2025 ᠣᠨ᠎ᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠥᠭᠢᠬᠥᠯᠤᠨ ᠱᠠᠨᠭᠨᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠠ ᠲᠦᠷᠦ᠎ᠶᠢᠨ ᠶᠠᠪᠤᠳᠠᠯ᠎ᠤᠨ ᠬᠣᠷᠢᠶ᠎ᠡ ᠵᠢᠨ ᠲᠣᠭᠲᠠᠭᠠᠯ
2026-07-09 10:37:42
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2026 ᠣᠨ᠎ᠤ 7 ᠰᠠᠷ᠎ᠠ᠎ᠶᠢᠨ 8᠎ᠤ᠋ ᠡᠳᠦᠷ)


ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠳᠣᠬᠢᠴᠢᠯᠠᠯᠲᠠ ᠵᠢᠨ ᠲᠤᠯᠭᠠᠭᠤᠷᠢᠯᠠᠯ᠎ᠳᠦ ᠲᠦᠰᠢᠭᠯᠡᠨ᠎ᠡ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠤᠯᠤᠰ᠎ᠤᠨ ᠬᠥᠭᠵᠢᠯᠲᠡ᠎ᠶᠢᠨ ᠪᠦᠬᠦ ᠲᠠᠯ᠎ᠠ᠎ᠶᠢᠨ ᠭᠣᠣᠯᠯᠠᠭ᠍ᠴᠢ ᠪᠠᠢᠷᠢᠨ᠎ᠳᠤ ᠲᠠᠯᠪᠢᠬᠤ᠎ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠯ᠎ᠤᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ  ᠬᠦᠴᠦᠷᠬᠡᠭᠵᠢᠭᠦ᠎ᠶᠢ ᠲᠦᠷᠭᠡᠳᠬᠡᠨ ᠪᠡᠶᠡᠯᠡᠭᠦᠯᠵᠦ᠂ ᠮᠠᠨ᠎ᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠣᠳᠠᠲᠤ ᠬᠦᠴᠦᠨ᠎ᠦ ᠰᠢᠨ᠎ᠡ ᠳᠡᠭᠲᠡᠷ᠎ᠲᠦ ᠭᠠᠷᠬᠤ᠎ᠶᠢ ᠲᠦᠯᠬᠢᠨ ᠠᠬᠢᠭᠤᠯᠪᠠ᠃ ᠥᠷᠭᠡᠨ ᠤᠯᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ ᠰᠡᠳᠬᠢᠯ ᠰᠢᠭᠤᠳᠤᠨ ᠡᠷᠡᠯᠬᠡᠭᠯᠡᠨ ᠤᠷᠤᠭᠰᠢᠯᠠᠵᠤ᠂ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ᠎ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠣᠶᠠᠨ ᠤᠷᠬᠢᠯ᠎ᠳᠤ ᠵᠣᠷᠢᠭ᠍ᠲᠠᠢ ᠠᠪᠠᠷᠢᠵᠤ᠂ ᠨᠢᠭᠡ ᠪᠦᠯᠦᠭ ᠴᠢᠬᠤᠯᠠ ᠶᠡᠬᠡ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ᠎ᠢ ᠣᠯᠵᠤ᠂ ᠨᠡᠢᠭᠡᠮ ᠵᠢᠷᠤᠮᠲᠦ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠠᠢᠭᠤᠯᠤᠨ ᠪᠦᠲᠦᠭᠡᠬᠦ ᠎ᠳᠤ ᠨᠡᠩ ᠪᠠᠲᠤ ᠪᠡᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠠᠭᠤᠷᠢ᠎ᠶᠢ ᠲᠠᠯᠪᠢᠵᠠᠢ᠃

ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠢᠶᠡᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠣᠳᠣᠯᠭ᠎ᠠ᠂ ᠴᠢᠳᠠᠪᠤᠷᠢᠲᠠᠨ᠎ᠢᠶᠠᠷ ᠤᠯᠤᠰ᠎ᠢᠶᠠᠨ ᠬᠦᠴᠦᠷᠬᠡᠭᠵᠢᠭᠦᠯᠬᠦ ᠪᠠᠢᠯᠳᠤᠬᠤ ᠪᠣᠳᠣᠯᠭ᠎ᠠ᠂ ᠰᠢᠨ᠎ᠡ᠎ᠶᠢ ᠡᠭᠦᠳᠬᠦ᠎ᠪᠡᠷ ᠬᠥᠭᠵᠢᠯᠲᠡ᠎ᠶᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠬᠦ ᠵᠢᠨ ᠲᠦᠯᠦᠭᠡ᠂ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠡᠴᠡ ᠮᠠᠨ᠎ᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠠᠪᠰᠢᠯᠳᠠ᠂ ᠠᠵᠤ ᠠᠬᠤᠢ ᠨᠡᠢᠭᠡᠮ᠎ᠦᠨ ᠬᠥᠭᠵᠢᠯᠲᠡ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠳᠤ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠨ ᠪᠠ ᠵᠣᠬᠢᠶᠠᠨ ᠪᠠᠢᠭᠤᠯᠤᠯᠲᠠ᠎ᠶᠢ ᠬᠦᠬᠢᠭᠦᠯᠦᠨ ᠱᠠᠩᠨᠠᠬᠤ᠎ᠪᠠᠷ ᠲᠣᠭᠲᠠᠭᠠᠪᠠ᠃

《ᠤᠯᠤᠰ᠎ᠤᠨ ᠭᠠᠪᠢᠶ᠎ᠠ ᠵᠢᠳᠬᠦᠯ ᠢᠷᠠᠭᠤ ᠠᠯᠳᠠᠷ᠎ᠤᠨ ᠬᠥᠬᠢᠭᠦᠯᠦᠨ ᠰᠠᠢᠰᠢᠶᠠᠬᠤ ᠳᠦᠷᠢᠮ》᠂ 《ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠬᠢᠬᠦᠯᠦᠨ ᠱᠠᠩᠨᠠᠬᠤ ᠳᠦᠷᠢᠮ》 ᠦ᠋ᠨ ᠲᠣᠭᠲᠠᠭᠠᠯ᠎ᠢ ᠦᠨᠳᠦᠰᠦᠯᠡᠵᠤ᠂ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠱᠠᠩᠨᠠᠯ᠎ᠢ ᠬᠢᠨᠠᠨ ᠲᠣᠭᠲᠠᠭᠠᠬᠤ ᠵᠦᠪᠯᠡᠯ᠎ᠡᠴᠡ ᠬᠢᠨᠠᠨ ᠲᠣᠭᠲᠠᠭᠠᠵᠤ᠂ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠱᠠᠩᠨᠠᠯ᠎ᠤᠨ ᠵᠦᠪᠯᠡᠯ ᠡᠴᠡ ᠬᠢᠨᠠᠨ ᠲᠣᠭᠲᠠᠭᠠᠬᠤ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠠᠮᠤᠨ ᠡᠴᠡ ᠬᠢᠨᠠᠨ ᠬᠠᠷᠭᠤᠭᠤᠯᠵᠤ᠂ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠬᠦ᠎ᠶᠢᠨ ᠬᠠᠮᠲᠤ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠳ᠋ᠤ᠌ ᠮᠡᠳᠡᠭᠦᠯᠦᠨ ᠭᠠᠷ᠎ᠤᠨ ᠦᠰᠦᠭ ᠵᠢᠷᠤᠭᠤᠯᠵᠤ᠂ ᠴᠧᠨ ᠯᠢ ᠴᠢᠦᠸᠠᠨ ᠠᠺᠠᠳᠧᠮᠢᠴᠢ᠂ ᠪᠸᠨ᠎ᠳ᠋ᠸ ᠠᠺᠠᠳᠧᠮᠢᠴᠢ᠎ᠳᠦ ᠤᠯᠤᠰ᠎ᠤᠨ ᠬᠠᠮᠤᠭ᠎ᠤᠨ ᠦᠨᠳᠦᠷ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠱᠠᠩᠨᠠᠯ᠎ᠢ ᠣᠯᠭᠣᠪᠠ; ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ ᠵᠦᠪᠰᠢᠶᠡᠷᠡᠵᠤ᠂ 《ᠭᠠᠭᠴᠠ ᠠᠲ᠋ᠣᠮ᠎ᠤᠨ ᠲᠦᠷᠭᠡᠳᠬᠡᠭᠦᠷ》 ᠵᠡᠷᠭᠡ 3 ᠵᠦᠢᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠳᠦ ᠤᠯᠤᠰ᠎ᠤᠨ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠱᠠᠩᠨᠠᠯ᠎ᠤᠨ ᠨᠢᠭᠡᠳᠦᠭᠡᠷ ᠳᠡᠰ᠎ᠤᠨ ᠱᠠᠩᠨᠠᠯ᠎ᠢ ᠣᠯᠭᠣᠵᠤ᠂ 《ᠬᠤᠮᠤᠲ᠋ᠤᠫᠢ ᠰᠦᠷᠦᠭ᠎ᠦᠨ ᠪᠣᠳᠣᠯᠭ᠎ᠠ ᠪᠠ ᠪᠥᠮᠪᠥᠷᠭᠡᠨ ᠭᠠᠳᠠᠷᠭᠤ᠎ᠶᠢᠨ ᠢᠯᠭᠠᠷᠠᠯ᠎ᠤᠨ ᠪᠦᠲᠦᠴᠡ᠎ᠶᠢᠨ ᠠᠩᠭᠢᠯᠠᠯ》 ᠵᠡᠷᠭᠡ 48 ᠵᠦᠢᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠳᠦ ᠤᠯᠤᠰ᠎ᠤᠨ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠱᠠᠩᠨᠠᠯ᠎ᠤᠨ ᠬᠣᠶᠠᠳᠤᠭᠠᠷ ᠳᠡᠰ᠎ᠤᠨ ᠱᠠᠩᠨᠠᠯ᠎ᠢ ᠣᠯᠭᠣᠵᠤ᠂ 《ᠤᠷᠤᠨ ᠵᠠᠢ᠎ᠶᠢᠨ ᠬᠠᠴᠢᠨ ᠨᠥᠬᠥᠴᠡᠯ ᠳᠣᠣᠷᠠᠬᠢ ᠥᠨᠳᠥᠷ ᠳᠤᠯᠠᠭᠠᠨ᠎ᠤ ᠲᠡᠮᠦᠷᠯᠢᠭ ᠮᠠᠲᠧᠷᠢᠶᠠᠯ᠎ᠤᠨ ᠬᠡᠲᠦ ᠰᠡᠯᠭᠦᠭᠡ ᠵᠢᠨ ᠮᠡᠷᠭᠡᠵᠢᠯ ᠬᠢᠭᠡᠳ ᠰᠢᠨᠵᠢᠯᠡᠬᠦ ᠤᠬᠠᠭᠠᠨ᠎ᠤ ᠲᠤᠷᠰᠢᠯᠲᠠ᠎ᠶᠢᠨ ᠰᠢᠰᠲᠧᠮ 》 ᠵᠡᠷᠭᠡ 3 ᠵᠦᠢᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠳᠦ ᠤᠯᠤᠰ᠎ᠤᠨ ᠮᠡᠷᠭᠡᠵᠢᠯ᠎ᠦᠨ ᠡᠭᠦᠳᠦᠯᠲᠡ᠎ᠶᠢᠨ ᠱᠠᠩᠨᠠᠯ᠎ᠤᠨ ᠨᠢᠭᠡᠳᠦᠭᠡᠷ ᠳᠡᠰ᠎ᠤᠨ ᠱᠠᠩᠨᠠᠯ ᠎ᠢ᠎ᠣᠯᠭᠣᠵᠤ᠂ 《ᠳᠡᠭᠡᠳᠦ ᠳᠡᠰ᠎ᠤᠨ ᠦᠢᠯᠡᠳᠬᠡᠯ᠎ᠳᠦ ᠬᠠᠨᠳᠤᠭᠤᠯᠤᠭᠰᠠᠨ ᠮᠠᠰᠢᠨ ᠬᠥᠮᠥᠨ᠎ᠦ ᠮᠡᠷᠭᠡᠵᠢᠯ ᠪᠣᠯᠣᠨ ᠲᠣᠨᠣᠭ ᠲᠥᠬᠦᠭᠡᠷᠦᠮᠵᠢ》 ᠵᠡᠷᠭᠡ 55 ᠵᠦᠢᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠳᠦ ᠤᠯᠤᠰ᠎ᠤᠨ ᠮᠡᠷᠭᠡᠵᠢᠯ᠎ᠦᠨ ᠡᠭᠦᠳᠦᠯᠲᠡ᠎ᠶᠢᠨ ᠱᠠᠩᠨᠠᠯ᠎ᠤᠨ ᠬᠣᠶᠠᠳᠤᠭᠠᠷ ᠳᠡᠰ᠎ᠤᠨ ᠱᠠᠩᠨᠠᠯ ᠎ᠢ ᠣᠯᠭᠣᠵᠤ᠂ 《ᠲᠡᠮᠡᠴᠡᠭᠴᠢ ᠨᠡᠷᠡᠮᠵᠢᠲᠦ ᠪᠦᠬᠦ ᠳᠠᠯᠠᠶ᠎ᠶᠢᠨ ᠭᠦᠨ᠎ᠳᠡᠬᠢ ᠬᠥᠮᠥᠨ ᠰᠠᠭᠤᠯᠭᠠᠭᠰᠠᠨ ᠱᠤᠩᠪᠠᠯᠲᠠ᠎ᠶᠢᠨ ᠪᠠᠭᠠᠵᠢ》 ᠵᠡᠷᠭᠡ 3 ᠵᠦᠢᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠳᠦ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠠᠪᠰᠢᠯᠲᠠ᠎ᠶᠢᠨ ᠱᠠᠩᠨᠠᠯ᠎ᠤᠨ ᠣᠨᠴᠠ ᠳᠡᠰ᠎ᠤᠨ ᠱᠠᠩᠨᠠᠯ ᠎ᠢ᠎ᠣᠯᠭᠣᠵᠤ᠂ 《ᠳᠤᠮᠳᠠᠳᠤ᠎ᠶᠢᠨ ᠡᠭᠦᠯᠳᠡᠷ᠎ᠦᠨ ᠭᠠᠬᠠᠢ᠎ᠶᠢᠨ ᠡᠭᠦᠯᠳᠡᠷ ᠪᠣᠢᠵᠢᠭᠤᠯᠬᠤ ᠮᠡᠷᠭᠡᠵᠢᠯ ᠬᠢᠭᠡᠳ ᠭᠣᠣᠯᠯᠠᠬᠤ ᠡᠭᠦᠯᠳᠡᠷ᠎ᠦᠨ ᠢᠷᠡᠯᠲᠡ᠎ᠶᠢᠨ ᠡᠭᠦᠳᠦᠯᠲᠡ ᠵᠢᠴᠢ ᠬᠡᠷᠡᠭᠯᠡᠯᠲᠡ》 ᠵᠡᠷᠭᠡ 13 ᠵᠦᠢᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠳᠦ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠠᠪᠰᠢᠯᠲᠠ᠎ᠶᠢᠨ ᠱᠠᠩᠨᠠᠯ᠎ᠤᠨ ᠨᠢᠭᠡᠳᠦᠭᠡᠷ ᠳᠡᠰ᠎ᠤᠨ ᠱᠠᠩᠨᠠᠯ᠎ᠢ ᠣᠯᠭᠣᠵᠤ᠂ 《ᠳᠤᠮᠳᠠᠳᠤ ᠯᠠᠤᠰ᠎ᠤᠨ ᠲᠡᠮᠦᠷ ᠵᠠᠮ᠎ᠤᠨ ᠢᠨᠵᠧᠨᠧᠷᠢᠩ᠎ᠦᠨ ᠵᠠᠩᠭᠢᠯᠠᠭ᠎ᠠ᠎ᠶᠢᠨ ᠮᠡᠷᠭᠡᠵᠢᠯ》 ᠵᠡᠷᠭᠡ 133 ᠵᠦᠢᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠳᠦ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠠᠪᠰᠢᠯᠲᠠ᠎ᠶᠢᠨ ᠱᠠᠩᠨᠠᠯ᠎ᠤᠨ ᠬᠣᠶᠠᠳᠤᠭᠠᠷ ᠳᠡᠰ᠎ᠤᠨ ᠱᠠᠩᠨᠠᠯ᠎ᠢ ᠣᠯᠭᠣᠵᠤ᠂ ᠠᠷᠲ᠋ᠸᠮ·ᠤᠭᠠᠨᠤᠹ ᠫᠷᠤᠹᠸᠰᠰᠤᠷ ᠵᠡᠷᠭᠡ ᠭᠠᠳᠠᠭᠠᠳᠤ᠎ᠶᠢᠨ 9 ᠲᠤᠰᠬᠠᠢ ᠮᠡᠷᠭᠡᠵᠢᠯᠲᠡᠨ᠎ᠳᠦ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠠᠨ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠠᠮᠲᠤᠷᠠᠯᠴᠠᠭᠠᠨ᠎ᠤ ᠱᠠᠩᠨᠠᠯ᠎ᠢ ᠣᠯᠭᠣᠪᠠ᠃

ᠨᠠᠮ᠎ᠤᠨ ᠲᠥᠪ ᠬᠣᠷᠢᠶ᠎ᠠ ᠡᠴᠡ᠂ ᠪᠦᠬᠦ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ ᠤᠯᠤᠰ᠎ᠤᠨ ᠬᠠᠮᠤᠭ᠎ᠤᠨ ᠦᠨᠳᠦᠷ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠱᠠᠩᠨᠠᠯ ᠬᠦᠷᠲᠡᠭᠰᠡᠳ ᠵᠢᠴᠢ ᠪᠦᠬᠦ ᠱᠠᠩᠨᠠᠯ ᠬᠦᠷᠲᠡᠭᠰᠡᠳ᠎ᠡᠴᠡ ᠰᠤᠷᠤᠯᠴᠠᠵᠤ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠨ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠠᠷᠠᠯᠲᠠ ᠵᠢ ᠪᠠᠲᠦ ᠡᠵᠡᠮᠳᠡᠵᠤ᠂ 《ᠳᠥᠷᠪᠡ᠎ᠳᠦ ᠬᠠᠨᠳᠤᠭᠤᠯᠬᠤ》 ᠶ᠋ᠢ ᠪᠠᠷᠢᠮᠲᠠᠯᠠᠵᠤ᠂ ᠰᠢᠨᠵᠢᠯᠡᠬᠦ ᠤᠬᠠᠭᠠᠨᠲᠠᠨ᠎ᠤ ᠵᠣᠷᠢᠭ᠋ ᠰᠠᠨᠠᠭ᠎ᠠ᠎ᠶᠢ ᠶᠡᠬᠡ ᠪᠡᠷ ᠪᠠᠳᠠᠷᠠᠭᠤᠯᠵᠤ᠂ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ᠎ᠶᠢᠨ ᠲᠡᠦᠬᠡᠨ ᠠᠵᠠ ᠲᠣᠬᠢᠶᠠᠯ᠎ᠢ ᠡᠵᠡᠮᠳᠡᠵᠦ᠂ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ ᠴᠢᠳᠠᠪᠤᠷᠢ᠎ᠪᠠᠨ ᠪᠦᠬᠦ ᠲᠠᠯ᠎ᠠ᠎ᠪᠠᠷ ᠴᠢᠩᠭᠠᠳᠬᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠥᠭᠵᠢᠯᠲᠡ᠎ᠶᠢᠨ ᠠᠰᠢᠭ᠍ᠲᠠᠢ ᠪᠠᠢᠷᠢ᠎ᠶᠢ ᠵᠠᠪᠳᠤᠨ ᠡᠵᠡᠯᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠲᠦᠯᠬᠢᠨ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠠᠰᠤᠷᠠᠯᠲᠠ ᠦᠭᠡᠢ ᠪᠤᠢ ᠪᠣᠯᠭᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠴᠢᠨᠠᠷ ᠰᠠᠢᠲᠠᠢ ᠬᠥᠭᠵᠢᠯᠲᠡ᠎ᠶᠢ ᠬᠥᠲᠥᠯᠦᠨ ᠳᠠᠭᠠᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠤᠷᠢᠶᠠᠯᠠᠪᠠ᠃

(ᠰᠢᠨᠬᠤᠸᠠ ᠬᠣᠷᠢᠶ᠎ᠡ ᠵᠢᠨ ᠪᠡᠭᠡᠵᠢᠩ᠎ᠤᠨ 7 ᠰᠠᠷ᠎ᠠ ᠵᠢᠨ 8 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号