠯᠤᠯᠲᠠ᠎ᠶ᠋ᠢᠨ ᠪᠦᠲᠦᠴᠡ᠎ᠶ᠋ᠢ ᠦᠷᠭᠦᠯᠵᠢᠯᠡᠨ ᠪᠦᠷᠢᠨᠰᠢᠬᠦᠯᠵᠦ᠍᠂ ᠡᠯ᠎ᠡ ᠠᠶ᠋ᠢᠮᠠᠭ ᠬᠤᠲᠠ᠎ᠳᠤ ᠪᠠᠶ᠋ᠢᠩᠭᠤ ᠬᠦᠷᠴᠦ᠍ ᠲᠤᠬᠠᠢ᠎ᠶ᠋ᠢᠨ ᠭᠠᠵᠠᠷ᠎ᠤᠨ ᠲᠤᠬᠠᠶ᠋ᠢᠯᠠᠭᠰᠠᠨ ᠠᠵᠢᠯ᠎ᠤᠨ ᠬᠢᠨᠠᠨ ᠵᠢᠯᠤᠭᠤᠳᠤᠯᠭ᠎ᠠ ᠥᠷᠨᠢᠭᠦᠯᠵᠦ᠍᠂ ᠡᠯ᠎ᠡ ᠲᠥᠷᠦᠯ᠎ᠤᠨ ᠬᠢᠨᠠᠯᠲᠠ ᠲᠠᠯᠪᠢᠬᠤ᠎ᠳᠤ ᠲᠦᠰᠢᠭᠯᠡᠨ ᠬᠤᠯᠪᠤᠭᠠᠯᠠᠨ ᠬᠥᠳᠡᠯᠦᠯᠴᠡᠬᠦ᠌ ᠲᠠᠪᠴᠠᠩ᠎ᠢ ᠨᠡᠪᠲᠡᠷᠡᠭᠦᠯᠵᠦ᠍ ᠡᠯ᠎ᠡ ᠱᠠᠲᠤᠨ᠎ᠤ ᠠᠵᠢᠯ᠎ᠤᠨ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠶ᠋ᠢᠵᠢᠭᠤᠯᠵᠤ᠂ ᠣᠲᠤ᠌ ᠨᠢᠭᠡᠨᠲᠡ ᠥᠪᠦᠷ ᠮᠣᠩᠭᠤᠯ᠎ᠤᠨ 12 ᠠᠶ᠋ᠢᠮᠠᠭ ᠬᠤᠲᠠ᠎ᠳ᠋ᠦ ᠬᠡᠷᠡᠭᠯᠡᠭᠴᠢᠳ᠎ᠤᠨ ᠨᠡᠶ᠋ᠢᠭᠡᠮᠯᠢᠭ ᠪᠠᠢᠭᠤᠯᠬᠤ ᠵᠢ ᠪᠦᠷ ᠪᠡᠶᠡᠯᠡᠭᠦᠯᠪᠡ᠃ ᠬᠡᠷᠡᠭᠯᠡᠭᠡᠨ᠎ᠤ ᠡᠷᠬᠡ᠎ᠪᠠᠨ ᠬᠠᠮᠠᠭᠠᠯᠠᠬᠤ ᠲᠠᠯ᠎ᠠ᠎ᠪᠠᠷ᠂ ᠳᠡᠭᠡᠷ᠎ᠡ ᠬᠠᠭᠠᠰ ᠵᠢᠯ᠎ᠳᠤ᠂ ᠮᠠᠨ᠎ᠤ ᠣᠷᠤᠨ᠎ᠤ ᠡᠯ᠎ᠡ ᠱᠠᠲᠤᠨ᠎ᠤ ᠬᠡᠷᠡᠭᠯᠡᠭᠴᠢᠳ᠎ᠤᠨ ᠨᠡᠢᠭᠡᠮᠯᠢᠭ᠎ᠤᠨ ᠵᠣᠬᠢᠶᠠᠨ ᠪᠠᠶ᠋ᠢᠭᠤᠯᠤᠯᠲᠠ ᠡᠯ᠎ᠡ ᠲᠥᠷᠦᠯ᠎ᠤᠨ ᠬᠡᠷᠡᠭᠯᠡᠭᠡᠨ᠎ᠤ ᠵᠠᠭᠤᠷᠠᠯᠳᠤᠭᠠᠨ᠎ᠢ ᠨᠡᠶ᠋ᠢᠲᠡ 1567 ᠬᠤᠪᠢ ᠭᠥᠯᠢᠶᠡᠨ ᠠᠪᠴᠤ᠌ ᠰᠢᠢᠳᠪᠦᠷᠢᠯᠡᠵᠦ᠍᠂ ᠬᠡᠷᠡᠭᠯᠡᠭᠴᠢᠳ᠎ᠲᠤ᠌ 32.47 ᠲᠦᠮᠡᠨ ᠲᠥᠭᠦᠷᠢᠭ᠎ᠤᠨ ᠠᠵᠤ ᠠᠬᠤᠢ᠎ᠶ᠋ᠢᠨ ᠬᠤᠬᠢᠷᠠᠯ᠎ᠢ ᠡᠭᠡᠭᠦᠯᠦᠨ ᠠᠪᠴᠢᠷᠠᠪᠠ᠃ ᠰᠠᠨᠠᠭ᠎ᠠ ᠠᠮᠤᠷ ᠬᠡᠷᠡᠭᠯᠡᠭᠡ᠎ᠶ᠋ᠢ ᠡᠭᠦᠳᠦᠨ ᠪᠠᠶ᠋ᠢᠭᠤᠯᠬᠤ ᠲᠠᠯ᠎ᠠ᠎ᠪᠠᠷ᠂  ᠡᠵᠡᠩᠨᠡᠭᠴᠢ᠎ᠶ᠋ᠢᠨ《ᠬᠤᠤᠰ ᠠᠮᠠᠯᠠᠯᠲᠠ》 ᠵᠢᠨ ᠲᠦᠷᠢᠮ᠎ᠢ ᠨᠠᠶ᠋ᠢᠳᠠᠪᠤᠷᠢᠵᠢᠭᠤᠯᠬᠤ ᠪᠠ ᠰᠠᠨᠠᠭ᠎ᠠ ᠠᠮᠤᠷ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ᠌ ᠲᠠᠯᠠᠪᠤᠷ᠎ᠢ ᠪᠤᠶ᠋ᠢᠵᠢᠭᠤᠯᠬᠤ ᠠᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠬᠡᠷᠡᠭᠯᠡᠭᠴᠢᠳ᠎ᠤᠨ ᠨᠡᠶ᠋ᠢᠭᠡᠮᠯᠢᠭ᠎ᠤᠨ《ᠬᠡᠷᠡᠭᠯᠡᠭᠡᠨ᠎ᠤ ᠪᠠᠶ᠋ᠢᠴᠠᠭᠠᠯᠲᠠ》ᠰᠦᠯᠵᠢᠶᠡᠨ ᠲᠠᠪᠴᠠᠩ᠎ᠳᠤ ᠲᠦᠰᠢᠭᠯᠡᠨ ᠡᠵᠡᠩᠨᠡᠯᠲᠡ᠎ᠶ᠋ᠢᠨ ᠭᠤᠤᠯ ᠴᠣᠭᠴᠠ᠎ᠶ᠋ᠢᠨ ᠠᠮᠠᠯᠠᠯᠲᠠ᠎ᠶ᠋ᠢᠨ ᠮᠡᠳᠡᠭᠡ ᠵᠠᠩᠭᠢ᠎ᠶ᠋ᠢ ᠢᠯᠡ᠎ᠪᠠᠷ ᠨᠡᠶ᠋ᠢᠲᠡᠯᠡᠵᠦ᠍᠂ ᠨᠡᠶ᠋ᠢᠳᠡ《ᠬᠤᠤᠰ ᠠᠮᠠᠯᠠᠯᠲᠠ》ᠳ᠋ᠦ ᠣᠷᠤᠯᠴᠠᠭᠰᠠᠨ ᠬᠤᠳᠠᠯᠳᠤᠭᠠᠴᠢᠨ 5127 ᠡᠷᠦᠬᠡ᠂ ᠰᠠᠨᠠᠭ᠎ᠠ ᠠᠮᠤᠷ ᠬᠡᠷᠡᠭᠯᠡᠭᠡᠨ᠎ᠤ ᠲᠠᠯᠠᠪᠤᠷ᠎ᠢ 142 ᠪᠤᠢᠵᠢᠭᠤᠯᠪᠠ᠃  ᠵᠠᠰᠠᠭ ᠵᠠᠬᠢᠷᠭᠠᠨ᠎ᠤ ᠬᠠᠮᠠᠭᠠᠯᠠᠯᠲᠠ᠎ᠶ᠋ᠢᠨ ᠲᠠᠯ᠎ᠠ᠎ᠪᠠᠷ᠂ ᠥᠪᠦᠷ ᠮᠣᠩᠭᠤᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠢᠰᠲᠧᠮ᠎ᠨᠢ ᠪᠥᠬᠦ᠌ ᠤᠯᠤᠰ᠎ᠤᠨ 12315 ᠲᠠᠪᠴᠠᠩ᠎ᠳ᠋ᠦ ᠲᠦᠰᠢᠭᠯᠡᠨ᠂ ᠳᠡᠭᠡᠷ᠎ᠡ ᠬᠠᠭᠠᠰ ᠵᠢᠯ᠎ᠳᠤ ᠬᠡᠷᠡᠭᠯᠡᠭᠴᠢᠳ᠎ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠯᠠᠪᠯᠠᠯᠭ᠎ᠠ ᠬᠢᠭᠰᠡᠨ ᠵᠦᠢᠯᠡᠰ᠎ᠢ ᠨᠡᠶ᠋ᠢᠲᠡ 135754 ᠬᠤᠪᠢ ᠰᠢᠢᠳᠪᠦᠷᠢᠯᠡᠵᠦ᠍᠂ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ᠎ᠶ᠋ᠢ ᠶᠡᠷᠦᠩᠬᠡᠶ᠋ᠢᠯᠡᠨ ᠰᠢᠢᠳᠪᠦᠷᠢᠯᠡᠵᠦ᠍ ᠳᠠᠭᠤᠰᠭᠠᠭᠰᠠᠨ ᠨᠣᠷᠮ᠎ᠠ᠎ᠨᠢ 80.72 %᠎ᠲᠦ ᠬᠦᠷᠴᠦ᠍᠂ ᠣᠯᠠᠨ ᠲᠦᠮᠡᠨ᠎ᠤ ᠬᠡᠷᠡᠭᠯᠡᠭᠡᠨ᠎ᠤ ᠬᠦᠷᠲᠡᠮᠵᠢ ᠎ᠶ᠋ᠢᠨ ᠲᠥᠷᠦᠭᠳᠡᠯ᠂ ᠬᠠᠨᠤᠮᠵᠢ᠎ᠶ᠋ᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃

  ᠰᠤᠷᠤᠯᠴᠠᠬᠤ ᠪᠠ ᠬᠡᠷᠡᠭᠯᠡᠬᠦ᠎ᠶᠢ ᠤᠶᠠᠯᠳᠤᠭᠤᠯᠤᠨ᠂ ᠠᠷᠠᠳ᠎ᠤᠨ ᠲᠥᠯᠥᠭᠡ ᠪᠣᠳᠠᠲᠠᠢ ᠠᠵᠢᠯᠯᠠᠬᠤ ᠳ᠋ᠤ ᠰᠠᠭᠤᠷᠢᠯᠠᠨ᠂ ᠠᠯᠠᠱᠠ ᠠᠢᠮᠠᠭ ᠤ᠋ᠨ ᠬᠢᠨ ᠵᠠᠰᠠᠭ ᠤ᠋ᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ ᠶ᠋ᠢ ᠪᠤᠢ ᠪᠤᠯᠭᠠᠨ ᠦᠢᠯᠡᠳᠦᠯᠭᠡᠵᠢᠭᠦᠯᠬᠦ᠎ᠪᠡᠷ ᠠᠵᠠ ᠲᠣᠬᠢᠶᠠᠯ ᠪᠣᠯᠭᠠᠵᠤ᠂ ᠥᠨᠳᠥᠷ ᠪᠠᠢᠷᠢᠨ ᠡᠴᠠ ᠨᠢᠭᠡᠳᠦᠯᠲᠡᠢ ᠲᠥᠯᠥᠪᠵᠢᠭᠦᠯᠦᠨ ᠪᠠᠢᠷᠢᠯᠠᠭᠤᠯᠵᠤ᠂ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠤᠨ ᠨᠠᠢᠳᠠᠪᠤᠷᠢᠵᠢᠭᠤᠯᠵᠤ᠂ ᠺᠠᠳ᠋ᠷ᠎ᠤᠨ ᠴᠢᠳᠠᠪᠤᠷᠢ᠎ᠶᠢ ᠳᠡᠭᠡᠭᠰᠢᠯᠡᠭᠦᠯᠬᠦ᠂ ᠨᠠᠮ᠎ᠤᠨ ᠭᠡᠰᠢᠭᠦᠨ ᠦᠨᠳᠦᠰᠦᠨ ᠱᠠᠳᠤᠨ᠎ᠳᠦ ᠬᠦᠨᠵᠡᠭᠡᠢᠷᠡᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠪᠡᠷ ᠰᠤᠷᠤᠯᠴᠠᠯᠭ᠎ᠠ ᠬᠥᠮᠦᠵᠢᠯ᠎ᠦᠨ ᠭᠣᠣᠯ ᠭᠠᠷᠳᠠᠴᠠ ᠪᠣᠯᠭᠠᠵᠤ᠂ ᠰᠤᠷᠤᠯᠴᠠᠬᠤ᠎ᠪᠠᠷ ᠠᠵᠢᠯᠯᠠᠬᠤ᠎ᠶᠢ ᠠᠬᠢᠭᠤᠯᠬᠤ᠂ ᠪᠣᠳᠠᠲᠠᠢ ᠠᠵᠢᠯᠯᠠᠵᠤ ᠠᠷᠠᠳ᠎ᠲᠤ ᠠᠰᠢᠭ᠋ ᠬᠦᠷᠲᠡᠭᠡᠬᠦ᠎ᠶᠢ ᠪᠠᠷᠢᠮᠲᠠᠯᠠᠠ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠦᠨᠡᠨ ᠬᠦ᠌ ᠦᠨᠳᠦᠰᠦᠨ ᠱᠠᠲᠤᠨ᠎ᠤ ᠵᠠᠰᠠᠯᠲᠠ᠎ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃ ᠪᠦᠬᠦ ᠠᠢᠮᠠᠭ᠎ᠤᠨ ᠬᠢᠨ ᠵᠠᠰᠠᠭ ᠤ᠋ᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ ᠵᠢᠨ ᠲᠤᠰᠬᠠᠢ ᠰᠡᠳᠦᠪᠲᠦ ᠪᠣᠯᠪᠠᠰᠤᠷᠠᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠠᠩᠭᠢ᠂《ᠡᠷᠳᠡᠮ ᠵᠢᠡᠨ ᠠᠳᠠᠯᠢᠳᠬᠠᠨ ᠤᠳᠤᠨ᠎ᠢ ᠮᠦᠷᠦᠢᠴᠡᠬᠦ》ᠰᠣᠷᠢᠯᠲᠠ ᠦᠵᠡᠭᠦᠯᠭᠡ᠎ᠪᠡᠷ ᠠᠴᠢᠶᠠᠯᠠᠪᠤᠷᠢ ᠪᠣᠯᠭᠠᠵᠤ᠂ ᠦᠨᠳᠦᠰᠦᠨ ᠱᠠᠲᠤᠨ᠎ᠤ ᠺᠠᠳ᠋ᠷ᠎ᠤᠨ ᠡᠭᠦᠷᠭᠡ ᠲᠤᠰᠢᠶᠠᠯ᠎ᠢᠶᠠᠨ ᠭᠦᠢᠴᠡᠳᠬᠡᠬᠦ ᠴᠢᠳᠠᠪᠤᠷᠢ᠎ᠶᠢ ᠪᠦᠬᠦ ᠲᠠᠯ᠎ᠠ᠎ᠪᠠᠷ ᠳᠠᠪᠲᠠᠨ ᠪᠣᠯᠪᠠᠰᠤᠷᠠᠭᠤᠯᠵᠤ᠂ ᠴᠠᠭᠠᠷᠠᠭᠰᠠᠨ ᠺᠠᠳ᠋ᠷ᠎ᠤᠨ ᠡᠩᠨᠡᠭᠡ᠎ᠳᠦ ᠲᠦᠰᠢᠭᠯᠡᠨ ᠨᠠᠮ᠎ᠤᠨ ᠪᠠᠢᠭᠤᠯᠤᠯᠲᠠ᠎ᠶᠢ ᠭᠦᠨᠵᠡᠭᠡᠢᠷᠡᠭᠦᠯᠦᠨ ᠬᠠᠮᠲᠤ᠎ᠪᠠᠷ ᠪᠠᠢᠭᠤᠯᠵᠤ᠂ ᠰᠠᠢᠨ ᠳᠤᠷ᠎ᠠ᠎ᠶᠢᠨ ᠦᠢᠯᠡᠴᠢᠯᠡᠭᠡ᠎ᠶᠢ ᠪᠠᠢᠩᠭᠤ ᠥᠷᠨᠢᠭᠦᠯᠤᠨ᠂ 《ᠬᠣᠣᠰ ᠨᠡᠷ᠎ᠡ ᠮᠡᠳᠡᠭᠦᠯᠬᠦ᠂ ᠬᠣᠣᠰ ᠦᠢᠯᠡᠴᠢᠯᠡᠭᠡ᠂ ᠬᠣᠣᠰ ᠮᠡᠳᠡᠭᠦᠯᠦᠯᠲᠡ》 ᠵᠢᠨ ᠠᠵᠢᠯ᠎ᠤᠨ ᠲᠣᠭᠲᠠᠴᠠ᠎ᠶᠢ ᠨᠠᠷᠢᠯᠢᠭ᠍ᠵᠢᠭᠤᠯᠵᠤ᠂ ᠬᠡᠷᠡᠭᠴᠡᠭᠡ ᠱᠠᠭᠠᠷᠳᠠᠯᠭ᠎ᠠ᠂ ᠡᠬᠢ ᠪᠠᠶᠠᠯᠢᠭ᠋᠂ ᠲᠦᠷᠦᠯ ᠵᠦᠢᠯ᠎ᠦᠨ 《ᠭᠤᠷᠪᠠᠨ ᠨᠠᠷᠢᠨ ᠲᠠᠩᠰᠠ》ᠶ᠋ᠢ ᠬᠡᠷᠡᠭᠵᠢᠭᠦᠯᠵᠦ᠂ 《ᠴᠢᠳᠠᠮᠠᠭᠠᠢ ᠵᠠᠰᠠᠯᠳᠠ》 ᠵᠢᠵᠢᠭ ᠫᠷᠣᠭ᠌ᠷᠠᠮ᠎ᠳᠤ ᠲᠦᠰᠢᠭᠯᠡᠨ ᠲᠣᠭᠠᠴᠢᠯᠠᠭᠰᠠᠨ ᠦᠢᠯᠡᠴᠢᠯᠡᠭᠡᠨ ᠎ᠦ ᠪᠢᠲᠡᠭᠦᠦ ᠭᠣᠭᠴᠣᠭ᠎ᠠ᠎ᠶᠢ ᠪᠠᠢᠭᠤᠯᠵᠤ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢᠨ ᠬᠦᠴᠢᠷ ᠠᠰᠠᠭᠤᠳᠠᠯ᠎ᠢ ᠨᠠᠷᠢᠯᠢᠭ ᠣᠨᠣᠴᠠᠲᠠᠢ ᠰᠢᠢᠳᠪᠦᠷᠢᠯᠡᠪᠡ᠃ ᠣᠳᠣᠬᠠᠨ᠎ᠳᠤ᠂ ᠪᠥᠬᠥ ᠠᠢᠮᠠᠭ᠎ᠤᠨ 543 ᠪᠠᠢᠭᠤᠯᠭ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ ᠬᠣᠣᠰᠯᠠᠯ ᠪᠠᠢᠭᠤᠯᠤᠨ ᠦᠨᠳᠦᠰᠦᠨ ᠱᠠᠲᠤᠨ᠎ᠳᠤ ᠭᠦᠨᠵᠡᠭᠡᠢᠷᠡᠵᠦ᠂ ᠠᠵᠢᠯᠯᠠᠵᠦ ᠪᠠᠢᠭ᠎ᠠ 6000 ᠭᠠᠷᠤᠢ ᠨᠠᠮ᠎ᠤᠨ ᠭᠡᠰᠢᠭᠦᠨ ᠪᠠᠢᠩᠭᠤᠵᠢᠨ ᠠᠵᠢᠯ᠎ᠤᠨ ᠪᠠᠢᠷᠢ᠎ᠳᠠᠭᠠᠨ ᠦᠢᠯᠡᠴᠢᠯᠡᠵᠦ ᠪᠠᠢᠨ᠎ᠠ᠃ ᠡᠨᠡ ᠵᠢᠯ᠎ᠡᠴᠡ ᠨᠠᠭᠠᠰᠢ ᠰᠠᠢᠨ ᠳᠤᠷ᠎ᠠ᠎ᠶᠢᠨ ᠦᠢᠯᠡᠴᠢᠯᠡᠭᠡ᠎ᠶᠢ 631 ᠤᠳᠠᠭ᠎ᠠ ᠥᠷᠨᠢᠭᠦᠯᠵᠦ᠂ ᠤᠯᠠᠨ ᠲᠦᠮᠡᠨ᠎ᠦ ᠪᠠᠴᠢᠮᠳᠠᠵᠦ ᠬᠦᠴᠢᠷᠳᠡᠵᠦ ᠵᠣᠪᠠᠨᠢᠵᠦ ᠬᠦᠰᠡᠵᠦ ᠪᠠᠢᠭ᠎ᠠ ᠠᠰᠠᠭᠤᠳᠠᠯ᠎ᠢ 515 ᠬᠤᠪᠢ ᠰᠢᠢᠳᠪᠦᠷᠢᠯᠡᠵᠦ᠂ ᠦᠨᠳᠦᠰᠦᠨ ᠱᠠᠲᠤᠨ᠎ᠤ ᠵᠠᠰᠠᠯᠲᠠ᠎ᠶᠢᠨ ᠳᠤᠲᠠᠭᠤᠳᠠᠯ᠎ᠢ ᠪᠦᠲᠦᠮᠵᠢᠲᠡᠢ ᠨᠥᠬᠥᠪᠦᠷᠢᠯᠡᠵᠦ᠂ ᠡᠮᠦᠨ᠎ᠡ ᠹᠷᠣᠨᠲ᠎ᠲᠦ ᠪᠣᠳᠠᠲᠠᠢ ᠠᠵᠢᠯᠯᠠᠬᠤ ᠪᠡᠷ᠎ᠢᠶᠠᠨ ᠠᠷᠠᠳ ᠲᠦᠮᠡᠨ᠎ᠳᠦ ᠪᠤᠶᠠᠨ ᠦᠢᠯᠡᠳᠬᠦ ᠵᠠᠰᠠᠭ ᠤ᠋ᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ ᠎ᠶ᠋ᠢ ᠦᠢᠯᠡᠳᠦᠯᠭᠡᠵᠢᠭᠦᠯᠵᠠᠢ᠃

 ᠠᠷᠠᠳ᠎ᠤᠨ ᠠᠮᠢᠳᠤᠷᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠣᠳᠠᠲᠤ ᠶᠠᠪᠤᠳᠠᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ᠂ ᠬᠥᠯᠥᠨ ᠪᠤᠢ᠍ᠢᠷ ᠬᠤᠳᠠ᠎ᠶᠢᠨ ᠬᠠᠢᠯᠠᠷ ᠲᠣᠭᠣᠷᠢᠭ᠋ ᠵᠠᠰᠠᠭ ᠤ᠋ᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ ᠵᠢᠨ ᠭᠣᠣᠯ ᠠᠭᠤᠯᠭ᠎ᠠ᠎ᠵᠢᠨ ᠲᠤᠭᠤᠷᠢᠨ᠎ᠳᠦ᠂ ᠤᠯᠠᠨ ᠲᠦᠮᠡᠨ᠎ᠦ《ᠪᠠᠴᠢᠮᠳᠠᠵᠦ ᠬᠦᠴᠢᠷᠳᠡᠵᠦ ᠵᠣᠪᠠᠨᠢᠵᠦ ᠬᠦᠰᠡᠵᠦ ᠪᠠᠢᠭ᠎ᠠ ᠵᠦᠢᠯ》ᠵᠢᠡᠷ ᠠᠵᠢᠯ᠎ᠤᠨ ᠨᠢᠭᠡᠳᠦᠭᠡᠷ ᠳᠣᠬᠢᠶ᠎ᠠ ᠪᠣᠯᠭᠠᠬᠤ᠎ᠶᠢ ᠪᠠᠷᠢᠮᠲᠠᠯᠠᠵᠤ᠂ ᠡᠯ᠎ᠡ ᠵᠦᠢᠯ᠎ᠦᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠎ᠢ ᠨᠢᠭᠡᠳ ᠨᠢᠭᠡ᠎ᠪᠡᠷ ᠱᠠᠯᠠᠪᠳᠠᠭᠤᠯᠤᠨ ᠰᠢᠢᠳᠪᠦᠷᠢᠯᠡᠨ ᠨᠠᠢᠳᠠᠪᠤᠷᠢᠵᠢᠭᠤᠯᠵᠦ᠂ ᠶᠠᠪᠤᠳᠠᠯ ᠪᠣᠯᠭᠠᠨ᠎ᠳᠤ ᠬᠠᠷᠢᠭᠤᠯᠲᠠ ᠥᠭᠴᠦ᠂ ᠶᠠᠪᠤᠳᠠᠯ ᠪᠣᠯᠭᠠᠨ᠎ᠳᠤ ᠦᠷ᠎ᠡ ᠪᠦᠲᠦᠮᠵᠢ ᠣᠯᠬᠤ᠎ᠶᠢ ᠪᠠᠲᠤᠯᠠᠵᠤ᠂ ᠪᠣᠳᠠᠲᠠᠢ ᠬᠢᠭᠰᠡᠨ ᠪᠣᠳᠠᠲᠤ ᠦᠷ᠎ᠡ ᠪᠦᠲᠦᠮᠵᠢ᠎ᠪᠡᠷ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ ᠵᠢ ᠰᠢᠯᠭᠠᠪᠠ᠃ ᠬᠠᠢᠯᠠᠷ ᠲᠣᠭᠣᠷᠢᠭ᠋᠎ᠤᠨ ᠠᠷᠠᠳ᠎ᠤᠨ ᠡᠮᠨᠡᠯᠭᠡ᠎ᠶᠢᠨ ᠬᠣᠷᠢᠶ᠎ᠠ ᠵᠢᠨ ᠨᠠᠮ᠎ᠤᠨ ᠬᠤᠷᠢᠶ᠎ᠠ ᠨᠠᠰᠤᠲᠠᠨ᠎ᠢ ᠠᠰᠠᠷᠠᠬᠤ ᠬᠦᠷᠢᠶᠡᠯᠡᠩ ᠪᠠ ᠲᠠᠷᠢᠶᠠᠯᠠᠩ ᠮᠠᠯᠵᠢᠯ ᠎ᠤᠨ ᠲᠠᠯᠠᠪᠠᠢ᠎ᠳᠤ ᠭᠦᠨᠵᠡᠭᠡᠢᠷᠡᠨ ᠠᠯᠪᠠᠨ ᠵᠢᠷᠤᠮ᠎ᠤᠨ ᠡᠮᠴᠢᠯᠡᠭᠡ ᠥᠷᠨᠢᠭᠦᠯᠵᠦ᠂ ᠨᠡᠶ᠋ᠢᠲᠡ 400 ᠭᠠᠷᠤᠢ ᠬᠥᠮᠥᠨ ᠤᠳᠠᠭ᠎ᠠ᠎ᠳᠤ ᠦᠢᠯᠡᠴᠢᠯᠡᠪᠡ; ᠹᠧᠨ ᠳ᠋ᠧᠦ ᠪᠠᠯᠭᠠᠰᠤᠨ᠎ᠤ ᠲᠢᠶᠠᠨ ᠧ ᠸᠠᠨ ᠨᠡᠢᠭᠡᠮ ᠲᠣᠭᠣᠷᠢᠭ᠋ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ ᠰᠢᠪᠲᠤᠯᠤᠯᠲᠠ ᠬᠢᠵᠦ᠂ ᠰᠠᠭᠤᠭᠠᠯᠢ ᠠᠷᠠᠳ᠎ᠤᠨ ᠣᠯᠠᠨ ᠵᠢᠯ ᠦᠷᠭᠦᠯᠵᠢᠯᠡᠭᠰᠡᠨ ᠡᠷᠦᠬᠡ ᠠᠮᠠ᠎ᠶᠢᠨ ᠲᠠᠩᠰᠠ᠎ᠶᠢᠨ ᠲᠡᠦᠬᠡ᠎ᠶᠢᠨ ᠦᠯᠡᠳᠡᠭᠳᠡᠯ ᠬᠦᠴᠢᠷ ᠠᠰᠠᠭᠤᠳᠠᠯ᠎ᠢ ᠠᠮᠵᠢᠯᠲᠠᠲᠠᠢ ᠰᠢᠢᠳᠪᠦᠷᠢᠯᠡᠵᠠᠢ; ᠬᠠᠺᠧ ᠪᠠᠯᠭᠠᠰᠤᠨ᠎ᠤ ᠯᠢᠶᠠᠨ ᠾᠧ ᠲᠣᠰᠬᠣᠨ᠎ᠤ 450 ᠮᠦ᠍ ᠰᠤᠯᠠ ᠳᠠᠯᠪᠢᠬᠳᠠᠵᠦ ᠪᠠᠢᠭ᠎ᠠ ᠲᠠᠷᠢᠶᠠᠨ ᠭᠠᠵᠠᠷ᠎ᠢ ᠠᠮᠢᠯᠠᠭᠤᠯᠵᠤ᠂ ᠲᠦᠷᠢᠶᠡᠰᠦᠨ ᠮᠥᠩᠭᠥ᠎ᠶᠢᠨ ᠣᠷᠣᠯᠭ᠎ᠠ ᠪᠠᠷᠤᠭ 11 ᠲᠦᠮᠡᠨ ᠲᠥᠭᠥᠷᠢᠭ᠎ᠢ ᠪᠡᠶᠡᠯᠡᠭᠦᠯᠵᠦ᠂ 82 ᠲᠣᠰᠬᠣᠨ᠎ᠤ ᠠᠷᠠᠳ《ᠭᠠᠵᠠᠷ ᠰᠢᠷᠣᠢ᠎ᠶᠢᠨ ᠡᠷᠭᠢᠯᠲᠡ᠎ᠶᠢᠨ ᠲᠦᠷᠢᠶᠡᠰᠦᠨ ᠮᠥᠩᠭᠥ᠂ ᠭᠠᠳᠠᠭ᠍ᠰᠢ ᠭᠠᠷᠴᠤ ᠬᠥᠯᠥᠰᠦᠨ ᠠᠵᠢᠯ ᠬᠢᠵᠦ ᠴᠠᠯᠢᠩ ᠣᠯᠬᠤ》 ᠬᠣᠣᠰ ᠴᠢᠭᠯᠡᠯ᠎ᠢᠶᠡᠷ ᠣᠷᠣᠯᠭ᠎ᠠ᠎ᠪᠠᠨ ᠨᠡᠮᠡᠭᠳᠡᠭᠦᠯᠬᠦ᠎ᠶᠢ ᠪᠡᠶᠡᠯᠡᠭᠦᠯᠪᠡ; ᠬᠣᠲᠠ᠎ᠶᠢᠨ ᠬᠠᠮᠢᠶᠠᠷᠤᠯᠲᠠ᠎ᠶᠢᠨ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠰᠢᠰᠲᠧᠮ᠎ᠦᠨ ᠨᠠᠮ᠎ᠤᠨ ᠬᠣᠷᠢᠶ᠎ᠠ ᠰᠤᠯᠠ ᠳᠠᠯᠪᠢᠬᠳᠠᠵᠦ ᠪᠠᠢᠭ᠎ᠠ ᠥᠨᠴᠥᠭ ᠪᠤᠯᠤᠩ ᠭᠠᠵᠠᠷ᠎ᠢ ᠬᠠᠷᠮᠠᠨ ᠴᠡᠴᠡᠷᠯᠢᠭ ᠪᠠ ᠰᠡᠯᠡᠭᠦᠴᠡᠯ᠎ᠦᠨ ᠠᠭᠤᠳᠠᠮ ᠲᠠᠯᠠᠪᠠᠶ ᠪᠣᠯᠭᠠᠨ ᠥᠭᠡᠷᠡᠴᠢᠯᠡᠵᠦ᠂ 3200 ᠭᠠᠷᠤᠢ ᠰᠠᠭᠤᠭᠠᠯᠢ ᠠᠷᠠᠳ᠎ᠲᠤ ᠠᠰᠢᠭ᠋ ᠬᠦᠷᠲᠡᠭᠡᠪᠡ᠃ ᠠᠷᠠᠳ᠎ᠲᠤ ᠠᠰᠢᠭ᠋ ᠬᠦᠷᠲᠡᠭᠡᠬᠦ ᠠᠷᠭ᠎ᠠ ᠬᠡᠮᠵᠢᠶ᠎ᠡ᠎ᠨᠦᠭᠦᠳ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠨᠢᠭᠡᠪᠦᠷᠢ᠎ᠨᠢ ᠬᠥᠮᠥᠰ᠎ᠦᠨ ᠰᠡᠳᠬᠢᠯ᠎ᠢ ᠳᠤᠯᠠᠭᠠᠴᠠᠭᠤᠯᠤᠨ᠂ ᠬᠠᠢᠯᠠᠷ ᠲᠣᠭᠣᠷᠢᠭ᠋ ᠦᠷᠭᠦᠯᠵᠢᠯᠡᠨ ᠵᠠᠰᠠᠭ ᠤ᠋ᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ ᠪᠠᠷ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠵᠤ᠂ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠤᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号