ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ ᠎ᠤ ᠠᠷᠠᠳᠴᠢᠯᠠᠭᠰᠠᠨ ᠨᠠᠮ ᠎ᠤᠨ ᠠᠷᠪᠠᠨ ᠳᠣᠯᠣᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠪᠠᠶ᠋ᠢᠩᠭᠤ᠎ᠶᠢᠨ ᠬᠤᠷᠢᠶ᠎ᠠ᠎ᠶᠢᠨ ᠠᠷᠪᠠᠨ ᠵᠢᠷᠭᠤᠳᠤᠭᠠᠷ ᠤᠳᠠᠭ᠎ᠠ᠎ᠶᠢᠨ ᠬᠤᠷᠠᠯ ᠬᠥᠬᠡᠬᠣᠲᠠ᠎ᠳᠤ ᠡᠬᠢᠯᠡᠪᠡ
2026-07-08 09:25:23
ᠵᠣᠬᠢᠶᠠᠭ᠍ᠴᠢ᠄
ᠵᠠᠩ ᠺᠦᠶ
ᠣᠩᠱᠢᠭ᠍ᠰᠠᠨ ᠣᠳᠠᠭ᠎ᠠ᠄
★★★☆☆


     ᠾᠧ ᠸᠧᠶ ᠶᠠᠷᠢᠶ᠎ᠠ ᠳᠠᠯᠪᠢᠵᠤ  ᠶᠠᠩ ᠵᠧᠨ ᠬᠤᠷᠠᠯ᠎ᠢ ᠡᠷᠭᠢᠯᠡᠪᠡ


7 ᠰᠠᠷ᠎ᠠ᠎ᠶᠢᠨ 7 ᠎ᠤ᠋ ᠡᠳᠦᠷ᠂ ᠳᠤᠮᠳᠠᠳᠤ ᠤᠯᠤᠰ ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ ᠎ᠤᠨ ᠠᠷᠪᠠᠨ ᠳᠣᠯᠣᠳᠤᠭᠠᠷ ᠬᠤᠭᠤᠴᠠᠭᠠᠨ ᠎ᠤ ᠲᠥᠪ ᠬᠤᠷᠢᠶ᠎ᠠ᠎ᠶᠢᠨ ᠪᠠᠶ᠋ᠢᠩᠭᠤ᠎ᠶᠢᠨ ᠬᠤᠷᠢᠶ᠎ᠠ ᠎ᠶᠢᠨ ᠠᠷᠪᠠᠨ ᠵᠢᠷᠭᠤᠳᠤᠭᠠᠷ ᠤᠳᠠᠭ᠎ᠠ ᠎ᠶᠢᠨ ᠬᠤᠷᠠᠯ ᠬᠥᠬᠡᠬᠣᠲᠠ᠎ᠳᠤ ᠡᠬᠢᠯᠡᠪᠡ᠂ ᠪᠦᠬᠦ᠌ ᠤᠯᠤᠰ ᠎ᠤᠨ ᠠᠷᠠᠳ᠎ᠤᠨ ᠲᠥᠯᠥᠭᠡᠯᠡᠭᠴᠢᠳ ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ᠎ᠶᠢᠨ ᠳᠡᠳ᠋ ᠬᠣᠷᠢᠶᠠᠨ ᠳᠠᠷᠤᠭ᠎ᠠ᠂ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠲᠥᠪ ᠬᠤᠷᠢᠶ᠎ᠠ᠎ᠶᠢᠨ ᠲᠡᠷᠢᠭᠦᠯᠡᠭᠴᠢ ᠾᠧ ᠸᠧᠶ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠤ᠂ ᠪᠦᠬᠦ᠌ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ᠂ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠲᠥᠪ ᠬᠤᠷᠢᠶ᠎ᠠ᠎ᠶᠢᠨ ᠪᠠᠶ᠋ᠢᠩᠭᠤ᠎ᠶᠢᠨ ᠳᠡᠳ᠋ ᠲᠡᠷᠢᠭᠦᠯᠡᠭᠴᠢ ᠶᠠᠩ ᠵᠧᠨ ᠡᠬᠢᠯᠡᠯᠲᠡ ᠵᠢᠨ ᠬᠤᠷᠠᠯ᠎ᠢ ᠡᠷᠭᠢᠯᠡᠪᠡ᠃ 7 ᠰᠠᠷ᠎ᠠ᠎ᠶᠢᠨ 6 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠂ ᠠᠷᠠᠳ ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ᠎ᠶᠢᠨ ᠡᠷᠬᠢᠯᠡᠭᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠎ᠤ ᠲᠡᠷᠢᠭᠦᠯᠡᠭᠴᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ    ᠾᠧ ᠸᠧᠶ᠂ ᠶᠠᠩ ᠵᠧᠨ ᠲᠠᠢ ᠪᠠᠷᠠᠳᠠᠨ ᠠᠭᠤᠯᠵᠠᠪᠠ᠃

ᠲᠣᠰ ᠤᠳᠠᠭ᠎ᠠ᠎ᠶᠢᠨ ᠲᠥᠪ ᠬᠤᠷᠢᠶ᠎ᠠ᠎ᠶᠢᠨ ᠪᠠᠶ᠋ᠢᠩᠭᠤ᠎ᠶᠢᠨ ᠬᠤᠷᠢᠶ᠎ᠠ᠎ᠶᠢᠨ ᠬᠤᠷᠠᠯ᠎ᠤᠨ ᠭᠤᠤᠯ ᠡᠭᠦᠷᠭᠡ ᠪᠣᠯ᠂ ᠶᠡᠷᠦᠩᠬᠡᠶ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠳᠤᠬᠠᠢ ᠵᠦᠪ ᠦᠵᠡᠯᠲᠡ᠎ᠶᠢ ᠪᠣᠶ ᠪᠤᠯᠭᠠᠨ ᠦᠢᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶᠢᠨ ᠬᠠᠮᠠᠭᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ᠎ᠶᠢᠨ ᠲᠤᠬᠠᠶ ᠴᠢᠬᠤᠯᠠ ᠥᠭᠦᠯᠡᠯᠲᠡ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ᠎ᠬᠤᠷᠢᠶ᠎ᠠ ᠵᠢᠨ ᠪᠠᠶ᠋ᠢᠩᠭᠤ᠎ᠶᠢᠨ ᠬᠤᠷᠢᠶ᠎ᠠ᠎ᠶᠢᠨ ᠳᠡᠭᠡᠷ᠎ᠡ ᠬᠠᠭᠠᠰ ᠵᠢᠯ᠎ᠦᠨ ᠠᠵᠢᠯ᠎ᠢ ᠡᠷᠭᠢᠴᠡᠭᠦᠯᠦᠨ ᠳ᠋ᠦᠩᠨᠡᠵᠦ᠍᠂ ᠳᠤᠤᠷ᠎ᠠ ᠬᠠᠭᠠᠰ ᠵᠢᠯ᠎ᠦᠨ ᠭᠤᠤᠯᠳᠠᠯᠭ᠎ᠠ᠎ᠲᠠᠶ ᠠᠵᠢᠯ᠎ᠢ ᠰᠤᠳᠤᠯᠤᠨ ᠪᠠᠶ᠋ᠢᠷᠢᠯᠠᠭᠤᠯᠵᠤ᠂ ᠲᠥᠪ᠎ᠦᠨ ᠪᠠᠶ᠋ᠢᠭᠤᠯᠭ᠎ᠠ᠎ᠶᠢᠨ ᠠᠵᠢᠯᠲᠠᠨ ᠎ᠤ ᠶᠠᠪᠤᠳᠠᠯ᠎ᠤᠨ ᠵᠦᠢᠯᠡᠰ᠎ᠢ ᠲᠣᠭᠲᠠᠭᠠᠬᠤ ᠵᠡᠷᠭᠡ ᠪᠣᠯᠤᠨ᠎ᠠ᠃

ᠾᠧ ᠸᠧᠢ᠂ ᠲᠠᠷᠢᠶᠠᠴᠢᠨ ᠠᠵᠢᠯᠴᠢᠨ ᠎ᠤ ᠠᠷᠠᠳᠴᠢᠯᠠᠭᠰᠠᠨ ᠨᠠᠮ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠡᠩ ᠤᠬᠠᠮᠰᠠᠷ ᠡᠴᠡ᠎ᠪᠠᠨ ᠰᠠᠨᠠᠭᠠᠴᠢᠯᠠᠭ᠎ᠠ ᠡᠴᠡ᠎ᠪᠠᠨ ᠨᠠᠮ ᠪᠣᠯᠤᠨ ᠤᠯᠤᠰ ᠎ᠤᠨ ᠠᠵᠢᠯ᠎ᠤᠨ ᠶᠡᠬᠡ ᠲᠠᠯ᠎ᠠ᠎ᠶᠢ ᠳᠠᠭᠠᠨ ᠳᠡᠭᠦᠨ᠎ᠳᠦ ᠦᠢᠯᠡᠴᠢᠯᠡᠵᠦ᠍᠂ ᠬᠠᠷᠠᠯᠲᠠ ᠡᠭᠦᠷᠭᠡ ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠭᠣᠣᠯᠳᠠᠯᠭ᠎ᠠ ᠵᠠᠩᠭᠢᠯᠠᠭ᠎ᠠ᠎ᠶᠢ ᠴᠢᠩᠭ᠎ᠠ ᠠᠩᠬᠠᠷᠴᠤ᠌᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠨᠠᠶ᠋ᠢᠳᠠᠪᠤᠷᠢᠵᠢᠭᠤᠯᠤᠯᠲᠠ᠎ᠶᠢ ᠠᠳᠬᠤᠵᠤ᠂ ᠪᠦᠬᠦ᠌ ᠵᠢᠯ᠎ᠦᠨ ᠡᠭᠦᠷᠭᠡ᠎ᠪᠡᠨ ᠪᠦᠬᠦ᠌ ᠬᠦᠴᠦ᠎ᠪᠡᠷ᠎ᠢᠶᠡᠨ ᠪᠡᠶᠡᠯᠡᠭᠦᠯᠬᠦ᠌ ᠬᠡᠷᠡᠭᠲᠡᠢ ᠭᠡᠵᠦ ᠴᠢᠬᠤᠯᠠᠴᠢᠯᠠᠪᠠ᠃

ᠾᠧ ᠸᠧᠢ᠂ 2026 ᠣᠨ ᠡᠴᠡ ᠨᠠᠭᠠᠰᠢ᠂ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠲᠥᠪ ᠬᠤᠷᠢᠶ᠎ᠠ ᠡᠯ᠎ᠡ ᠱᠠᠲᠤᠨ ᠎ᠤ ᠵᠣᠬᠢᠶᠠᠨ ᠪᠠᠶ᠋ᠢᠭᠤᠯᠤᠯᠲᠠ᠎ᠶᠢ ᠪᠦᠯᠬᠦᠮᠳᠡᠭᠦᠯᠦᠨ ᠳᠠᠭᠠᠭᠤᠯᠵᠤ ᠲᠠᠷᠢᠶᠠᠴᠢᠨ ᠠᠵᠢᠯᠴᠢᠨ ᠎ᠤ ᠠᠷᠠᠳᠴᠢᠯᠠᠭᠰᠠᠨ ᠨᠠᠮ᠎ᠤᠨ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠭᠤᠷᠪᠠᠨ ᠦᠨᠳᠦᠰᠦᠨ ᠡᠭᠦᠷᠭᠡ᠎ᠶᠢ ᠯᠠᠪᠳᠠᠭᠤᠨ ᠪᠠᠲᠤᠲᠠᠢ ᠭᠦᠢᠴᠡᠳᠬᠡᠵᠦ᠍᠂ ᠲᠥᠪ ᠬᠤᠷᠢᠶ᠎ᠠ ᠵᠢᠨ ᠪᠠᠶ᠋ᠢᠩᠭᠤ ᠎ᠶᠢᠨ ᠬᠤᠷᠢᠶ᠎ᠠ᠎ᠶᠢᠨ 2026 ᠣᠨ᠎ᠤ ᠠᠵᠢᠯ᠎ᠤᠨ ᠭᠣᠣᠯᠳᠠᠯᠭ᠎ᠠ ᠪᠣᠯᠤᠨ ᠠᠵᠢᠯ ᠎ᠤᠨ ᠲᠥᠯᠥᠪᠯᠡᠭᠡ᠎ᠶᠢ ᠨᠠᠷᠢᠨ ᠬᠢᠨᠠᠮᠠᠭᠠᠢ ᠨᠠᠶ᠋ᠢᠳᠠᠪᠤᠷᠢᠵᠢᠭᠤᠯᠵᠤ᠂ ᠤᠨᠤᠯ᠎ᠢᠶᠠᠷ ᠵᠡᠪᠰᠡᠭᠯᠡᠬᠦ᠌᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ 《ᠨᠡᠢᠳᠡ᠎ᠶᠢᠨ ᠲᠦᠯᠦᠭᠡ ᠳᠦᠷᠦ᠎ᠶᠢᠨ ᠶᠠᠪᠤᠳᠠᠯ᠎ᠳᠦ ᠣᠷᠣᠯᠴᠠᠬᠤ᠂ ᠠᠷᠠᠳ ᠎ᠤᠨ ᠲᠥᠯᠥᠭᠡ ᠪᠣᠳᠠᠲᠠᠢ ᠠᠵᠢᠯᠯᠠᠬᠤ》ᠭᠣᠣᠯ ᠰᠡᠳᠦᠪᠲᠦ᠍ ᠬᠥᠮᠦᠵᠢᠯ ᠎ᠢ ᠯᠠᠪᠳᠠᠭᠤᠨ ᠪᠠᠲᠤᠲᠠᠢ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ᠎ᠶᠢᠨ ᠵᠢᠯᠤᠭᠤᠳᠤᠯᠭ᠎ᠠ ᠲᠠᠰᠤᠷᠠᠯᠳᠠ ᠦᠭᠡᠢ ᠪᠠᠲᠤᠵᠢᠪᠠ; ᠵᠠᠰᠠᠭ᠎ᠲᠤ᠌ ᠲᠤᠰᠠᠯᠠᠨ ᠰᠠᠨᠠᠯ ᠵᠥᠪᠯᠡᠯᠭᠡ ᠳᠤᠷᠠᠳᠬᠤ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠪᠠ ᠨᠡᠶ᠋ᠢᠭᠡᠮ᠎ᠦᠨ ᠦᠢᠯᠡᠴᠢᠯᠡᠭᠡ ᠬᠠᠩᠭᠠᠬᠤ᠎ᠶᠢ ᠨᠢᠭᠡᠳᠦᠯᠲᠡᠢ ᠲᠥᠯᠥᠪᠵᠢᠬᠦᠯᠦᠨ ᠠᠬᠢᠭᠤᠯᠵᠤ᠂ ᠵᠠᠰᠠᠭ᠎ᠤᠨ ᠶᠠᠪᠤᠳᠠᠯ᠎ᠳᠤ ᠣᠷᠣᠯᠴᠠᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌ ᠶᠠᠰᠤ ᠴᠢᠨᠠᠷ ᠦᠷ᠎ᠡ ᠪᠦᠲᠦᠮᠵᠢ᠎ᠶᠢ ᠯᠠᠪᠳᠠᠭᠤᠨ᠎ᠢᠶᠠᠷ ᠳᠡᠭᠡᠭᠰᠢᠯᠡᠭᠦᠯᠪᠡ; ᠰᠤᠷᠲᠠᠯ᠎ᠤᠨ ᠪᠠᠶ᠋ᠢᠭᠤᠯᠤᠯᠲᠠ᠂ ᠠᠷᠢᠭᠤᠨ ᠴᠢᠬᠡᠴᠢ᠎ᠶᠢᠨ ᠪᠠᠶ᠋ᠢᠭᠤᠯᠤᠯᠲᠠ ᠬᠢᠭᠡᠳ ᠤᠳᠤᠷᠢᠳᠬᠤ ᠪᠠᠭ᠎ᠤᠨ ᠪᠠᠶ᠋ᠢᠭᠤᠯᠤᠯᠲᠠ ᠵᠢ ᠬᠠᠮᠵᠢᠯᠴᠠᠭᠤᠯᠤᠨ ᠬᠦᠴᠦᠯᠡᠵᠦ᠍᠂ ᠲᠣᠰ ᠪᠡᠶ᠎ᠡ᠎ᠶᠢᠨ ᠪᠠᠶ᠋ᠢᠭᠤᠯᠤᠯᠲᠠ ᠦᠷᠭᠦᠯᠵᠢᠯᠡᠨ ᠪᠣᠳᠠᠲᠠᠶ᠋ᠢᠵᠢᠵᠤ᠂ ᠡᠯ᠎ᠡ ᠵᠦᠢᠯ᠎ᠤᠨ ᠠᠵᠢᠯ ᠨᠢᠬᠡᠨᠳᠡ ᠲᠣᠭᠲᠠᠭᠠᠭᠰᠠᠨ ᠱᠠᠲᠤᠴᠢ ᠴᠢᠨᠠᠷᠲᠠᠶ ᠬᠠᠷᠠᠯᠲᠠ᠎ᠪᠠᠨ ᠪᠡᠶᠡᠯᠡᠭᠦᠯᠵᠦ᠍᠂ ᠪᠥᠬᠥ᠌ ᠵᠢᠯ᠎ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠌ ᠪᠠ ᠲᠣᠰ ᠪᠡᠶ᠎ᠡ᠎ᠶᠢᠨ ᠪᠠᠶ᠋ᠢᠭᠤᠯᠤᠯᠲᠠ᠎ᠶᠢᠨ ᠡᠭᠦᠷᠭᠡ᠎ᠪᠡᠨ ᠤᠷᠤᠭᠰᠢᠲᠠᠶ ᠪᠡᠶᠡᠯᠡᠭᠦᠯᠬᠦ᠌᠎ᠳᠦ ᠪᠠᠲᠤ᠌ ᠪᠠᠬᠢ ᠰᠠᠭᠤᠷᠢ᠎ᠶᠢ ᠲᠠᠯᠪᠢᠵᠤ ᠥᠭᠴᠡᠶ ᠭᠡᠵᠦ ᠵᠢᠭᠠᠵᠤ ᠭᠠᠷᠭᠠᠪᠠ᠃

 ᠾᠧ ᠸᠧᠢ᠂ 《ᠨᠡᠢᠳᠡ᠎ᠶᠢᠨ ᠲᠦᠯᠦᠭᠡ ᠳᠦᠷᠦ᠎ᠶᠢᠨ ᠶᠠᠪᠤᠳᠠᠯ᠎ᠳᠦ ᠣᠷᠣᠯᠴᠠᠬᠤ᠂ ᠠᠷᠠᠳ᠎ᠤᠨ ᠲᠥᠯᠥᠭᠡ ᠪᠣᠳᠠᠲᠠᠢ ᠠᠵᠢᠯᠯᠠᠬᠤ》 ᠭᠣᠣᠯ ᠰᠡᠳᠦᠪᠲᠦ᠍ ᠬᠥᠮᠦᠵᠢᠯ᠎ᠦᠨ 《ᠰᠡᠭᠦᠯᠴᠢ᠎ᠶᠢᠨ ᠬᠡᠰᠡᠭ》ᠠᠵᠢᠯ᠎ᠢ ᠪᠣᠳᠠᠲᠠᠢ ᠰᠠᠶ᠋ᠢᠲᠤᠷ ᠠᠳᠬᠤᠵᠤ᠂ ᠤᠳᠤᠷᠢᠳᠬᠤ ᠪᠠᠭ᠎ᠤᠨ ᠳᠡᠭᠡᠳᠦ ᠱᠠᠳᠤ ᠨᠢ ᠲᠤᠤᠷᠠᠳᠤ ᠱᠠᠳᠤ᠎ᠪᠠᠨ ᠳᠠᠭᠠᠭᠤᠯᠵᠤ᠂ ᠬᠠᠲᠠᠭᠤ᠎ᠲᠠᠶ ᠨᠢ ᠬᠠᠯᠳᠠᠵᠤ ᠴᠡᠭᠴᠡᠯᠡᠨ ᠰᠠᠶ᠋ᠢᠵᠢᠷᠠᠭᠤᠯᠵᠤ ᠴᠡᠭᠴᠡᠯᠡᠨ ᠵᠠᠰᠠᠬᠤ᠎ᠶᠢ ᠰᠠᠶ᠋ᠢᠲᠤᠷ ᠠᠳᠬᠤᠵᠤ᠂ ᠪᠣᠳᠠᠲᠤ᠌ ᠦᠷ᠎ᠡ ᠪᠦᠲᠦᠮᠵᠢ᠎ᠶᠢ ᠡᠷᠬᠢᠮᠯᠡᠵᠦ᠍ ᠲᠦᠷᠢᠮ ᠲᠣᠭᠲᠠᠭᠠᠯ ᠲᠣᠭᠲᠠᠭᠠᠬᠤ᠎ᠶᠢ ᠰᠠᠶ᠋ᠢᠲᠤᠷ ᠠᠳᠬᠤᠵᠤ᠂ ᠰᠤᠷᠲᠠᠯ᠎ᠤᠨ ᠪᠠᠶ᠋ᠢᠭᠤᠯᠤᠯᠲᠠ᠂ ᠠᠷᠢᠭᠤᠨ ᠴᠢᠬᠡᠴᠢ᠎ᠶᠢᠨ ᠪᠠᠶ᠋ᠢᠭᠤᠯᠤᠯᠲᠠ᠎ᠶᠢ ᠴᠥᠬᠥᠷᠡᠰᠢ ᠦᠭᠡᠢ ᠴᠢᠩᠭᠠᠳᠬᠠᠵᠤ᠂ ᠵᠠᠰᠠᠭ᠎ᠤᠨ ᠠᠵᠢᠯ᠎ᠤᠨ ᠪᠦᠲᠦᠮᠵᠢ ᠵᠢᠨ ᠳᠤᠬᠠᠢ ᠦᠵᠡᠯᠲᠡ᠎ᠶᠢᠨ ᠵᠦᠷᠢᠶ᠎ᠡ᠎ᠶᠢ ᠰᠡᠷᠭᠡᠶ᠋ᠢᠯᠡᠨ ᠵᠠᠯᠠᠷᠠᠭᠤᠯᠵᠤ᠂ ᠭᠣᠣᠯ ᠰᠡᠳᠦᠪᠲᠦ᠍ ᠬᠥᠮᠦᠵᠢᠯ᠎ᠢᠶᠡᠷ ᠵᠢᠯᠣᠭᠣᠳᠤᠮᠵᠢ ᠪᠣᠯᠭᠠᠵᠤ ᠦᠵᠡᠯ ᠰᠠᠨᠠᠭ᠎ᠠ ᠤᠯᠤᠰ ᠲᠦᠷᠦ ᠎ᠶᠢᠨ ᠪᠠᠶ᠋ᠢᠭᠤᠯᠤᠯᠲᠠ᠎ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶᠢᠨ ᠬᠠᠮᠠᠭᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠳ᠋ᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠥᠷᠨᠢᠭᠦᠯᠬᠦ᠌᠎ᠳᠦ ᠡᠮᠦᠨ᠎ᠡ ᠬᠣᠶᠠᠷ ᠡᠭᠡᠯᠵᠢ᠎ᠶᠢᠨ ᠠᠷᠠᠳᠴᠢᠯᠠᠯ᠎ᠢᠶᠠᠷ ᠬᠢᠨᠠᠯᠲᠠ ᠲᠠᠯᠪᠢᠬᠰᠠᠨ ᠰᠠᠶ᠋ᠢᠨ ᠲᠤᠷᠰᠢᠯᠭ᠎ᠠ ᠰᠠᠶ᠋ᠢᠨ ᠠᠷᠭ᠎ᠠ ᠬᠢᠳᠡᠯ᠎ᠢ ᠰᠠᠶ᠋ᠢᠲᠤᠷ ᠬᠡᠷᠡᠭᠯᠡᠵᠦ᠍᠂ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ᠎ᠲᠠᠶ ᠤᠶᠠᠯᠳᠤᠭᠤᠯᠤᠨ᠂ ᠳᠤᠮᠳᠠᠳᠤ ᠤᠯᠤᠰ ᠎ᠤᠨ ᠡᠪ ᠬᠠᠮᠲᠤ᠌ ᠨᠠᠮ᠎ᠤᠨ ᠤᠳᠤᠷᠢᠳᠤᠯᠭ᠎ᠠ᠎ᠶᠢ ᠢᠮᠠᠭᠲᠠ ᠪᠠᠷᠢᠮᠲᠠᠯᠠᠵᠤ᠂ ᠠᠰᠠᠭᠤᠳᠠᠯ ᠎ᠢᠶᠠᠷ ᠤᠳᠤᠷᠢᠳᠤᠮᠵᠢ ᠪᠣᠯᠭᠠᠬᠤ ᠪᠠ ᠰᠢᠰᠲ᠋ᠧᠮ᠎ᠦᠨ ᠣᠶ᠋ᠢᠯᠠᠭᠠᠭᠳᠠᠬᠤᠨ᠎ᠢ ᠪᠠᠷᠢᠮᠲᠠᠯᠠᠨ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠰᠢᠨᠵᠢ ᠴᠢᠨᠠᠷ ᠪᠠᠶ᠋ᠢᠷᠢ ᠲᠣᠭᠲᠠᠭᠠᠯᠲᠠ ᠂ ᠬᠦᠴᠦᠯᠡᠬᠦ ᠭᠤᠤᠯᠳᠠᠯᠭ᠎ᠠ ᠪᠠ ᠬᠠᠷᠠᠯᠲᠠ ᠴᠢᠭᠯᠡᠯ ᠎ᠢ ᠣᠨᠣᠪᠴᠢᠲᠠᠶ ᠡᠵᠡᠮᠳᠡᠵᠦ᠍᠂ ᠠᠳᠠᠯᠢ ᠴᠢᠭᠯᠡᠯ᠎ᠢᠶᠡᠷ ᠬᠦᠴᠦᠯᠡᠵᠦ᠍᠂ ᠨᠢᠬᠡ ᠰᠡᠳᠦᠪ ᠎ᠢ ᠬᠠᠮᠲᠤ᠎ᠪᠠᠷ ᠬᠠᠷᠢᠭᠤᠯᠵᠤ᠂ ᠤᠯᠤᠰ᠎ᠤᠨ ᠪᠠᠶ᠋ᠢᠯᠳᠤᠬᠤ ᠪᠣᠳᠣᠯᠭ᠎ᠠ᠎ᠶᠢᠨ ᠬᠡᠷᠡᠭᠵᠢᠭᠦᠯᠦᠯᠲᠡ᠎ᠳᠦ ᠬᠦᠴᠦᠨ ᠨᠡᠮᠡᠷᠢᠯᠡᠬᠦ᠌ ᠬᠡᠷᠡᠭᠲᠡᠶ᠃ ᠬᠥᠮᠦᠨ᠎ᠢ ᠰᠣᠩᠭᠣᠵᠤ ᠬᠥᠮᠦᠨ ᠬᠡᠷᠡᠭᠯᠡᠬᠦ᠌ ᠵᠥᠪ ᠤᠳᠤᠷᠢᠳᠤᠮᠵᠢ᠎ᠶᠢ ᠪᠤᠢ ᠪᠣᠯᠭᠠᠵᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ᠎ᠪᠠᠷ ᠮᠤᠵᠢ᠎ᠶᠢᠨ ᠱᠠᠲᠤᠨ᠎ᠤ ᠵᠣᠬᠢᠶᠠᠨ ᠪᠠᠶ᠋ᠢᠭᠤᠯᠤᠯᠲᠠ᠎ᠶᠢᠨ ᠬᠤᠭᠤᠴᠠᠭ᠎ᠠ ᠰᠣᠯᠢᠬᠤ ᠠᠵᠢᠯ᠎ᠢ ᠠᠬᠢᠭᠤᠯᠵᠤ᠂ ᠬᠤᠭᠤᠴᠠᠭ᠎ᠠ ᠰᠣᠯᠢᠬᠤ ᠠᠵᠢᠯ᠎ᠢ ᠰᠠᠶ᠋ᠢᠲᠤᠷ ᠬᠢᠬᠦ᠌᠎ᠶᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠤᠯᠤᠰ ᠲᠦᠷᠦ᠎ᠶᠢᠨ ᠬᠠᠷᠢᠭᠤᠴᠠᠯᠭᠠᠲᠤ᠌ ᠰᠡᠳᠬᠢᠯᠭᠡ ᠪᠣᠯᠤᠨ ᠲᠡᠤᠬᠡ ᠵᠢᠨ ᠬᠠᠷᠢᠭᠤᠴᠠᠯᠭᠠᠳᠤ ᠰᠡᠳᠬᠢᠯᠬᠡ ᠪᠡᠨ ᠦᠨᠡᠨ ᠬᠦ᠌ ᠴᠢᠩᠭᠠᠳᠬᠠᠬᠤ ᠬᠡᠷᠡᠭᠲᠡᠢ; ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠬᠤ᠎ᠶᠢ ᠬᠤᠭᠤᠴᠠᠭ᠎ᠠ ᠰᠣᠯᠢᠬᠤ ᠠᠵᠢᠯ᠎ᠤᠨ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠵᠤ᠂ ᠬᠤᠭᠤᠴᠠᠭ᠎ᠠ ᠰᠣᠯᠢᠬᠤ ᠠᠵᠢᠯ᠎ᠤᠨ ᠵᠥᠪ ᠣᠨᠣᠪᠴᠢᠲᠠᠢ ᠤᠯᠤᠰ ᠲᠦᠷᠦ᠎ᠶᠢᠨ ᠴᠢᠭᠯᠡᠯ᠎ᠢ ᠪᠠᠲᠤᠯᠠᠬᠤ ᠬᠡᠷᠡᠭᠲᠡᠢ; ᠤᠯᠤᠰ ᠲᠦᠷᠦ᠎ᠶᠢᠨ ᠪᠠᠷᠢᠮᠵᠢᠶ᠎ᠠ᠎ᠶᠢ ᠲᠡᠷᠢᠭᠦᠨ᠎ᠳᠤ ᠲᠠᠯᠪᠢᠬᠤ᠎ᠶᠢ ᠪᠠᠷᠢᠮᠲᠠᠯᠠᠵᠤ᠂ ᠬᠥᠮᠦᠨ᠎ᠢ ᠰᠣᠩᠭᠣᠵᠤ ᠬᠥᠮᠦᠨ ᠬᠡᠷᠡᠭᠯᠡᠬᠦ᠌ ᠤᠯᠤᠰ ᠲᠦᠷᠦ᠎ᠶᠢᠨ ᠪᠣᠭᠣᠮᠲᠠ᠂ ᠵᠠᠩ ᠰᠤᠷᠲᠠᠯ ᠎ᠤᠨ ᠪᠣᠭᠣᠮᠲᠠ᠂ ᠴᠢᠳᠠᠪᠤᠷᠢ᠎ᠶᠢᠨ ᠪᠣᠭᠣᠮᠲᠠ᠂ ᠰᠤᠷᠲᠠᠯ᠎ᠤᠨ ᠪᠣᠭᠣᠮᠲᠠ᠂ ᠠᠷᠢᠭᠤᠨ ᠴᠢᠬᠡᠴᠢ ᠎ᠶᠢᠨ ᠪᠣᠭᠣᠮᠲᠠ ᠎ᠶᠢ ᠴᠢᠩᠭ᠎ᠠ ᠠᠳᠬᠤᠬᠤ ᠬᠡᠷᠡᠭᠳᠡᠢ; ᠬᠤᠭᠤᠴᠠᠭ᠎ᠠ ᠰᠣᠯᠢᠬᠤ ᠠᠵᠢᠯ᠎ᠤᠨ ᠰᠠᠬᠢᠯᠭ᠎ᠠ ᠪᠠᠲᠤ ᠎ᠶᠢ ᠴᠢᠩᠳᠠᠯᠠᠵᠤ᠂ ᠬᠥᠮᠦᠨ᠎ᠢ ᠰᠣᠩᠭᠣᠵᠤ ᠬᠥᠮᠦᠨ ᠬᠡᠷᠡᠭᠯᠡᠬᠦ᠌ ᠬᠡᠪ ᠰᠤᠷᠲᠠᠯ᠎ᠢ ᠡᠷᠡᠰ ᠵᠠᠯᠠᠷᠠᠭᠤᠯᠵᠤ ᠲᠦᠪ ᠪᠤᠯᠭᠠᠬᠤ ᠬᠡᠷᠡᠭᠳᠡᠢ; ᠬᠠᠷᠢᠭᠤᠴᠠᠯᠭ᠎ᠠ᠎ᠶᠢ ᠴᠢᠩᠭᠠᠳᠬᠠᠨ ᠪᠣᠳᠠᠲᠠᠶ᠋ᠢᠵᠢᠭᠤᠯᠵᠤ ᠂ ᠬᠤᠭᠤᠴᠠᠭ᠎ᠠ ᠰᠣᠯᠢᠬᠤ ᠠᠵᠢᠯ᠎ᠢ ᠲᠡᠭᠦᠰ ᠠᠮᠵᠢᠯᠲᠠ᠎ᠲᠠᠶ ᠪᠡᠶᠡᠯᠡᠭᠦᠯᠬᠦ᠌᠎ᠬᠡᠷᠡᠭᠲᠡᠢ ᠭᠡᠵᠦ ᠱᠠᠭᠠᠷᠳᠠᠪᠠ᠃

 ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠲᠥᠪ ᠬᠣᠷᠢᠶ᠎ᠠ ᠵᠢᠨ ᠳᠡᠳ᠋ ᠲᠡᠷᠢᠭᠦᠯᠡᠭᠴᠢ ᠸᠠᠩ ᠯᠦ᠍᠂ ᠵᠢᠶᠤᠤ ᠬᠣᠩ᠂ ᠯᠢᠦᠶ ᠵᠥᠩ ᠮᠧᠶ᠂ ᠳ᠋ᠠᠨ ᠶᠠᠨ ᠵᠧᠩ᠂ ᠵᠠᠩ ᠴᠢᠤᠸᠠᠨ᠂ ᠸᠠᠩ ᠵᠢᠨ ᠨᠠᠨ᠂ ᠰᠢᠤᠢ ᠲᠤᠤ᠂ ᠳ᠋ᠧᠩ ᠷᠦᠩ ᠯᠢᠩ᠂ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠲᠥᠪ ᠬᠣᠷᠢᠶ᠎ᠠ ᠵᠢᠨ ᠪᠠᠶ᠋ᠢᠩᠭᠤ᠎ᠶᠢᠨ ᠭᠡᠰᠢᠭᠦᠳ ᠬᠤᠷᠠᠯ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠦᠦᠳᠠᠭᠤᠯᠠ᠂ ᠢᠦᠶ ᠯᠢ ᠰᠢᠨ ᠬᠣᠯᠪᠣᠭᠳᠠᠯ ᠪᠦᠬᠦᠢ ᠠᠵᠢᠯᠯᠠᠭ᠎ᠠ᠎ᠳᠤ ᠣᠷᠣᠯᠴᠠᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号