ᠪᠤᠭᠤᠲᠤ ᠎ᠶᠢᠨ ᠳᠣᠯᠣᠳᠤᠭᠠᠷ ᠬᠤᠭᠤᠴᠠᠭᠠᠨ ᠎ᠤ ᠰᠦᠯᠵᠢᠶᠡᠨ ᠳᠡᠭᠡᠷᠡᠬᠢ ᠭᠡᠷ ᠪᠠᠶ᠋ᠢᠰᠢᠩ᠎ᠤᠨ ᠠᠷᠠᠯᠵᠢᠶᠠᠨ᠎ᠤ ᠴᠤᠭᠯᠠᠭᠠᠨ ᠢᠯᠡᠳᠲᠡ ᠦᠷ᠎ᠡ ᠪᠦᠲᠦᠮᠵᠢ ᠤᠯᠪᠠ
2026-07-08 11:30:53
ᠵᠣᠬᠢᠶᠠᠭ᠍ᠴᠢ᠄
ᠸ ·ᠭᠡᠷᠡᠯᠳᠤ
ᠣᠩᠱᠢᠭ᠍ᠰᠠᠨ ᠣᠳᠠᠭ᠎ᠠ᠄
★★★☆☆

ᠪᠤᠭᠤᠲᠤ᠌ ᠬᠣᠲᠠ᠎ᠶᠢᠨ ᠳᠣᠯᠣᠳᠤᠭᠠᠷ ᠬᠤᠭᠤᠴᠠᠭᠠᠨ᠎ᠤ ᠰᠦᠯᠵᠢᠶᠡᠨ ᠳᠡᠭᠡᠷᠡᠬᠢ ᠤᠷᠤᠨ ᠰᠠᠭᠤᠴᠠ ᠵᠢᠨ ᠠᠷᠠᠯᠵᠢᠶᠠᠨ᠎ᠤ ᠴᠤᠭᠯᠠᠭᠠᠨ 5 ᠰᠠᠷ᠎ᠠ᠎ᠶᠢᠨ 15 ᠎ᠤ᠋ ᠡᠳᠦᠷ ᠵᠢᠩᠬᠢᠨᠢ᠎ᠪᠡᠷ ᠡᠬᠢᠯᠡᠭᠰᠡᠨ᠎ᠡᠴᠡ ᠣᠲᠣ ᠪᠣᠯᠲᠠᠯ᠎ᠠ᠂ ᠲᠥᠷᠥ᠎ᠶᠢᠨ ᠪᠣᠳᠣᠯᠭ᠎ᠠ᠎ᠪᠠᠷ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ᠍᠂ ᠨᠠᠷᠢᠯᠢᠭ ᠣᠨᠣᠴᠠᠲᠠᠶ᠎ᠠᠷᠭ᠎ᠠ ᠪᠣᠳᠣᠯᠭ᠎ᠠ ᠬᠡᠷᠡᠭᠵᠢᠭᠦᠯᠦᠨ᠂ ᠲᠥᠷᠥ᠎ᠶᠢᠨ ᠪᠣᠳᠣᠯᠭ᠎ᠠ᠎ᠶᠢᠨ ᠠᠰᠢᠭ ᠲᠤᠰᠠ᠎ᠶᠢ ᠲᠦᠭ ᠲᠦᠮᠡᠨ ᠠᠶ᠋ᠢᠯ ᠡᠷᠦᠬᠡ ᠎ᠶᠢᠨ ᠨᠢᠳᠦᠨ᠎ᠳᠦ ᠦᠵᠡᠭᠳᠡᠮ᠎ᠡ ᠭᠠᠷ ᠲᠤ᠌ ᠪᠠᠷᠢᠭᠳᠠᠮ᠎ᠠ ᠭᠥᠷᠳᠡᠮᠵᠢ ᠵᠢᠨ ᠲᠥᠷᠥᠭᠳᠡᠯ ᠪᠣᠯᠭᠠᠨ ᠬᠤᠪᠢᠷᠠᠭᠤᠯᠪᠠ᠃

6 ᠰᠠᠷ᠎ᠠ᠎ᠶᠢᠨ ᠳᠤᠮᠳᠠᠴᠢ ᠪᠣᠯᠲᠠᠯ᠎ᠠ᠂ ᠪᠤᠭᠤᠲᠤ᠌ ᠬᠣᠲᠠ ᠨᠡᠶ᠋ᠢᠲᠡ 1058 ᠢᠵᠢ ᠰᠢᠨ᠎ᠡ ᠲᠠᠸᠠᠷ᠎ᠤᠨ ᠤᠷᠤᠨ ᠰᠠᠭᠤᠴᠠ ᠵᠢ ᠠᠷᠠᠯᠵᠢᠶᠠᠯᠠᠵᠤ᠂ ᠠᠷᠠᠯᠵᠢᠶᠠᠯᠠᠬᠰᠠᠨ ᠲᠠᠯᠠᠪᠠᠢ ᠨᠢ 12.92 ᠲᠦᠮᠡᠨ ᠲᠡᠭᠰᠢ ᠳᠥᠷᠪᠡᠯᠵᠢᠨ ᠮᠧᠲ᠋ᠷ ᠲᠤ᠌ ᠬᠦᠷᠴᠦ᠂ ᠠᠷᠠᠯᠵᠢᠶᠠᠯᠠᠭᠰᠠᠨ ᠵᠣᠭᠣᠰ᠎ᠤᠨ ᠲᠣᠭ᠎ᠠ ᠨᠢ 8.60 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠠᠷᠠᠯᠵᠢᠶᠠᠯᠠᠭᠰᠠᠨ ᠤᠷᠤᠨ ᠰᠠᠭᠤᠴᠠ ᠵᠢᠨ ᠲᠣᠭ᠎ᠠ᠂ ᠲᠠᠯᠠᠪᠠᠶ᠂ ᠵᠣᠭᠣᠰ᠎ᠤᠨ ᠬᠡᠮᠵᠢᠶ᠎ᠡ᠎ᠨᠢ ᠠᠳᠠᠯᠢ ᠬᠤᠭᠤᠴᠠᠭᠠᠨ᠎ᠤ᠎ᠬᠢ᠎ᠡᠴᠡ ᠲᠣᠰᠪᠤᠷᠢ 28%.13%᠂ 34.88% ᠪᠠ 30.51% ᠪᠠᠷ ᠨᠡᠮᠡᠭᠳᠡᠭᠰᠡᠨ ᠪᠠᠢᠨ᠎ᠠ᠃

5 ᠰᠠᠷ᠎ᠠ᠎ᠶᠢᠨ 10 ᠎ᠤ᠋ ᠡᠳᠦᠷ᠂ ᠪᠤᠭᠤᠲᠤ᠌ ᠬᠣᠲᠠ《ᠬᠡᠷ ᠭᠠᠵᠠᠷ᠎ᠤᠨ ᠬᠥᠷᠥᠩᠭᠡ᠎ᠶᠢᠨ ᠵᠠᠬ᠎ᠠ ᠳᠡᠯᠭᠡᠭᠦᠷ ᠎ᠦᠨ ᠲᠣᠭᠲᠠᠭᠤᠨ ᠪᠥᠭᠡᠳ ᠡᠷᠡᠭᠦᠯ ᠎ᠢᠶᠡᠷ ᠬᠥᠭᠵᠢᠬᠦ᠌ ᠎ᠶᠢ ᠦᠷᠭᠦᠯᠵᠢᠯᠡᠨ ᠠᠬᠢᠭᠤᠯᠬᠤ ᠠᠷᠭ᠎ᠠ ᠬᠡᠮᠵᠢᠶ᠎ᠡ᠎ᠨᠦᠭᠦᠳ》 ᠢ᠋ ᠭᠠᠷᠭᠠᠵᠤ᠂ 16 ᠵᠦᠢᠯ ᠎ᠦᠨ ᠪᠣᠳᠠᠲᠠᠶ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠎ᠵᠢ ᠬᠡᠷᠡᠭᠵᠢᠭᠦᠯᠦᠨ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠌᠂ ᠬᠡᠷᠡᠭᠯᠡᠭᠡ ᠎ᠶᠢ ᠠᠬᠢᠭᠤᠯᠬᠤ᠂ ᠠᠵᠤ ᠠᠬᠤᠶ᠋ᠢᠯᠠᠯ᠎ᠢ ᠲᠤᠰᠠᠯᠠᠬᠤ᠂ ᠬᠠᠩᠭᠠᠯᠭ᠎ᠠ᠎ᠶᠢ ᠰᠢᠯᠢᠳᠡᠭᠵᠢᠭᠦᠯᠬᠦ᠌ ᠳᠥᠷᠪᠡᠨ ᠶᠡᠬᠡ ᠲᠠᠯ᠎ᠠ᠎ᠠᠴᠠ ᠰᠢᠰᠲ᠋ᠧᠮ᠎ᠲᠡᠶ ᠪᠠᠶ᠋ᠢᠷᠢᠰᠢᠭᠤᠯᠪᠠ᠃ 5 ᠡᠳᠦᠷ᠎ᠦᠨ ᠬᠢᠨᠢ ᠳᠠᠷᠠᠭ᠎ᠠ᠂ ᠳᠣᠯᠣᠳᠤᠭᠠᠷ ᠬᠤᠭᠤᠴᠠᠭᠠᠨ ᠎ᠤ ᠰᠦᠯᠵᠢᠶᠡᠨ ᠳᠡᠭᠡᠷᠡᠬᠢ ᠬᠡᠷ ᠪᠠᠶ᠋ᠢᠰᠢᠩ᠎ᠤᠨ ᠠᠷᠠᠯᠵᠢᠶᠠᠨ᠎ᠤ ᠴᠤᠭᠯᠠᠭᠠᠨ ᠬᠥᠰᠢᠭᠡ᠎ᠪᠡᠨ ᠰᠡᠬᠦᠵᠦ᠍᠂《ᠰᠢᠨ᠎ᠡ ᠲᠥᠷᠥ᠎ᠶᠢᠨ ᠪᠣᠳᠣᠯᠭ᠎ᠠ᠎ᠪᠠᠷ ᠰᠠᠭᠤᠷᠢ ᠪᠣᠯᠭᠠᠵᠤ᠂ ᠴᠤᠭᠯᠠᠭᠠᠨ ᠵᠢᠡᠷ ᠠᠬᠢᠭᠤᠯᠬᠤ》ᠬᠤᠤᠰ ᠬᠦᠷᠳᠦᠲᠦ᠍ ᠬᠥᠳᠡᠯᠭᠡᠭᠦᠷ᠎ᠦᠨ ᠪᠠᠶ᠋ᠢᠷᠢᠰᠢᠯ᠎ᠢ ᠪᠦᠷᠢᠯᠳᠦᠭᠦᠯᠪᠡ᠃

ᠪᠤᠭᠤᠲᠤ᠎ᠬᠤᠲᠠ ᠲᠦᠷᠦᠭᠦᠦ ᠢᠵᠢ ᠣᠷᠣᠨ ᠰᠠᠭᠤᠴᠠ ᠬᠤᠳᠠᠯᠳᠤᠨ ᠠᠪᠤᠪᠠᠯ ᠭᠡᠷ᠎ᠡ᠎ᠶᠢᠨ ᠶᠡᠷᠦᠩᠬᠡᠶ ᠦᠨ᠎ᠡ ᠎ᠶᠢᠨ 2% ᠵᠢᠡᠷ ᠨᠥᠬᠥᠪᠥᠷᠢ ᠥᠭᠴᠦ᠍᠂ ᠲᠠᠩ ᠢᠵᠢ ᠬᠡᠷ ᠪᠠᠶ᠋ᠢᠰᠢᠩ᠎ᠤᠨ ᠨᠦᠬᠦᠪᠦᠷᠢ ᠬᠠᠮᠤᠭ ᠎ᠤᠨ ᠥᠨᠳᠥᠷ᠎ᠲᠡᠬᠡᠨ 5 ᠲᠦᠮᠡᠨ ᠲᠥᠭᠥᠷᠢᠭ ᠪᠠᠶ᠋ᠢᠵᠤ᠂ ᠣᠯᠠᠨ ᠬᠡᠦᠬᠡᠳ᠎ᠲᠡᠶ ᠬᠡᠷ ᠪᠦᠯᠢ᠎ᠤᠷᠤᠨ ᠰᠠᠭᠤᠴᠠ ᠬᠤᠳᠠᠯᠳᠤᠨ ᠠᠪᠤᠪᠠᠯ ᠨᠥᠬᠥᠪᠥᠷᠢ᠎ᠨᠢ ᠬᠠᠮᠤᠭ᠎ᠤᠨ ᠥᠨᠳᠥᠷ᠎ᠲᠡᠬᠡᠨ 7 ᠲᠦᠮᠡᠨ ᠲᠥᠭᠥᠷᠢᠭ᠎ᠲᠦ᠍ ᠬᠦᠷᠦᠨ᠎ᠠ᠃ ᠳᠠᠬᠢᠭᠠᠳ ᠲᠠᠯᠠᠪᠠᠶ᠎ᠶᠢ ᠲᠠᠰ ᠬᠤᠪᠢᠶᠠᠨ ᠨᠥᠬᠥᠪᠥᠷᠢ ᠥᠭᠬᠦ᠌᠂ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠵᠢᠭᠡᠯᠡᠯᠭᠡ᠎ᠶᠢ᠎ᠨᠡᠮᠡᠭᠳᠡᠭᠦᠯᠬᠦ᠂ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ  ᠭᠠᠷᠭᠠᠨ ᠠᠪᠬᠤ ᠬᠡᠮᠵᠢᠶ᠎ᠡ᠎ᠶᠢ ᠨᠡᠮᠡᠭᠳᠡᠭᠦᠯᠬᠦ ᠵᠡᠷᠭᠡ ᠣᠯᠠᠨ ᠠᠰᠢᠭᠲᠠᠶ ᠠᠷᠭ᠎ᠠ ᠬᠡᠮᠵᠢᠶ᠎ᠡ ᠠᠪᠴᠠᠢ᠃ ᠪᠦᠷᠢᠳᠬᠡᠯ᠎ᠢ ᠦᠨᠳᠦᠰᠦᠯᠡᠪᠡᠯ᠂ ᠪᠠᠷᠤᠭ 917 ᠲᠦᠮᠡᠨ ᠲᠥᠭᠥᠷᠢᠭ᠎ᠦᠨ ᠣᠷᠣᠨ ᠰᠠᠭᠤᠴᠠ ᠬᠤᠳᠠᠯᠳᠤᠨ ᠠᠪᠬᠤ ᠨᠥᠬᠥᠪᠥᠷᠢ ᠣᠯᠭᠣᠵᠤ᠂ 8.60 ᠳ᠋ᠦᠩᠰᠢᠭᠤᠷ ᠲᠥᠭᠥᠷᠢᠭ᠎ᠦᠨ ᠣᠷᠣᠨ ᠰᠠᠭᠤᠴᠠ᠎ᠶᠢᠨ ᠬᠡᠷᠡᠭᠯᠡᠭᠡᠨ᠎ᠦ ᠵᠠᠬ᠎ᠠ ᠳᠡᠯᠭᠡᠭᠦᠷ᠎ᠢ ᠲᠠᠢᠴᠢᠯᠠᠨ᠂ ᠬᠥᠰᠢᠭᠦᠷᠭᠡ᠎ᠶᠢᠨ ᠦᠢᠯᠡᠳᠤᠯ ᠨᠢ ᠢᠯᠡ ᠲᠤᠳᠤ ᠪᠤᠯᠤᠭᠰᠠᠨ ᠪᠠᠶ᠋ᠢᠨ᠎ᠠ᠃

ᠲᠥᠷᠥ᠎ᠶᠢᠨ ᠪᠣᠳᠣᠯᠭ᠎ᠠ ᠵᠢᠨ ᠲᠠᠯ᠎ᠠ ᠪᠡᠷ  ᠵᠠᠯᠠᠭᠤᠴᠤᠳ ᠎ᠢ ᠬᠠᠷᠠᠭᠠᠯᠵᠠᠬᠤ ᠪᠠᠨ ᠴᠢᠨᠭᠭᠠᠳᠬᠠᠪᠠ᠃ ᠶᠡᠬᠡ  ᠲᠡᠭᠡᠳᠦ ᠳᠤᠮᠳᠠ ᠵᠡᠷᠭᠡ᠎ᠶᠢᠨ ᠲᠤᠰᠬᠠᠶ ᠮᠡᠷᠭᠡᠵᠢᠯ ᠎ᠦᠨ ᠰᠤᠷᠭᠠᠭᠤᠯᠢ ᠵᠢᠴᠢ ᠵᠢᠩᠬᠢᠨᠢ ᠠᠩᠭᠢ ᠡᠴᠡ ᠳᠡᠭᠡᠭᠰᠢᠬᠢ ᠰᠠᠶᠢ ᠲᠡᠭᠦᠰᠦᠭᠰᠡᠨ ᠤᠶᠤᠲᠠᠳ᠎ᠲᠦ᠍ ᠬᠠᠨᠳᠤᠭᠤᠯᠤᠨ᠂ ᠦᠵᠡᠰᠬᠦᠯᠡᠩ ᠎ᠳᠦ ᠣᠷᠣᠯᠴᠠᠭᠰᠠᠨ ᠠᠵᠤ ᠠᠬᠤᠶ᠋ᠢᠯᠠᠯ᠎ᠣᠲᠣ᠎ᠶᠢᠨ ᠬᠠᠷᠠᠭᠠᠯᠵᠠᠯ᠎ᠤᠨ ᠰᠠᠭᠤᠷᠢᠨ ᠳᠡᠭᠡᠷ᠎ᠡ ᠶᠡᠷᠦᠩᠬᠡᠶ ᠦᠨ᠎ᠡ᠎ᠶᠢᠨ 1% ᠪᠡᠷ ᠬᠢᠮᠳᠠᠷᠠᠭᠤᠯᠤᠨ᠂ ᠪᠠᠶ᠋ᠢᠭᠤᠯᠭ᠎ᠠ ᠨᠢᠭᠡᠴᠢ ᠬᠠᠮᠲᠤ᠎ᠪᠠᠷ ᠬᠤᠳᠠᠯᠳᠤᠨ ᠠᠪᠤᠪᠠᠯ ᠰᠠᠭᠤᠷᠢ ᠦᠨ᠎ᠡ᠎ᠶᠢᠨ 3% ᠪᠡᠷ ᠬᠢᠮᠳᠠᠷᠠᠭᠤᠯᠬᠤ ᠬᠠᠷᠠᠭᠠᠯᠵᠠᠯ᠎ᠢ ᠭᠥᠷᠳᠡᠭᠡᠪᠡ᠃ 《ᠬᠠᠭᠤᠴᠢᠨ᠎ᠵᠢᠡᠨ ᠬᠤᠳᠠᠯᠳᠤᠵᠤ ᠰᠢᠨ᠎ᠡ᠎ᠶᠢ ᠬᠤᠳᠠᠯᠳᠤᠨ ᠠᠪᠬᠤ》ᠤᠷᠤᠨ ᠰᠠᠭᠤᠴᠠ ᠵᠢᠨ ᠨᠦᠬᠦᠴᠡᠯ ᠵᠢᠡᠨ ᠰᠠᠢᠵᠢᠷᠠᠭᠤᠯᠬᠤ ᠬᠡᠰᠡᠭ ᠬᠦᠮᠤᠰ ᠲᠤ᠌ ᠵᠤᠷᠢᠭᠤᠯᠤᠨ᠂ 2026 ᠣᠨ᠎ᠠᠴᠠ 2027 ᠣᠨ ᠪᠣᠯᠲᠠᠯ᠎ᠠ ᠬᠠᠭᠤᠴᠢᠨ ᠬᠡᠷ ᠪᠠᠶ᠋ᠢᠰᠢᠩ᠎ᠵᠢᠡᠨ ᠬᠤᠳᠠᠯᠳᠤᠭᠰᠠᠨ᠎ᠤ ᠳᠠᠷᠠᠭ᠎ᠠ ᠨᠢᠭᠡ ᠵᠢᠯ᠎ᠦᠨ ᠳᠣᠲᠣᠷ᠎ᠠ ᠦᠭᠡᠷ᠎ᠡ ᠤᠷᠤᠨ ᠰᠠᠭᠤᠴᠠ ᠬᠤᠳᠠᠯᠳᠤᠨ ᠠᠪᠤᠪᠠᠯ ᠬᠤᠪᠢ ᠬᠥᠮᠦᠨ ᠎ᠦ ᠠᠰᠢᠭ ᠣᠷᠣᠯᠭ᠎ᠠ᠎ᠶᠢᠨ ᠭᠠᠶ᠋ᠢᠯᠢ᠎ᠶᠢ ᠪᠤᠴᠠᠭᠠᠬᠤ ᠬᠠᠷᠠᠭᠠᠯᠵᠠᠯ᠎ᠢ ᠬᠦᠷᠲᠡᠭᠡᠭᠦ ᠪᠡᠷ ᠪᠤᠯᠪᠠ᠃

ᠪᠤᠭᠤᠲᠤ᠌ ᠬᠣᠲᠠ ᠎ᠶᠢᠨ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠣᠪᠴᠢᠶ᠎ᠠ᠎ᠶᠢᠨ ᠬᠡᠷ ᠭᠠᠵᠠᠷ ᠤ᠋ᠨ  ᠬᠥᠷᠥᠩᠭᠡ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠎ᠶᠢᠨ ᠰᠠᠯᠠᠭ᠎ᠠ᠎ᠶᠢᠨ ᠬᠠᠮᠢᠶ᠎ᠠ ᠪᠥᠬᠥᠶ ᠬᠠᠷᠢᠭᠤᠴᠠᠯᠭᠠᠲᠠᠨ᠎ᠤ ᠢᠯᠡᠷᠭᠡᠢᠯᠡᠭᠰᠡᠨ ᠵᠢᠡᠷ᠂ ᠠᠷᠠᠳ ᠲᠦᠮᠡᠨ ᠎ᠢ ᠳᠡᠭᠡᠳᠦᠯᠡᠬᠦ᠌᠎ᠶᠢ ᠪᠠᠷᠢᠮᠲᠠᠯᠠᠵᠤ᠂ ᠦᠨᠡᠨ᠎ᠡᠴᠡ ᠵᠥᠪ᠎ᠢ ᠡᠷᠢᠬᠦ᠌᠎ᠶᠢ ᠪᠠᠷᠢᠮᠲᠠᠯᠠᠵᠤ᠂ ᠲᠥᠷᠥ᠎ᠶᠢᠨ ᠪᠣᠳᠣᠯᠭ᠎ᠠ᠎ᠶᠢ ᠭᠦᠢᠴᠡᠳ ᠰᠠᠶ᠋ᠢᠲᠤᠷ ᠠᠰᠢᠬᠯᠠᠳᠠᠭ ᠯᠡ ᠶᠤᠮ ᠪᠤᠯ ᠯᠠᠪᠲᠠᠶ ᠵᠠᠬ᠎ᠠ ᠳᠡᠯᠭᠡᠭᠦᠷ᠎ᠦᠨ ᠳᠣᠲᠣᠭᠠᠳᠤ ᠬᠥᠳᠡᠯᠭᠡᠬᠦ᠌ ᠬᠦᠴᠦᠨ᠎ᠢ ᠬᠥᠭᠵᠢᠭᠡᠵᠦ᠍ ᠴᠢᠳᠠᠨ᠎ᠠ ᠭᠡᠳᠡᠭ᠎ᠢ ᠲᠤᠰ ᠬᠤᠭᠤᠴᠠᠭᠠᠨ᠎ᠤ ᠬᠡᠷ ᠪᠠᠶ᠋ᠢᠰᠢᠩ᠎ᠤᠨ ᠠᠷᠠᠯᠵᠢᠶᠠᠨ᠎ᠤ ᠴᠤᠭᠯᠠᠭᠠᠨ᠎ᠤ ᠦᠷ᠎ᠡ ᠪᠦᠲᠦᠮᠵᠢ ᠭᠡᠷᠡᠴᠢᠯᠡᠭᠰᠡᠨ ᠪᠠᠢᠨ᠎ᠠ  ᠭᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号