ᠨᠠᠢᠬᠡᠮ ᠤ᠋ᠨ 《 ᠶᠡᠬᠡ ᠵᠠᠰᠠᠯᠳᠠ 》 ᠵᠢ ᠲᠠᠢᠴᠢᠯᠠᠭᠰᠠᠨ ᠭᠤᠳᠤᠮᠵᠢ ᠵᠢᠨ 《 ᠪᠠᠭ᠎ᠠ ᠵᠠᠰᠠᠯᠳᠠ 》
2026-07-08 11:12:06
ᠵᠣᠬᠢᠶᠠᠭ᠍ᠴᠢ᠄
ᠸᠠᠡᠭ ᠲᠠᠨ᠎ᠠ
ᠣᠩᠱᠢᠭ᠍ᠰᠠᠨ ᠣᠳᠠᠭ᠎ᠠ᠄
★★★☆☆

ᠤᠯᠠᠭᠠᠨᠬᠠᠳᠠ ᠬᠤᠳᠠ ᠵᠢᠨ ᠬᠤᠩᠱᠠᠨ ᠲᠣᠭᠣᠷᠢᠭ᠎ᠤ᠋ᠨ ᠶᠦᠩ ᠵᠢᠦᠢ ᠵᠡᠭᠡᠯᠢ ᠭᠤᠳᠤᠮᠵᠢ᠎ᠶᠢᠨ ᠱᠤᠸᠠᠩ ᠴᠢᠶᠣᠤ ᠨᠡᠢᠭᠡᠮ ᠲᠣᠭᠣᠷᠢᠭ ᠲᠡᠭᠢ  ᠤᠤᠯ ᠳ᠋ᠠᠭᠠᠨ ᠪᠤᠷᠤᠭᠠᠨ ᠤᠷᠤᠪᠠᠯ ᠤᠰᠤ ᠬᠤᠷᠠᠳᠠᠭ ᠵᠢᠵᠢᠭ ᠭᠤᠳᠤᠮᠵᠢᠨ ᠳ᠋ᠦ ᠤᠳᠤ ᠶᠡᠬᠡ ᠬᠤᠪᠢᠷᠠᠯᠲᠠ ᠲᠠᠢ ᠪᠤᠯᠵᠠᠢ᠃ ᠥᠩᠭᠡᠷᠡᠭ᠌ᠰᠡᠨ᠎ᠤ 《ᠨᠡᠢᠭᠡᠮ ᠲᠣᠭᠤᠷᠢᠭ ᠤ᠋ᠨ ᠠᠵᠢᠯᠳᠠᠨ ᠠᠵᠢᠯᠯᠠᠵᠤ᠂ ᠰᠠᠭᠤᠭᠠᠯᠢ ᠠᠷᠠᠳ ᠬᠠᠷᠠᠵᠤ ᠵᠤᠭᠰᠤᠬᠤ》 ᠪᠠᠢᠳᠠᠯ ᠲᠠᠢ ᠠᠳᠠᠯᠢ ᠥᠬᠡᠶ ᠨᠢ  ᠨᠡᠢᠭᠡᠮ ᠲᠣᠭᠤᠷᠢᠭ᠎ᠤᠨ ᠳᠠᠭᠠᠭᠤᠯᠭ᠎ᠠ ᠪᠡᠷ ᠹᠠᠡᠭ ᠢ ᠵᠠᠨ ᠰᠠᠭᠤᠭᠠᠯᠢ ᠠᠷᠠᠳ᠎ᠤᠨ ᠲᠣᠭᠤᠷᠢᠭ᠎ᠤᠨ ᠰᠠᠭᠤᠭᠠᠯᠢ ᠠᠷᠠᠳ ᠰᠠᠢᠨ ᠳᠤᠷ᠎ᠠ᠎ᠡᠴᠡ᠎ᠪᠠᠨ《ᠱᠢᠨ᠎ᠡ ᠴᠠᠭ ᠦᠶ᠎ᠡ᠎ᠶ᠋ᠢᠨ ᠵᠢᠵᠢᠭ ᠭᠤᠳᠤᠮᠵᠢ᠎ᠶ᠋ᠢᠨ ᠬᠠᠮ ᠳᠠᠢᠯᠠᠯᠳᠤᠭᠠᠨ》 ᠬᠢᠵᠦ᠂ ᠡᠯ᠎ᠡ ᠰᠠᠭᠤᠭᠠᠯᠢ ᠡᠷᠦᠬᠡ ᠦᠪᠡᠰᠦᠪᠡᠨ ᠪᠠᠭᠠᠵᠢ ᠬᠡᠷᠡᠭ᠌ᠰᠡᠯ᠎ᠢᠶᠠᠨ ᠪᠡᠯᠡᠳᠭᠡᠨ᠂ ᠭᠡᠷ ᠎ᠤᠨ ᠡᠭᠦᠳᠡᠨ᠎ᠡᠴᠡ᠎ᠪᠠᠨ ᠡᠬᠢᠯᠡᠨ ᠬᠢᠵᠦ᠍᠂ ᠠᠮᠢᠳᠤᠷᠠᠯ ᠎ᠤᠨ ᠣᠷᠴᠢᠨ ᠲᠣᠭᠤᠷᠢᠨ᠎ᠢᠶᠠᠨ ᠰᠠᠢᠵᠢᠷᠠᠭᠤᠯᠤᠨ᠂ ᠬᠥᠮᠥᠨ ᠪᠦᠬᠦᠨ ᠣᠷᠣᠯᠴᠠᠵᠤ ᠡᠷᠦᠬᠡ ᠪᠣᠯᠭᠠᠨ ᠬᠦᠴᠦ᠍ ᠭᠠᠷᠭᠠᠬᠤ 《ᠪᠠᠭ᠎ᠠ ᠵᠠᠰᠠᠯᠳᠠ》 ᠪᠠᠷ 《ᠵᠣᠯ ᠵᠢᠷᠭᠠᠯᠲᠤ ᠠᠮᠢᠳᠤᠷᠠᠯ》 ᠵᠢᠡᠨ ᠴᠤᠭᠴᠠᠯᠠᠵᠤ᠂ ᠤᠯᠠᠭᠠᠨᠬᠠᠳᠠ ᠬᠤᠲᠠ ᠎ᠶ᠋ᠢᠨ ᠨᠡᠢᠭᠡᠮ ᠎ᠤᠨ ᠵᠠᠰᠠᠯᠲᠠ᠎ᠶ᠋ᠢᠨ ᠣᠳᠣᠬᠢᠴᠢᠯᠠᠭ᠍ᠰᠠᠨ ᠬᠤᠲᠠ᠎ᠶ᠋ᠢ ᠲᠦᠷᠭᠡᠳᠭᠡᠨ ᠪᠦᠲᠦᠭᠡᠨ ᠪᠠᠢᠭᠤᠯᠬᠤ ᠱᠢᠨ᠎ᠡ ᠰᠦᠪᠡᠭ᠌ᠴᠢᠯᠡᠯᠲᠡ ᠪᠣᠯᠤᠭ᠍ᠰᠠᠨ ᠪᠠᠢᠨ᠎ᠠ᠃

ᠲᠣᠰ ᠵᠢᠵᠢᠭ ᠭᠤᠳᠤᠮᠵᠢ᠎ᠶ᠋ᠢᠨ ᠪᠥᠬᠦ᠌ ᠣᠷᠳᠣ᠎ᠨᠢ 80 ᠭᠠᠷᠤᠶ ᠮᠧᠲᠷ᠂ ᠥᠷᠭᠡᠨ᠎ᠨᠢ 3 ᠮᠧᠲᠷ ᠪᠠᠢᠵᠤ᠂ ᠨᠡᠢᠳᠡ 25 ᠡᠷᠦᠬᠡ ᠰᠠᠭᠤᠭᠠᠯᠢ ᠠᠷᠠᠳ ᠪᠤᠢ᠃ ᠬᠤᠲᠣᠭᠤᠷ ᠭᠠᠵᠠᠷ ᠪᠣᠯᠬᠤᠷ ᠪᠣᠷᠣᠭᠠᠨ ᠣᠷᠣᠮᠠᠭᠴᠠ ᠤᠰᠤ ᠬᠤᠷᠠᠭᠠᠳ ᠱᠢᠪᠠᠷ ᠱᠠᠯᠴᠢᠭ ᠪᠤᠯᠵᠤ᠂ ᠰᠠᠭᠤᠭᠠᠯᠢ ᠠᠷᠠᠳ ᠭᠠᠳᠠᠭᠰᠢ ᠶᠠᠪᠤᠵᠤ ᠰᠠᠭᠤᠬᠤ ᠳ᠋ᠤ ᠮᠠᠰᠢ ᠳᠦᠭᠦᠮ ᠦᠭᠡᠢ ᠪᠤᠯᠳᠠᠭ᠃ ᠪᠡᠯᠡ ᠮᠥᠩᠭᠦ᠌᠂ ᠬᠥᠮᠦᠨ᠎ᠤ ᠬᠦᠴᠦᠨ ᠵᠡᠷᠭᠡ ᠨᠥᠬᠦᠴᠡᠯ ᠎ᠤᠨ ᠬᠢᠵᠠᠭᠠᠷᠯᠠᠯ ᠡᠴᠡ ᠪᠤᠯᠵᠤ ᠠᠰᠠᠭᠤᠳᠠᠯ᠎ᠢ ᠦᠨᠳᠦᠰᠦᠨ᠎ᠡᠴᠡ᠎ᠨᠢ ᠰᠢᠢᠳᠪᠦᠷᠢᠯᠡᠵᠦ ᠴᠢᠳᠠᠭ᠍ᠰᠠᠨ ᠦᠭᠡᠢ᠃ ᠡᠭᠦᠨ᠎ᠤ ᠬᠠᠮᠲᠤ᠌᠂ ᠬᠡᠰᠡᠭ ᠰᠠᠭᠤᠭᠠᠯᠢ ᠠᠷᠠᠳ ᠭᠤᠳᠤᠮᠵᠢᠨ ᠳ᠋ᠦ ᠬᠠᠭᠤᠴᠢᠨ ᠭᠡᠷ᠎ᠤᠨ ᠡᠳ᠋ᠯᠡᠯ ᠬᠡᠷᠡᠭ᠌ᠰᠡᠯ ᠵᠡᠷᠭᠡ ᠬᠠᠶᠠᠭᠳᠠᠮᠠᠯ ᠡᠳ᠋ ᠪᠤᠳᠠᠰ ᠵᠢᠡᠨ ᠳᠤᠷ᠎ᠠ᠎ᠪᠠᠷ ᠵᠢᠡᠨ ᠣᠪᠣᠭᠠᠯᠠᠨ ᠭᠠᠵᠠᠷ ᠡᠵᠡᠯᠡᠭᠡᠳ᠂ ᠭᠤᠳᠤᠮᠵᠢ᠎ᠶ᠋ᠢᠨ ᠪᠦᠬᠦᠯᠢ ᠴᠣᠭ᠍ᠴᠠ᠎ᠶ᠋ᠢᠨ ᠣᠷᠣᠱᠢᠨ ᠰᠠᠭᠤᠬᠤ ᠣᠷᠴᠢᠨ ᠨᠥᠬᠦᠴᠡᠯ᠎ᠢ ᠬᠦᠨᠳᠦ ᠨᠣᠴᠢᠲᠠᠶ ᠨᠥᠯᠥᠭᠡᠯᠡᠪᠡ᠃

ᠤᠯᠠᠨ ᠲᠦᠮᠡᠨ᠎ᠤ 《ᠪᠠᠴᠢᠮᠳᠠᠵᠤ ᠳᠦᠪᠡᠭᠳᠡᠵᠥ ᠵᠤᠪᠠᠨᠢᠵᠤ ᠬᠦᠰᠡᠵᠦ᠍ 》 ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠬᠦ᠎ᠶ᠋ᠢᠨ ᠲᠥᠯᠥᠭᠡ᠂ ᠡᠨᠡ ᠵᠢᠯ᠎ᠤᠨ 5 ᠰᠠᠷ᠎ᠠ᠎ᠳᠤ᠂ ᠱᠤᠸᠠᠩ ᠴᠢᠶᠣᠤ ᠨᠡᠢᠭᠡᠮ ᠲᠣᠭᠤᠷᠢᠭ᠎ᠤᠨ ᠨᠠᠮ᠎ᠤᠨ ᠬᠤᠷᠢᠶ᠎ᠠ ᠰᠠᠭᠤᠭᠠᠯᠢ ᠠᠷᠠᠳ᠎ᠤᠨ ᠬᠡᠷᠡᠭ᠌ᠴᠡᠭᠡ᠎ᠳᠤ ᠰᠠᠭᠤᠷᠢᠯᠠᠵᠤ᠂ ᠵᠠᠰᠠᠯᠲᠠ᠎ᠶ᠋ᠢᠨ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠤᠨ᠂ ᠨᠠᠮ᠎ᠤᠨ ᠭᠡᠱᠢᠭᠦᠨ ᠪᠠ ᠰᠠᠭᠤᠭᠠᠯᠢ ᠠᠷᠠᠳ᠎ᠢ ᠵᠣᠬᠢᠶᠠᠨ ᠪᠠᠢᠭᠤᠯᠵᠤ᠂ ᠬᠠᠮᠲᠤ ᠪᠠᠷ ᠠᠷᠭ᠎ᠠ ᠰᠦᠪᠡᠭ᠌ᠴᠢᠯᠡᠵᠦ᠍᠂《ᠨᠡᠢᠭᠡᠮ ᠲᠣᠭᠤᠷᠢᠭ ᠪᠦᠬᠦᠨ ᠢ᠋ ᠡᠷᠬᠡ ᠮᠡᠳᠡᠨ ᠭᠦᠢᠴᠡᠳᠭᠡᠬᠦ᠌》 ᠤᠯᠠᠮᠵᠢᠯᠠᠯᠲᠤ ᠠᠵᠢᠯ᠎ᠤᠨ ᠰᠡᠳᠭᠢᠮᠵᠢ ᠎ᠶ᠋ᠢ ᠲᠠᠶᠠᠭ᠍ᠳᠠᠵᠤ᠂ 《ᠬᠠᠮᠲᠤ ᠪᠠᠷ ᠵᠠᠰᠠᠬᠤ》 ᠲᠡᠢᠰᠢ ᠬᠤᠪᠢᠷᠠᠭᠤᠯᠤᠨ᠂ ᠰᠠᠭᠤᠭᠠᠯᠢ ᠠᠷᠠᠳ᠎ᠤᠨ ᠭᠤᠣᠯ ᠴᠣᠭ᠍ᠴᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠤᠭᠰᠠᠨ ᠪᠠᠢᠨ᠎ᠠ᠃

ᠵᠠᠰᠠᠨ ᠰᠢᠨᠡᠳᠭᠡᠬᠦ ᠡᠮᠦᠨᠡᠬᠢ ᠬᠤᠭᠤᠴᠠᠭᠠᠨ ᠎ᠳᠤ ᠨᠡᠢᠭᠡᠮ ᠲᠣᠭᠤᠷᠢᠭ᠎ᠤᠨ ᠨᠠᠮ᠎ᠤᠨ ᠬᠤᠷᠢᠶ᠎ᠠ ᠲᠦᠷᠦᠭᠦᠯᠡᠨ ᠨᠢᠭᠡᠳᠦᠯᠲᠡᠶ ᠲᠥᠯᠥᠪᠵᠢᠭᠦᠯᠵᠦ᠍᠂ ᠬᠠᠢᠷ ᠴᠢᠯᠠᠭᠤ᠂ ᠲᠣᠭᠤᠰᠭ᠎ᠠ ᠵᠡᠷᠭᠡ ᠪᠠᠷᠢᠯᠭ᠎ᠠ᠎ᠶ᠋ᠢᠨ ᠲᠦᠭᠦᠬᠡᠶ ᠮᠠᠲ᠋ᠧᠷᠢᠶᠠᠯ ᠴᠤᠭ᠍ᠯᠠᠭᠤᠯᠵᠤ᠂ ᠲᠡᠷᠭᠡ ᠬᠥᠰᠭᠡ ᠵᠤᠬᠢᠴᠠᠭᠤᠯᠤᠨ᠂ ᠵᠡᠭᠡᠯᠢ ᠭᠤᠳᠤᠮᠵᠢ ᠎ᠶ᠋ᠢᠨ ᠬᠤᠭ ᠨᠣᠪᠰᠢ᠂ ᠡᠳ᠋ ᠪᠣᠳᠠᠰ᠎ᠢ ᠴᠡᠪᠡᠷᠯᠡᠨ ᠲᠡᠭᠡᠭᠡᠪᠦᠷᠢᠯᠡᠪᠡ᠃ ᠡᠭᠦᠨ᠎ᠤ ᠬᠠᠮᠲᠤ᠌᠂ ᠲᠤᠤᠷᠵᠢᠯ ᠤ᠋ᠨ ᠠᠵᠢᠯᠲᠠᠨ ᠎ᠢ ᠵᠣᠬᠢᠶᠠᠨ ᠪᠠᠢᠭᠤᠯᠵᠤ᠂ ᠡᠷᠦᠬᠡ ᠳᠠᠷᠠᠭᠠᠯᠠᠨ ᠰᠤᠷᠪᠤᠯᠵᠢᠯᠠᠵᠤ᠂ ᠵᠠᠰᠠᠨ ᠰᠢᠨᠡᠳᠭᠡᠬᠦ ᠲᠥᠰᠦᠯ ᠪᠠ  ᠪᠠᠷᠢᠯᠭ᠎ᠠ᠎ᠶ᠋ᠢᠨ ᠨᠠᠷᠢᠨ ᠵᠤᠢᠯᠡᠰ᠎ᠢ ᠨᠢᠮᠪᠠᠶ ᠲᠠᠢᠯᠪᠤᠷᠢᠯᠠᠨ᠂ ᠰᠠᠭᠤᠭᠠᠯᠢ ᠠᠷᠠᠳ ᠎ᠲᠤ 《ᠡᠳ᠋ ᠪᠤᠳᠠᠰ ᠤ᠋ᠨ ᠮᠠᠲᠧᠷᠢᠶᠠᠯ + ᠵᠢᠯᠣᠭᠤᠳᠣᠯᠭ᠎ᠠ》ᠬᠠᠩᠭᠠᠵᠤ᠂ ᠵᠢᠵᠢᠭ ᠭᠤᠳᠤᠮᠵᠢ ᠎ᠶ᠋ᠢ ᠵᠠᠰᠠᠨ ᠰᠢᠨᠡᠳᠭᠡᠬᠦ ᠰᠠᠨᠠᠭᠠᠴᠢᠯᠠᠭᠠᠲᠤ ᠡᠷᠬᠡ᠎ᠶ᠋ᠢ ᠰᠠᠭᠤᠭᠠᠯᠢ ᠠᠷᠠᠳ᠎ᠲᠤ ᠲᠤᠰᠢᠶᠠᠵᠠᠢ᠃

ᠵᠠᠰᠠᠨ ᠰᠢᠨᠡᠳᠭᠡᠬᠦ ᠠᠷᠭ᠎ᠠ ᠬᠡᠮᠵᠢᠶ᠎ᠡ ᠵᠢ ᠭᠠᠷᠭᠠᠮᠠᠭᠴᠠ᠂ ᠵᠢᠵᠢᠭ ᠭᠤᠳᠤᠮᠵᠢ ᠵᠢᠨ ᠰᠠᠭᠤᠭᠠᠯᠢ ᠠᠷᠠᠳ ᠢᠳᠡᠪᠬᠢᠲᠡᠶ ᠴᠤᠤᠷᠢᠶᠠᠲᠤᠨ ᠳᠠᠭᠠᠵᠤ᠂ ᠪᠥᠬᠦ᠌ ᠬᠦᠴᠦᠨ᠎ᠢᠶᠠᠷ᠎ᠢᠶᠠᠨ ᠵᠠᠰᠠᠯᠳᠠ ᠵᠢᠨ ᠠᠵᠢᠯ ᠢ᠋ ᠲᠡᠮᠵᠢᠪᠡ᠃ ᠲᠤᠰ ᠤᠳᠠᠭᠠᠨ ᠎ᠤ ᠵᠠᠰᠠᠨ ᠰᠢᠨᠡᠳᠭᠡᠬᠦ ᠠᠵᠢᠯ᠎ᠳᠤ ᠳᠠᠢᠴᠢᠯᠠᠯᠲᠠ᠎ᠶ᠋ᠢᠨ ᠬᠤᠷᠠᠯ ᠭᠡᠵᠦ ᠪᠠᠢᠬᠤ ᠦᠭᠡᠢ᠂ ᠡᠭᠦᠷᠭᠡ ᠵᠢᠨ ᠬᠤᠪᠢᠶᠠᠷᠢᠯᠠᠯ ᠭᠡᠵᠦ ᠦᠬᠡᠢ᠂ ᠬᠠᠷᠢᠨ ᠰᠠᠭᠤᠭᠠᠯᠢ ᠠᠷᠠᠳ ᠰᠠᠨᠠᠭᠠᠴᠢᠯᠠᠭ᠎ᠠ᠎ᠡᠴᠡ᠎ᠪᠠᠨ ᠣᠷᠣᠯᠴᠠᠵᠤ᠂ ᠰᠠᠢᠨ ᠳᠤᠷ᠎ᠠ᠎ᠡᠴᠡ᠎ᠪᠠᠨ ᠠᠵᠢᠯ ᠬᠤᠪᠢᠶᠠᠨ ᠠᠪᠴᠤ᠂ ᠪᠠᠷᠢᠯᠭ᠎ᠠ᠎ᠶ᠋ᠢᠨ ᠠᠵᠢᠯ᠎ᠤᠨ ᠡᠮᠦᠨ᠎ᠡ ᠹᠷᠣᠨᠲ᠎ᠲᠤ ᠭᠠᠪᠰᠢᠭᠠᠢᠯᠠᠨ ᠣᠷᠣᠯᠴᠠᠵᠠᠭᠠᠪᠠ᠃

ᠵᠠᠰᠠᠨ ᠰᠢᠨᠡᠳᠭᠡᠬᠦ ᠲᠤᠬᠠᠢ ᠵᠢᠨ ᠲᠠᠯᠠᠪᠠᠢ᠎ᠳᠤ ᠬᠥᠷ ᠬᠥᠭ᠌ᠵᠢᠶᠡᠨ᠎ᠢᠶᠠᠷ ᠪᠢᠯᠬᠠᠵᠤ᠂ ᠡᠮᠬᠢ ᠲᠢᠭᠯᠢᠮ᠎ᠲᠠᠢ ᠠᠵᠢᠯ᠎ᠢ ᠠᠬᠢᠭᠤᠯᠤᠨ᠂ ᠨᠢᠭᠡ ᠲᠠᠯ᠎ᠠ᠎ᠪᠠᠷ ᠭᠤᠳᠤᠮᠵᠢ᠎ᠶ᠋ᠢᠨ ᠳᠣᠲᠣᠷ᠎ᠠ ᠤᠳᠠᠭᠠᠨ ᠵᠢᠯ ᠣᠪᠣᠭᠠᠯᠠᠭ᠍ᠰᠠᠨ ᠬᠠᠭᠤᠴᠢᠨ ᠡᠳ᠋ ᠬᠡᠷᠡᠭ᠌ᠰᠡᠯ᠂ ᠬᠠᠶᠠᠭ᠍ᠳᠠᠮᠠᠯ ᠮᠣᠳᠣᠨ ᠮᠠᠲᠧᠷᠢᠶᠠᠯ᠂ ᠡᠪᠳᠡᠷᠡᠵᠦ᠍ ᠰᠦᠢᠳᠦᠭ᠌ᠰᠡᠨ ᠬᠤᠧᠠᠷ᠎ᠤᠨ ᠫᠧᠩᠰᠡ᠎ᠶ᠋ᠢ ᠲᠥᠪᠯᠡᠷᠡᠭᠦᠯᠦᠨ ᠴᠡᠪᠡᠷᠯᠡᠨ ᠠᠷᠢᠯᠭᠠᠵᠦ᠂ ᠵᠢᠵᠢᠭ ᠭᠤᠳᠤᠮᠵᠢ ᠵᠢᠨ 《ᠤᠤᠯ ᠲᠦᠷᠬᠦ》 ᠵᠢ ᠰᠡᠷᠭᠦᠬᠡᠪᠡ᠃ ᠨᠦᠭᠦᠬᠡ ᠲᠠᠯ᠎ᠠ᠎ᠪᠠᠷ ᠰᠢᠪᠠᠷ ᠵᠢᠭᠤᠷᠠᠬᠤ᠂ ᠬᠠᠲᠠᠭᠤᠷᠠᠭᠤᠯᠬᠤ᠂ ᠤᠰᠤ ᠲᠠᠲᠠᠷᠠᠭᠤᠯᠬᠤ ᠨᠠᠯᠠᠤ᠎ᠶ᠋ᠢ ᠵᠠᠰᠠᠬᠤ ᠵᠡᠷᠬᠡ ᠪᠠᠷᠢᠯᠭ᠎ᠠ ᠵᠢᠨ ᠠᠵᠢᠯ ᠢ᠋ ᠬᠢᠵᠡᠭᠡᠵᠦ᠂ ᠦᠪᠡᠷ ᠤ᠋ᠨ ᠴᠢᠷᠮᠠᠢᠯᠭ᠎ᠠ ᠪᠡᠷ ᠵᠢᠡᠨ ᠤᠷᠤᠰᠢᠨ ᠰᠠᠭᠤᠬᠤ ᠤᠷᠴᠢᠨ ᠨᠦᠭᠦᠴᠡᠯ ᠵᠢᠡᠨ ᠰᠠᠢᠵᠢᠷᠠᠭᠤᠯᠤᠭᠰᠠᠨ ᠪᠠᠢᠨ᠎ᠠ᠃

ᠲᠣᠰ ᠤᠳᠠᠭᠠᠨ᠎ᠤ ᠵᠢᠵᠢᠭ ᠭᠤᠳᠤᠮᠵᠢ᠎ᠶ᠋ᠢᠨ ᠥᠭᠡᠷᠡᠴᠢᠯᠡᠯᠲᠡ᠎ᠳᠤ ᠨᠡᠢᠲᠡ 10 ᠪᠣᠰᠤᠭ᠎ᠠ ᠳᠥᠷᠪᠡᠯᠵᠢᠨ ᠮᠧᠲᠷ ᠬᠠᠢᠷ ᠴᠢᠯᠠᠭᠤ᠂ 5000 ᠭᠠᠷᠤᠶ ᠬᠡᠰᠡᠭ ᠲᠣᠭᠤᠰᠭ᠎ᠠ ᠬᠡᠷᠡᠭ᠌ᠰᠡᠵᠦ᠍᠂ 30 ᠭᠠᠷᠤᠢ ᠰᠠᠭᠤᠭᠠᠯᠢ ᠠᠷᠠᠳ ᠣᠷᠣᠯᠴᠠᠴᠠᠢ᠃ ᠡᠭᠦᠨ᠎ᠳᠤ 6500 ᠲᠥᠭᠦᠷᠢᠭ᠎ᠤᠨ ᠪᠡᠯᠡ ᠬᠡᠷᠡᠭᠰᠡᠵᠦ᠂ ᠬᠠᠮᠲᠤ ᠪᠠᠷ ᠪᠠᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ᠌ ᠵᠠᠰᠠᠯᠲᠠ᠎ᠶ᠋ᠢᠨ ᠵᠠᠭ᠍ᠪᠤᠷ᠎ᠢᠶᠠᠷ ᠣᠷᠣᠱᠢᠨ ᠰᠠᠭᠤᠬᠤ ᠣᠷᠴᠢᠨ ᠲᠣᠭᠤᠷᠢᠨ᠎ᠢ ᠰᠠᠢᠵᠢᠷᠠᠭᠤᠯᠤᠨ᠂ ᠬᠥᠷᠰᠢ ᠵᠡᠷᠭᠡᠯᠡᠳᠡᠭᠡ᠎ᠶ᠋ᠢᠨ ᠡᠶ᠎ᠡ ᠨᠠᠢᠷ᠎ᠢ ᠵᠤᠵᠠᠭᠠᠳᠬᠠᠪᠠ᠃

ᠵᠢᠵᠢᠭ ᠭᠤᠳᠤᠮᠵᠢᠨ ᠎ᠤ ᠡᠮᠬᠢ ᠵᠠᠮᠪᠠᠷᠠᠭ᠎ᠠ ᠦᠭᠡᠢ ᠪᠠᠢᠳᠠᠯ᠎ᠢ ᠬᠤᠪᠢᠷᠠᠭᠤᠯᠵᠤ᠂ ᠴᠡᠪᠡᠷ ᠴᠡᠮᠴᠡᠭᠡᠷ᠂ ᠲᠡᠷᠢ ᠲᠡᠭ᠌ᠰᠢ ᠪᠤᠯᠭᠠᠨ᠂ ᠲᠣᠰ ᠤᠳᠠᠭᠠᠨ᠎ᠤ ᠵᠠᠰᠠᠯᠲᠠ ᠨᠢ ᠰᠠᠭᠤᠭᠠᠯᠢ ᠠᠷᠠᠳ᠎ᠤᠨ ᠠᠮᠢᠳᠤᠷᠠᠯ᠎ᠢ ᠨᠥᠯᠥᠭᠡᠯᠡᠵᠦ᠍ ᠪᠠᠢᠭᠰᠠᠨ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠱᠢᠶ᠋ᠳᠪᠦᠷᠢᠯᠡᠭ᠌ᠰᠡᠨ᠎ᠢᠶᠠᠷ ᠪᠠᠷᠠᠬᠤ ᠦᠭᠡᠢ᠂ ᠨᠠᠩ ᠴᠤ᠌ ᠨᠡᠢᠭᠡᠮ ᠲᠣᠭᠤᠷᠢᠭ᠎ᠤᠨ ᠵᠠᠰᠠᠯᠲᠠ ᠪᠠ ᠰᠠᠭᠤᠭᠠᠯᠢ ᠠᠷᠠᠳ᠎ᠤᠨ ᠬᠤᠭᠤᠷᠣᠨᠳᠣᠬᠢ ᠡᠶ᠎ᠡ ᠨᠠᠢᠷ᠎ᠢ ᠨᠢᠭ᠍ᠲᠠᠷᠠᠭᠤᠯᠪᠠ᠃

ᠵᠢᠵᠢᠭ ᠭᠤᠳᠤᠮᠵᠢ ᠵᠢᠨ ᠵᠠᠰᠠᠯᠲᠠ ᠨᠢ ᠵᠦᠪᠬᠡᠨ ᠬᠦᠯ ᠳᠣᠣᠷᠠᠬᠢ ᠵᠠᠮ ᠎ᠢ  ᠵᠠᠰᠠᠭᠰᠠᠨ ᠶᠠᠪᠤᠳᠠᠯ ᠲᠡᠳᠦᠢ ᠪᠢᠰᠢ᠂ ᠨᠡᠩ ᠴᠤ᠌ ᠨᠡᠢᠭᠡᠮ ᠲᠣᠭᠤᠷᠢᠭ ᠪᠣᠯᠤᠨ ᠰᠠᠭᠤᠭᠠᠯᠢ ᠠᠷᠠᠳ᠎ᠤᠨ ᠬᠤᠭᠤᠷᠣᠨᠳᠣᠬᠢ 《ᠬᠠᠷᠰᠢ ᠰᠠᠭᠠᠳ》  ᠢ᠋ ᠠᠷᠢᠯᠭᠠᠪᠠ᠃ ᠱᠤᠸᠠᠩ ᠴᠢᠶᠣᠤ ᠨᠡᠢᠭᠡᠮ ᠲᠣᠭᠤᠷᠢᠭ ᠡᠢᠮᠦ ᠵᠠᠭᠪᠤᠷ ᠵᠢᠡᠷ ᠬᠠᠷᠢᠶ᠎ᠠ ᠣᠷᠣᠨ᠎ᠤ᠎ᠪᠠᠨ 3 ᠵᠢᠵᠢᠭ ᠭᠤᠳᠤᠮᠵᠢ᠎ᠶ᠋ᠢ  ᠵᠠᠰᠠᠨ ᠰᠢᠨᠡᠳᠬᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号