ᠶᠡᠷᠦᠩᠬᠡᠶ ᠱᠦᠵᠢ ᠰᠢ ᠵᠢᠨ ᠫᠢᠩ ᠬᠢᠭᠡᠳ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ ᠤ᠋ᠨ ᠥᠯᠢᠭᠡᠷ
2026-07-08 09:07:44
ᠵᠣᠬᠢᠶᠠᠭ᠍ᠴᠢ᠄
ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ
ᠣᠩᠱᠢᠭ᠍ᠰᠠᠨ ᠣᠳᠠᠭ᠎ᠠ᠄
★★★☆☆

《ᠤᠯᠤᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠬᠦᠴᠦᠨ᠎ᠦ ᠦᠨᠳᠦᠰᠦᠨ ᠡᠬᠢ ᠰᠤᠷᠪᠤᠯᠵᠢ ᠨᠢ ᠬᠥᠮᠦᠨ᠎ᠳᠦ ᠪᠤᠢ》᠂ 《ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ》᠂ ᠶᠡᠷᠦᠩᠬᠡᠢ ᠱᠦᠵᠢ ᠰᠢ ᠵᠢᠨ ᠫᠢᠩ᠎ᠦᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠥᠭᠵᠢᠯᠲᠡ᠎ᠶᠢᠨ ᠵᠢᠮ᠎ᠡ ᠶᠣᠰᠣᠨ᠎ᠤ ᠲᠤᠬᠠᠢ ᠭᠦᠨᠵᠡᠭᠡᠢ ᠠᠵᠢᠭᠯᠠᠯᠲᠠ ᠳ᠋ᠦ ᠥᠷᠭᠡᠨ ᠤᠯᠠᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠳᠠᠨ᠎ᠳᠤ ᠲᠠᠯᠪᠢᠭᠰᠠᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠠᠭᠤᠯᠵᠤ ᠪᠠᠶ᠋ᠢᠨ᠎ᠠ᠃

ᠶᠠᠷᠢᠯᠴᠠᠭ᠎ᠠ ᠪᠦᠷᠢ ᠳ᠋ᠤᠨᠢ ᠴᠢᠩ ᠦᠨᠡᠨᠴᠢ ᠰᠡᠳᠬᠢᠯ᠎ᠦᠨ ᠦᠭᠡ ᠠᠭᠤᠯᠤᠭᠳᠠᠵᠤ᠂ ᠬᠠᠷᠢᠭᠤ ᠵᠠᠬᠢᠳᠠᠯ ᠪᠦᠷᠢ᠎ᠳᠤᠨᠢ ᠭᠦᠨ ᠵᠤᠵᠠᠭᠠᠨ ᠬᠠᠶ᠋ᠢᠷ᠎ᠠ ᠰᠡᠳᠬᠢᠯᠭᠡ᠎ᠲᠡᠶ ᠪᠠᠶ᠋ᠢᠵᠤ᠂ ᠬᠦᠰᠡᠯ ᠨᠠᠶ᠋ᠢᠳᠠᠯᠭ᠎ᠠ ᠪᠦᠷᠢ ᠨᠢ ᠲᠤᠶ᠋ᠢᠯ᠎ᠤᠨ ᠬᠦᠨᠳᠦ ᠪᠠᠶ᠋ᠢᠳᠠᠭ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠡᠴᠡ ᠠᠵᠤ ᠠᠬᠤᠶ᠋ᠢᠯᠠᠯ᠎ᠤᠨ ᠦᠢᠯᠡᠳᠪᠦᠷᠢ᠎ᠶᠢᠨ ᠲᠠᠰᠤᠭ ᠬᠦᠷᠲᠡᠯ᠎ᠡ᠂ ᠶᠡᠬᠡ ᠳᠡᠭᠡᠳᠦ ᠰᠤᠷᠭᠠᠭᠤᠯᠢ᠎ᠶᠢᠨ ᠲᠤᠷᠰᠢᠯᠲᠠ᠎ᠶᠢᠨ ᠲᠠᠰᠤᠭ᠎ᠡᠴᠡ ᠴᠢᠬᠤᠯᠠ ᠶᠡᠬᠡ ᠢᠨᠵᠧᠨᠧᠷᠢᠩ᠎ᠦᠨ ᠲᠤᠬᠠᠢ᠎ᠶᠢᠨ ᠲᠠᠯᠠᠪᠠᠢ᠎ᠳᠤ ᠬᠦᠷᠲᠡᠯ᠎ᠡ᠂ ᠶᠡᠷᠦᠩᠬᠡᠢ ᠱᠦᠵᠢ ᠰᠢ ᠵᠢᠨ ᠫᠢᠩ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠡᠮᠦᠨ᠎ᠡ ᠹᠷᠣᠨᠲ᠎ᠲᠤ᠌ ᠭᠦᠨᠵᠡᠭᠡᠢᠷᠡᠵᠤ᠂ ᠥᠷᠭᠡᠨ ᠤᠯᠠᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠳᠠᠨ᠎ᠤ ᠳᠤᠮᠳᠠ ᠬᠦᠷᠴᠤ᠂ ᠲᠡᠳᠡᠨ᠎ᠢ ᠤᠬᠠᠮᠰᠠᠷ᠎ᠡᠴᠡ᠎ᠪᠠᠨ ᠡᠷᠳᠡᠮ ᠰᠢᠨᠵᠢᠯᠡᠭᠡᠨ᠎ᠦ ᠬᠥᠭᠡᠭᠡᠴᠡᠯᠳᠦᠯ᠎ᠢᠶᠡᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠬᠤ ᠠᠭᠤᠤ ᠶᠡᠬᠡ ᠦᠢᠯᠡᠰ᠎ᠲᠦ᠍ ᠠᠭᠤᠰᠤᠯᠴᠠᠭᠤᠯᠵᠤ᠂ ᠵᠣᠷᠢᠭᠲᠠᠢ᠎ᠪᠠᠷ ᠤᠷᠤᠭᠰᠢᠯᠠᠨ ᠲᠠᠪᠰᠢᠵᠦ᠍᠂ ᠰᠤᠳᠤᠨ ᠭᠠᠷᠮᠠᠭᠠᠢ᠎ᠶᠢ ᠬᠥᠭᠡᠭᠡᠴᠡᠯᠳᠦᠵᠦ᠍᠂ ᠴᠠᠭ ᠦᠶ᠎ᠡ᠎ᠳᠦ ᠣᠰᠣᠯᠳᠠᠬᠤ ᠦᠭᠡᠢ᠂ ᠠᠷᠠᠳ ᠲᠦᠮᠡᠨ᠎ᠳᠦ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠭᠠᠷᠭᠠᠳᠤᠭᠠᠢ ᠭᠡᠵᠦ᠍ ᠵᠣᠷᠢᠭᠵᠢᠭᠤᠯᠪᠠ᠃

ᠶᠡᠷᠦᠩᠬᠡᠢ ᠱᠦᠵᠢ ᠰᠢ ᠵᠢᠨ ᠫᠢᠩ ᠬᠢᠭᠡᠳ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠳ ᠤ᠋ᠨ ᠦᠯᠢᠬᠡᠷ ᠨᠢ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠠᠪᠠᠯᠳᠠᠳᠤ ᠬᠥᠭᠵᠢᠯᠲᠡ᠎ᠶᠢᠨ ᠰᠦᠷ ᠳᠠᠯᠠᠶ᠋ᠢᠴᠠᠲᠠᠢ ᠲᠡᠦᠬᠡᠨ ᠶᠠᠪᠤᠴᠠ᠎ᠶᠢ ᠭᠡᠷᠡᠴᠢᠯᠡᠵᠦ᠍᠂ ᠪᠦᠬᠦ᠌ ᠪᠥᠮᠪᠥᠷᠴᠡᠭ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠶᠢ ᠠᠬᠢᠭᠤᠯᠬᠤ ᠰᠦᠷ ᠳᠠᠯᠠᠶ᠋ᠢᠴᠠᠲᠠᠢ ᠬᠦᠴᠦᠨ᠎ᠢ ᠨᠢᠭᠲᠠᠷᠠᠭᠤᠯᠤᠭᠰᠠᠨ ᠪᠠᠶ᠋ᠢᠨ᠎ᠠ᠃

《ᠮᠠᠨ᠎ᠤ ᠤᠯᠤᠰ ᠥᠨᠳᠥᠷ ᠲᠦᠪᠰᠢᠨ ᠪᠥᠬᠥᠶ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠳᠦ ᠡᠴᠦᠰ᠎ᠦᠨ ᠡᠴᠦᠰ᠎ᠲᠡᠬᠡᠨ ᠥᠨᠳᠥᠷ ᠲᠦᠪᠰᠢᠨ ᠪᠥᠬᠥᠶ ᠰᠢᠨ᠎ᠡ᠎ᠶᠢ ᠡᠭᠦᠳᠬᠦ᠌ ᠴᠢᠳᠠᠪᠤᠷᠢᠲᠠᠨ᠎ᠳᠤ ᠲᠦᠰᠢᠭᠯᠡᠨ᠎ᠠ》

6 ᠰᠠᠷ᠎ᠠ᠎ᠳᠤ᠂ ᠪᠤᠭᠤᠳᠠᠢ ᠬᠤᠷᠢᠶᠠᠬᠤ ᠤᠯᠠᠷᠢᠯ ᠪᠣᠯᠪᠠ᠃ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠲᠠᠷᠢᠮᠠᠯ᠎ᠤᠨ ᠭᠸᠨ᠎ᠦ ᠡᠬᠢ ᠪᠠᠶᠠᠯᠢᠭ ᠬᠢᠭᠡᠳ ᠦᠷ᠎ᠠ ᠪᠣᠶ᠋ᠢᠵᠢᠭᠤᠯᠬᠤ ᠪᠥᠬᠥ᠌ ᠤᠯᠤᠰ᠎ᠤᠨ ᠭᠤᠤᠯᠳᠠᠯᠭ᠎ᠠ᠎ᠲᠠᠶ ᠲᠤᠷᠰᠢᠯᠲᠠ᠎ᠶᠢᠨ ᠲᠠᠰᠤᠭ᠎ᠤᠨ ᠨᠢᠭᠡᠨ ᠲᠤᠷᠰᠢᠯᠲᠠ᠎ᠶᠢᠨ ᠲᠠᠷᠢᠶᠠᠨ ᠤ᠋ ᠵᠠᠬ᠎ᠠ᠎ᠳᠤ᠂ 66 ᠨᠠᠰᠤᠲᠠᠶ ᠲᠠᠷᠢᠶᠠᠯᠠᠩ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠤᠰᠬᠠᠶ ᠮᠡᠷᠭᠡᠵᠢᠯᠲᠡᠨ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠸᠠᠨ ᠵᠢᠶᠠᠨ ᠮᠢᠨ ᠪᠣᠭᠣᠳᠠᠶ᠎ᠶᠢᠨ ᠲᠦᠷᠦᠭᠦᠦ᠎ᠶᠢ ᠪᠥᠬᠥᠶ᠋ᠢᠨ ᠪᠠᠶ᠋ᠢᠴᠠᠭᠠᠵᠤ᠂ ᠬᠥᠯᠥᠰᠥ᠍ ᠨᠢ ᠬᠤᠪᠴᠠᠰᠤ ᠬᠤᠨᠠᠷ᠎ᠢ ᠨᠢ ᠨᠣᠷᠭᠠᠴᠢᠬᠠᠬᠰᠠᠨ ᠪᠠᠢᠯ᠎ᠠ᠃

《ᠶᠡᠷᠦᠩᠬᠡᠢ ᠱᠦᠵᠢ ᠪᠣᠯᠤᠭᠰᠠᠨ᠎ᠤ ᠳᠠᠷᠠᠭ᠎ᠠ᠂ ᠲᠡᠷᠡ ᠡᠩ ᠲᠡᠷᠢᠭᠦᠨ᠎ᠳᠦ ᠮᠠᠨ᠎ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠳᠤᠭᠤᠶ᠋ᠢᠯᠠᠩ᠎ᠳᠤ ᠢᠷᠡᠭᠰᠡᠨ ᠶᠤᠮ》᠃ ᠸᠠᠨ ᠵᠢᠶᠠᠨ ᠮᠢᠨ ᠡᠷᠬᠢᠴᠡᠭᠦᠯᠬᠦ᠎ᠳᠡᠭᠡᠨ᠂ 2013 ᠣᠨ᠎ᠤ 3 ᠰᠠᠷ᠎ᠠ᠎ᠳᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠤᠨ ᠳᠠᠷᠠᠭᠠᠬᠢ ᠠᠩᠬᠠᠳᠤᠭᠠᠷ ᠤᠳᠠᠭᠠᠨ᠎ᠤ ᠪᠥᠬᠥ᠌ ᠤᠯᠤᠰ᠎ᠤᠨ ᠬᠣᠶᠠᠷ ᠬᠤᠷᠠᠯ ᠡᠬᠢᠯᠡᠵᠦ᠍᠂ ᠶᠡᠷᠦᠩᠬᠡᠶ ᠱᠦᠵᠢ ᠰᠢ ᠵᠢᠨ ᠫᠢᠩ ᠲᠤᠬᠠᠢ ᠵᠢᠨ ᠦᠶ᠎ᠠ ᠳ᠋ᠤ ᠸᠠᠨ ᠵᠢᠶᠠᠨ ᠮᠢᠨ᠎ᠦ ᠪᠠᠶ᠋ᠢᠭᠰᠠᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠶ᠋ᠢᠭᠡᠮᠯᠢᠭ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠡᠲᠡᠭᠡᠳ᠎ᠦᠨ ᠳᠤᠭᠤᠶ᠋ᠢᠯᠠᠩ ᠬᠠᠮᠲᠤᠷᠠᠭᠰᠠᠨ ᠬᠤᠷᠠᠯ᠎ᠳᠤ ᠣᠷᠣᠯᠴᠠᠪᠠ᠃

2022 ᠣᠨ᠎ᠤ ᠪᠦᠬᠦ᠌ ᠤᠯᠤᠰ᠎ᠤᠨ ᠬᠣᠶᠠᠷ ᠬᠤᠷᠠᠯ᠎ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠬᠥᠳᠡᠭᠡ ᠠᠵᠤ ᠠᠬᠤᠢ᠎ᠶᠢᠨ ᠡᠲᠡᠭᠡᠳ᠂ ᠨᠡᠶ᠋ᠢᠭᠡᠮ᠎ᠦᠨ ᠠᠰᠠᠷᠠᠮᠵᠢ ᠪᠣᠯᠤᠨ ᠨᠡᠶ᠋ᠢᠭᠡᠮ᠎ᠦᠨ ᠪᠠᠲᠤᠯᠠᠭ᠎ᠠ᠎ᠶᠢᠨ ᠡᠲᠡᠭᠡᠳ᠎ᠦᠨ ᠭᠡᠰᠢᠭᠦᠳ᠎ᠢ ᠡᠷᠬᠢᠨ ᠦᠵᠡᠵᠦ᠍᠂ ᠸᠠᠨ ᠵᠢᠶᠠᠨ ᠮᠢᠨ ᠲᠤᠬᠠᠢ᠎ᠶᠢᠨ ᠲᠠᠯᠠᠪᠠᠢ᠎ᠶᠢᠨ ᠰᠣᠯᠢᠯᠴᠠᠭ᠎ᠠ᠎ᠳᠤ ᠳᠠᠬᠢᠨᠲᠠ ᠣᠷᠣᠯᠴᠠᠪᠠ᠃

9 ᠵᠢᠯ ᠠᠯᠤᠰᠯᠠᠬᠰᠠᠨ ᠴᠦ᠍ ᠮᠦᠨ ᠬᠦ᠌ ᠲᠤᠩ ᠳᠣᠲᠣᠨᠣ ᠪᠠᠢᠯ᠎ᠠ᠃ ᠸᠠᠨ ᠵᠢᠶᠠᠨ ᠮᠢᠨ ᠶᠡᠷᠦᠩᠬᠡᠢ ᠱᠦᠵᠢ᠎ᠶᠢᠨ 《ᠦᠷ᠎ᠡ᠎ᠶᠢᠨ ᠦᠢᠯᠡᠰ᠎ᠦᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠌》 ᠬᠦᠰᠡᠯ ᠨᠠᠶ᠋ᠢᠳᠠᠯᠭ᠎ᠠ᠎ᠶᠢ ᠰᠡᠳᠬᠢᠯ᠎ᠳᠡᠭᠡᠨ ᠬᠠᠳᠠᠩᠰᠢᠭᠤᠯᠵᠤ᠂ ᠲᠠᠷᠢᠶᠠᠨ ᠭᠠᠵᠠᠷ ᠲᠦ᠍ ᠨᠠᠶ᠋ᠢᠳᠠᠪᠤᠷᠢᠵᠢᠭᠤᠯᠵᠤ᠂ ᠡᠯᠪᠡᠭ ᠬᠤᠷᠢᠶᠠᠯᠲᠠ᠎ᠶᠢᠨ ᠰᠢᠨ᠎ᠡ ᠡᠭᠦᠯᠳᠡᠷ ᠲᠤ᠌ ᠠᠭᠤᠰᠤᠯᠴᠠᠭᠤᠯᠪᠠ᠃

《ᠮᠠᠨ᠎ᠤ ᠤᠯᠤᠰ ᠥᠨᠳᠥᠷ ᠲᠦᠪᠰᠢᠨ ᠪᠥᠬᠥᠶ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠳᠦ ᠡᠴᠦᠰ᠎ᠦᠨ ᠡᠴᠦᠰ᠎ᠲᠡᠬᠡᠨ ᠥᠨᠳᠥᠷ ᠲᠦᠪᠰᠢᠨ ᠪᠥᠬᠥᠶ ᠰᠢᠨ᠎ᠡ᠎ᠶᠢ ᠡᠭᠦᠳᠬᠦ᠌ ᠴᠢᠳᠠᠪᠤᠷᠢᠲᠠᠨ᠎ᠳᠤ ᠲᠦᠰᠢᠭᠯᠡᠨ᠎ᠠ》᠃ ᠶᠡᠷᠦᠩᠬᠡᠶ ᠱᠦᠵᠢ ᠰᠢ ᠵᠢᠨ ᠫᠢᠩ ᠢᠮᠠᠭᠲᠠ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠳ᠎ᠲᠠᠶ ᠰᠡᠳᠬᠢᠯ ᠵᠢᠷᠦᠬᠡ᠎ᠪᠡᠨ ᠬᠣᠯᠪᠣᠵᠤ᠂ ᠣᠯᠠᠨ᠎ᠢ ᠠᠯᠤᠰ ᠬᠡᠲᠦ᠎ᠶᠢᠨ ᠬᠦᠰᠡᠯᠡᠩ ᠡᠪᠦᠷᠯᠡᠨ᠂ ᠤᠯᠤᠰ᠎ᠢᠶᠠᠨ ᠬᠠᠶ᠋ᠢᠷᠠᠯᠠᠵᠤ ᠬᠤᠪᠢ ᠨᠡᠮᠡᠷᠢ ᠦᠵᠡᠭᠦᠯᠵᠦ᠍᠂ ᠰᠢᠨ᠎ᠡ᠎ᠶᠢ ᠡᠭᠦᠳᠬᠦ᠌᠎ᠪᠡᠷ ᠵᠣᠷᠢᠭ ᠰᠢᠭᠤᠳᠤᠭᠠᠷᠠᠶ ᠭᠡᠵᠦ᠍ ᠵᠣᠷᠢᠭᠵᠢᠭᠤᠯᠪᠠ᠃

ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ᠌ ᠪᠣᠯ ᠳᠡᠯᠡᠬᠡᠢ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠣᠶᠠᠨ ᠤᠷᠬᠢᠯ᠎ᠳᠤ ᠠᠪᠠᠷᠢᠬᠤ᠎ᠶᠢᠨ ᠵᠠᠶ᠋ᠢᠯᠠᠰᠢ ᠦᠭᠡᠢ ᠵᠠᠮ ᠮᠥᠨ᠃ ᠡᠨᠡ ᠵᠠᠮ ᠬᠢᠵᠠᠭᠠᠯᠠᠰᠢ ᠦᠭᠡᠢ ᠦᠩᠭᠡ ᠦᠵᠡᠮᠵᠢ᠎ᠲᠡᠶ ᠪᠤᠯᠪᠠᠴᠤ ᠬᠠᠷᠰᠢ ᠰᠠᠭᠠᠳ᠎ᠢ ᠴᠤ᠌ ᠢᠯᠠᠨ ᠳᠠᠪᠠᠬᠤ ᠴᠢᠬᠤᠯᠠᠳᠠᠢ᠃ ᠰᠢᠨ᠎ᠡ ᠴᠠᠭ ᠦᠶ᠎ᠡ᠎ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠠᠯᠤᠰ ᠬᠡᠳᠤ᠎ᠶᠢᠨ ᠬᠠᠷᠠᠭᠠᠰᠤ᠂ ᠥᠷᠭᠡᠨ ᠠᠭᠤᠳᠠᠮ ᠬᠡᠭᠦᠳᠡᠭ ᠴᠡᠭᠡᠵᠢ᠎ᠪᠡᠷ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠳ᠎ᠢ 《ᠳᠤᠷᠠᠲᠠᠶ᠎ᠠ ᠬᠦᠢᠳᠡᠨ ᠰᠠᠨᠳᠠᠯᠢ᠎ᠳᠤ ᠰᠠᠭᠤᠵᠤ᠂ ᠵᠣᠷᠢᠭᠲᠠᠢ᠎ᠪᠠᠷ ᠮᠣᠳᠣ ᠵᠠᠶ᠋ᠢᠯᠠᠵᠤ᠂ ᠬᠤᠳᠳᠤᠭ ᠮᠠᠯᠲᠠᠭᠰᠠᠨ ᠬᠥᠮᠦᠨ ᠪᠤᠯᠤᠭᠠᠷᠠᠢ》 ᠭᠡᠵᠦ᠍ ᠵᠣᠷᠢᠭᠵᠢᠭᠤᠯᠪᠠ᠃

2026 ᠣᠨ᠎ᠤ 5 ᠰᠠᠷ᠎ᠠ᠎ᠳᠤ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠡᠷᠲᠡᠨ᠎ᠦ ᠰᠡᠭᠡᠷᠲᠡᠨ ᠠᠮᠢᠲᠠᠨ ᠪᠣᠯᠤᠨ ᠡᠷᠲᠡᠨ᠎ᠦ ᠬᠥᠮᠦᠨ ᠲᠥᠷᠥᠯᠬᠢᠲᠡᠨ᠎ᠦ ᠰᠤᠳᠤᠯᠭᠠᠨ᠎ᠤ ᠭᠠᠵᠠᠷ᠎ᠤᠨ ᠰᠤᠳᠤᠯᠤᠭᠴᠢ ᠹᠦ᠋ ᠴᠢᠶᠣᠤ ᠮᠧᠶ ᠪᠦᠯᠬᠦᠮ᠎ᠢᠶᠡᠨ ᠳᠠᠭᠠᠭᠤᠯᠤᠨ 40 ᠲᠦᠮᠡᠨ ᠵᠢᠯ᠎ᠦᠨ ᠡᠮᠦᠨᠡᠬᠢ 6 ᠰᠢᠳᠦᠨ᠎ᠦ ᠴᠢᠯᠠᠭᠤᠵᠢᠮᠠᠯ᠎ᠡᠴᠡ ᠪᠣᠰᠣᠭ᠎ᠠ ᠪᠡᠶᠡᠲᠦ᠍ ᠬᠥᠮᠦᠨ᠎ᠦ ᠬᠢᠨᠠᠨ ᠲᠣᠭᠲᠠᠭᠠᠯᠲᠠ᠎ᠶᠢᠨ ᠣᠨᠴᠠᠯᠢᠭ᠎ᠲᠠᠶ ᠵᠠᠩᠭᠢᠯᠠᠭ᠎ᠠ᠎ᠶᠢᠨ ᠮᠣᠯᠧᠺᠦ᠋ᠯ᠎ᠦᠨ ᠮᠡᠳᠡᠭᠡ ᠵᠠᠩᠭᠢ᠎ᠶᠢ ᠠᠩᠬ᠎ᠠ ᠤᠳᠠᠭ᠎ᠠ ᠠᠮᠵᠢᠯᠲᠠ ᠲᠠᠢ ᠢᠯᠡᠷᠡᠭᠦᠯᠪᠡ᠃

2020 ᠣᠨ᠎ᠤ 9 ᠰᠠᠷ᠎ᠠ᠎ᠳᠤ᠂ ᠰᠢᠨᠵᠢᠯᠡᠬᠦ᠌ ᠤᠬᠠᠭᠠᠨᠲᠠᠳ᠎ᠤᠨ ᠶᠠᠷᠢᠯᠴᠠᠬᠤ ᠬᠤᠷᠠᠯ ᠳᠡᠭᠡᠷ᠎ᠡ᠂ ᠹᠦ᠋ ᠴᠢᠶᠣᠤ ᠮᠧᠢ ᠡᠴᠡ ᠬᠦᠮᠦᠰ ᠳᠠᠩᠳᠠ ᠠᠰᠠᠭᠤᠭᠠᠳ ᠪᠠᠢᠳᠠᠭ᠄ 《ᠲᠠᠨ᠎ᠤ ᠰᠤᠳᠤᠯᠭᠠᠨ ᠶᠠᠮᠠᠷ ᠬᠡᠷᠡᠭᠴᠡᠭᠡ᠎ᠲᠡᠶ ᠪᠤᠢ?》 ᠭᠡᠬᠦ ᠠᠰᠠᠭᠤᠯᠳᠠ ᠵᠢᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠳᠦ ᠬᠠᠷᠢᠭᠤ ᠮᠡᠳᠡᠭᠦᠯᠦᠯᠳᠡ ᠬᠢᠪᠡ᠃

ᠶᠡᠷᠦᠩᠬᠡᠢ ᠱᠦᠵᠢ ᠰᠢ ᠵᠢᠨ ᠫᠢᠩ ᠰᠣᠨᠣᠰᠤᠭᠰᠠᠨ᠎ᠤ ᠳᠠᠷᠠᠭ᠎ᠠ᠄ 《ᠬᠠᠯᠠᠮᠰᠢᠯ ᠪᠤᠰᠤ ᠬᠦᠷᠢᠶ᠎ᠡ ᠵᠢ ᠬᠡᠷᠬᠢᠨ ᠦᠵᠡᠬᠦ᠌ ᠪᠤᠢ? ᠡᠩ᠎ᠦᠨ ᠤᠬᠠᠭᠳᠠᠬᠤᠨ᠎ᠢᠶᠠᠷ ᠪᠣᠯ ᠵᠠᠷᠢᠮ ᠨᠢ ᠬᠡᠷᠡᠭ ᠦᠭᠡᠢ᠃ ᠡᠢᠮᠦ᠍ᠷᠬᠥᠥ ᠲᠠᠨᠢᠯᠲᠠ ᠨᠢ ᠨᠢᠭᠡ ᠬᠦᠷᠢᠶᠡᠨ᠎ᠦ ᠦᠢᠯᠡᠰ᠎ᠢ ᠰᠠᠭᠠᠲᠠᠭᠠᠵᠤ ᠮᠡᠳᠡᠨ᠎ᠡ᠃ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠢᠯᠡᠰ᠎ᠢ ᠦᠨᠡᠯᠡᠬᠦ᠎ᠳᠦ ᠠᠯᠤᠰ᠎ᠤᠨ ᠬᠠᠷᠡᠴᠡ᠂ ᠳᠡᠯᠡᠬᠡᠢ᠎ᠶᠢᠨ ᠬᠠᠷᠡᠴᠡ᠂ ᠰᠢᠨᠵᠢᠯᠡᠬᠦ᠌ ᠤᠬᠠᠭᠠᠨ᠎ᠤ ᠬᠠᠷᠡᠴᠡ᠎ᠲᠠᠶ ᠪᠠᠶ᠋ᠢᠬᠤ ᠬᠡᠷᠡᠭᠲᠡᠢ》 ᠭᠡᠵᠤ ᠭᠦᠨ ᠰᠡᠳᠭᠢᠯᠭᠡ ᠲᠠᠢ ᠬᠡᠯᠡᠪᠡ᠃

ᠬᠣᠶᠠᠷ ᠬᠦᠷᠢᠶᠡᠯᠡᠩ᠎ᠦᠨ ᠠᠺᠠᠳ᠋ᠸᠮᠢᠴᠢᠳ᠎ᠤᠨ ᠶᠡᠬᠡ ᠬᠤᠷᠠᠯ ᠳᠡᠭᠡᠷ᠎ᠡ᠂ ᠰᠢᠨ᠎ᠡ᠎ᠶᠢ ᠡᠭᠦᠳᠬᠦ᠌ ᠭᠡᠳᠡᠭ ᠪᠤᠯ ᠶᠡᠷᠦ ᠨᠢ ᠠᠮᠠᠷᠬᠠᠨ ᠢᠯᠠᠭᠳᠠᠯ ᠳ᠋ᠤ ᠤᠴᠠᠷᠠᠬᠤ ᠶᠠᠪᠤᠳᠠᠯ ᠮᠦᠨ᠂ ᠭᠡᠪᠡᠴᠦ᠍ ᠪᠢᠳᠡ ᠡᠷᠬᠡᠪᠰᠢ 《ᠰᠡᠳᠬᠢᠯ ᠰᠠᠨᠠᠭ᠎ᠠ ᠪᠠᠨ ᠠᠭᠤᠵᠢᠭᠤ ᠲᠠᠯᠪᠢᠵᠤ᠂ ᠦᠬᠦᠭᠰᠡᠨ ᠴᠦ᠍ ᠦᠯᠦ ᠭᠡᠮᠰᠢᠬᠦ᠌》 ᠣᠮᠣᠭ ᠵᠣᠷᠢᠭ᠎ᠲᠠᠶ ᠪᠠᠶ᠋ᠢᠬᠤ ᠬᠡᠷᠡᠭᠲᠡᠢ; ᠶᠤᠸᠠᠨ ᠯᠦᠩ ᠫᠢᠩ᠂ ᠵᠦᠩ ᠨᠠᠨ ᠱᠠᠨ᠂ ᠶᠧ ᠫᠸᠢ ᠵᠢᠶᠠᠨ ᠵᠡᠷᠭᠡ 25 ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠳᠠᠨ᠎ᠤ ᠲᠥᠯᠥᠭᠡᠯᠡᠭᠴᠢ᠎ᠳᠦ ᠬᠠᠷᠢᠭᠤ ᠵᠠᠬᠢᠳᠠᠯ ᠢᠯᠡᠭᠡᠬᠦ ᠳ᠋ᠡᠭᠡᠨ᠂ ᠪᠦᠬᠦ᠌ ᠤᠯᠤᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠳᠠᠳ《ᠰᠢᠨ᠎ᠡ᠎ᠶᠢ ᠡᠭᠦᠳᠬᠦ᠌ ᠢᠲᠡᠭᠡᠯ᠎ᠢᠶᠡᠨ ᠪᠠᠲᠤᠳᠬᠠᠵᠤ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ᠎ᠪᠠᠷ ᠬᠦᠴᠦᠯᠡᠨ ᠴᠢᠷᠮᠠᠶ᠋ᠢᠬᠤ ᠬᠡᠷᠡᠭᠲᠡᠢ》; 《ᠳᠡᠯᠡᠬᠡᠢ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠣᠰᠢᠭᠤᠷᠠᠯ᠎ᠳᠤ ᠬᠠᠨᠳᠤᠭᠤᠯᠬᠤ᠂ ᠠᠵᠤ ᠠᠬᠤᠢ᠎ᠶᠢᠨ ᠭᠣᠣᠯ ᠲᠠᠢ᠌ᠨ᠎ᠦ ᠲᠠᠯᠠᠪᠤᠷ᠎ᠲᠤ᠌ ᠬᠠᠨᠳᠤᠭᠤᠯᠬᠤ᠂ ᠤᠯᠤᠰ᠎ᠤᠨ ᠴᠢᠬᠤᠯᠠ ᠶᠡᠬᠡ ᠬᠡᠷᠡᠭᠴᠡᠭᠡ᠎ᠳᠤ ᠬᠠᠨᠳᠤᠭᠤᠯᠬᠤ᠂ ᠠᠷᠠᠳ ᠲᠦᠮᠡᠨ᠎ᠦ ᠠᠮᠢ ᠨᠠᠰᠤ ᠡᠷᠡᠭᠦᠯ ᠮᠡᠨᠳᠦ᠎ᠳᠦ ᠬᠠᠨᠳᠤᠭᠤᠯᠬᠤ᠎ᠶᠢ ᠪᠠᠷᠢᠮᠲᠠᠯᠠᠬᠤ ᠬᠡᠷᠡᠭᠳᠠᠢ》 ᠭᠡᠵᠦ ᠬᠦᠰᠡᠯ ᠱᠠᠭᠠᠷᠳᠠᠯᠭ᠎ᠠ ᠲᠠᠯᠪᠢᠵᠤ᠂ ᠶᠡᠷᠦᠩᠬᠡᠢ ᠱᠦᠵᠢ ᠰᠢ ᠵᠢᠨ ᠫᠢᠩ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠳ᠎ᠲᠤ᠌ ᠭᠣᠣᠯ ᠰᠢᠪᠲᠤᠯᠤᠯᠲᠠ᠎ᠶᠢᠨ ᠴᠢᠭᠯᠡᠯ᠎ᠢ ᠲᠣᠭᠲᠠᠭᠠᠵᠤ᠂ ᠲᠡᠮᠡᠴᠡᠬᠦ᠌ ᠬᠠᠷᠠᠯᠲᠠ᠎ᠶᠢ ᠲᠣᠳᠣᠷᠬᠠᠶ᠋ᠢᠯᠠᠪᠠ᠃

《ᠶᠡᠷᠦᠩᠬᠡᠢ ᠱᠦᠵᠢ ᠰᠢ ᠵᠢᠨ ᠫᠢᠩ᠎ᠲᠡᠶ ᠨᠢᠭᠤᠷᠳᠠᠨ ᠠᠭᠤᠯᠵᠠᠵᠤ ᠰᠠᠨᠠᠯ ᠵᠢᠡᠨ ᠰᠤᠯᠢᠯᠴᠠᠭᠰᠠᠨ ᠲᠡᠷᠡ ᠤᠳᠠᠭ᠎ᠠ ᠪᠣᠯ ᠢᠮᠠᠭᠲᠠ ᠮᠢᠨᠦ᠍ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠮ ᠳᠡᠭᠡᠷᠡᠬᠢ ᠵᠣᠷᠢᠭ ᠰᠠᠨᠠᠭᠠᠨ᠎ᠤ ᠪᠠᠶ᠋ᠢᠷᠢᠰᠢᠯ ᠪᠣᠯᠤᠨ᠎ᠠ》᠃ ᠰᠠᠷᠠᠨ ᠪᠥᠮᠪᠥᠷᠴᠡᠭ᠎ᠦᠨ ᠨᠢᠭᠤᠷ ᠲᠠᠯ᠎ᠠ᠎ᠡᠴᠡ ᠰᠠᠷᠠᠨ ᠪᠥᠮᠪᠥᠷᠴᠡᠭ᠎ᠦᠨ ᠠᠷᠤ ᠲᠠᠯ᠎ᠠ ᠬᠦᠷᠲᠡᠯ᠎ᠡ᠂ ᠲᠠᠬᠢᠭᠠᠳ ᠭᠠᠯ ᠭᠠᠷᠠᠬ ᠬᠦᠷᠲᠡᠯ᠎ᠡ᠂ ᠰᠦᠨ ᠽᠸ ᠵᠧᠦ ᠤᠷᠢᠳ ᠬᠣᠵᠢᠳ ᠴᠠᠩ ᠡᠸ ᠭᠤᠷᠪᠠᠳᠤᠭᠠᠷ᠂ ᠴᠠᠩ ᠡᠸ ᠳᠥᠷᠪᠡᠳᠦᠭᠡᠷ ᠪᠠ ᠲᠢᠶᠠᠨ ᠸᠸᠨ ᠨᠢᠭᠡᠳᠦᠭᠡᠷ ᠬᠠᠶ᠋ᠢᠭᠤᠷ᠎ᠤᠨ ᠮᠡᠷᠭᠡᠵᠢᠯ᠎ᠦᠨ ᠬᠠᠷᠢᠭᠤᠴᠠᠯᠭᠠᠲᠠᠨ ᠪᠤᠯᠵᠤ᠂ ᠪᠦᠯᠬᠦᠮ᠎ᠢᠶᠡᠨ ᠳᠠᠭᠠᠭᠤᠯᠤᠨ ᠮᠠᠨ᠎ᠤ ᠤᠯᠤᠰ᠎ᠤᠨ ᠭᠦᠨ ᠣᠭᠲᠠᠷᠭᠤᠢ᠎ᠶᠢᠨ ᠬᠠᠶ᠋ᠢᠭᠤᠷ᠎ᠤᠨ ᠲᠡᠮᠳᠡᠭᠯᠡᠯ᠎ᠢ ᠤᠯᠠᠨ ᠤᠳᠠᠭ᠎ᠠ ᠰᠢᠨᠡᠳᠬᠡᠪᠡ᠃

2013 ᠣᠨ᠎ᠤ 5 ᠰᠠᠷ᠎ᠠ᠎ᠶᠢᠨ 4 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠦᠯᠦᠭᠯᠡᠯ ᠺᠣᠮᠫᠠᠨᠢ᠎ᠶᠢᠨ ᠳᠤᠮᠳᠠᠳᠤ ᠤᠯᠤᠰ᠎ᠤᠨ ᠣᠭᠲᠠᠷᠭᠤᠢ᠎ᠶᠢᠨ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠳᠦ ᠬᠦᠷᠴᠦ᠍᠂ 《ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠵᠦ᠍᠂ ᠤᠷᠢ ᠵᠠᠯᠠᠭᠤ ᠨᠠᠰᠤᠨ ᠤ᠋ ᠬᠠᠷᠢᠭᠤᠴᠠᠯᠭ᠎ᠠ ᠵᠢ ᠵᠣᠷᠢᠭᠲᠠᠢ ᠡᠭᠦᠷᠭᠡᠯᠡᠬᠦ᠌》 ᠭᠣᠣᠯ ᠰᠡᠳᠦᠪᠲᠦ᠍ ᠪᠦᠯᠬᠦᠮ᠎ᠦᠨ ᠡᠳᠦᠷ᠎ᠦᠨ ᠠᠵᠢᠯᠯᠠᠭ᠎ᠠ᠎ᠳᠤ ᠣᠷᠣᠯᠴᠠᠪᠠ᠃ ᠰᠦᠨ ᠽᠸ ᠵᠧᠦ ᠵᠠᠯᠠᠭᠤ ᠰᠠᠨᠰᠠᠷ᠎ᠤᠨ ᠠᠶᠠᠯᠠᠯ᠎ᠤᠨ ᠠᠵᠢᠯᠳᠠᠨ᠎ᠤ ᠲᠥᠯᠥᠭᠡᠯᠡᠭᠴᠢ᠎ᠶᠢᠨ ᠬᠤᠪᠢ᠎ᠪᠠᠷ᠂ ᠶᠡᠷᠦᠩᠬᠡᠢ ᠱᠦᠵᠢ᠎ᠳᠦ ᠴᠠᠩ ᠡᠸ ᠭᠤᠷᠪᠠᠳᠤᠭᠠᠷ᠎ᠤᠨ ᠰᠤᠳᠤᠯᠤᠨ ᠦᠢᠯᠡᠳᠬᠦ᠌ ᠠᠵᠢᠯ᠎ᠢ ᠬᠠᠷᠢᠭᠤ ᠮᠡᠳᠡᠭᠦᠯᠪᠡ᠃

《ᠶᠡᠷᠦᠩᠬᠡᠢ ᠱᠦᠵᠢ᠎ᠶᠢᠨ ᠴᠢᠩ ᠰᠡᠳᠬᠢᠯ᠎ᠦᠨ ᠵᠠᠬᠢᠶ᠎ᠠ᠎ᠶᠢ ᠪᠤᠳᠤᠬᠤ ᠪᠦᠷᠢ᠂ ᠤᠯᠠᠨ᠎ᠤ ᠬᠦᠰᠡᠯ ᠵᠡᠭᠦᠳᠦ᠎ᠪᠡᠨ ᠲᠡᠷᠭᠡᠯᠰᠢᠭᠦᠯᠬᠦ᠌ ᠢᠲᠡᠭᠡᠯ ᠵᠣᠷᠢᠭ ᠨᠡᠩ ᠪᠠᠲᠤᠵᠢᠵᠤ᠂ ᠪᠣᠭᠣᠮᠲᠠ ᠰᠢᠪᠲᠤᠯᠬᠤ ᠰᠡᠳᠬᠢᠴᠡ ᠤᠯᠠᠮ ᠲᠣᠳᠣᠷᠬᠠᠢ ᠪᠤᠯᠳᠠᠭ》᠃ ᠰᠦᠨ ᠽᠸ ᠵᠧᠦ ᠪᠦᠯᠬᠦᠮ᠎ᠢᠶᠡᠨ ᠳᠠᠭᠠᠭᠤᠯᠤᠨ᠂ ᠬᠤᠪᠢ ᠬᠥᠮᠦᠨ᠎ᠦ ᠬᠦᠰᠡᠯᠡᠩ ᠪᠣᠯᠤᠨ ᠦᠰᠦᠨ ᠪᠣᠶ᠋ᠢᠵᠢᠯᠲᠠ᠎ᠶᠢᠨ ᠵᠠᠮ᠎ᠢᠶᠠᠨ ᠤᠯᠤᠰ᠎ᠤᠨ ᠬᠥᠭᠵᠢᠯᠲᠡ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠬᠢᠴᠠ᠎ᠳᠤ ᠠᠭᠤᠰᠤᠯᠴᠠᠭᠤᠯᠪᠠ᠃

《ᠦᠷᠭᠦᠯᠵᠢᠯᠡᠨ ᠤᠷᠤᠭᠰᠢ ᠴᠢᠷᠮᠠᠢᠪᠠᠯ ᠯᠠᠪᠲᠠᠢ ᠨᠡᠩ ᠰᠠᠢ᠌ᠨ ᠬᠢᠵᠦ᠍ ᠴᠢᠳᠠᠨ᠎ᠠ》

ᠪᠡᠭᠡᠵᠢᠩ᠎ᠦᠨ ᠢ ᠵᠤᠸᠠᠩ᠎ᠳᠠᠬᠢ ᠤᠯᠤᠰ᠎ᠤᠨ ᠮᠡᠳᠡᠭᠡ ᠵᠠᠩᠭᠢ ᠵᠢᠨ ᠰᠢᠨ᠎ᠠ ᠵᠢ ᠡᠭᠦᠳᠬᠦ ᠬᠦᠷᠢᠶᠡᠯᠡᠩ ᠳ᠋ᠦ᠃ ᠴᠠᠭᠠᠨ ᠰᠠᠷ᠎ᠠ᠎ᠡᠴᠡ ᠡᠮᠦᠨᠡᠬᠡᠨ᠂ ᠶᠡᠷᠦᠩᠬᠡᠢ ᠱᠦᠵᠢ ᠰᠢ ᠵᠢᠨ ᠫᠢᠩ ᠡᠨᠡ ᠵᠢᠯ ᠤᠯᠤᠰ᠎ᠤᠨ ᠳᠣᠲᠣᠭᠠᠳᠤ᠎ᠵᠢᠨ ᠠᠩᠬ᠎ᠠ ᠤᠳᠠᠭ᠎ᠠ ᠵᠢᠨ ᠰᠢᠨᠵᠢᠯᠡᠨ ᠪᠠᠢᠴᠠᠭᠠᠯᠲᠠ ᠳ᠋ᠠᠭᠠᠨ ᠡᠨᠳᠡ ᠢᠷᠡᠪᠡ᠃

《ᠡᠨᠡ ᠡᠳᠦᠷ ᠡᠨᠳᠡ ᠢᠷᠡᠵᠥ᠍ ᠲᠤᠬᠠᠢ᠎ᠶᠢᠨ ᠲᠠᠯᠠᠪᠠᠢ᠎ᠳᠤ ᠰᠤᠷᠤᠯᠴᠠᠵᠥ᠍᠂ ᠨᠢᠳᠦ ᠨᠡᠭᠡᠭᠡᠪᠡ᠂ ᠦᠵᠡᠭᠰᠡᠨ᠎ᠦ ᠲᠠᠷᠠᠭ᠎ᠠ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠳᠦ ᠨᠡᠩ ᠢᠲᠡᠭᠡᠯ ᠲᠡᠭᠦᠯᠳᠡᠷ ᠪᠣᠯᠵᠠᠢ》᠂ ᠶᠡᠷᠦᠩᠬᠡᠢ ᠱᠦᠵᠢ ᠰᠢ ᠵᠢᠨ ᠫᠢᠩ᠎ᠦᠨ ᠶᠠᠷᠢᠶ᠎ᠠ ᠨᠢ ᠡᠮᠦᠨ᠎ᠡ ᠹᠷᠣᠨᠲ ᠤ᠋ᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠳ᠎ᠤᠨ ᠲᠤᠬᠠᠢ ᠨᠤᠲᠠᠯᠠᠯᠲᠠ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠰᠢᠨ᠎ᠡ᠎ᠶᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭᠵᠢᠯᠲᠡ᠎ᠶᠢᠨ ᠪᠠᠶ᠋ᠢᠯᠳᠤᠬᠤ ᠪᠤᠳᠤᠯᠭ᠎ᠠ᠎ᠶᠢᠨ ᠲᠤᠬᠠᠢ ᠲᠠᠬᠢᠨ ᠪᠠᠶ᠋ᠢᠷᠢᠯᠠᠭᠤᠯᠤᠯᠲᠠ᠂ ᠲᠠᠬᠢᠨ ᠭᠦᠨᠵᠡᠭᠡᠶ᠋ᠢᠷᠡᠯ ᠪᠣᠯᠤᠨ᠎ᠠ᠃

ᠶᠡᠷᠦᠩᠬᠡᠢ ᠱᠦᠵᠢ ᠰᠢ ᠵᠢᠨ ᠫᠢᠩ᠎ᠦᠨ ᠶᠠᠷᠢᠶ᠎ᠠ᠎ᠶᠢ ᠲᠤᠬᠠᠢ ᠵᠢᠨ ᠲᠠᠯᠠᠪᠠᠢ ᠳ᠋ᠤᠨᠢ ᠰᠣᠨᠣᠰᠤᠭᠠᠳ᠂ ᠪᠡᠭᠡᠵᠢᠩ᠎ᠦᠨ ᠱᠤ᠌ ᠷᠦᠢ ᠮᠠᠰᠢᠨ ᠬᠥᠮᠦᠨ᠎ᠦ ᠬᠤᠪᠢᠴᠠᠭᠠᠳᠤ ᠬᠢᠵᠠᠭᠠᠷᠲᠤ᠌ ᠺᠣᠮᠫᠠᠨᠢ᠎ᠶᠢᠨ ᠡᠭᠦᠰᠭᠡᠨ ᠪᠠᠶ᠋ᠢᠭᠤᠯᠤᠭᠴᠢ ᠰᠢᠤᠢ ᠺᠠᠢ᠄ 《ᠳᠡᠭᠡᠳᠦ ᠲᠡᠰ᠎ᠤᠨ ᠡᠮ ᠡᠮᠨᠡᠯᠭᠡ ᠵᠢᠨ ᠲᠣᠨᠣᠭᠯᠠᠯ ᠤᠷᠳᠤ ᠬᠤᠭᠤᠴᠠᠭ᠎ᠠ᠎ᠪᠠᠷ ᠪᠤᠰᠤᠳ᠎ᠲᠤ᠌ ᠡᠷᠬᠡᠰᠢᠶᠡᠭᠳᠡᠵᠦ᠍ ᠪᠠᠶ᠋ᠢᠭᠰᠠᠨ ᠪᠠᠶ᠋ᠢᠳᠠᠯ᠎ᠢ ᠡᠪᠳᠡᠬᠦ᠌᠎ᠪᠡᠷ ᠪᠠᠷᠠᠬᠤ ᠦᠭᠡᠢ᠂ ᠪᠠᠰᠠ ᠳᠤᠮᠳᠠᠳᠤ ᠤᠯᠤᠰ᠎ᠤᠨ ᠤᠤᠭᠠᠯ ᠡᠭᠦᠳᠦᠯᠲᠡ᠎ᠶᠢᠨ ᠤᠶᠤᠨᠴᠢ ᠦᠢᠯᠡᠳᠭᠡᠯ᠎ᠢ ᠳᠡᠯᠡᠬᠡᠢ ᠳ᠋ᠠᠬᠢᠨ᠎ᠳᠤ ᠭᠠᠷᠭᠠᠨ᠎ᠠ》 ᠭᠡᠵᠤ ᠢᠳᠡᠭᠡᠯ ᠲᠡᠭᠦᠯᠳᠡᠷ ᠬᠡᠯᠡᠪᠡ᠃

ᠱᠠᠨ ᠰᠢ᠎ᠶᠢᠨ ᠲᠠᠶ᠋ᠢᠶᠤᠸᠠᠨ᠎ᠤ ᠵᠢᠪᠡᠷᠡᠬᠦ᠌ ᠥᠬᠡᠶ ᠨᠠᠷᠢᠯᠢᠭ ᠪᠦᠰᠡᠲᠦ᠍ ᠪᠣᠯᠣᠳ᠎ᠤᠨ ᠬᠢᠵᠠᠭᠠᠷᠲᠤ᠌ ᠺᠣᠮᠫᠠᠨᠢ᠎ᠶᠢᠨ ᠦᠢᠯᠡᠳᠪᠦᠷᠢ᠎ᠶᠢᠨ ᠲᠠᠰᠤᠭ᠎ᠲᠤ᠌᠂ ᠳᠡᠭᠡᠳᠦ ᠲᠠᠰ᠎ᠤᠨ ᠵᠢᠪᠡᠷᠡᠬᠦ᠌ ᠥᠬᠡᠶ ᠪᠣᠯᠣᠳ᠎ᠤᠨ ᠢᠯᠲᠠᠰᠤ᠎ᠶᠢᠨ ᠵᠤᠵᠠᠭᠠᠨ᠎ᠤ ᠬᠡᠮᠵᠢᠶ᠎ᠡ᠎ᠨᠢ A4 ᠴᠠᠭᠠᠰᠤᠨ᠎ᠤ ᠳᠥᠷᠪᠡᠨ᠎ᠦ ᠨᠢᠭᠡ ᠬᠤᠪᠢ ᠡᠴᠡ ᠴᠤ᠌ ᠨᠢᠮᠭᠡᠨ ᠪᠠᠶ᠋ᠢᠪᠠ᠃

2020 ᠣᠨ᠎ᠤ 5 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠡᠨᠳᠡ ᠰᠢᠨᠵᠢᠯᠡᠨ ᠪᠠᠶ᠋ᠢᠴᠠᠭᠠᠵᠤ᠂ ᠲᠤᠬᠠᠶ᠎ᠶᠢᠨ ᠲᠠᠯᠠᠪᠠᠶ᠎ᠳᠤ ᠪᠠᠶ᠋ᠢᠭᠰᠠᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠳ᠎ᠢ ᠄ 《ᠲᠠ᠎ᠨᠠᠷ ᠴᠢᠷᠮᠠᠶ᠋ᠢᠭᠰᠠᠨ ᠳᠡᠭᠡᠷ᠎ᠡ᠎ᠪᠡᠨ ᠴᠢᠷᠮᠠᠶ᠋ᠢᠵᠤ᠂ ᠳᠡᠭᠡᠳᠦ ᠲᠠᠰ᠎ᠤᠨ ᠦᠢᠯᠡᠳᠬᠦ ᠦᠢᠯᠡᠰ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠲᠠᠯ᠎ᠠ᠎ᠪᠠᠷ ᠲᠠᠰᠤᠷᠠᠯᠲᠠ ᠥᠬᠡᠶ ᠨᠣᠶᠠᠨ ᠣᠷᠭᠢᠯ᠎ᠳᠤ ᠡᠷᠡᠯᠬᠡᠭᠯᠡᠨ ᠠᠪᠠᠷᠢᠵᠤ᠂ ᠲᠡᠷᠢᠭᠦᠨ᠎ᠦ ᠦᠢᠯᠡᠳᠬᠦ ᠦᠢᠯᠡᠰ᠎ᠢ ᠲᠤᠯᠭᠠᠭᠤᠷᠢᠯᠠᠬᠤ ᠲᠠᠯ᠎ᠠ᠎ᠪᠠᠷ ᠨᠠᠩ ᠶᠡᠬᠡ ᠰᠢᠨ᠎ᠡ ᠠᠯᠬᠤᠮ᠎ᠢ ᠠᠯᠬᠤᠬᠤ᠎ᠶᠢ ᠬᠦᠰᠡᠵᠦ᠍ ᠪᠠᠶ᠋ᠢᠨ᠎ᠠ》 ᠭᠡᠵᠤ ᠵᠤᠷᠢᠭᠵᠢᠭᠤᠯᠪᠠ᠃

0.02 ᠮᠢᠯᠢᠮᠧᠲ᠋ᠷ᠎ᠡᠴᠡ 0.015 ᠮᠢᠯᠢᠮᠧᠲ᠋ᠷ ᠪᠣᠯᠲᠠᠯ᠎ᠠ᠂ 《ᠭᠠᠷ᠎ᠢᠶᠠᠷ ᠤᠷᠠᠵᠤ ᠪᠤᠯᠬᠤ ᠪᠣᠯᠣᠳ》 ᠤ᠋ᠨ ᠰᠢᠨ᠎ᠡ᠎ᠶᠢ ᠡᠭᠦᠳᠴᠦ᠍ ᠰᠤᠳᠤᠯᠤᠨ ᠦᠢᠯᠡᠳᠬᠦ ᠪᠦᠯᠬᠦᠮ᠎ᠦᠨ ᠬᠢᠨ ᠶᠡᠷᠦᠩᠬᠡᠢ ᠱᠦᠵᠢ ᠵᠢᠨ ᠨᠠᠢᠳᠠᠯᠭ᠎ᠠ ᠵᠢ ᠪᠠᠲᠤ᠌ ᠴᠡᠭᠡᠵᠢᠯᠡᠵᠤ᠂ ᠦᠷᠭᠦᠯᠵᠢᠯᠡᠨ ᠪᠤᠭᠤᠮᠳᠠ ᠰᠢᠪᠳᠤᠯᠵᠤ᠄ 《ᠳᠠᠷᠠᠭᠠᠴᠢ ᠵᠢᠨ ᠠᠯᠬᠤᠮ ᠳ᠋ᠤ 0.01 ᠮᠢᠯᠢᠮᠧᠲ᠋ᠷ ᠲᠡᠢᠰᠢ ᠰᠢᠪᠳᠤᠯᠤᠯᠳᠠ ᠬᠢᠵᠤ᠂ ᠨᠡᠩ ᠬᠦᠴᠢᠷᠳᠠᠢ ᠮᠡᠷᠭᠡᠵᠢᠯ ᠤ᠋ᠨ ᠰᠢᠪᠳᠤᠯᠤᠯᠳᠠ ᠵᠢ ᠪᠡᠶᠡᠯᠡᠭᠦᠯᠦᠨ᠎ᠠ》 ᠭᠡᠨ᠎ᠠ᠃

ᠰᠠᠭᠤᠷᠢ ᠰᠢᠪᠲᠤᠯᠤᠯᠲᠠ᠎ᠡᠴᠡ ᠬᠡᠷᠡᠭᠯᠡᠭᠡᠨ ᠳ᠋ᠦ ᠤᠷᠤᠭᠤᠯᠬᠤ ᠬᠦᠷᠲᠡᠯ᠎ᠡ᠂ ᠴᠢᠳᠠᠪᠤᠷᠢᠲᠠᠨ ᠴᠤᠭᠯᠠᠷᠠᠭᠰᠠᠨ᠎ᠡᠴᠡ ᠠᠮᠢ ᠠᠬᠤᠢ᠎ᠶᠢ ᠰᠢᠯᠢᠳᠡᠭᠵᠢᠭᠦᠯᠬᠦ᠌ ᠬᠦᠷᠲᠡᠯ᠎ᠡ᠂ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠡᠷ᠎ᠢᠶᠡᠨ ᠬᠠᠯᠠᠮᠵᠢᠯᠠᠵᠤ᠂ ᠪᠡᠶ᠎ᠡ᠎ᠪᠡᠷ᠎ᠢᠶᠡᠨ ᠪᠠᠶ᠋ᠢᠷᠢᠯᠠᠭᠤᠯᠵᠤ᠂ ᠥᠷᠭᠡᠨ ᠤᠯᠠᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠳᠠᠨ᠎ᠤ ᠢᠳᠡᠪᠬᠢᠵᠢᠯ ᠪᠣᠯᠤᠨ ᠰᠠᠨᠠᠭᠠᠴᠢᠯᠠᠭᠠᠲᠤ᠌ ᠴᠢᠨᠠᠷ᠎ᠢ ᠬᠥᠭᠵᠢᠭᠡᠪᠡ᠃

《ᠥᠨᠥᠳᠦᠷ ᠰᠣᠨᠢᠨ ᠮᠡᠳᠡᠭᠡᠨ᠎ᠳᠦ ᠭᠠᠷᠤᠭᠰᠠᠨ ᠪᠢᠵᠡ?》 ᠶᠡᠷᠦᠩᠬᠡᠶ ᠱᠦᠵᠢ ᠰᠢ ᠵᠢᠨ ᠫᠢᠩ᠎ᠦᠨ ᠡᠨᠡ ᠬᠦ᠌ ᠮᠡᠨᠳᠦᠴᠢᠯᠡᠯ᠎ᠢ ᠨᠠᠨᠵᠢᠩ ᠬᠣᠲᠠ᠎ᠶᠢᠨ ᠨᠢᠭᠡᠳᠦᠭᠡᠷ ᠡᠮᠨᠡᠯᠭᠡ᠎ᠶᠢᠨ ᠬᠣᠷᠢᠶᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠵᠠᠩ ᠵᠢᠶᠦ᠋ᠨ ᠵᠢᠶᠧ ᠲᠣᠪ ᠲᠣᠳᠣᠷᠬᠠᠶ ᠴᠡᠭᠡᠵᠢᠯᠡᠭᠰᠡᠭᠡᠷ ᠪᠠᠶ᠋ᠢᠨ᠎ᠠ᠃

2025 ᠣᠨ᠎ᠤ ᠪᠦᠬᠦ᠌ ᠤᠯᠤᠰ᠎ᠤᠨ ᠬᠣᠶᠠᠷ ᠬᠤᠷᠠᠯ᠎ᠳᠡᠭᠡᠷ᠎ᠡ᠂ ᠵᠠᠩ ᠵᠢᠶᠦ᠋ᠨ ᠵᠢᠶ᠍ᠸ 《ᠲᠥᠯᠥᠭᠡᠯᠡᠭᠴᠢᠳ᠎ᠦᠨ ᠰᠤᠷᠪᠤᠯᠵᠢᠯᠠᠭ᠎ᠠ ᠬᠦᠯᠢᠶᠡᠬᠦ᠌ ᠵᠠᠮ》 ᠳ᠋ᠤ ᠤᠯᠠᠨ ᠵᠢᠯ ᠪᠡᠶ᠎ᠡ᠎ᠪᠡᠨ ᠳᠠᠭᠠᠭᠠᠵᠤ ᠪᠣᠭᠣᠮᠲᠠ ᠰᠢᠪᠲᠤᠯᠵᠤ᠂ ᠠᠭᠤᠰᠬᠢᠨ᠎ᠤ ᠯᠤᠬᠰᠢᠭᠤᠨ ᠰᠤᠳᠠᠯ᠎ᠤᠨ ᠥᠨᠳᠥᠷ ᠳᠠᠷᠤᠯᠲᠠ ᠭᠡᠬᠦ᠌ ᠡᠨᠡ ᠬᠦ᠌ ᠳᠡᠯᠡᠬᠡᠢ᠎ᠶᠢᠨ ᠴᠢᠨᠠᠷᠲᠠᠢ ᠬᠦᠴᠢᠷ ᠠᠰᠠᠭᠤᠳᠠᠯ᠎ᠢ ᠵᠠᠰᠠᠬᠤ᠎ᠳᠤ 《ᠳᠤᠮᠳᠠᠳᠤ ᠤᠯᠤᠰ᠎ᠤᠨ ᠲᠥᠰᠦᠯ》 ᠬᠠᠩᠭᠠᠭᠰᠠᠨ ᠦᠯᠢᠭᠡᠷ᠎ᠢ ᠶᠠᠷᠢᠪᠠ᠃

ᠵᠠᠩ ᠵᠢᠶᠦ᠋ᠨ ᠵᠢᠶᠧ᠂ ᠶᠡᠷᠦᠩᠬᠡᠶ ᠱᠦᠵᠢ ᠰᠢ ᠵᠢᠨ ᠫᠢᠩ ᠲᠡᠭᠦᠨ᠎ᠦ 《ᠲᠥᠯᠥᠭᠡᠯᠡᠭᠴᠢᠳ᠎ᠦᠨ ᠰᠤᠷᠪᠤᠯᠵᠢᠯᠠᠭ᠎ᠠ ᠬᠦᠯᠢᠶᠡᠬᠦ᠌ ᠵᠠᠮ》᠎ᠤ᠋ᠨ ᠲᠠᠨᠢᠯᠴᠠᠭᠤᠯᠭ᠎ᠠ᠎ᠶᠢ ᠠᠩᠬᠠᠷᠤᠭᠰᠠᠨ᠎ᠢᠶᠠᠷ ᠪᠠᠷᠠᠬᠤ ᠥᠬᠡᠶ ᠪᠠᠰᠠ ᠵᠢᠷᠦᠬᠡ ᠴᠢᠰᠤᠨ ᠰᠤᠳᠠᠯ᠎ᠤᠨ ᠮᠡᠰᠡ ᠵᠠᠰᠠᠯ᠎ᠤᠨ ᠮᠠᠲ᠋ᠧᠷᠢᠶᠠᠯ᠎ᠤᠨ ᠤᠯᠤᠰ᠎ᠲᠠᠭᠠᠨ ᠦᠢᠯᠡᠳᠪᠦᠷᠢᠯᠡᠭᠰᠡᠨ ᠨᠣᠷᠮ᠎ᠠ᠎ᠶᠢ ᠬᠠᠯᠠᠮᠵᠢᠯᠠᠨ ᠠᠰᠠᠭᠤᠨ᠎ᠠ ᠭᠡᠵᠦ ᠪᠤᠳᠤᠵᠤ ᠤᠯᠤᠭᠰᠠᠨ ᠦᠭᠡᠢ᠃ 《ᠤᠯᠤᠰ᠎ᠲᠠᠭᠠᠨ ᠦᠢᠯᠡᠳᠪᠦᠷᠢᠯᠡᠭᠰᠡᠨ ᠰᠤᠳᠠᠯ᠎ᠤᠨ ᠲᠡᠯᠡᠭᠦᠷ᠎ᠢ ᠨᠢᠭᠡᠨᠲᠡ ᠪᠦᠬᠦ ᠳᠡᠯᠡᠬᠡᠢ᠎ᠳᠤ ᠭᠠᠷᠭᠠᠭᠰᠠᠨ》 ᠢ᠋ ᠤᠢᠯᠠᠭᠠᠭᠰᠠᠨ᠎ᠤ ᠳᠠᠷᠠᠭ᠎ᠠ᠂ ᠶᠡᠷᠦᠩᠬᠡᠢ ᠱᠦᠵᠢ᠄ 《ᠡᠨᠡ ᠲᠠᠯ᠎ᠠ᠎ᠪᠠᠷ ᠪᠢᠳᠡ ᠮᠠᠰᠢ ᠶᠡᠬᠡ ᠲᠠᠪᠰᠢᠯᠳᠠ᠎ᠲᠠᠶ ᠪᠣᠯᠵᠠᠢ᠂ ᠦᠷᠭᠦᠯᠵᠢᠯᠡᠨ ᠤᠷᠤᠭᠰᠢᠯᠠᠪᠠᠯ ᠯᠠᠪᠲᠠᠢ ᠨᠡᠩ ᠰᠠᠢ᠌ᠨ ᠬᠢᠵᠦ᠍ ᠴᠢᠳᠠᠨ᠎ᠠ》 ᠭᠡᠵᠦ ᠪᠠᠶᠠᠷᠯᠠᠨ ᠬᠡᠯᠡᠪᠡ᠃

《ᠦᠷᠭᠦᠯᠵᠢᠯᠡᠨ ᠤᠷᠤᠭᠰᠢ ᠲᠠᠪᠰᠢᠬᠤ ᠬᠡᠷᠡᠭᠲᠡᠢ》 ᠭᠡᠳᠡᠭ ᠪᠣᠯ ᠬᠦᠰᠡᠯ ᠨᠠᠶ᠋ᠢᠳᠠᠯᠭ᠎ᠠ ᠮᠥᠨ᠂ ᠪᠠᠰᠠ ᠴᠤ᠌ ᠴᠢᠭᠯᠡᠯ ᠮᠥᠨ᠃

《ᠬᠢᠮᠡᠯ ᠨᠠᠷᠠ》 ᠳ᠋ᠤ ᠰᠢᠪᠲᠤᠯᠤᠯᠲᠠ ᠭᠠᠷᠭᠠᠭᠰᠠᠨ᠎ᠡᠴᠡ ᠠᠪᠤᠭᠠᠳ᠂ ᠺᠸᠠᠨ᠋ᠲ ᠪᠣᠳᠣᠯᠭ᠎ᠠ᠎ᠶᠢᠨ ᠰᠢᠨ᠎ᠡ ᠲᠡᠮᠳᠡᠭᠯᠡᠯ᠎ᠢ ᠡᠭᠦᠳᠦᠭᠰᠡᠨ ᠬᠦᠷᠲᠡᠯ᠎ᠡ᠂ ᠳᠠᠬᠢᠭᠠᠳ《ᠱᠧᠨᠵᠧᠨ — ᠰᠢᠶᠠᠩᠭᠠᠩ — ᠭᠤᠸᠠᠩᠵᠧᠦ》 ᠪᠥᠬᠥ᠌ ᠪᠥᠮᠪᠥᠷᠴᠡᠭ᠎ᠦᠨ ᠵᠠᠭᠤᠨ ᠬᠦᠴᠦᠷᠬᠡᠭ ᠰᠢᠨ᠎ᠡ᠎ᠶᠢ ᠡᠭᠦᠳᠬᠦ᠌ ᠪᠦᠯᠦᠭᠵᠢᠯ᠎ᠦᠨ ᠲᠡᠷᠢᠭᠦᠨ ᠪᠠᠶ᠋ᠢᠷᠢᠨ᠎ᠳᠤ ᠣᠷᠣᠭᠰᠠᠨ ᠬᠦᠷᠲᠡᠯ᠎ᠡ᠂ ᠥᠷᠭᠡᠨ ᠣᠯᠠᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠨ᠎ᠤ ᠴᠢᠷᠮᠠᠶ᠋ᠢᠯᠭ᠎ᠠ ᠳᠤᠤᠷ᠎ᠠ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ 《ᠳᠠᠭᠠᠵᠤ ᠭᠦᠶᠦᠬᠦ᠌》 ᠡᠴᠡ 《ᠵᠡᠷᠭᠡᠴᠡᠨ ᠭᠦᠶᠦᠬᠦ᠌》᠂ 《ᠳᠠᠭᠠᠭᠤᠯᠤᠨ ᠭᠦᠶᠦᠬᠦ᠌》 ᠲᠡᠶ᠋ᠢᠰᠢ ᠲᠦᠷᠭᠡᠨ ᠤᠷᠤᠭᠰᠢᠯᠠᠵᠤ᠂ ᠪᠥᠬᠥ᠌ ᠪᠥᠮᠪᠥᠷᠴᠡᠭ᠎ᠦᠨ ᠰᠢᠨ᠎ᠡ᠎ᠶᠢ ᠡᠭᠦᠳᠬᠦ᠌ ᠪᠠᠶ᠋ᠢᠷᠢᠰᠢᠯ᠎ᠳᠠᠬᠢ ᠵᠠᠩᠭᠢᠯᠠᠭ᠎ᠠ᠎ᠶᠢᠨ ᠬᠦᠴᠦᠨ ᠪᠣᠯᠤᠭᠰᠠᠨ ᠪᠠᠶ᠋ᠢᠨ᠎ᠠ᠃

《ᠵᠠᠩᠭᠢᠯᠠᠭ᠎ᠠ ᠨᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠠᠮᠢ ᠠᠬᠤᠢ᠎ᠶᠢ ᠰᠠᠶ᠋ᠢᠵᠢᠷᠠᠭᠤᠯᠵᠤ᠂ ᠰᠢᠨ᠎ᠡ᠎ᠶᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭᠵᠢᠭᠡᠵᠦ᠍᠂ ᠥᠷᠭᠡᠨ ᠤᠯᠠᠨ ᠰᠢᠨᠵᠢᠯᠡᠬᠦ᠌ ᠤᠬᠠᠭᠠᠨᠲᠠᠨ ᠪᠣᠯᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠳᠠᠨ᠎ᠳᠤ ᠠᠪᠢᠶᠠᠰ ᠴᠢᠳᠠᠪᠤᠷᠢ᠎ᠪᠠᠨ ᠪᠠᠳᠠᠷᠠᠭᠤᠯᠬᠤ ᠲᠠᠪᠴᠠᠩ ᠪᠠᠶ᠋ᠢᠭᠤᠯᠵᠤ ᠥᠭᠬᠦ᠌ ᠶᠠᠪᠤᠳᠠᠯ ᠪᠣᠯᠤᠨ᠎ᠠ》

《ᠰᠠᠭᠤᠷᠢ ᠰᠤᠳᠤᠯᠭᠠᠨ᠎ᠤ ᠠᠵᠢᠯᠲᠠᠨ᠎ᠤ ᠠᠵᠢᠯ ᠪᠠ ᠠᠮᠢᠳᠤᠷᠠᠯ᠎ᠤᠨ ᠨᠥᠬᠥᠴᠡᠯ᠎ᠢ ᠰᠠᠶ᠋ᠢᠵᠢᠷᠠᠭᠤᠯᠵᠤ᠂ ᠨᠡᠭᠡᠭᠡᠯᠲᠡᠲᠡᠶ ᠪᠠᠭᠲᠠᠭᠠᠮᠵᠢᠲᠠᠶ᠂ ᠢᠯᠠᠭᠳᠠᠯ᠎ᠢ ᠠᠭᠤᠴᠢᠯᠠᠨ ᠪᠠᠭᠲᠠᠭᠠᠬᠤ ᠰᠢᠨ᠎ᠡ᠎ᠶᠢ ᠡᠭᠦᠳᠬᠦ᠌ ᠣᠷᠴᠢᠨ ᠨᠥᠬᠥᠴᠡᠯ᠎ᠢ ᠪᠣᠶ ᠪᠣᠯᠭᠠᠬᠤ ᠬᠡᠷᠡᠭᠲᠡᠢ》᠃ 2026 ᠣᠨ᠎ᠤ 4 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠱᠠᠩᠬᠠᠢ᠎ᠳᠤ ᠰᠠᠭᠤᠷᠢ ᠰᠤᠳᠤᠯᠭᠠᠨ᠎ᠢ ᠴᠢᠩᠭᠠᠳᠬᠠᠬᠤ ᠶᠠᠷᠢᠯᠴᠠᠬᠤ ᠬᠤᠷᠠᠯ᠎ᠳᠤ ᠣᠷᠣᠯᠴᠠᠬᠤ ᠦᠶ᠎ᠡ᠎ᠶᠢᠨ ᠡᠨᠡ ᠬᠦ᠌ ᠶᠠᠷᠢᠶ᠎ᠠ ᠨᠢ ᠬᠤᠷᠠᠯ᠎ᠳᠤ ᠣᠷᠣᠯᠴᠠᠭᠰᠠᠨ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠮᠣᠯᠧᠺᠦ᠋ᠯ ᠡᠰ᠎ᠦᠨ ᠰᠢᠨᠵᠢᠯᠡᠬᠦ᠌ ᠤᠬᠠᠭᠠᠨ᠎ᠤ ᠭᠠᠷᠮᠠᠭᠠᠢ ᠰᠢᠨ᠎ᠡ᠎ᠶᠢ ᠡᠭᠦᠳᠬᠦ᠌ ᠲᠥᠪ᠎ᠦᠨ ᠰᠤᠳᠤᠯᠤᠭᠴᠢ ᠴᠧᠨ ᠯᠢᠩ ᠯᠢᠩ᠎ᠳᠦ ᠮᠠᠰᠢ ᠶᠡᠬᠡ ᠵᠣᠷᠢᠭᠵᠢᠭᠤᠯᠤᠯ ᠪᠣᠯᠵᠠᠢ᠃

2023 ᠣᠨ᠎ᠳᠤ᠂ ᠴᠧᠨ ᠯᠢᠩ ᠯᠢᠩ ᠵᠠᠩ ᠵᠢᠶᠠᠩ ᠰᠢᠨᠵᠢᠯᠡᠬᠦ᠌ ᠤᠬᠠᠭᠠᠨ᠎ᠤ ᠬᠤᠳᠠ᠎ᠳᠤ ᠶᠡᠷᠦᠩᠬᠡᠢ ᠱᠦᠵᠢ᠎ᠳᠦ ᠰᠠᠭᠤᠷᠢ ᠰᠤᠳᠤᠯᠭᠠᠨ᠎ᠤ ᠬᠣᠰᠢᠭᠤᠷᠠᠯ᠎ᠤᠨ ᠠᠬᠢᠴᠠ᠎ᠶᠢ ᠬᠠᠷᠢᠭᠤ ᠮᠡᠳᠡᠭᠦᠯᠪᠠ᠂ 《ᠶᠡᠷᠦᠩᠬᠡᠢ ᠱᠦᠵᠢ᠂ ᠬᠠᠷᠢᠭᠤᠴᠠᠯᠭᠠᠲᠤ᠌ ᠰᠡᠳᠬᠢᠯᠭᠡ᠎ᠲᠡᠶ ᠦᠯᠡᠮᠵᠢ ᠤᠯᠠᠨ ᠣᠷᠣᠶ᠋ᠢᠯᠠᠭᠰᠠᠨ ᠴᠢᠳᠠᠪᠤᠷᠢᠲᠠᠨ᠎ᠢ ᠬᠦᠴᠦᠯᠡᠨ ᠬᠥᠮᠦᠵᠢᠭᠦᠯᠵᠦ᠍᠂ ᠲᠡᠳᠡᠨ᠎ᠦ ᠤᠶᠤᠨ ᠤᠬᠠᠭᠠᠨ ᠠᠪᠢᠶᠠᠰ ᠴᠢᠳᠠᠪᠤᠷᠢ᠎ᠪᠠᠨ ᠪᠠᠳᠠᠷᠠᠭᠤᠯᠬᠤ᠎ᠳᠤ ᠰᠠᠢ᠌ᠨ ᠰᠠᠶ᠋ᠢᠬᠠᠨ ᠨᠥᠬᠥᠴᠡᠯ ᠪᠦᠷᠢᠯᠳᠦᠭᠦᠯᠵᠦ᠍ ᠥᠭᠬᠦ᠌ ᠬᠡᠷᠡᠭᠲᠡᠢ ᠭᠡᠵᠦ᠍ ᠬᠡᠯᠡᠪᠡ》᠃

ᠬᠡᠷᠬᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠳᠠᠨ᠎ᠢ ᠣᠷᠣᠰᠢᠨ ᠲᠣᠭᠲᠠᠨᠢᠬᠤ ᠪᠠᠲᠤᠯᠠᠭ᠎ᠠ᠎ᠲᠠᠶ᠂ ᠦᠢᠯᠡᠰ ᠪᠤᠰᠬᠠᠬᠤ᠎ᠳᠤ ᠬᠦᠰᠡᠯ ᠡᠷᠡᠮᠡᠯᠵᠡᠯ᠎ᠲᠡᠶ᠂ ᠠᠵᠢᠯ ᠬᠢᠬᠦ᠌᠎ᠳᠦ ᠰᠠᠭᠠᠳ ᠦᠭᠡᠢ ᠪᠠᠶ᠋ᠢᠯᠭᠠᠬᠤ ᠪᠤᠢ? ᠶᠡᠷᠦᠩᠬᠡᠢ ᠱᠦᠵᠢ ᠰᠢ ᠵᠢᠨ ᠫᠢᠩ ᠬᠡᠵᠢᠶᠡᠲᠡ ᠮᠠᠷᠲᠠᠯ ᠦᠭᠡᠢ ᠪᠣᠳᠣᠯᠬᠢᠯᠠᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ᠎ᠲᠤ᠌ ᠬᠥᠭᠵᠢᠯᠲᠡ᠎ᠶᠢ ᠡᠷᠢᠯᠬᠢᠯᠡᠵᠦ᠍᠂ ᠡᠷᠴᠢ ᠵᠣᠷᠢᠭ᠎ᠢ ᠬᠥᠪᠴᠢᠯᠡᠪᠡ᠃

《ᠶᠠᠷᠰᠢᠭ ᠲᠦᠪᠡᠭ᠎ᠲᠡᠶ ᠵᠦᠢᠯᠡᠰ᠎ᠢᠶᠡᠷ ᠰᠢᠨᠵᠢᠯᠡᠬᠦ᠌ ᠤᠬᠠᠭᠠᠨᠲᠠᠨ᠎ᠤ ᠭᠠᠷ ᠬᠥᠯ᠎ᠢ ᠪᠣᠭᠣᠵᠤ ᠪᠣᠯᠬᠤ ᠥᠬᠡᠶ᠂ ᠲᠣᠭ᠎ᠠ ᠲᠣᠮᠰᠢ ᠥᠬᠡᠶ ᠮᠡᠳᠡᠭᠦᠯᠦᠯᠲᠡ᠎ᠶᠢᠨ ᠬᠦᠰᠦᠨᠦᠭᠲᠦ᠍ ᠪᠠ ᠬᠢᠨᠠᠨ ᠵᠥᠪᠰᠢᠶᠡᠷᠡᠯ᠎ᠢᠶᠡᠷ ᠰᠢᠨᠵᠢᠯᠡᠬᠦ᠌ ᠤᠬᠠᠭᠠᠨᠲᠠᠨ᠎ᠤ ᠣᠶᠤᠨ ᠴᠢᠳᠠᠯ᠎ᠢ ᠰᠠᠭᠠᠲᠠᠭᠠᠵᠤ ᠪᠣᠯᠬᠤ ᠥᠬᠡᠶ》!

《ᠵᠠᠩᠭᠢᠯᠠᠭ᠎ᠠ ᠨᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠠᠮᠢ ᠠᠬᠤᠢ᠎ᠶᠢ ᠰᠠᠶ᠋ᠢᠵᠢᠷᠠᠭᠤᠯᠵᠤ᠂ ᠰᠢᠨ᠎ᠡ᠎ᠶᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭᠵᠢᠭᠡᠵᠦ᠍᠂ ᠥᠷᠭᠡᠨ ᠤᠯᠠᠨ ᠰᠢᠨᠵᠢᠯᠡᠬᠦ᠌ ᠤᠬᠠᠭᠠᠨᠲᠠᠨ ᠪᠣᠯᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠳᠠᠨ᠎ᠳᠤ ᠠᠪᠢᠶᠠᠰ ᠴᠢᠳᠠᠪᠤᠷᠢ᠎ᠪᠠᠨ ᠪᠠᠳᠠᠷᠠᠭᠤᠯᠬᠤ ᠲᠠᠪᠴᠠᠩ ᠬᠠᠩᠭᠠᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠲᠠᠰᠤᠷᠠᠯᠳᠠ ᠦᠭᠡᠢ ᠴᠣᠯᠭᠣᠷᠠᠭᠤᠯᠬᠤ ᠬᠡᠷᠡᠭᠲᠡᠢ》᠃

《ᠴᠢᠳᠠᠪᠤᠷᠢᠲᠠᠨ᠎ᠢ ᠬᠥᠮᠦᠵᠢᠭᠦᠯᠬᠦ᠌᠂ ᠣᠷᠣᠭᠤᠯᠤᠨ ᠠᠪᠴᠢᠷᠠᠬᠤ᠂ ᠬᠡᠷᠡᠭᠯᠡᠬᠦ᠌ ᠠᠵᠢᠯ᠎ᠢ ᠪᠥᠬᠥ᠌ ᠲᠠᠯ᠎ᠠ᠎ᠪᠠᠷ ᠰᠠᠶ᠋ᠢᠲᠤᠷ ᠬᠢᠵᠦ᠍᠂ ᠨᠡᠶ᠋ᠢᠭᠡᠮ ᠳᠠᠶᠠᠭᠠᠷ᠎ᠲᠤ᠌ ᠰᠢᠨ᠎ᠡ᠎ᠶᠢ ᠡᠭᠦᠳᠬᠦ᠌᠎ᠶᠢ ᠵᠣᠷᠢᠭᠵᠢᠭᠤᠯᠬᠤ ᠭᠦᠨ ᠵᠤᠵᠠᠭᠠᠨ ᠠᠭᠤᠷ ᠠᠮᠢᠰᠬᠤᠯ᠎ᠢ ᠪᠣᠶ ᠪᠣᠯᠭᠠᠬᠤ ᠬᠡᠷᠡᠭᠲᠡᠢ》᠃

2023 ᠣᠨ᠎ᠤ 5 ᠰᠠᠷ᠎ᠠ᠎ᠶᠢᠨ 12 ᠎ᠤ᠋ᠨ ᠡᠳᠦᠷ᠂ ᠶᠡᠷᠦᠩᠬᠡᠢ ᠱᠦᠵᠢ ᠰᠢ ᠵᠢᠨ ᠫᠢᠩ ᠱ᠌ᠢ ᠵᠢᠶᠠ ᠵᠤᠸᠠᠩ᠎ᠳᠤ ᠪᠠᠶ᠋ᠢᠭ᠎ᠠ ᠳᠤᠮᠳᠠᠳᠤ ᠤᠯᠤᠰ᠎ᠤᠨ ᠡᠯᠸᠺᠲ᠋ᠷᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠠᠵᠤ ᠦᠢᠯᠡᠰ᠎ᠦᠨ ᠰᠠᠭᠤᠷᠢ ᠰᠤᠳᠤᠯᠭᠠᠨ᠎ᠤ ᠬᠦᠷᠢᠶᠡᠯᠡᠩ᠎ᠳᠦ ᠢᠷᠡᠪᠡ᠃

《ᠪᠢ ᠵᠸᠩᠳᠢᠩ᠎ᠳ᠋ᠤ ᠠᠵᠢᠯᠯᠠᠵᠤ ᠪᠠᠶ᠋ᠢᠬᠤ᠎ᠳᠠᠭᠠᠨ ᠡᠨᠳᠡᠬᠢ ᠪᠣᠯ ᠮᠠᠨ᠎ᠤ ᠤᠯᠤᠰ᠎ᠤᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠳᠣᠲᠣᠷᠠᠬᠢ ᠮᠠᠰᠢ ᠴᠢᠬᠤᠯᠠ ᠨᠢᠭᠡ ᠭᠠᠵᠠᠷ ᠪᠣᠯᠬᠤ᠎ᠶᠢ ᠮᠡᠳᠡᠵᠦ᠍ ᠪᠠᠶ᠋ᠢᠭᠰᠠᠨ᠂ ᠠᠯᠳᠠᠷ᠎ᠢ ᠴᠢᠨᠢ ᠰᠣᠨᠣᠰᠤᠭᠠᠳ ᠤᠳᠠᠯ᠎ᠠ!》 ᠶᠡᠷᠦᠩᠬᠡᠢ ᠱᠦᠵᠢ ᠰᠢ ᠵᠢᠨ ᠫᠢᠩ ᠤᠯᠠᠨ᠎ᠲᠠᠶ ᠳᠣᠲᠣᠨᠣᠰᠣᠭ᠎ᠢᠶᠠᠷ ᠰᠠᠨᠠᠯ᠎ᠢᠶᠠᠨ ᠰᠣᠯᠢᠯᠴᠠᠵᠤ᠂ ᠴᠠᠬᠢᠮ ᠢᠯᠲᠠᠰᠤ ᠰᠤᠳᠤᠯᠬᠤ ᠭᠠᠵᠠᠷ᠎ᠤᠨ ᠰᠤᠳᠤᠯᠤᠭᠴᠢ ᠵᠧᠦ ᠭᠦᠸᠧ᠎ᠳᠤ ᠮᠠᠰᠢ ᠬᠠᠯᠠᠭᠤᠨ ᠳᠤᠯᠠᠭᠠᠨ ᠰᠠᠨᠠᠭᠳᠠᠯ᠎ᠠ᠃

40 ᠭᠠᠷᠤᠢ ᠵᠢᠯ᠎ᠦᠨ ᠡᠮᠦᠨ᠎ᠡ᠂ ᠰᠢ ᠵᠢᠨ ᠫᠢᠩ ᠨᠥᠬᠥᠷ ᠾᠸᠪᠸᠢ ᠵᠢᠨ ᠵᠸᠩᠳᠢᠩ᠎ᠤᠨ ᠬᠥᠭᠵᠢᠯᠲᠡ᠎ᠶᠢᠨ ᠳᠤᠲᠠᠭᠤᠳᠠᠯ᠎ᠢ ᠰᠡᠷᠭᠡᠭ᠎ᠢᠶᠡᠷ ᠨᠡᠪᠲᠡ ᠠᠵᠢᠭᠯᠠᠵᠤ᠂ ᠲᠤᠰᠬᠠᠶ᠋ᠢᠯᠠᠨ 《ᠴᠢᠳᠠᠪᠤᠷᠢᠲᠠᠨ᠎ᠤ ᠶᠢᠰᠦᠨ ᠵᠤᠷᠪᠤᠰ》 ᠢ᠋ ᠲᠣᠭᠲᠠᠭᠠᠵᠤ᠂ ᠨᠢᠭᠡ ᠵᠢᠯ ᠭᠠᠷᠤᠢ᠎ᠶᠢᠨ ᠬᠤᠭᠤᠴᠠᠭᠠᠨ᠎ᠳᠤ 200 ᠭᠠᠷᠤᠢ ᠴᠢᠳᠠᠪᠤᠷᠢᠲᠠᠨ᠎ᠢ ᠲᠠᠲᠠᠵᠤ ᠡᠷᠲᠡᠨ᠎ᠦ ᠬᠤᠳᠠ᠎ᠳᠤ ᠨᠤᠲᠤᠭᠰᠢᠭᠤᠯᠪᠠ᠃

ᠴᠢᠳᠠᠪᠤᠷᠢᠲᠠᠨ᠎ᠢ ᠬᠦᠨᠳᠦᠳᠬᠡᠬᠦ᠌᠂ ᠴᠢᠳᠠᠪᠤᠷᠢᠲᠠᠨ᠎ᠢ ᠬᠠᠶ᠋ᠢᠷᠠᠯᠠᠬᠤ᠂ ᠴᠢᠳᠠᠪᠤᠷᠢᠲᠠᠨ᠎ᠢ ᠴᠤᠯᠭᠤᠷᠠᠭᠤᠯᠬᠤ᠎ᠶᠢ ᠢᠮᠠᠭᠲᠠ ᠪᠠᠷᠢᠮᠲᠠᠯᠠᠬᠤ ᠬᠡᠷᠡᠭᠲᠡᠢ᠃

《ᠲᠤᠩᠬᠠᠭ ᠨᠡᠶ᠋ᠢᠲᠡᠯᠡᠨ ᠮᠠᠩᠯᠠᠶ᠋ᠢᠯᠠᠭᠴᠢ ᠡᠯᠰᠡᠬᠦ》᠂ 《ᠮᠤᠷᠢ ᠤᠷᠤᠯᠳᠤᠬᠤ ᠲᠦᠷᠢᠮ》 ᠢ᠋ ᠬᠡᠷᠡᠭᠵᠢᠭᠦᠯᠵᠦ᠍᠂ ᠵᠠᠷᠤᠳᠠᠯ᠎ᠤᠨ 《ᠳᠠᠭᠠᠭᠠᠴᠢᠯᠠᠯᠲᠠ᠎ᠶᠢᠨ ᠲᠦᠷᠢᠮ》 ᠢ᠋ ᠲᠡᠭᠦᠯᠳᠡᠷᠵᠢᠭᠦᠯᠵᠦ᠍᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠳᠤ ᠨᠠᠩ ᠶᠡᠬᠡ ᠡᠵᠡᠨ ᠮᠡᠳᠡᠬᠦ᠌ ᠡᠷᠬᠡ ᠣᠯᠭᠣᠪᠠ; 《ᠦᠭᠦᠯᠡᠯ᠂ ᠮᠡᠷᠭᠡᠵᠢᠯ᠎ᠤᠨ ᠴᠤᠯᠠ᠂ ᠰᠤᠷᠤᠯᠭ᠎ᠠ᠎ᠶᠢᠨ ᠨᠠᠮᠳᠠᠷ᠂ ᠤᠯᠤᠭᠰᠠᠨ ᠱᠠᠨᠭᠨᠠᠯ᠎ᠢ ᠯᠡ ᠦᠵᠡᠬᠦ》 ᠵᠢ ᠬᠤᠪᠢᠷᠠᠭᠤᠯᠵᠤ᠂ ᠰᠢᠨ᠎ᠡ᠎ᠶᠢ ᠡᠭᠦᠳᠬᠦ᠌ ᠴᠢᠳᠠᠪᠤᠷᠢ᠂ ᠶᠠᠰᠤ ᠴᠢᠨᠠᠷ᠂ ᠪᠣᠳᠠᠲᠤ᠌ ᠦᠷ᠎ᠡ ᠪᠦᠲᠦᠮᠵᠢ᠂ ᠬᠤᠪᠢ ᠨᠡᠮᠡᠷᠢ᠎ᠪᠡᠷ ᠤᠳᠤᠷᠢᠳᠤᠮᠵᠢ ᠪᠣᠯᠭᠠᠭᠰᠠᠨ ᠴᠢᠳᠠᠪᠤᠷᠢᠲᠠᠨ᠎ᠢ ᠦᠨᠡᠯᠡᠬᠦ᠌ ᠰᠢᠰᠲ᠋ᠧᠮ᠎ᠢ ᠪᠠᠶ᠋ᠢᠭᠤᠯᠪᠠ ᠁ ᠶᠡᠷᠦᠩᠬᠡᠢ ᠱᠦᠵᠢ ᠰᠢ ᠵᠢᠨ ᠫᠢᠩ᠎ᠦᠨ ᠬᠠᠯᠠᠮᠵᠢᠯᠠᠯ ᠠᠬᠢᠭᠤᠯᠤᠯ ᠳᠣᠣᠷ᠎ᠠ᠂ ᠰᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠪᠠᠶ᠋ᠢᠭᠤᠯᠤᠯ᠎ᠤᠨ ᠥᠭᠡᠷᠡᠴᠢᠯᠡᠯᠲᠡ ᠨᠢ ᠲᠦᠭᠵᠢᠷᠡᠯ ᠴᠡᠭ ᠬᠦᠴᠢᠷ ᠠᠰᠠᠭᠤᠳᠠᠯ᠎ᠢ ᠰᠢᠭᠤᠳ ᠰᠢ᠌ᠳᠪᠦᠷᠢᠯᠡᠪᠡ᠃

ᠦᠨᠳᠦᠰᠦᠨ ᠴᠠᠯᠢᠩ᠎ᠢ ᠲᠣᠭᠲᠠᠭᠤᠨ᠎ᠢᠶᠠᠷ ᠳᠡᠭᠡᠭᠰᠢᠯᠡᠭᠦᠯᠵᠦ᠍᠂ ᠠᠵᠢᠯ᠎ᠤᠨ ᠠᠮᠵᠢᠯᠲᠠ ᠪᠦᠲᠦᠮᠵᠢ᠎ᠶᠢ ᠤᠷᠮᠠᠰᠢᠭᠤᠯᠬᠤ ᠡᠷᠴᠢᠮ᠎ᠢᠶᠡᠨ ᠴᠢᠩᠭᠠᠷᠠᠭᠤᠯᠤᠨ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠤᠭᠰᠠᠨ ᠱᠠᠩᠨᠠᠯ ᠬᠥᠬᠢᠭᠦᠯᠦᠯ᠎ᠢ ᠨᠠᠶ᠋ᠢᠳᠠᠪᠤᠷᠢᠵᠢᠭᠤᠯᠪᠠ; ᠴᠠᠯᠢᠩ ᠬᠥᠯᠥᠰᠥ᠍᠂ ᠣᠷᠣᠨ ᠰᠠᠭᠤᠴᠠ᠂ ᠦᠷ᠎ᠡ ᠬᠡᠦᠬᠡᠳ᠎ᠦᠨ ᠰᠤᠷᠭᠠᠭᠤᠯᠢ᠎ᠳᠤ ᠣᠷᠣᠬᠤ ᠵᠡᠷᠭᠡ ᠢᠵᠢ ᠪᠦᠷᠢᠳᠦᠭᠦᠯᠬᠦ᠌ ᠳᠡᠮᠵᠢᠯᠭᠡ᠎ᠶᠢ ᠲᠡᠭᠦᠯᠳᠡᠷᠵᠢᠭᠦᠯᠪᠡ; ᠤᠯᠤᠰ᠎ᠤᠨ ᠪᠠᠶ᠋ᠢᠭᠠᠯᠢ᠎ᠶᠢᠨ ᠰᠢᠨᠵᠢᠯᠡᠬᠦ᠌ ᠤᠬᠠᠭᠠᠨ᠎ᠤ ᠰᠠᠭᠤᠷᠢ ᠮᠥᠩᠭᠥ᠎ᠡᠴᠡ ᠵᠠᠯᠠᠭᠤ ᠴᠢᠳᠠᠪᠤᠷᠢᠲᠠᠨ᠎ᠢ ᠲᠤᠰᠠᠯᠠᠬᠤ ᠬᠡᠪᠴᠢᠶ᠎ᠡ᠎ᠶᠢ ᠥᠷᠭᠡᠳᠬᠡᠪᠡ ᠁ ᠳᠡᠯᠡᠬᠡᠶ ᠳ᠋ᠠᠬᠢᠨ᠎ᠤ ᠴᠢᠳᠠᠪᠤᠷᠢᠲᠠᠨ᠎ᠢ ᠴᠤᠭᠯᠠᠭᠤᠯᠤᠨ ᠬᠡᠷᠡᠭᠯᠡᠵᠦ᠍᠂ ᠨᠠᠩ ᠣᠯᠠᠨ 《ᠴᠢᠳᠠᠪᠤᠷᠢᠲᠠᠨ》 ᠢ᠋ ᠬᠤᠪᠢᠯᠭᠠᠨ ᠤᠷᠤᠨ᠎ᠳᠤ ᠥᠷᠢᠰᠥᠯᠳᠦᠭᠦᠯᠪᠡ᠃

《ᠰᠢᠨᠵᠢᠯᠡᠬᠦ᠌ ᠤᠬᠠᠭᠠᠨᠲᠠᠳ᠎ᠤᠨ ᠵᠣᠷᠢᠭ ᠰᠠᠨᠠᠭ᠎ᠠ᠎ᠶᠢ ᠶᠡᠬᠡ᠎ᠪᠡᠷ ᠪᠠᠳᠠᠷᠠᠭᠤᠯᠵᠤ᠂ ᠥᠷᠭᠡᠨ ᠣᠯᠠᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠠᠯᠤᠰ ᠬᠡᠲᠦ᠎ᠶᠢᠨ ᠵᠣᠷᠢᠯᠲᠠ᠎ᠲᠠᠶ᠂ ᠤᠯᠤᠰ᠎ᠢᠶᠠᠨ ᠬᠠᠶ᠋ᠢᠷᠠᠯᠠᠵᠤ ᠬᠤᠪᠢ ᠨᠡᠮᠡᠷᠢ ᠦᠵᠡᠭᠦᠯᠬᠦ᠌᠂ ᠰᠢᠨ᠎ᠡ᠎ᠶᠢ ᠡᠭᠦᠳᠬᠦ᠌᠎ᠪᠡᠷ ᠵᠣᠷᠢᠭ ᠰᠢᠭᠤᠳᠬᠤ᠎ᠶᠢ ᠵᠣᠷᠢᠭᠵᠢᠭᠤᠯᠤᠨ᠎ᠠ》

ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠪᠠᠷᠠᠭᠤᠨᠰᠢ ᠨᠡᠭᠦᠭᠰᠡᠨ ᠮᠦᠽᠧᠢ᠎ᠳᠦ᠂ 70 ᠵᠢᠯ᠎ᠦᠨ ᠡᠮᠦᠨᠡᠬᠢ ᠨᠢᠭᠡ ᠬᠤᠪᠢ ᠲᠡᠷᠭᠡᠨ᠎ᠳᠦ ᠰᠠᠭᠤᠬᠤ ᠦᠨᠡᠮᠯᠡᠯ ᠨᠢ 《ᠰᠢᠨᠵᠢᠯᠡᠬᠦ᠌ ᠤᠬᠠᠭᠠᠨ ᠲᠡᠶ᠋ᠢᠰᠢ ᠤᠷᠤᠭᠰᠢᠯᠠᠵᠤ᠂ ᠪᠠᠷᠠᠭᠤᠨ ᠬᠣᠶ᠋ᠢᠲᠤ᠌ ᠣᠷᠣᠨ᠎ᠢ ᠪᠦᠳᠦᠭᠡᠨ ᠪᠠᠶ᠋ᠢᠭᠤᠯᠤᠭᠰᠠᠨ》 ᠭᠠᠶ᠋ᠢᠬᠠᠮᠰᠢᠭᠲᠤ᠌ ᠣᠨ ᠰᠠᠷ᠎ᠠ᠎ᠶᠢ ᠰᠡᠮᠡᠭᠡᠨ ᠲᠣᠭᠠᠴᠢᠨ᠎ᠠ᠃

2020 ᠣᠨ᠎ᠤ 4 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠠᠬᠠᠮᠠᠳ ᠫᠷᠤᠹᠸᠰᠰᠤᠷ ᠨᠠᠷ᠎ᠦᠨ ᠡᠮᠦᠨ᠎ᠡ᠄ 《ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠪᠠᠷᠠᠭᠤᠨᠰᠢ ᠨᠡᠭᠦᠭᠰᠡᠨ ᠨᠢ ᠪᠦᠬᠦᠶ᠋ᠢᠯᠡ ᠤᠯᠤᠰ ᠪᠠ ᠦᠨᠳᠦᠰᠦᠲᠡᠨ᠎ᠳᠦ ᠠᠪᠴᠤ᠌ ᠬᠡᠯᠡᠪᠡᠯ᠂ ᠪᠠᠷᠠᠭᠤᠨ ᠣᠷᠣᠨ᠎ᠤ ᠬᠥᠭᠵᠢᠯᠲᠡ᠎ᠶᠢᠨ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠰᠢᠭᠤᠯᠤᠯᠲᠠ᠎ᠳᠤ ᠠᠪᠴᠤ᠌ ᠬᠡᠯᠡᠪᠡᠯ᠂ ᠮᠠᠰᠢ ᠴᠢᠬᠤᠯᠠ ᠠᠴᠢ ᠬᠣᠯᠪᠣᠭᠳᠠᠯ᠎ᠲᠠᠶ ᠶᠤᠮ》 ᠭᠡᠵᠦ ᠬᠦᠨ ᠰᠡᠳᠬᠢᠯᠭᠡ ᠲᠠᠢ ᠬᠡᠯᠡᠪᠡ᠃

2026 ᠣᠨ᠎ᠳᠤ᠂ ᠳᠥᠷᠪᠡᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠪᠥᠬᠥ᠌ ᠪᠠᠭᠰᠢ ᠰᠤᠷᠤᠭᠴᠢᠳ ᠶᠡᠷᠦᠩᠬᠡᠶ ᠱᠦᠵᠢ ᠰᠢ ᠵᠢᠨ ᠫᠢᠩ᠎ᠦᠨ ᠬᠠᠷᠢᠭᠤ ᠵᠠᠬᠢᠳᠠᠯ᠎ᠢ ᠤᠯᠪᠠ᠃ 《ᠪᠣᠭᠴᠣ᠎ᠪᠠᠨ ᠡᠭᠦᠷᠦᠮᠡᠭᠴᠡ ᠮᠣᠷᠳᠠᠵᠤ᠂ ᠭᠡᠷ ᠪᠦᠯᠢ᠎ᠪᠡᠨ ᠦᠷᠡᠭᠳᠡᠭᠦᠯᠵᠦ᠍ ᠤᠯᠠᠨ᠎ᠢ ᠬᠠᠷᠠᠭᠠᠯᠵᠠᠬᠤ》 ᠭᠠᠯ ᠪᠠᠮᠪᠠᠷ᠎ᠢ ᠵᠠᠯᠭᠠᠭ᠎ᠠ᠎ᠪᠡᠷ ᠳᠠᠮᠵᠢᠭᠤᠯᠬᠤ ᠳᠤᠮᠳᠠ ᠤᠯᠠᠮ ᠤᠷᠭᠢᠯᠤᠮ᠎ᠠ ᠬᠠᠯᠠᠭᠤᠨ ᠪᠤᠯᠪᠠ᠃

ᠰᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠳᠤ ᠴᠡᠭᠡᠵᠢᠯᠡᠬᠦᠶ᠎ᠶᠢᠨ ᠤᠯᠠᠮᠵᠢᠯᠠᠯ ᠪᠠᠶ᠋ᠢᠬᠤ ᠬᠡᠷᠡᠭᠲᠡᠶ᠂ ᠪᠠᠰᠠ ᠥᠯᠢᠭᠡᠷ ᠳᠠᠭᠤᠷᠢᠶᠠᠯ᠎ᠤᠨ ᠳᠠᠭᠠᠭᠤᠯᠭ᠎ᠠ ᠪᠠᠶ᠋ᠢᠬᠤ ᠬᠡᠷᠡᠭᠲᠡᠶ᠃

《ᠬᠥᠳᠡᠯᠮᠦᠷᠢ᠎ᠶᠢᠨ ᠵᠢᠱ᠌ᠢᠶᠡᠴᠢ᠎ᠶᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶᠢ ᠪᠠᠳᠠᠷᠠᠭᠤᠯᠤᠶ᠎ᠠ》 ᠭᠡᠬᠦ᠌ ᠤᠷᠢᠶᠠᠯᠠᠭ᠎ᠠ ᠨᠢ ᠳᠤᠮᠳᠠᠳᠤ ᠤᠯᠤᠰ᠎ᠤᠨ ᠠᠭᠠᠷ᠎ᠤᠨ ᠠᠶᠠᠯᠠᠯ᠎ᠤᠨ ᠬᠦᠳᠡᠯᠭᠡᠭᠦᠷ ᠮᠠᠰᠢᠨ᠎ᠤ ᠮᠦᠭᠳᠡᠨ᠎ᠤ ᠯᠢ ᠮᠢᠩ ᠠᠭᠠᠷ᠎ᠤᠨ ᠠᠶᠠᠯᠠᠯ᠎ᠤᠨ ᠬᠥᠳᠡᠯᠭᠡᠭᠦᠷ ᠮᠠᠰᠢᠨ᠎ᠤ ᠬᠢᠵᠠᠭᠠᠷᠲᠦ ᠺᠤᠮᠫᠠᠨᠢ᠎ᠶᠢᠨ ᠤᠭᠰᠠᠷᠠᠯᠲᠠ᠎ᠶᠢᠨ ᠦᠢᠯᠡᠳᠪᠦᠷᠢ᠎ᠶᠢᠨ 《ᠯᠢ ᡁᠢ ᠴᠢᠶᠠᠩ᠎ᠤᠨ ᠲᠠᠰᠤᠭ》 ᠢ᠋ ᠵᠣᠷᠢᠭᠵᠢᠭᠤᠯᠤᠨ ᠨᠠᠩ ᠡᠷᠴᠢ ᠬᠦᠴᠦᠨ᠎ᠲᠡᠶ 《ᠳᠤᠮᠳᠠᠳᠤ ᠤᠯᠤᠰ᠎ᠤᠨ ᠰᠡᠳᠬᠢᠯ》 ᠎ᠤ᠋ᠨ ᠲᠥᠯᠥᠭᠡ ᠡᠷᠡᠯᠬᠡᠭᠯᠡᠨ ᠲᠡᠮᠡᠴᠡᠭᠦᠯᠪᠡ;

《ᠥᠭᠦᠯᠡᠯ᠎ᠢᠶᠡᠨ ᠬᠥᠳᠡᠭᠡ ᠬᠡᠭᠡᠷ᠎ᠡ ᠪᠢᠴᠢᠬᠦ᠌》 ᠬᠦᠰᠡᠯ ᠨᠠᠶ᠋ᠢᠳᠠᠯᠭ᠎ᠠ ᠨᠢ ᠹᠦᠵᠢᠶᠠᠨ᠎ᠤ ᠲᠠᠷᠢᠶᠠᠯᠠᠩ ᠤᠢ ᠰᠢᠭᠤᠢ᠎ᠶᠢᠨ ᠶᠡᠬᠡ ᠰᠤᠷᠭᠠᠭᠤᠯᠢ᠎ᠶᠢᠨ ᠫᠷᠤᠹᠸᠰᠰᠤᠷ ᠯᠢᠶᠣᠤ ᠬᠣᠩ᠎ᠢ ᠦᠷᠭᠦᠯᠵᠢᠯᠡᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭᠳᠠᠭᠴᠢ᠎ᠶᠢᠨ ᠪᠦᠯᠬᠦᠮ᠎ᠢᠶᠡᠨ ᠳᠠᠭᠠᠭᠤᠯᠤᠨ ᠠᠭᠤᠯᠠᠨ ᠳᠤᠮᠳᠠᠬᠢ ᠴᠠᠢ᠎ᠶᠢᠨ ᠬᠦᠷᠢᠶᠡᠯᠡᠩ᠎ᠢᠶᠡᠷ ᠰᠤᠳᠤᠯᠤᠨ ᠲᠣᠭᠣᠷᠢᠬᠤ᠎ᠶᠢ ᠵᠣᠷᠢᠭᠵᠢᠭᠤᠯᠪᠠ;

《ᠪᠦᠬᠦ᠌ ᠤᠯᠤᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠳᠠᠨ᠎ᠤ ᠡᠳᠦᠷ》 ᠢ᠋ ᠲᠤᠭᠳᠠᠭᠠᠵᠦ᠂ 《ᠤᠯᠤᠰ᠎ᠤᠨ ᠢᠨᠵᠧᠨᠧᠷ᠎ᠦᠨ ᠱᠠᠩᠨᠠᠯ》 ᠢ᠋ ᠰᠢᠯᠭᠠᠷᠠᠭᠤᠯᠤᠨ ᠬᠥᠬᠢᠭᠦᠯᠵᠦ᠍᠂ ᠬᠥᠳᠡᠯᠮᠦᠷᠢ᠎ᠶᠢ ᠬᠦᠨᠳᠦᠳᠬᠡᠬᠦ᠌᠂ ᠮᠡᠳᠡᠯᠭᠡ᠎ᠶᠢ ᠬᠦᠨᠳᠦᠳᠬᠡᠬᠦ᠌᠂ ᠴᠢᠳᠠᠪᠤᠷᠢᠲᠠᠨ᠎ᠢ ᠬᠦᠨᠳᠦᠳᠬᠡᠬᠦ᠌᠂ ᠡᠭᠦᠳᠦᠨ ᠪᠦᠲᠦᠭᠡᠯᠲᠡ᠎ᠶᠢ ᠬᠦᠨᠳᠦᠳᠬᠡᠬᠦ᠌ ᠨᠡᠶ᠋ᠢᠭᠡᠮ᠎ᠦᠨ ᠠᠭᠤᠷ ᠠᠮᠢᠰᠬᠤᠯ᠎ᠢ ᠦᠷᠭᠦᠯᠵᠢᠯᠡᠨ ᠪᠤᠢ ᠪᠣᠯᠭᠠᠪᠠ;

《ᠠᠯᠢ ᠴᠤ᠌ ᠤᠯᠤᠰ᠎ᠤᠨ ᠰᠢᠨᠵᠢᠯᠡᠬᠦ᠌ ᠤᠬᠠᠭᠠᠨᠲᠠᠨ ᠭᠡᠳ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨᠲᠠᠨ᠎ᠲᠠᠶ ᠠᠳᠠᠯᠢ᠎ᠪᠠᠷ ᠡᠶ᠋ᠢᠮᠦ᠍ ᠣᠨᠴᠠᠭᠠᠶ ᠬᠠᠷᠠᠭᠠᠯᠵᠠᠯ ᠪᠠ ᠬᠦᠨᠳᠦᠳᠬᠡᠯ᠎ᠢ ᠣᠯᠵᠤ ᠴᠢᠳᠠᠬᠤ ᠥᠬᠡᠶ ᠶᠤᠮ》᠃ 2020 ᠣᠨ᠎ᠤ 10 ᠰᠠᠷ᠎ᠠ᠎ᠳᠤ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ ᠰᠢᠤᠸᠠᠢ ᠴᠢ ᠺᠦᠨ《ᠺᠸᠠᠨ᠋ᠲ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠭᠠᠨ ᠪᠠ ᠬᠡᠷᠡᠭᠯᠡᠭᠡᠨ᠎ᠦ ᠠᠯᠤᠰ ᠢᠷᠡᠭᠡᠳᠦᠶ》ᠭᠡᠬᠦ᠌ ᠰᠡᠳᠦᠪ᠎ᠢᠶᠡᠷ᠂ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶᠠᠨ᠎ᠤ ᠬᠣᠷᠢᠨ ᠳᠥᠷᠪᠡᠳᠦᠭᠡᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ ᠳᠡᠭᠡᠷ᠎ᠡ ᠲᠠᠶ᠋ᠢᠯᠤᠮᠵᠢ ᠬᠢᠪᠠ᠃

2024 ᠣᠨ᠎ᠤ 6 ᠰᠠᠷ᠎ᠠ᠎ᠳᠤ᠂ ᠰᠢᠤᠸᠠᠢ ᠴᠢ ᠺᠦᠨ 2023 ᠣᠨ᠎ᠤ ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠱᠠᠩᠨᠠᠯ᠎ᠢ ᠤᠯᠵᠤ᠂ ᠶᠡᠷᠦᠩᠬᠡᠢ ᠱᠦᠵᠢ ᠰᠢ ᠵᠢᠨ ᠫᠢᠩ ᠲᠡᠭᠦᠨ᠎ᠲᠠᠢ ᠳᠣᠲᠣᠨᠣ᠌᠎ᠪᠠᠷ ᠭᠠᠷ ᠠᠳᠬᠤᠵᠤ᠂ ᠪᠠᠶᠠᠷ ᠬᠦᠷᠭᠡᠵᠦ ᠪᠠᠢᠬᠤ᠎ᠪᠠᠨ ᠢᠯᠡᠳᠬᠡᠵᠦ᠂ ᠲᠡᠭᠦᠨ᠎ᠳᠦ ᠱᠠᠩᠨᠠᠯ᠎ᠤᠨ ᠲᠡᠮᠳᠡᠭ ᠵᠡᠭᠦᠯᠭᠡᠵᠦ᠂ ᠦᠨᠡᠮᠯᠡᠯ ᠣᠯᠭᠣᠵᠤ᠂ ᠪᠠᠰᠠ ᠲᠡᠭᠦᠨ᠎ᠢ ᠲᠡᠷᠢᠭᠦᠯᠡᠭᠴᠢ᠎ᠶᠢᠨ ᠲᠠᠢᠰᠠᠨ᠎ᠤ ᠡᠮᠦᠨ᠎ᠡ ᠮᠥᠷ᠎ᠲᠦ ᠤᠷᠢᠨ ᠰᠠᠭᠤᠯᠭᠠᠪᠠ᠃

《ᠶᠡᠷᠦᠩᠬᠡᠢ ᠱᠦᠵᠢ ᠰᠢᠨᠵᠢᠯᠡᠬᠦ ᠤᠬᠠᠭᠠᠨᠲᠠᠨ᠎ᠤ ᠵᠣᠷᠢᠭ᠋ ᠰᠠᠨᠠᠭ᠎ᠠ᠎ᠶᠢ ᠶᠡᠬᠡ᠎ᠪᠡᠷ ᠪᠠᠳᠠᠷᠠᠭᠤᠯᠬᠤ᠎ᠵᠢ ᠴᠢᠬᠤᠯᠠᠴᠢᠯᠠᠵᠤ᠂ ᠥᠷᠭᠡᠨ ᠣᠯᠠᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠠᠯᠤᠰ ᠬᠡᠲᠦ᠎ᠶᠢᠨ ᠵᠣᠷᠢᠯᠲᠠ᠎ᠲᠠᠢ᠂ ᠤᠯᠤᠰ᠎ᠢᠶᠠᠨ ᠬᠠᠢᠷᠠᠯᠠᠵᠤ ᠬᠤᠪᠢ ᠨᠡᠮᠡᠷᠢ ᠦᠵᠡᠭᠦᠯᠵᠦ᠂ ᠵᠤᠷᠢᠭᠲᠠᠢ ᠪᠡᠷ ᠰᠢᠨ᠎ᠡ᠎ᠶᠢ ᠡᠭᠦᠳᠬᠦ᠎ᠶᠢ ᠵᠣᠷᠢᠭ᠍ᠵᠢᠭᠤᠯᠤᠭᠰᠠᠨ ᠨᠢ ᠨᠠᠩ ᠴᠤ᠌ ᠮᠢᠨᠦ ᠡᠬᠡ ᠤᠯᠤᠰ᠎ᠤᠨ ᠺᠸᠠᠨ᠋ᠲ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠢᠯᠡᠰ᠎ᠦᠨ ᠲᠥᠯᠥᠭᠡ ᠨᠠᠰᠤᠨ ᠲᠤᠷᠰᠢᠲᠠ ᠲᠡᠮᠡᠴᠡᠬᠦ ᠬᠠᠷᠠᠯᠲᠠ ᠪᠠ ᠢᠲᠡᠭᠡᠯ᠎ᠢ ᠪᠠᠲᠤᠳᠬᠠᠵᠡᠢ》 ᠭᠡᠵᠦ ᠰᠢᠤᠸᠠᠢ ᠴᠢ ᠺᠦᠨ ᠬᠡᠯᠡᠪᠡ᠃

ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ᠂ ᠴᠢᠩᠬᠤᠸᠠ ᠶᠡᠬᠡ ᠰᠤᠷᠭᠠᠭᠤᠯᠢ᠎ᠶᠢᠨ ᠫᠷᠤᠹᠸᠰᠰᠤᠷ ᠶᠣᠣ ᠴᠢ ᡁᠢ ᠶᠡᠷᠦᠩᠬᠡᠢ ᠱᠦᠵᠢ ᠰᠢ ᠵᠢᠨ ᠫᠢᠩ᠎ᠦᠨ᠄ 《ᠲᠠ ᠤᠯᠤᠰ᠎ᠲᠠᠭᠠᠨ ᠪᠤᠴᠠᠵᠤ ᠪᠠᠭᠰᠢᠯᠠᠭᠰᠠᠨ 20 ᠵᠢᠯ᠎ᠦᠨ ᠲᠤᠷᠰᠢ᠂ ᠤᠯᠤᠰ᠎ᠢᠶᠠᠨ ᠬᠠᠢᠷᠠᠯᠠᠬᠤ ᠰᠡᠳᠬᠢᠯᠭᠡ᠎ᠪᠡᠨ ᠤᠯᠤᠰ᠎ᠲᠠᠭᠠᠨ ᠵᠢᠳᠬᠦᠬᠦ ᠠᠵᠢᠯᠯᠠᠭ᠎ᠠ ᠪᠣᠯᠭᠠᠨ ᠬᠤᠪᠢᠷᠠᠭᠤᠯᠵᠤ᠂ ᠴᠢᠩᠬᠤᠸᠠ ᠶᠡᠬᠡ ᠰᠤᠷᠭᠠᠭᠤᠯᠢ᠎ᠳᠤ ᠰᠡᠳᠬᠢᠯ ᠰᠢᠭᠤᠳᠤᠨ ᠠᠵᠢᠯᠯᠠᠵᠤ᠂ ᠦᠭᠡ ᠲᠠᠭᠤᠨ ᠦᠭᠡᠢ᠎ᠪᠡᠷ ᠬᠤᠪᠢ ᠨᠡᠮᠡᠷᠢ ᠦᠵᠡᠭᠦᠯᠵᠦ᠂ ᠪᠢᠴᠢᠭ ᠵᠢᠭᠠᠵᠤ ᠬᠥᠮᠥᠨ ᠬᠥᠮᠥᠵᠢᠭᠦᠯᠬᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠰᠢᠨ᠎ᠡ᠎ᠶᠢ ᠡᠭᠦᠳᠬᠦ ᠲᠠᠯ᠎ᠠ᠎ᠪᠠᠷ ᠴᠥᠮ ᠡᠯᠪᠡᠭ ᠪᠠᠶᠠᠯᠢᠭ᠋ ᠦᠷ᠎ᠡ ᠪᠦᠲᠦᠭᠡᠯ ᠣᠯᠵᠠᠢ᠂ ᠲᠠᠨ᠎ᠳᠤ ᠴᠢᠩ ᠰᠡᠳᠬᠢᠯ᠎ᠦᠨ ᠮᠡᠨᠳᠦᠴᠢᠯᠡᠯ ᠳᠡᠪᠰᠢᠭᠦᠯᠵᠦ ᠪᠠᠢᠨ᠎ᠠ》 ᠭᠡᠳᠡᠭ ᠬᠠᠷᠢᠭᠤ ᠵᠠᠬᠢᠳᠠᠯ᠎ᠢ ᠬᠠᠳᠠᠭᠠᠯᠠᠭᠰᠠᠭᠠᠷ ᠪᠠᠢᠯ᠎ᠠ᠃

ᠳᠡᠯᠡᠬᠡᠢ ᠳ᠋ᠠᠬᠢᠨ᠎ᠳᠤ ᠨᠡᠷ᠎ᠡ ᠠᠯᠳᠠᠷᠰᠢᠭ᠍ᠰᠠᠨ ᠲᠤᠰᠬᠠᠢ ᠮᠡᠷᠭᠡᠵᠢᠯᠲᠡᠨ ᠪᠣᠯᠤᠭᠰᠠᠨ᠎ᠤ ᠬᠤᠪᠢ᠎ᠳᠤ᠂ ᠶᠣᠣ ᠴᠢ ᡁᠢ ᠠᠮᠧᠷᠢᠺᠠ᠎ᠶᠢᠨ ᠨᠡᠷᠡᠳᠦ ᠰᠤᠷᠭᠠᠭᠤᠯᠢ᠎ᠶᠢᠨ ᠨᠠᠰᠤᠨ ᠲᠤᠷᠰᠢᠲᠠ᠎ᠶᠢᠨ ᠪᠠᠭ᠍ᠰᠢ᠎ᠶᠢᠨ ᠠᠵᠢᠯ᠎ᠢᠶᠠᠨ ᠡᠷᠡᠰ ᠰᠢᠭᠤᠷᠬᠠᠢ᠎ᠪᠠᠷ ᠬᠠᠶᠠᠵᠤ᠂ ᠤᠯᠤᠰ᠎ᠲᠠᠭᠠᠨ ᠪᠤᠴᠠᠵᠤ ᠤᠯᠤᠰ᠎ᠲᠠᠭᠠᠨ ᠣᠷᠣᠢᠯᠠᠭᠰᠠᠨ ᠴᠢᠳᠠᠪᠤᠷᠢᠲᠠᠨ᠎ᠢ ᠬᠥᠮᠥᠵᠢᠭᠦᠯᠵᠦ ᠥᠭᠪᠡ᠃ ᠲᠡᠭᠦᠨ᠎ᠦ ᠰᠤᠷᠤᠭ᠍ᠴᠢ ᠯᠢᠦᠢ ᠺᠠᠢ ᠹᠧᠩ ᠴᠦ᠍ ᠲᠡᠭᠦᠨ᠎ᠦ ᠤᠯᠠ ᠮᠥᠷ᠎ᠢ ᠳᠠᠭᠠᠵᠤ᠂ ᠭᠠᠳᠠᠭᠠᠳᠤ᠎ᠳᠤ ᠰᠤᠷᠤᠯᠴᠠᠭᠰᠠᠨ᠎ᠤ ᠳᠠᠷᠠᠭ᠎ᠠ ᠴᠢᠩᠬᠤᠸᠠ ᠶᠡᠬᠡ ᠰᠤᠷᠭᠠᠭᠤᠯᠢ᠎ᠳᠤ ᠳᠠᠬᠢᠨ ᠪᠤᠴᠠᠵᠤ᠂ ᠰᠣᠯᠪᠢᠴᠠᠭᠰᠠᠨ ᠮᠡᠳᠡᠭᠡ ᠵᠠᠩᠭᠢ᠎ᠶᠢᠨ ᠰᠤᠳᠤᠯᠭᠠᠨ᠎ᠤ ᠬᠦᠷᠢᠶᠡᠯᠡᠩ᠎ᠦᠨ ᠲᠤᠰᠠᠯᠠᠭᠴᠢ ᠫᠷᠤᠹᠸᠰᠰᠤᠷ ᠪᠣᠯᠪᠠ᠃

《ᠪᠢᠳᠡ ᠡᠨᠡ ᠴᠠᠭ ᠦᠶ᠎ᠡ᠎ᠳᠦ ᠡᠢᠮᠦ ᠡᠭᠦᠷᠭᠡ᠎ᠶᠢ ᠡᠭᠦᠷᠭᠡᠯᠡᠭᠰᠡᠨ᠎ᠳᠡᠭᠡᠨ ᠬᠡᠴᠢᠨᠡᠨ ᠵᠣᠯ᠎ᠲᠠᠢ ᠠᠵᠢ᠃ ᠰᠢᠨᠵᠢᠯᠡᠬᠦ ᠤᠬᠠᠭᠠᠨ᠎ᠤ ᠰᠤᠳᠤᠯᠭᠠᠨ᠎ᠤ ᠴᠢᠳᠠᠪᠤᠷᠢᠲᠠᠨ᠎ᠤ ᠬᠥᠭᠵᠢᠯᠲᠡ᠎ᠶᠢᠨ ᠣᠷᠴᠢᠨ ᠨᠥᠬᠥᠴᠡᠯ ᠤᠯᠠᠮ᠎ᠡᠴᠡ ᠤᠯᠠᠮ ᠰᠠᠢᠵᠢᠷᠠᠵᠤ ᠪᠠᠢᠨ᠎ᠠ᠂ ᠪᠢ ᠪᠠᠰᠠ ᠥᠪᠡᠷ᠎ᠦᠨ ᠴᠢᠷᠮᠠᠢᠯᠭ᠎ᠠ᠎ᠪᠠᠷ᠎ᠢᠶᠠᠨ ᠤᠯᠤᠰ ᠣᠷᠣᠨ᠎ᠳᠠᠭᠠᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠯᠢᠦᠢ ᠺᠠᠢ ᠹᠧᠩ ᠬᠡᠯᠡᠪᠡ᠃

ᠤᠶᠤᠨ ᠰᠠᠨᠠᠭᠠᠨ᠎ᠤ ᠭᠠᠯ ᠪᠠᠮᠪᠠᠷ ᠨᠢ ᠬᠥᠯ ᠳᠣᠣᠷᠠᠬᠢ ᠵᠠᠮ᠎ᠢ ᠭᠡᠷᠡᠯᠳᠦᠬᠦᠯᠵᠤ᠂ ᠪᠠᠰᠠ ᠠᠯᠤᠰ᠎ᠤᠨ ᠬᠦᠰᠡᠯ ᠵᠡᠭᠦᠳᠦ᠎ᠶᠢ ᠴᠦ᠍ ᠬᠡᠷᠡᠯᠳᠦᠬᠦᠯᠤᠨ᠎ᠠ᠃

《ᠮᠡᠳᠡᠯᠭᠡ᠎ᠶᠢ ᠬᠦᠬᠡᠭᠡᠴᠡᠯᠳᠦᠵᠦ᠂ ᠬᠠᠢᠨ ᠰᠦᠪᠡᠭᠴᠢᠯᠡᠬᠦ ᠳᠤᠷ᠎ᠠ ᠰᠣᠨᠢᠷᠬᠠᠯ᠎ᠲᠠᠢ ᠪᠠᠢᠬᠤ ᠬᠡᠷᠡᠭᠲᠡᠢ 》᠃ ᠠᠷᠪᠠᠨ ᠵᠢᠯ᠎ᠦᠨ ᠲᠤᠷᠰᠢ᠂ ᠵᠤᠤ ᠽᠸ ᠬᠤᠸᠠᠨ ᠶᠡᠷᠦᠩᠬᠡᠢ ᠱᠦᠵᠢ ᠰᠢ ᠵᠢᠨ ᠫᠢᠩ᠎ᠦᠨ ᠡᠨᠡ ᠬᠦ᠌ ᠦᠭᠡ᠎ᠶᠢ ᠪᠠᠲᠤ ᠴᠡᠭᠡᠵᠢᠯᠡᠵᠦ᠂ ᠦᠷᠭᠦᠯᠵᠢᠯᠡᠨ ᠰᠤᠷᠤᠯᠴᠠᠵᠤ᠂ ᠭᠦᠨᠵᠡᠭᠡᠢ ᠰᠤᠳᠤᠯᠪᠠ᠃

2016 ᠣᠨ᠎ᠤ ᠪᠠᠭ᠍ᠰᠢ᠎ᠶᠢᠨ ᠪᠠᠶᠠᠷ᠎ᠡᠴᠡ ᠡᠮᠦᠨᠡᠬᠡᠨ᠂ ᠶᠡᠷᠦᠩᠬᠡᠢ ᠱᠦᠵᠢ ᠰᠢ ᠵᠢᠨ ᠫᠢᠩ ᠪᠡᠭᠡᠵᠢᠩ ᠬᠣᠲᠠ᠎ᠶᠢᠨ ᠪᠠ ᠢ ᠰᠤᠷᠭᠠᠭᠤᠯᠢ᠎ᠳᠤ ᠬᠦᠷᠴᠦ ᠰᠢᠨᠵᠢᠯᠡᠨ ᠪᠠᠢᠴᠠᠭᠠᠪᠠ᠃ ᠲᠤᠬᠠᠢ᠎ᠶᠢᠨ ᠦᠶ᠎ᠡ᠎ᠳᠦ ᠥᠨᠳᠥᠷ ᠳᠤᠮᠳᠠᠳᠤ᠎ᠶᠢᠨ ᠨᠢᠭᠡᠳᠦᠭᠡᠷ ᠣᠨ᠎ᠤ ᠰᠣᠷᠣᠭ᠍ᠴᠢ ᠪᠠᠢᠭᠰᠠᠨ ᠵᠣᠣ ᠽᠧ ᠬᠤᠸᠠᠨ ᠬᠠᠮᠲᠤ ᠰᠤᠷᠤᠭ᠍ᠴᠢᠳ᠎ᠲᠠᠢ᠎ᠪᠠᠨ ᠶᠡᠷᠦᠩᠬᠡᠢ ᠱᠦᠵᠢ᠎ᠶᠢᠨ ᠳᠡᠷᠭᠡᠳᠡ ᠰᠠᠭᠤᠵᠤ᠂ ᠲᠡᠳᠡᠨ᠎ᠦ ᠵᠢᠷᠤᠵᠤ ᠲᠥᠯᠥᠪᠯᠡᠵᠦ ᠰᠤᠳᠤᠯᠤᠨ ᠦᠢᠯᠡᠳᠦᠭᠰᠡᠨ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠵᠢᠵᠢᠭ ᠳᠠᠭᠠᠭᠤᠯᠢ ᠣᠲᠣ᠌᠎ᠪᠠᠨ ᠪᠠᠶᠠᠷᠲᠠᠢᠬᠠᠨ ᠲᠠᠨᠢᠯᠴᠠᠭᠤᠯᠵᠠᠢ᠃

《ᠲᠠ ᠨᠠᠷ ᠳᠤᠮᠳᠠᠳᠤ ᠰᠤᠷᠭᠠᠭᠤᠯᠢ᠎ᠶᠢᠨ ᠱᠠᠲᠤ ᠦᠶ᠎ᠡ᠎ᠡᠴᠡ᠎ᠪᠡᠨ ᠰᠢᠨᠵᠢᠯᠡᠬᠦ ᠤᠬᠠᠭᠠᠨ᠎ᠤ ᠬᠡᠪ ᠪᠣᠯᠪᠠᠰᠤᠷᠠᠯ᠎ᠢ ᠬᠥᠮᠥᠵᠢᠭᠦᠯᠵᠦ᠂ ᠳᠤᠷ᠎ᠠ ᠰᠣᠨᠢᠷᠬᠠᠯ ᠠᠪᠢᠶᠠᠰ ᠴᠢᠳᠠᠪᠤᠷᠢ᠎ᠪᠠᠨ ᠬᠥᠭᠵᠢᠭᠦᠯᠵᠦ᠂ ᠪᠠᠲᠤ ᠰᠠᠭᠤᠷᠢ ᠲᠠᠯᠪᠢᠵᠤ᠂ ᠬᠣᠵᠢᠮ ᠶᠡᠬᠡ ᠰᠤᠷᠭᠠᠭᠤᠯᠢ᠎ᠳᠤ ᠣᠷᠣᠪᠠᠯ ᠡᠨᠡ ᠲᠠᠯ᠎ᠠ᠎ᠶᠢᠨ ᠲᠤᠰᠬᠠᠢ ᠮᠡᠷᠭᠡᠵᠢᠯ᠎ᠦᠨ ᠮᠡᠳᠡᠯᠭᠡ᠎ᠶᠢ ᠦᠷᠭᠦᠯᠵᠢᠯᠡᠨ ᠰᠤᠷᠤᠯᠴᠠᠵᠤ᠂ ᠠᠪᠴᠠᠯᠳᠤᠭᠤᠯᠬᠤ ᠨᠢ ᠮᠠᠰᠢ ᠰᠠᠢᠨ ᠶᠤᠮ》 ᠭᠡᠰᠡᠨ ᠶᠡᠷᠦᠩᠬᠡᠢ ᠱᠦᠵᠢ᠎ᠵᠢᠨ ᠬᠦᠰᠡᠨ ᠪᠠᠷᠠᠯᠠᠵᠤ ᠬᠡᠯᠡᠭᠰᠡᠨ ᠡᠨᠡ ᠦᠭᠡ᠎ᠵᠢ ᠵᠤᠤ ᠽᠸ ᠬᠤᠸᠠᠨ᠎ᠪᠠᠲᠦ ᠴᠡᠭᠡᠵᠢᠯᠡᠭᠰᠡᠭᠡᠷ᠃

ᠡᠨᠡ ᠵᠢᠯ᠎ᠦᠨ 9 ᠰᠠᠷ᠎ᠠ᠎ᠳᠤ᠂ ᠵᠤᠤ ᠽᠸ ᠬᠤᠸᠠᠨ ᠤᠳᠠᠯ ᠦᠭᠡᠢ ᠪᠡᠭᠡᠵᠢᠩ ᠶᠡᠬᠡ ᠰᠤᠷᠭᠠᠭᠤᠯᠢ᠎ᠳᠤ ᠳ᠋ᠣᠺᠲ᠋ᠣᠷ ᠴᠣᠯᠠ ᠬᠠᠮᠠᠭᠠᠯᠠᠬᠤ᠎ᠪᠠᠷ ᠰᠤᠷᠤᠯᠴᠠᠵᠤ᠂ ᠲᠠᠷᠢᠬᠢᠨ᠎ᠤ ᠰᠣᠷᠢᠨᠵᠢᠨ᠂ ᠠᠮᠢᠳᠤ ᠪᠣᠳᠠᠰ᠎ᠤᠨ ᠰᠣᠷᠢᠨᠵᠢᠨ᠎ᠤ ᠪᠠᠢᠴᠠᠭᠠᠯᠲᠠ᠎ᠶᠢᠨ ᠬᠦᠷᠢᠶᠡᠨ᠎ᠳᠦ ᠭᠦᠨᠵᠡᠭᠡᠢ ᠰᠤᠳᠤᠯᠤᠨ ᠰᠤᠷᠤᠯᠴᠠᠬᠤ ᠪᠤᠯᠤᠨ᠎ᠠ᠄ 《ᠪᠢ ᠡᠬᠡ ᠤᠯᠤᠰ᠎ᠤᠨ᠎ᠢᠶᠠᠨ ᠲᠤᠯᠭᠠᠭᠤᠷᠢ ᠬᠦᠴᠦᠨ ᠪᠣᠯᠬᠤ᠎ᠪᠠᠷ ᠴᠢᠷᠮᠠᠢᠵᠤ᠂ ᠶᠡᠷᠦᠩᠬᠡᠢ ᠱᠦᠵᠢ᠎ᠶᠢᠨ ᠬᠦᠰᠡᠯ ᠨᠠᠶ᠋ᠢᠳᠠᠯᠭ᠎ᠠ᠎ᠶᠢ ᠬᠥᠰᠡᠷᠳᠡᠭᠦᠯᠬᠦ ᠦᠭᠡᠢ》᠃

《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠥᠮᠥᠨ ᠲᠥᠷᠥᠯᠬᠢᠲᠡᠨ᠎ᠦ ᠪᠤᠶᠠᠨ ᠵᠢᠷᠭᠠᠯ᠎ᠢ ᠨᠡᠩ ᠰᠠᠢᠨ ᠨᠡᠮᠡᠭᠳᠡᠭᠦᠯᠵᠦ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ》

ᠤᠯᠤᠰ᠎ᠤᠨ ᠮᠥᠭᠥ ᠤᠷᠭᠤᠭᠤᠯᠬᠤ ᠡᠪᠡᠰᠦ᠎ᠶᠢᠨ ᠢᠨᠵᠧᠨᠧᠷᠢᠩ᠎ᠦᠨ ᠮᠡᠷᠭᠡᠵᠢᠯ᠎ᠦᠨ ᠰᠤᠳᠤᠯᠭᠠᠨ᠎ᠤ ᠲᠥᠪ᠎ᠦᠨ ᠲᠡᠷᠢᠭᠦᠨ ᠰᠢᠨᠵᠢᠯᠡᠬᠦ ᠤᠬᠠᠭᠠᠨᠲᠠᠨ ᠯᠢᠨ ᠵᠠᠨ᠎ᠰᠢ᠎ᠵᠢᠨ ᠠᠯᠪᠠᠨ ᠭᠡᠷ᠎ᠲᠦ ᠨᠢᠭᠡᠨ ᠳᠡᠯᠡᠬᠡᠢ᠎ᠶᠢᠨ ᠪᠥᠮᠪᠥᠷᠴᠡᠭ᠎ᠦᠨ ᠵᠠᠭᠪᠤᠷ ᠲᠠᠯᠪᠢᠵᠤ᠂ ᠳᠡᠭᠡᠷ᠎ᠡ ᠨᠢ 100 ᠭᠠᠷᠤᠢ ᠲᠡᠮᠳᠡᠭ ᠵᠢᠷᠤᠵᠤ᠂ ᠡᠨᠡ ᠨᠢ ᠮᠥᠭᠥ ᠤᠷᠭᠤᠭᠤᠯᠬᠤ ᠡᠪᠡᠰᠦ᠎ᠶᠢᠨ ᠮᠡᠷᠭᠡᠵᠢᠯ᠎ᠢ ᠳᠡᠯᠭᠡᠷᠡᠭᠦᠯᠦᠭᠰᠡᠨ 100 ᠭᠠᠷᠤᠢ ᠤᠯᠤᠰ ᠪᠠ ᠭᠠᠵᠠᠷ ᠣᠷᠣᠨ᠎ᠢ ᠲᠥᠯᠥᠭᠡᠯᠡᠵᠦ ᠪᠠᠢᠨ᠎ᠠ᠃

2021 ᠣᠨ᠎ᠤ 11 ᠰᠠᠷ᠎ᠠ᠎ᠶᠢᠨ 19᠎ᠤ᠋ ᠡᠳᠦᠷ᠂ ᠭᠤᠷᠪᠠᠳᠤᠭᠠᠷ ᠤᠳᠠᠭ᠎ᠠ᠎ᠶᠢᠨ 《ᠨᠢᠭᠡ ᠪᠦᠰᠡ ᠨᠢᠭᠡ ᠵᠠᠮ》 ᠤ᠋ᠨ ᠪᠦᠲᠦᠭᠡᠨ ᠪᠠᠢᠭᠤᠯᠤᠯᠲᠠ᠎ᠶᠢᠨ ᠶᠠᠷᠢᠯᠴᠠᠬᠤ ᠬᠤᠷᠠᠯ᠎ᠳᠤ ᠣᠷᠣᠯᠴᠠᠬᠤ᠎ᠳᠠᠭᠠᠨ᠂ ᠶᠡᠷᠦᠩᠬᠡᠢ ᠱᠦᠵᠢ ᠰᠢ ᠵᠢᠨ ᠫᠢᠩ ᠲᠡᠭᠦᠨ᠎ᠦ ᠹᠦᠵᠢᠶᠠᠨ᠎ᠳᠤ ᠠᠵᠢᠯᠯᠠᠵᠤ ᠪᠠᠢᠭᠰᠠᠨ ᠬᠤᠭᠤᠴᠠᠭᠠᠨ᠎ᠳᠤ ᠠᠶ᠋ᠢᠯᠴᠢᠯᠠᠷ᠎ᠠ ᠢᠷᠡᠭᠰᠡᠨ ᠫᠠᠫᠦ᠋ᠶᠠ ᠰᠢᠨ᠎ᠡ ᠬᠢᠨ᠋ᠸᠶᠠ ᠵᠢᠨ ᠵᠡᠭᠦᠨ ᠥᠨᠳᠥᠷᠯᠢᠭ ᠮᠤᠵᠢ᠎ᠶᠢᠨ ᠳᠠᠷᠤᠭ᠎ᠠ᠎ᠶᠢ ᠭᠥᠯᠢᠶᠡᠨ ᠠᠪᠤᠭᠰᠠᠨ ᠤᠴᠢᠷ᠎ᠵᠢᠡᠨ ᠳᠤᠷᠠᠳᠪᠠ᠄ 《ᠪᠢ ᠲᠡᠭᠦᠨ᠎ᠳᠦ ᠮᠥᠭᠥ ᠤᠷᠭᠤᠭᠤᠯᠬᠤ ᠡᠪᠡᠰᠦ᠎ᠶᠢᠨ ᠮᠡᠷᠭᠡᠵᠢᠯ᠎ᠢ ᠲᠠᠨᠢᠯᠴᠠᠭᠤᠯᠤᠭᠰᠠᠨ᠎ᠳᠤ ᠲᠡᠷᠡ ᠮᠤᠵᠢ᠎ᠶᠢᠨ ᠳᠠᠷᠤᠭ᠎ᠠ ᠰᠣᠨᠣᠰᠤᠭᠠᠳ ᠮᠠᠰᠢ ᠶᠡᠭᠡ ᠰᠣᠨᠢᠷᠬᠠᠯ ᠲᠦᠷᠦᠪᠡ᠂ ᠲᠡᠭᠡᠭᠡᠳ ᠪᠢ〈ᠠᠭᠤᠯᠠ ᠤᠰᠤᠨ᠎ᠤ ᠬᠠᠢᠷ᠎ᠠ〉 ᠳᠣᠲᠣᠷᠠᠬᠢ ᠯᠢᠨ ᠵᠠᠨ ᠰᠢ᠎ᠵᠢ ᠲᠣᠮᠢᠯᠠᠵᠠᠢ》᠃

ᠲᠧᠯᠸᠢᠰ ᠵᠦᠴᠦᠭᠡ 《ᠠᠭᠤᠯᠠ ᠤᠰᠤᠨ᠎ᠤ ᠬᠠᠢᠷ᠎ᠠ》 ᠳᠣᠲᠣᠷᠠᠬᠢ ᠲᠠᠷᠢᠶᠠᠯᠠᠩ᠎ᠤᠨ ᠮᠡᠷᠭᠡᠵᠢᠯᠲᠡᠨ ᠯᠢᠩ ᠢ ᠨᠦᠩ᠎ᠤᠨ ᠤᠭ ᠳᠦᠷᠢ ᠨᠢ ᠶᠠᠭ ᠯᠢᠨ ᠵᠠᠨ ᠰᠢ ᠪᠤᠯᠤᠨ᠎ᠠ᠃ ᠲᠡᠷᠡ ᠤᠳᠠᠭᠠᠨ᠎ᠤ ᠠᠭᠤᠯᠵᠠᠯᠲᠠ᠎ᠶᠢᠨ ᠳᠠᠷᠠᠭ᠎ᠠ ᠳᠡᠮᠡᠢ ᠤᠳᠠᠭᠰᠠᠨ ᠦᠭᠡᠢ ᠯᠢᠨ ᠵᠠᠨ ᠰᠢ ᠠᠯᠤᠰ ᠬᠣᠯᠠ ᠡᠮᠦᠨᠡᠲᠦ ᠨᠣᠮᠣᠬᠠᠨ ᠲᠡᠯᠡᠶ᠎ᠶᠢᠨ ᠠᠷᠠᠯᠲᠤ ᠤᠯᠤᠰ᠎ᠲᠤ ᠬᠦᠷᠴᠡᠢ᠃ ᠡᠳᠦᠭᠡ᠂ ᠲᠡᠷᠡ ᠬᠡᠳᠦᠢᠪᠡᠷ ᠨᠠᠶᠠ ᠭᠠᠷᠤᠭᠰᠠᠨ ᠪᠣᠯᠪᠠᠴᠤ ᠮᠥᠨ ᠬᠦ᠌ ᠪᠦᠯᠬᠦᠮ᠎ᠢᠶᠡᠨ ᠳᠠᠭᠠᠭᠤᠯᠤᠨ ᠳᠡᠯᠡᠬᠡᠢ᠎ᠶᠢᠨ ᠡᠯ᠎ᠡ ᠭᠠᠵᠠᠷ᠎ᠲᠤ ᠪᠣᠯᠪᠠᠰᠤᠷᠠᠯ᠎ᠤᠨ ᠠᠩᠭᠢ ᠡᠷᠬᠢᠯᠡᠵᠦ᠂ ᠵᠢᠱ᠌ᠢᠶ᠎ᠡ ᠦᠵᠡᠭᠦᠯᠬᠦ ᠰᠠᠭᠤᠷᠢᠨ᠎ᠢ ᠪᠠᠢᠭᠤᠯᠪᠠ᠃

《ᠮᠥᠭᠥ ᠤᠷᠭᠤᠭᠤᠯᠬᠤ ᠡᠪᠡᠰᠦᠨ᠎ᠦ ᠮᠡᠷᠭᠡᠵᠢᠯ᠎ᠢ ᠥᠷᠭᠡᠨ ᠤᠯᠠᠨ ᠬᠥᠭᠵᠢᠵᠦ ᠪᠠᠢᠭ᠎ᠠ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠬᠦ 〈ᠵᠣᠯ ᠵᠢᠷᠭᠠᠯ᠎ᠤᠨ ᠡᠪᠡᠰᠦ〉 ᠪᠣᠯᠭᠠᠬᠤ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠡᠷᠡᠮᠡᠯᠵᠡᠯ ᠮᠥᠨ᠂ ᠪᠠᠰᠠ ᠴᠤ᠌ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠢᠩᠬᠢᠨᠢ ᠦᠷᠳᠡᠭ ᠮᠥᠨ》 ᠭᠡᠵᠦ ᠯᠢᠨ ᠵᠠᠨ ᠰᠢ ᠬᠡᠯᠡᠪᠡ᠃

《ᠳᠣᠬᠢᠭᠤᠷ ᠲᠤᠯᠤᠭᠠᠨ ᠣᠲᠣ᠌ ᠵᠠᠮᠴᠢᠯᠠᠬᠤ ᠰᠢᠰᠲᠧᠮ᠎ᠢ ᠪᠥᠬᠥ ᠪᠥᠮᠪᠥᠷᠴᠡᠭ᠎ᠲᠦ ᠨᠠᠩ ᠰᠠᠢᠨ ᠦᠢᠯᠡᠴᠢᠯᠡᠭᠦᠯᠵᠦ᠂ ᠬᠥᠮᠥᠨ ᠲᠥᠷᠥᠯᠬᠢᠲᠡᠨ᠎ᠳᠦ ᠨᠠᠩ ᠰᠠᠢᠨ ᠪᠤᠶᠠᠨ ᠦᠢᠯᠡᠳᠦᠭᠦᠯᠦᠨ᠎ᠡ》 ᠭᠡᠵᠦ ᠴᠢᠬᠤᠯᠠᠴᠢᠯᠠᠵᠤ᠂ ᠢᠰᠢᠭᠡᠨ ᠰᠢᠷᠠᠯᠵᠢ᠎ᠶᠢᠨ ᠡᠳ᠋ 《ᠪᠥᠬᠥ ᠪᠥᠮᠪᠥᠷᠴᠡᠭ ᠢᠯᠠᠩᠭᠤᠶ᠎ᠠ ᠬᠥᠭᠵᠢᠵᠦ ᠪᠠᠢᠭ᠎ᠠ ᠤᠯᠤᠰ᠎ᠤᠨ ᠬᠡᠳᠦᠨ ᠵᠠᠭᠤᠨ ᠲᠦᠮᠡᠨ ᠬᠥᠮᠥᠨ᠎ᠦ ᠠᠮᠢ ᠨᠠᠰᠤ᠎ᠶᠢ ᠠᠪᠤᠷᠠᠵᠠᠢ》 ᠭᠡᠳᠡᠭ᠎ᠢ ᠨᠤᠲᠠᠯᠠᠵᠤ᠂ 《ᠡᠷᠯᠢᠰᠡᠵᠢᠭᠦᠯᠦᠭᠰᠡᠨ ᠤᠰᠤᠨ ᠲᠤᠲᠤᠷᠭ᠎ᠠ᠎ᠶᠢ ᠲᠠᠪᠤᠨ ᠲᠢᠪ᠎ᠤᠨ 70 ᠰᠢᠬᠠᠮ ᠤᠯᠤᠰ᠎ᠲᠤ ᠳᠠᠷᠢᠵᠤ᠂ ᠡᠯ᠎ᠡ ᠤᠯᠤᠰ᠎ᠤᠨ ᠠᠮᠤ ᠪᠤᠳᠠᠭᠠᠨ᠎ᠤ ᠤᠨᠠᠯᠲᠠ᠎ᠶᠢ ᠨᠡᠮᠡᠭᠳᠡᠭᠦᠯᠬᠦ ᠪᠠ ᠲᠠᠷᠢᠶᠠᠯᠠᠩ᠎ᠤᠨ ᠬᠥᠭᠵᠢᠯᠲᠡ᠎ᠳᠦ ᠲᠣᠪᠣᠢᠮ᠎ᠠ ᠬᠤᠪᠢ ᠨᠡᠮᠡᠷᠢ ᠦᠵᠡᠭᠦᠯᠪᠡ》 ᠭᠡᠵᠦ ᠮᠠᠭᠲᠠᠪᠠ ᠁ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠣᠢᠯᠠᠭᠠᠭᠳᠠᠬᠤᠨ᠎ᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ ᠥᠷᠭᠡᠨ ᠣᠯᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠨ᠎ᠢ ᠪᠥᠬᠥ ᠪᠥᠮᠪᠥᠷᠴᠡᠭ᠎ᠦᠨ ᠴᠢᠨᠠᠷᠲᠠᠢ ᠥᠷᠢᠰᠦᠯᠳᠦᠭᠡᠨ᠎ᠢ ᠠᠷᠭᠠᠴᠡᠭᠠᠬᠤ᠂ ᠬᠥᠮᠥᠨ ᠲᠥᠷᠥᠯᠬᠢᠲᠡᠨ᠎ᠦ ᠬᠥᠭᠵᠢᠯᠲᠡ ᠳᠠᠪᠰᠢᠯᠲᠠ᠎ᠶᠢ ᠠᠬᠢᠭᠤᠯᠬᠤ᠎ᠳᠤ ᠳᠤᠮᠳᠠᠳᠤ ᠤᠯᠤᠰ᠎ᠤᠨ ᠣᠶᠤᠨ ᠤᠬᠠᠭᠠᠨ ᠪᠠ ᠳᠤᠮᠳᠠᠳᠤ ᠤᠯᠤᠰ᠎ᠤᠨ ᠬᠦᠴᠦᠨ ᠴᠢᠳᠠᠯ᠎ᠢᠶᠠᠨ ᠡᠷᠭᠦᠬᠦ᠎ᠶᠢ ᠵᠣᠷᠢᠭ᠍ᠵᠢᠭᠤᠯᠪᠠ᠃

2026 ᠣᠨ᠎ᠤ 5 ᠰᠠᠷ᠎ᠠ᠎ᠶᠢᠨ 18 ᠎ᠤ᠋ ᠡᠳᠦᠷ᠂ ᠳᠤᠮᠳᠠᠳᠤ ᠤᠯᠤᠰ᠎ᠤᠨ 42 ᠳ᠋ᠤᠭᠠᠷ ᠤᠳᠠᠭ᠎ᠠ᠎ᠶᠢᠨ ᠡᠮᠦᠨᠡᠲᠦ ᠲᠤᠢᠯ᠎ᠳᠤ ᠰᠢᠨᠵᠢᠯᠡᠨ ᠪᠠᠢᠴᠠᠭᠠᠬᠤ ᠡᠭᠦᠷᠭᠡ᠎ᠶᠢ ᠭᠦᠢᠴᠡᠳᠬᠡᠭᠰᠡᠨ 《ᠰᠢᠤᠸᠠᠢ ᠯᠦᠩ 2》 ᠨᠡᠷᠡᠮᠵᠢᠲᠦ ᠬᠥᠯᠭᠡ ᠣᠩᠭᠣᠴᠠ ᠠᠮᠵᠢᠯᠲᠠ᠎ᠲᠠᠢ᠎ᠪᠠᠷ ᠪᠤᠴᠠᠵᠤ ᠢᠷᠡᠪᠡ᠃ 199 ᠡᠳᠦᠷ᠎ᠤᠨ ᠠᠶᠠᠯᠠᠯ᠎ᠤᠨ ᠶᠠᠪᠤᠴᠠ᠎ᠳᠤ᠂ 10 ᠭᠠᠷᠤᠢ ᠤᠯᠤᠰ ᠪᠠ ᠭᠠᠵᠠᠷ ᠣᠷᠣᠨ᠎ᠡᠴᠡ ᠢᠷᠡᠭᠰᠡᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ ᠳᠤᠮᠳᠠᠳᠤ᠎ᠶᠢᠨ ᠲᠠᠯ᠎ᠠ᠎ᠶᠢᠨ ᠪᠦᠯᠬᠦᠮ᠎ᠲᠠᠢ ᠭᠠᠷ ᠬᠣᠯᠪᠣᠨ ᠬᠠᠮᠲᠤᠷᠠᠯᠴᠠᠪᠠ᠃

《ᠶᠡᠷᠦᠩᠬᠡᠢ ᠱᠦᠵᠢ ᠰᠢ ᠵᠢᠨ ᠫᠢᠩ ᠡᠮᠦᠨᠡᠲᠦ ᠲᠤᠢᠯ᠎ᠤᠨ ᠰᠢᠨᠵᠢᠯᠡᠬᠦ ᠤᠬᠠᠭᠠᠨ᠎ᠤ ᠰᠢᠨᠵᠢᠯᠡᠨ ᠪᠠᠢᠴᠠᠭᠠᠯᠲᠠ ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ᠂ ᠬᠥᠮᠥᠨ ᠲᠥᠷᠥᠯᠬᠢᠲᠡᠨ᠎ᠳᠦ ᠪᠤᠶᠠᠨ ᠦᠢᠯᠡᠳᠬᠦ ᠡᠷᠬᠢᠮ ᠳᠡᠭᠡᠳᠦ ᠦᠢᠯᠡᠰ ᠪᠣᠯᠣᠨ᠎ᠠ ᠭᠡᠵᠦ ᠦᠨᠡᠯᠡᠪᠡ》᠃ ᠳᠤᠮᠳᠠᠳᠤ ᠤᠯᠤᠰ᠎ᠤᠨ 42 ᠳ᠋ᠤᠭᠠᠷ ᠤᠳᠠᠭ᠎ᠠ᠎ᠶᠢᠨ ᠡᠮᠦᠨᠡᠲᠦ ᠲᠤᠢᠯ᠎ᠤᠨ ᠰᠢᠨᠵᠢᠯᠡᠨ ᠪᠠᠢᠴᠠᠭᠠᠬᠤ ᠠᠩᠭᠢ᠎ᠶᠢᠨ ᠭᠡᠰᠢᠭᠦᠨ᠂ ᠳᠤᠮᠳᠠᠳᠤ ᠤᠯᠤᠰ᠎ᠤᠨ ᠲᠤᠢᠯ᠎ᠤᠨ ᠣᠷᠣᠨ᠎ᠤ ᠰᠤᠳᠤᠯᠭᠠᠨ᠎ᠤ ᠲᠥᠪ(ᠳᠤᠮᠳᠠᠳᠤ ᠤᠯᠤᠰ᠎ᠤᠨ ᠲᠤᠢᠯ᠎ᠤᠨ ᠣᠷᠣᠨ᠎ᠤ ᠰᠤᠳᠤᠯᠭᠠᠨ᠎ᠤ ᠭᠠᠵᠠᠷ)᠎ᠤ᠋ᠨ ᠳᠡᠭᠡᠳᠦ ᠵᠡᠷᠭᠡ᠎ᠶᠢᠨ ᠢᠨᠵᠧᠨᠧᠷ ᠯᠥᠸᠧ ᠭᠤᠸᠠᠩ ᠹᠦ᠂ 2014 ᠣᠨ᠎ᠤ 11 ᠰᠠᠷ᠎ᠠ᠎ᠳᠤ ᠶᠡᠷᠦᠩᠬᠡᠢ ᠱᠦᠵᠢ ᠰᠢ ᠵᠢᠨ ᠫᠢᠩ ᠠᠦ᠋ᠰᠲᠷᠠᠯᠢᠶ᠎ᠠ᠎ᠶᠢᠨ ᠬᠤᠪᠠᠷᠲ ᠭᠠᠷᠠᠮ᠎ᠤᠨ ᠣᠷᠣᠨ᠎ᠳᠤ ᠳᠤᠮᠳᠠᠳᠤ ᠠᠦ᠋ᠰᠲᠷᠠᠯᠢᠶ᠎ᠠ᠎ᠶᠢᠨ ᠡᠮᠦᠨᠡᠲᠦ ᠲᠤᠢᠯ᠎ᠤᠨ ᠰᠢᠨᠵᠢᠯᠡᠬᠦ ᠤᠬᠠᠭᠠᠨ᠎ᠤ ᠰᠢᠨᠵᠢᠯᠡᠨ ᠪᠠᠢᠴᠠᠭᠠᠯᠲᠠ᠎ᠶᠢᠨ ᠠᠵᠢᠯᠲᠠᠳ᠎ᠢ ᠲᠣᠬᠣᠨᠢᠭᠤᠯᠬᠤ᠎ᠶᠢᠨ ᠬᠠᠮᠲᠤ ᠳᠤᠮᠳᠠᠳᠤ ᠤᠯᠤᠰ᠎ᠤᠨ 《ᠰᠢᠤᠸᠠᠢ ᠯᠦᠩ》 ᠨᠡᠷᠡᠮᠵᠢᠲᠦ ᠣᠩᠭᠣᠴᠠ᠎ᠵᠢ  ᠰᠢᠨᠵᠢᠯᠡᠨ ᠪᠠᠢᠴᠠᠭᠠᠭᠰᠠᠨ ᠠᠬᠤᠢ ᠪᠠᠢᠳᠠᠯ᠎ᠢ ᠴᠡᠭᠡᠵᠢᠯᠡᠭᠰᠡᠭᠡᠷ᠃

《ᠶᠡᠷᠦᠩᠬᠡᠢ ᠱᠦᠵᠢ᠎ᠶᠢᠨ ᠬᠠᠯᠠᠮᠵᠢᠯᠠᠯ ᠪᠠ ᠠᠬᠢᠭᠤᠯᠤᠯ ᠳᠤᠤᠷ᠎ᠠ᠂ ᠪᠢᠳᠡ ᠨᠢᠭᠡ ᠪᠦᠯᠦᠭ ᠳᠡᠯᠡᠬᠡᠢ᠎ᠶᠢᠨ ᠨᠥᠯᠥᠭᠡᠯᠡᠬᠦ ᠬᠦᠴᠦᠨ᠎ᠲᠠᠢ ᠰᠤᠳᠤᠯᠭᠠᠨ᠎ᠤ ᠦᠷ᠎ᠡ ᠪᠦᠲᠦᠭᠡᠯ᠎ᠢ ᠣᠯᠵᠤ᠂ ᠬᠠᠷᠢᠭᠤᠴᠠᠯᠭ᠎ᠠ᠎ᠲᠠᠢ ᠲᠣᠮᠣ᠌ ᠤᠯᠤᠰ᠎ᠤᠨ ᠳᠦᠷᠢ ᠲᠥᠷᠬᠦ᠎ᠶᠢ ᠢᠯᠡᠷᠡᠭᠦᠯᠪᠡ》᠃ 11 ᠤᠳᠠᠭ᠎ᠠ ᠡᠮᠦᠨᠡᠲᠦ ᠤᠮᠠᠷᠠᠲᠤ ᠲᠤᠢᠯ᠎ᠳᠤ ᠰᠢᠨᠵᠢᠯᠡᠨ ᠪᠠᠢᠴᠠᠭᠠᠯᠲᠠ ᠬᠢᠭᠰᠡᠨ ᠯᠥᠸᠧ ᠭᠤᠸᠠᠩ ᠹᠦ ᠳᠠᠬᠢᠨᠲᠠ ᠠᠶᠠᠯᠠᠬᠤ᠎ᠶᠢ ᠬᠦᠰᠡᠨ ᠬᠦᠯᠢᠶᠡᠵᠦ ᠪᠠᠢᠯ᠎ᠠ᠃

ᠣᠯᠠᠨ ᠤᠷᠤᠰᠬᠠᠯ᠎ᠨᠡᠢᠯᠡᠭᠡᠳ ᠮᠥᠷᠡᠨ ᠳᠠᠯᠠᠢ ᠪᠣᠯᠣᠨ᠎ᠠ᠃

《ᠭᠦᠨ ᠴᠠᠭ᠎ᠤᠨ ᠲᠣᠭᠠᠴᠢᠯᠠᠭᠰᠠᠨ ᠳᠡᠯᠡᠬᠡᠢ᠎ᠶᠢᠨ ᠪᠥᠮᠪᠥᠷᠴᠡᠭ》᠂ 《ᠲᠡᠯᠡᠶ ᠲᠠᠩᠭᠢᠰ᠎ᠤᠨ ᠰᠥᠷᠭᠡᠤ ᠭᠠᠳᠠᠭᠰᠢᠯᠠᠭᠤᠯᠤᠯᠲᠠ》 ᠵᠡᠷᠭᠡ ᠣᠯᠠᠨ ᠤᠯᠤᠰ᠎ᠤᠨ ᠲᠣᠮᠣ᠌ ᠰᠢᠨᠵᠢᠯᠡᠬᠦ ᠤᠬᠠᠭᠠᠨ᠎ᠤ ᠲᠥᠯᠥᠪᠯᠡᠭᠡ᠎ᠶᠢ ᠲᠦᠷᠦᠭᠦᠯᠡᠨ ᠰᠠᠨᠠᠭᠠᠴᠢᠯᠠᠵᠤ᠂ ᠭᠠᠳᠠᠭᠠᠳᠤ᠎ᠶᠢᠨ ᠰᠠᠨᠰᠠᠷᠴᠢᠨ᠎ᠢ ᠤᠷᠢᠵᠤ ᠳᠤᠮᠳᠠᠳᠤ ᠤᠯᠤᠰ᠎ᠤᠨ ᠰᠠᠨᠰᠠᠷ᠎ᠤᠨ ᠥᠷᠲᠡᠭᠡ᠎ᠶᠢᠨ ᠨᠢᠰᠦᠯᠲᠡ᠎ᠶᠢᠨ ᠡᠭᠦᠷᠭᠡ᠎ᠳᠦ ᠣᠷᠣᠯᠴᠠᠭᠤᠯᠵᠤ᠂ 《ᠳᠤᠮᠳᠠᠳᠤ ᠤᠯᠤᠰ᠎ᠤᠨ ᠲᠡᠭᠷᠢ᠎ᠶᠢᠨ ᠨᠢᠳᠦ》᠂ 《ᠲᠡᠮᠡᠴᠡᠭᠴᠢ》 ᠨᠡᠷᠡᠮᠵᠢᠲᠦ ᠬᠥᠮᠥᠨ ᠰᠠᠭᠤᠯᠭᠠᠭᠰᠠᠨ ᠱᠤᠩᠭᠤᠭᠤᠷ ᠵᠡᠷᠭᠡ 10 ᠴᠢᠬᠤᠯᠠ ᠶᠡᠬᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠰᠠᠭᠤᠷᠢ ᠲᠥᠬᠦᠭᠡᠷᠦᠮᠵᠢ᠎ᠶᠢ ᠪᠥᠬᠥ ᠪᠥᠮᠪᠥᠷᠴᠡᠭ᠎ᠲᠦ ᠨᠡᠭᠡᠭᠡᠯᠲᠡ᠎ᠲᠠᠢ ᠪᠣᠯᠭᠠᠪᠠ ᠁ ᠶᠡᠷᠦᠩᠬᠡᠢ ᠱᠦᠵᠢ ᠰᠢ ᠵᠢᠨ ᠫᠢᠩ᠎ᠦᠨ ᠵᠢᠯᠣᠭᠣᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ ᠳᠤᠮᠳᠠ ᠳᠡᠯᠡᠬᠡᠢ ᠳ᠋ᠠᠬᠢᠨ᠎ᠢ ᠤᠭᠲᠤᠨ ᠠᠪᠴᠤ᠂ ᠨᠡᠭᠡᠭᠡᠯᠲᠡ ᠬᠢᠵᠦ ᠬᠠᠮᠲᠤᠷᠠᠯᠴᠠᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠪᠠ᠃

《ᠪᠦᠬᠦ ᠪᠥᠮᠪᠥᠷᠴᠡᠭ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠠᠰᠠᠯᠲᠠ᠎ᠳᠤ ᠭᠦᠨᠵᠡᠭᠡᠢ ᠣᠷᠣᠯᠴᠠᠵᠤ᠂ ᠳᠤᠮᠳᠠᠳᠤ ᠤᠯᠤᠰ᠎ᠤᠨ ᠤᠶᠤᠨ ᠤᠬᠠᠭᠠᠨ᠎ᠢᠶᠠᠨ ᠬᠠᠨᠳᠢᠪᠯᠡᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠪᠤᠶᠠᠨ ᠦᠢᠯᠡᠳᠬᠦ ᠰᠣᠶᠣᠯ᠎ᠤᠨ ᠣᠢᠯᠠᠭᠠᠭᠳᠠᠬᠤᠨ᠎ᠢ ᠪᠤᠢ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠥᠮᠥᠨ ᠲᠥᠷᠥᠯᠬᠢᠲᠡᠨ᠎ᠦ ᠪᠤᠶᠠᠨ ᠵᠢᠷᠭᠠᠯ᠎ᠢ ᠨᠡᠩ ᠰᠠᠢᠨ ᠨᠡᠮᠡᠭᠳᠡᠭᠦᠯᠵᠦ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ》!

ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠭᠡᠨ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠨ ᠡᠭᠦᠷᠭᠡ ᠬᠠᠷᠢᠭᠤᠴᠠᠯᠭ᠎ᠠ᠎ᠪᠠᠨ ᠬᠥᠰᠡᠷᠳᠡᠭᠦᠯᠦᠯ ᠦᠭᠡᠢ᠎ᠪᠡᠷ ᠵᠠᠮ ᠨᠡᠭᠡᠭᠡᠨ ᠤᠷᠤᠭᠰᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠶᠡᠬᠡ ᠦᠢᠯᠡᠰ᠎ᠢ ᠪᠡᠶᠡᠯᠡᠭᠦᠯᠬᠦ ᠠᠭᠤᠤ ᠶᠡᠬᠡ ᠠᠶᠠᠨ᠎ᠳᠤ ᠡᠷᠡᠯᠬᠡᠭᠯᠡᠨ ᠤᠷᠤᠭᠰᠢᠯᠠᠨ᠎ᠡ᠃

(ᠰᠢᠨᠬᠤᠸᠠ ᠬᠣᠷᠢᠶ᠎ᠠ᠎ᠵᠢᠨ ᠪᠡᠭᠡᠵᠢᠩ᠎ᠦᠨ 7 ᠰᠠᠷ᠎ᠠ᠎ᠶᠢᠨ 6 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号