ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠬᠢᠭᠦᠯᠦᠨ ᠱᠠᠩᠨᠠᠬᠤ ᠶᠡᠬᠡ ᠬᠤᠷᠠᠯ ᠬᠣᠶᠠᠷ ᠬᠦᠷᠢᠶᠡᠯᠡᠩ ᠎ᠤᠨ ᠠᠺᠠᠳᠧᠮᠢᠴᠢ᠎ᠶᠢᠨ ᠶᠡᠬᠡ ᠬᠤᠷᠠᠯ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠶ᠋ᠢᠭᠡᠮᠯᠢᠭ᠎ᠦᠨ ᠠᠷᠪᠠᠨ ᠨᠢᠭᠡᠳᠦᠭᠡᠷ ᠤᠳᠠᠭ᠎ᠠ᠎ᠶᠢᠨ ᠪᠦᠬᠦ᠌ ᠤᠯᠤᠰ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠡᠭᠡᠵᠢᠩ ᠎ᠳᠦ ᠬᠤᠷᠠᠯᠳᠤᠪᠠ
2026-07-09 09:18:24
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠦ ᠴᠢᠬᠤᠯᠠᠴᠢᠯᠠᠭᠰᠠᠨ ᠨᠢ᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠣᠷᠭᠡᠭ ᠤᠯᠤᠰ᠎ᠤᠨ ᠪᠦᠲᠦᠭᠡᠨ  ᠪᠠᠶ᠋ᠢᠭᠤᠯᠤᠯᠲᠠ ᠵᠢᠨ ᠵᠠᠩᠭᠢᠯᠠᠭ᠎ᠠ᠎ᠶᠢᠨ ᠪᠣᠭᠣᠮᠲᠠ ᠰᠢᠪᠲᠤᠯᠬᠤ ᠬᠤᠭᠤᠴᠠᠭ᠎ᠠ ᠮᠥᠨ᠃ ᠡᠷᠬᠡᠪᠰᠢ ᠲᠡᠦᠬᠡ ᠎ᠶᠢᠨ ᠠᠵᠠ ᠲᠣᠬᠢᠶᠠᠯ ᠎ᠢ ᠠᠮᠵᠢᠵᠤ᠂ ᠴᠠᠭ ᠦᠶ᠎ᠡ᠎ᠶᠢᠨ ᠥᠷᠢᠰᠥᠯᠳᠦᠭᠡᠨ᠎ᠢ ᠤᠭᠲᠤᠵᠤ᠂ ᠥᠨᠳᠥᠷ ᠲᠦᠪᠰᠢᠨ ᠪᠥᠬᠥᠶ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠲᠠᠯ᠎ᠠ ᠪᠡᠷ ᠪᠡᠶ᠎ᠡ ᠎ᠪᠡᠨ ᠳᠠᠭᠠᠭᠠᠵᠤ  ᠬᠦᠴᠦᠷᠬᠡᠭᠵᠢᠬᠦ᠌᠎ᠶᠢ ᠲᠦᠷᠭᠡᠳᠬᠡᠨ ᠠᠬᠢᠭᠤᠯᠵᠤ᠂ 2035 ᠣᠨ ᠪᠣᠯᠬᠤ᠎ᠳᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠠᠢᠭᠤᠯᠤᠨ ᠪᠦᠳᠦᠭᠡᠬᠦ ᠬᠠᠷᠠᠯᠲᠠ ᠲᠡᠶ᠋ᠢᠰᠢ ᠡᠷᠡᠰ  ᠪᠠᠲᠤ᠌ ᠤᠷᠤᠭᠰᠢᠯᠠᠵᠤ᠂ ᠯᠠᠪᠳᠠᠭᠤᠨ ᠪᠠᠲᠤᠲᠠᠶ᠎ᠪᠠᠷ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠰᠢᠨ᠎ᠡ ᠵᠢ ᠡᠭᠦᠳᠬᠦ ᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠲᠤᠯᠭᠠᠭᠤᠷᠢᠯᠠᠬᠤ ᠪᠠ ᠬᠥᠲᠥᠯᠥᠨ ᠳᠠᠭᠠᠭᠤᠯᠬᠤ ᠬᠡᠷᠡᠭᠲᠡᠶ

 ᠯᠢ ᠴᠢᠶᠠᠩ ᠬᠤᠷᠠᠯ᠎ᠢ ᠡᠷᠭᠢᠯᠡᠵᠥ   ᠵᠣᠣ ᠯᠸ ᠵᠢᠶ  ᠸᠠᠩ ᠬᠣ᠌ ᠨᠢᠩ   ᠼᠠᠢ ᠴᠢ  ᠯᠢ ᠰᠢ ᠣᠷᠣᠯᠴᠠᠪᠠ   ᠳ᠋ᠢᠩ ᠰᠢᠤᠸᠠᠢ ᠰᠢᠶᠠᠩ ᠬᠦᠬᠢᠭᠦᠯᠦᠨ ᠱᠠᠩᠨᠠᠬᠤ ᠲᠣᠭᠲᠠᠭᠠᠯ ᠢ᠋ ᠤᠩᠰᠢᠨ ᠨᠡᠶ᠋ᠢᠲᠡᠯᠡᠵᠡᠢ


ᠤᠯᠤᠰ ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠬᠢᠭᠦᠯᠦᠨ ᠱᠠᠩᠨᠠᠬᠤ ᠶᠡᠬᠡ ᠬᠤᠷᠠᠯ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠬᠣᠷᠢᠨ ᠬᠣᠶᠠᠳᠤᠭᠠᠷ ᠤᠳᠠᠭ᠎ᠠ ᠵᠢᠨ ᠠᠺᠠᠳᠧᠮᠢᠴᠢ᠎ᠶᠢᠨ ᠶᠡᠬᠡ ᠬᠤᠷᠠᠯ ᠪᠠ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠷᠪᠠᠨ ᠨᠠᠶ᠋ᠮᠠᠳᠤᠭᠠᠷ ᠤᠳᠠᠭᠠᠨ᠎ᠤ ᠠᠺᠠᠳᠧᠮᠢᠴᠢ᠎ᠶᠢᠨ ᠶᠡᠬᠡ ᠬᠤᠷᠠᠯ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠶ᠋ᠢᠭᠡᠮᠯᠢᠭ᠎ᠦᠨ ᠠᠷᠪᠠᠨ ᠨᠢᠭᠡᠳᠦᠭᠡᠷ ᠤᠳᠠᠭ᠎ᠠ ᠵᠢᠨ ᠪᠥᠬᠥ᠌ ᠤᠯᠤᠰ᠎ᠤᠨ ᠲᠥᠯᠥᠭᠡᠯᠡᠭᠴᠢᠳ᠎ᠦᠨ ᠶᠡᠬᠡ ᠬᠤᠷᠠᠯ 8 ᠎ᠤ᠋ ᠡᠳᠦᠷ᠎ᠦᠨ ᠦᠳᠡ᠎ᠶᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠡᠷ ᠬᠤᠷᠠᠯᠳᠤᠪᠠ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠶᠡᠬᠡ ᠬᠤᠷᠠᠯ᠎ᠳᠤ ᠣᠷᠣᠯᠴᠠᠵᠤ᠂ ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠠᠩᠨᠠᠯ ᠬᠦᠷᠳᠡᠭᠰᠡᠳ ᠵᠡᠷᠭᠡ᠎ᠳᠦ ᠱᠠᠩᠨᠠᠯ ᠭᠠᠷᠳᠠᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭ᠎ᠠ ᠪᠣᠯ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠣᠷᠭᠡᠭ ᠤᠯᠤᠰ᠎ᠤᠨ ᠪᠦᠲᠦᠭᠡᠨ  ᠪᠠᠶ᠋ᠢᠭᠤᠯᠤᠯᠲᠠ ᠵᠢᠨ ᠵᠠᠩᠭᠢᠯᠠᠭ᠎ᠠ᠎ᠶᠢᠨ ᠪᠣᠭᠣᠮᠲᠠ ᠰᠢᠪᠲᠤᠯᠬᠤ ᠬᠤᠭᠤᠴᠠᠭ᠎ᠠ ᠮᠥᠨ᠃ ᠡᠷᠬᠡᠪᠰᠢ ᠲᠡᠦᠬᠡ᠎ᠶᠢᠨ ᠠᠵᠠ ᠲᠣᠬᠢᠶᠠᠯ᠎ᠢ ᠠᠮᠵᠢᠵᠤ᠂ ᠴᠠᠭ ᠦᠶ᠎ᠡ ᠎ᠶᠢᠨ ᠥᠷᠢᠰᠥᠯᠳᠦᠭᠡᠨ ᠎ᠢ ᠤᠭᠲᠤᠵᠤ᠂ ᠥᠨᠳᠥᠷ ᠲᠦᠪᠰᠢᠨ ᠪᠥᠬᠥᠶ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ  ᠬᠦᠴᠦᠷᠬᠡᠭᠵᠢᠬᠦ᠌᠎ᠶᠢ ᠲᠦᠷᠭᠡᠳᠬᠡᠨ ᠠᠬᠢᠭᠤᠯᠵᠤ᠂ 2035 ᠣᠨ ᠪᠣᠯᠬᠤ᠎ᠳᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠠᠢᠭᠤᠯᠤᠨ ᠪᠦᠳᠦᠭᠡᠬᠦ ᠬᠠᠷᠠᠯᠲᠠ ᠲᠡᠶ᠋ᠢᠰᠢ ᠡᠷᠡᠰ ᠪᠠᠲᠤ᠌ ᠤᠷᠤᠭᠰᠢᠯᠠᠵᠤ᠂ ᠯᠠᠪᠳᠠᠭᠤᠨ ᠪᠠᠲᠤᠲᠠᠶ᠎ᠪᠠᠷ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠵᠢ ᠡᠭᠦᠳᠬᠦ᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠲᠤᠯᠭᠠᠭᠤᠷᠢᠯᠠᠬᠤ ᠪᠠ ᠬᠥᠲᠥᠯᠥᠨ ᠳᠠᠭᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃


QQ20260709-090808.png


7 ᠰᠠᠷ᠎ᠠ ᠵᠢᠨ 8 ᠤ᠋ ᠦᠳᠡ ᠵᠢᠨ ᠡᠮᠦᠨ᠎ᠡ᠂ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠬᠢᠭᠦᠯᠦᠨ ᠱᠠᠩᠨᠠᠬᠤ ᠶᠡᠬᠡ ᠬᠤᠷᠠᠯ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠬᠣᠷᠢᠨ ᠬᠣᠶᠠᠳᠤᠭᠠᠷ ᠤᠳᠠᠭ᠎ᠠ ᠵᠢᠨ ᠠᠺᠠᠳᠧᠮᠢᠴᠢ᠎ᠶᠢᠨ ᠶᠡᠬᠡ ᠬᠤᠷᠠᠯ ᠪᠠ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠷᠪᠠᠨ ᠨᠠᠶ᠋ᠮᠠᠳᠤᠭᠠᠷ ᠤᠳᠠᠭ᠎ᠠ ᠵᠢᠨ ᠠᠺᠠᠳᠧᠮᠢᠴᠢ᠎ᠶᠢᠨ ᠶᠡᠬᠡ ᠬᠤᠷᠠᠯ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠶ᠋ᠢᠭᠡᠮᠯᠢᠭ᠎ᠦᠨ ᠠᠷᠪᠠᠨ ᠨᠢᠭᠡᠳᠦᠭᠡᠷ ᠤᠳᠠᠭ᠎ᠠ ᠵᠢᠨ  ᠪᠥᠬᠥ᠌ ᠤᠯᠤᠰ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠡᠷ ᠬᠤᠷᠠᠯᠳᠤᠪᠠ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠶᠡᠬᠡ ᠬᠤᠷᠠᠯ ᠎ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃

 ᠰᠢᠨᠬᠤᠸᠠ ᠬᠤᠷᠢᠶ᠎ᠠ  ᠵᠢᠨ ᠰᠤᠷᠪᠤᠯᠵᠢᠯᠠᠭᠴᠢ  ᠱᠧᠨ ᠬᠤᠩ ᠰᠡᠭᠦᠳᠡᠷᠯᠡᠪᠡ


ᠯᠢ ᠴᠢᠶᠠᠩ ᠶᠡᠬᠡ ᠬᠤᠷᠠᠯ᠎ᠢ ᠡᠷᠬᠢᠯᠡᠵᠦ᠍᠂ ᠵᠤᠤ ᠯᠸ ᠵᠶ᠋ᠢ᠂ ᠸᠠᠩ ᠬᠣ᠌ ᠨᠢᠩ᠂ ᠼᠠᠢ ᠴᠢ᠂ ᠯᠢ ᠰᠢ ᠶᠡᠬᠡ ᠬᠤᠷᠠᠯ᠎ᠳᠤ ᠣᠷᠣᠯᠴᠠᠵᠤ᠂ ᠳ᠋ᠢᠩ ᠰᠢᠤᠸᠠᠢ ᠰᠢᠶᠠᠩ ᠬᠥᠬᠢᠭᠦᠯᠦᠨ ᠱᠠᠩᠨᠠᠬᠤ ᠲᠣᠭᠲᠠᠭᠠᠯ᠎ᠢ ᠤᠩᠰᠢᠨ ᠨᠡᠶ᠋ᠢᠲᠡᠯᠡᠪᠡ᠃

ᠦᠳᠡ᠎ᠶᠢᠨ ᠡᠮᠦᠨᠡᠬᠢ 10 ᠴᠠᠭ 30 ᠮᠢᠨᠦ᠋ᠲ᠎ᠲᠦ᠍᠂ ᠶᠡᠬᠡ ᠬᠤᠷᠠᠯ ᠡᠬᠢᠯᠡᠵᠦ᠍᠂ ᠲᠠᠯᠠᠪᠠᠢ ᠲᠠᠶᠠᠭᠠᠷ ᠪᠣᠰᠴᠤ᠌ ᠵᠣᠭᠰᠣᠨ ᠤᠯᠤᠰ᠎ᠤᠨ ᠰᠦᠯᠳᠡ ᠳᠠᠭᠤᠤ᠎ᠶᠢ ᠬᠠᠩᠭᠢᠨᠠᠲᠠᠯ᠎ᠠ ᠳᠠᠭᠤᠯᠠᠪᠠ᠃

ᠳ᠋ᠢᠩ ᠰᠢᠤᠸᠠᠢ ᠰᠢᠶᠠᠩ《2025 ᠣᠨ᠎ᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠬᠢᠬᠦᠯᠦᠨ ᠱᠠᠩᠨᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠲᠣᠭᠲᠠᠭᠠᠯ》 ᠢ᠋ ᠤᠩᠰᠢᠨ ᠨᠡᠶ᠋ᠢᠲᠡᠯᠡᠪᠡ᠃

ᠶᠣᠰᠣᠯᠠᠯ᠎ᠤᠨ ᠪᠦᠷᠢᠶ᠎ᠡ ᠬᠠᠩᠭᠢᠨᠠᠪᠠ᠂ ᠰᠢ ᠵᠢᠨ ᠫᠢᠩ ᠡᠩ ᠲᠡᠷᠢᠭᠦᠨ᠎ᠳᠦ 2025 ᠣᠨ᠎ᠤ ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ᠌ ᠤᠬᠠᠭᠠᠨ ᠲᠸᠭᠨᠢ᠌ᠡ᠋ ᠮᠡᠷᠭᠡᠵᠢᠯ᠎ᠦᠨ ᠱᠠᠩᠨᠠᠯ᠎ᠢ ᠬᠦᠷᠳᠡᠭᠰᠡᠨ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠹᠢᠽᠢᠺ᠎ᠦᠨ ᠰᠤᠳᠤᠯᠭᠠᠨ᠎ᠤ ᠭᠠᠵᠠᠷ᠎ᠤᠨ ᠴᠧᠨ ᠯᠢ ᠴᠢᠤᠸᠠᠨ ᠠᠺᠠᠳᠧᠮᠢᠴᠢ ᠪᠣᠯᠤᠨ ᠳᠤᠮᠳᠠᠳᠤ ᠤᠯᠤᠰ᠎ᠤᠨ ᠡᠯᠧᠺᠲ᠋ᠷᠣᠨ ᠰᠢᠨᠵᠢᠯᠡᠬᠦ᠌ ᠤᠬᠠᠭᠠᠨ ᠲᠸᠭᠨᠢ᠌ᠡ᠋ ᠮᠡᠷᠭᠡᠵᠢᠯ᠎ᠦᠨ ᠪᠦᠯᠦᠭᠯᠡᠯ᠎ᠦᠨ ᠠᠷᠪᠠᠨ ᠳᠥᠷᠪᠡᠳᠦᠭᠡᠷ ᠰᠤᠳᠤᠯᠭᠠᠨ᠎ᠤ ᠭᠠᠵᠠᠷ᠎ᠤᠨ ᠪᠧᠨ ᠳᠧ ᠠᠺᠠᠳᠧᠮᠢᠴᠢ᠎ᠳᠦ ᠱᠠᠩᠨᠠᠯ᠎ᠤᠨ ᠮᠧᠳᠠᠯ᠂ ᠦᠨᠡᠮᠯᠡᠯ ᠭᠠᠷᠳᠠᠭᠤᠯᠵᠤ᠂ ᠲᠡᠳᠡᠨ᠎ᠲᠡᠶ ᠬᠠᠯᠠᠭᠤᠨ᠎ᠢᠶᠠᠷ ᠭᠠᠷ ᠠᠳᠬᠤᠵᠤ ᠪᠠᠶᠠᠷ ᠬᠦᠷᠭᠡᠵᠦ ᠪᠠᠢᠬᠤ ᠪᠠᠨ ᠢᠯᠡᠳᠭᠡᠪᠡ᠃ ᠲᠠᠷᠠᠭ᠎ᠠ ᠨᠢ ᠂ ᠰᠢ ᠵᠢᠨ ᠫᠢᠩ ᠵᠡᠷᠭᠡ ᠨᠠᠮ ᠪᠣᠯᠤᠨ ᠲᠦᠷᠦ᠎ᠶᠢᠨ ᠤᠳᠤᠷᠢᠳᠬᠤ ᠬᠥᠮᠦᠰ ᠬᠠᠮᠤᠭ᠎ᠤᠨ ᠳᠡᠭᠡᠳᠦ ᠱᠠᠩᠨᠠᠯ ᠬᠦᠷᠳᠡᠭᠰᠡᠡ ᠬᠣᠶᠠᠷ ᠬᠥᠮᠦᠨ᠎ᠲᠡᠶ ᠬᠠᠮᠲᠤ᠎ᠪᠠᠷ ᠤᠯᠤᠰ᠎ᠤᠨ ᠪᠠᠶ᠋ᠢᠭᠠᠯᠢ᠎ᠶᠢᠨ ᠰᠢᠨᠵᠢᠯᠡᠬᠦ᠌ ᠤᠬᠠᠭᠠᠨ᠎ᠤ ᠱᠠᠩᠨᠠᠯ᠂ ᠤᠯᠤᠰ᠎ᠤᠨ ᠮᠡᠷᠭᠡᠵᠢᠯ᠎ᠦᠨ ᠡᠭᠦᠳᠦᠯᠲᠡ᠎ᠶᠢᠨ ᠱᠠᠩᠨᠠᠯ᠂ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠠᠪᠰᠢᠯᠳᠠ᠎ᠶᠢᠨ ᠱᠠᠩᠨᠠᠯ ᠪᠣᠯᠤᠨ ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ ᠎ᠤᠨ ᠤᠯᠠᠨ ᠤᠯᠤᠰ ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠠᠮᠲᠤᠷᠠᠯᠴᠠᠭᠠᠨ᠎ᠤ ᠱᠠᠩᠨᠠᠯ ᠬᠦᠷᠳᠡᠭᠰᠡᠨ ᠲᠥᠯᠥᠭᠡᠯᠡᠭᠴᠢ᠎ᠳᠦ ᠦᠨᠡᠮᠯᠡᠯ ᠭᠠᠷᠳᠠᠭᠤᠯᠪᠠ᠃

ᠬᠠᠯᠠᠭᠤᠨ ᠠᠯᠠᠭ᠎ᠠ ᠲᠡᠰᠢᠯᠲᠡ᠎ᠶᠢᠨ ᠳᠤᠮᠳᠠ᠂ ᠰᠢ᠎ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠠᠮ᠎ᠤᠨ ᠲᠥᠪ ᠬᠣᠷᠢᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠲᠣᠪᠣᠢᠮ᠎ᠠ ᠪᠠᠢᠷᠢᠨ᠎ᠳᠤ ᠲᠠᠯᠪᠢᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠵᠢᠷᠤᠭ ᠲᠥᠯᠥᠪᠯᠡᠭᠡ᠎ᠶᠢ ᠰᠢᠰᠲᠧᠮ᠎ᠲᠠᠢ ᠵᠢᠷᠤᠭᠯᠠᠵᠤ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠶᠢ ᠭᠦᠨᠵᠡᠭᠡᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠯ᠎ᠤᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ᠎ᠶᠢ ᠲᠦᠯᠬᠢᠨ ᠠᠬᠢᠭᠤᠯᠪᠠ᠃ ᠮᠠᠨ᠎ᠤ ᠤᠯᠤᠰ ᠤᠳᠤ ᠶᠠᠭ ᠪᠦᠬᠦ ᠪᠥᠮᠪᠥᠷᠴᠡᠭ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠣᠯᠴᠠᠭ᠍ᠴᠢ᠂ ᠬᠤᠪᠢ ᠨᠡᠮᠡᠷᠢ ᠦᠵᠡᠭᠦᠯᠦᠭᠴᠢ᠎ᠡᠴᠡ ᠵᠠᠮ ᠨᠡᠭᠡᠭᠡᠭᠴᠢ᠂ ᠬᠥᠲᠥᠯᠥᠨ ᠳᠠᠭᠠᠭᠤᠯᠤᠭ᠍ᠴᠢ ᠲᠡᠢᠰᠢ ᠲᠦᠷᠭᠡᠨ ᠬᠤᠪᠢᠷᠠᠵᠤ᠂ ᠰᠢᠨ᠎ᠡ᠎ᠶᠢ ᠡᠭᠦᠳᠬᠦ ᠬᠦᠴᠦᠨ ᠬᠠᠮᠤᠭ᠎ᠤᠨ ᠲᠦᠷᠭᠡᠨ ᠳᠡᠭᠡᠭᠰᠢᠯᠡᠭᠰᠡᠨ ᠤᠯᠤᠰ᠎ᠤᠨ ᠨᠢᠭᠡ ᠪᠣᠯᠵᠤ ᠪᠠᠢᠨ᠎ᠠ ᠭᠡᠵᠤ ᠵᠢᠭᠠᠵᠤ ᠭᠠᠷᠭᠠᠪᠠ᠃

ᠰᠢ᠎ᠶᠢᠨ ᠫᠢᠩ᠂ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ ᠨᠢ ᠬᠥᠮᠥᠨ ᠲᠥᠷᠥᠯᠬᠢᠲᠡᠨ᠎ᠦ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠪᠣᠯᠣᠨ ᠳᠡᠯᠡᠬᠡᠢ᠎ᠶᠢᠨ ᠬᠥᠭᠵᠢᠯᠲᠡ᠎ᠶᠢᠨ ᠪᠠᠢᠷᠢᠰᠢᠯ᠎ᠢ ᠭᠦᠨᠵᠡᠭᠡᠢ ᠬᠤᠪᠢᠷᠠᠭᠤᠯᠪᠠ᠃ ᠪᠢᠳᠡ ᠰᠢᠨ᠎ᠡ ᠪᠠᠢᠳᠠᠯ ᠰᠢᠨ᠎ᠡ ᠱᠠᠭᠠᠷᠳᠠᠯᠭ᠎ᠠ᠎ᠳᠤ ᠵᠣᠬᠢᠴᠠᠵᠤ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠢᠭᠠᠳ ᠮᠠᠨ᠎ᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠥᠭᠵᠢᠯᠲᠡ᠎ᠶᠢᠨ ᠳᠤᠮᠳᠠ ᠣᠷᠣᠰᠢᠵᠤ ᠪᠠᠢᠭ᠎ᠠ ᠠᠰᠠᠭᠤᠳᠠᠯ᠎ᠢ ᠦᠨᠡᠨ ᠬᠦ᠌ ᠰᠢᠢᠳᠪᠦᠷᠢᠯᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠢᠯᠡᠰ᠎ᠦᠨ ᠲᠤᠬᠠᠢ ᠨᠠᠮ᠎ᠤᠨ ᠲᠥᠪ ᠬᠣᠷᠢᠶ᠎ᠡ ᠵᠢᠨ ᠡᠯ᠎ᠡ ᠵᠦᠢᠯ᠎ᠦᠨ ᠪᠠᠢᠷᠢᠯᠠᠭᠤᠯᠤᠯᠲᠠ᠎ᠶᠢᠨ ᠨᠠᠢᠳᠠᠪᠤᠷᠢᠵᠢᠭᠤᠯᠤᠯᠲᠠ᠎ᠶᠢ ᠪᠦᠬᠦ ᠬᠦᠴᠦᠨ᠎ᠢᠶᠡᠷ᠎ᠢᠶᠡᠨ ᠰᠠᠢᠲᠤᠷ ᠠᠳᠬᠤᠬᠤ ᠬᠡᠷᠡᠭᠲᠡᠢ ᠭᠡᠵᠤ ᠴᠢᠬᠤᠯᠠᠴᠢᠯᠠᠪᠠ᠃


QQ20260709-090922.png


 7 ᠰᠠᠷ᠎ᠠ ᠵᠢᠨ 8 ᠤ᠋ ᠦᠳᠡ ᠵᠢᠨ ᠡᠮᠦᠨ᠎ᠡ᠂ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠬᠢᠭᠦᠯᠦᠨ ᠱᠠᠩᠨᠠᠬᠤ ᠶᠡᠬᠡ ᠬᠤᠷᠠᠯ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠬᠣᠷᠢᠨ ᠬᠣᠶᠠᠳᠤᠭᠠᠷ ᠤᠳᠠᠭ᠎ᠠ ᠵᠢᠨ ᠠᠺᠠᠳᠧᠮᠢᠴᠢ᠎ᠶᠢᠨ ᠶᠡᠬᠡ ᠬᠤᠷᠠᠯ ᠪᠠ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠷᠪᠠᠨ ᠨᠠᠶ᠋ᠮᠠᠳᠤᠭᠠᠷ ᠤᠳᠠᠭ᠎ᠠ ᠵᠢᠨ ᠠᠺᠠᠳᠧᠮᠢᠴᠢ᠎ᠶᠢᠨ ᠶᠡᠬᠡ ᠬᠤᠷᠠᠯ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠨᠡᠶ᠋ᠢᠭᠡᠮᠯᠢᠭ᠎ᠦᠨ ᠠᠷᠪᠠᠨ ᠨᠢᠭᠡᠳᠦᠭᠡᠷ ᠤᠳᠠᠭ᠎ᠠ ᠵᠢᠨ ᠪᠥᠬᠥ᠌ ᠤᠯᠤᠰ ᠎ᠤᠨ ᠲᠥᠯᠥᠭᠡᠯᠡᠭᠴᠢᠳ ᠎ᠦᠨ ᠶᠡᠬᠡ ᠬᠤᠷᠠᠯ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠡᠷ ᠬᠤᠷᠠᠯᠳᠤᠪᠠ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ  ᠰᠢ ᠵᠢᠨ ᠫᠢᠩ 2025 ᠣᠨ᠎ᠤ ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ᠌ ᠤᠬᠠᠭᠠᠨ ᠲᠸᠭᠨᠢ᠌ᠡ᠋ ᠮᠡᠷᠭᠡᠵᠢᠯ᠎ᠦᠨ ᠱᠠᠩᠨᠠᠯ᠎ᠢ ᠬᠦᠷᠳᠡᠭᠰᠡᠨ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠹᠢᠽᠢᠺ᠎ᠦᠨ ᠰᠤᠳᠤᠯᠭᠠᠨ᠎ᠤ ᠭᠠᠵᠠᠷ᠎ᠤᠨ ᠴᠧᠨ ᠯᠢ ᠴᠢᠤᠸᠠᠨ ᠠᠺᠠᠳᠧᠮᠢᠴᠢ(ᠪᠠᠷᠠᠭᠤᠨᠳᠡᠬᠢ)  ᠪᠣᠯᠤᠨ ᠳᠤᠮᠳᠠᠳᠤ ᠤᠯᠤᠰ᠎ᠤᠨ ᠡᠯᠧᠺᠲ᠋ᠷᠣᠨ ᠰᠢᠨᠵᠢᠯᠡᠬᠦ᠌ ᠤᠬᠠᠭᠠᠨ ᠲᠸᠭᠨᠢ᠌ᠡ᠋ ᠮᠡᠷᠭᠡᠵᠢᠯ᠎ᠦᠨ ᠪᠦᠯᠦᠭᠯᠡᠯ᠎ᠦᠨ ᠠᠷᠪᠠᠨ ᠳᠥᠷᠪᠡᠳᠦᠭᠡᠷ ᠰᠤᠳᠤᠯᠭᠠᠨ᠎ᠤ ᠭᠠᠵᠠᠷ᠎ᠤᠨ ᠪᠧᠨ ᠳᠧ ᠠᠺᠠᠳᠧᠮᠢᠴᠢ (ᠵᠡᠭᠦᠨᠳᠡᠬᠢ) ᠎ᠳ᠋ᠤ᠌ ᠱᠠᠩᠨᠠᠯ᠎ᠭᠠᠷᠳᠠᠭᠤᠯᠪᠠ᠃

 ᠰᠢᠨᠬᠤᠸᠠ ᠬᠤᠷᠢᠶ᠎ᠠ  ᠵᠢᠨ ᠰᠤᠷᠪᠤᠯᠵᠢᠯᠠᠭᠴᠢ  ᠶᠠᠨ ᠶᠠᠨ ᠰᠡᠭᠦᠳᠡᠷᠯᠡᠪᠡ


ᠰᠢ᠎ᠶᠢᠨ ᠫᠢᠩ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠰᠢᠰᠲ᠋ᠸᠮᠴᠢᠯᠡᠭᠰᠡᠨ ᠪᠣᠭᠣᠮᠲᠠ ᠰᠢᠪᠲᠤᠯᠬᠤ ᠴᠢᠳᠠᠪᠤᠷᠢ᠎ᠶᠢ ᠴᠢᠩᠭᠠᠳᠬᠠᠵᠤ᠂ ᠤᠯᠤᠰ᠎ᠤᠨ ᠰᠢᠨ᠎ᠡ᠎ᠶᠢ ᠡᠭᠦᠳᠬᠦ ᠰᠢᠰᠲ᠋ᠸᠮ᠎ᠤᠨ ᠪᠦᠬᠦᠯᠢ ᠴᠣᠭᠴᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠡᠷᠡᠭᠲᠡᠢ᠃《ᠳᠥᠷᠪᠡ᠎ᠳᠦ ᠬᠠᠨᠳᠤᠭᠤᠯᠬᠤ》ᠪᠠᠢᠯᠳᠤᠬᠤ ᠪᠣᠳᠣᠯᠭ᠎ᠠ᠎ᠶᠢᠨ ᠤᠳᠤᠷᠢᠳᠤᠮᠵᠢ᠎ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠢᠯᠳᠤᠬᠤ ᠪᠣᠳᠣᠯᠭ᠎ᠠ᠎ᠶᠢᠨ ᠲᠥᠯᠦᠪᠵᠢᠭᠦᠯᠭᠡ᠂ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠂ ᠴᠢᠬᠤᠯᠠ ᠶᠡᠬᠡ ᠡᠭᠦᠷᠭᠡ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠴᠦᠨ᠂ ᠡᠬᠢ ᠪᠠᠶᠠᠯᠢᠭ᠋᠎ᠤᠨ ᠲᠠᠪᠴᠠᠩ᠂ ᠣᠷᠣᠨ ᠪᠦᠰᠡ᠎ᠶᠢᠨ ᠰᠢᠨ᠎ᠡ᠎ᠶᠢ ᠡᠭᠦᠳᠬᠦ ᠵᠡᠷᠭᠡ ᠲᠠᠯ᠎ᠠ᠎ᠶᠢᠨ ᠨᠢᠭᠡᠳᠦᠯᠲᠡᠢ ᠲᠥᠯᠦᠪᠵᠢᠭᠦᠯᠭᠡ᠎ᠶᠢ ᠴᠢᠨᠠᠭᠰᠢᠳᠠ ᠴᠢᠩᠭᠠᠳᠬᠠᠬᠤ ᠬᠡᠷᠡᠭᠳᠡᠢ᠃ ᠤᠯᠤᠰ᠎ᠤᠨ ᠴᠢᠬᠤᠯᠠ ᠶᠡᠬᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠡᠭᠦᠷᠭᠡ᠎ᠶᠢᠨ ᠪᠠᠢᠷᠢᠯᠠᠭᠤᠯᠤᠯᠲᠠ ᠪᠠ ᠵᠣᠬᠢᠶᠠᠨ ᠪᠠᠢᠭᠤᠯᠵᠤ ᠬᠡᠷᠡᠭᠵᠢᠭᠦᠯᠬᠦ ᠲᠣᠭᠲᠡᠴᠡ ᠎ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠰᠠᠭᠤᠷᠢ ᠨᠥᠬᠥᠴᠡᠯ᠎ᠦᠨ ᠪᠡᠶ᠎ᠡ᠎ᠪᠡᠨ ᠳᠠᠭᠠᠭᠠᠬᠤ ᠪᠠᠲᠤᠯᠠᠭ᠎ᠠ ᠵᠢ ᠴᠢᠩᠭᠠᠳᠬᠠᠬᠤ ᠬᠡᠷᠡᠭᠳᠡᠢ᠃ ᠤᠯᠤᠰ ᠎ᠤᠨ ᠪᠠᠢᠯᠳᠤᠬᠤ ᠪᠣᠳᠣᠯᠭ᠎ᠠ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠴᠦᠨ ᠎ᠦ ᠴᠢᠳᠠᠮᠵᠢ᠎ᠶᠢᠨ ᠪᠠᠢᠷᠢ ᠲᠣᠭᠲᠠᠭᠠᠯᠲᠠ ᠪᠠ ᠪᠠᠢᠷᠢᠯᠠᠭᠤᠯᠤᠯᠲᠠ᠎ᠶᠢ ᠰᠢᠯᠢᠳᠡᠭᠵᠢᠭᠦᠯᠵᠦ᠂ ᠡᠭᠦᠷᠭᠡ᠎ᠶᠢ ᠬᠠᠮᠵᠢᠯᠴᠠᠭᠤᠯᠬᠤ᠂ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠎ᠶᠢ ᠲᠦᠯᠬᠢᠨ ᠠᠬᠢᠭᠤᠯᠬᠤ ᠬᠡᠷᠡᠭᠳᠡᠢ᠃ ᠡᠯ᠎ᠡ ᠱᠠᠲᠤ ᠳᠠᠪᠬᠤᠷᠭ᠎ᠠ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠵᠢᠯᠤᠭᠣᠳᠬᠤ᠎ᠶᠢ ᠴᠢᠩᠭᠠᠳᠬᠠᠵᠤ᠂ ᠲᠥᠪ ᠪᠠ ᠣᠷᠣᠨ ᠨᠤᠲᠤᠭ ᠬᠠᠮᠵᠢᠯᠴᠠᠬᠤ᠂ ᠣᠷᠣᠨ ᠪᠦᠰᠡ ᠬᠣᠯᠪᠤᠭᠠᠯᠠᠨ ᠬᠥᠳᠡᠯᠦᠯᠴᠡᠬᠦ ᠳᠦᠷᠢᠮ᠎ᠦᠨ ᠲᠣᠬᠢᠷᠠᠭᠤᠯᠤᠯᠲᠠ᠎ᠶᠢ ᠪᠦᠷᠢᠯᠳᠦᠭᠦᠯᠬᠦ ᠬᠡᠷᠡᠭᠳᠡᠢ ᠭᠡᠵᠤ ᠵᠢᠭᠠᠵᠤ ᠭᠠᠷᠭᠠᠪᠠ᠃

 ᠰᠢ᠎ᠶᠢᠨ ᠫᠢᠩ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠪᠣᠳᠠᠲᠤ ᠦᠢᠯᠡᠳᠪᠦᠷᠢᠯᠡᠯ᠎ᠦᠨ ᠬᠦᠴᠦᠨ ᠲᠡᠢᠰᠢ ᠤᠨᠳᠤᠤᠰᠢᠭᠤᠯᠬᠤ ᠎ᠶᠢ ᠲᠦᠷᠭᠡᠳᠬᠡᠬᠦ ᠵᠠᠮ᠎ᠢ ᠨᠡᠪᠲᠡᠷᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠰᠢᠨ᠎ᠡ ᠎ᠶᠢ ᠡᠭᠦᠳᠬᠦ᠎ᠳᠦ ᠬᠡᠷᠡᠭᠯᠡᠭᠡᠨ᠎ᠦ ᠤᠳᠤᠷᠢᠳᠤᠮᠵᠢ᠎ᠶᠢ ᠲᠤᠪᠤᠢ᠍ᠢᠯᠭᠠᠵᠤ᠂ ᠠᠵᠤ ᠦᠢᠯᠡᠰ ᠎ᠦᠨ ᠰᠢᠨ᠎ᠡ᠎ᠶᠢ ᠡᠭᠦᠳᠬᠦ᠎ᠳᠦ ᠰᠢᠨᠵᠢᠯᠡᠬᠦ ᠤᠬᠠᠭᠠᠨ᠎ᠤ ᠠᠰᠠᠭᠤᠯᠳᠠ ᠵᠢ ᠳᠤᠷᠠᠳᠤᠨ ᠭᠠᠷᠭᠠᠬᠤ ᠬᠡᠷᠡᠭᠳᠡᠢ᠃ ᠤᠯᠤᠰ ᠎ᠤᠨ ᠮᠡᠷᠭᠡᠵᠢᠯ᠎ᠢ ᠰᠢᠯᠵᠢᠭᠦᠯᠬᠦ ᠰᠢᠰᠲᠧᠮ᠎ᠦᠨ ᠪᠠᠢᠭᠤᠯᠤᠯᠲᠠ᠎ᠶᠢ ᠴᠢᠩᠭᠠᠳᠬᠠᠵᠤ᠂ ᠤᠯᠠᠨ ᠡᠰᠢᠵᠢᠭᠰᠡᠨ ᠬᠡᠷᠡᠭᠯᠡᠭᠡᠨ᠎ᠦ ᠠᠬᠤᠢ ᠪᠠᠢᠳᠠᠯ ᠪᠠ ᠥᠨᠳᠥᠷ ᠲᠦᠪᠰᠢᠨ ᠪᠦᠬᠦᠢ ᠠᠵᠤ ᠦᠢᠯᠡᠰ᠎ᠦᠨ ᠪᠦᠯᠦᠭᠵᠢᠯ᠎ᠢ ᠴᠤᠭᠴᠠᠯᠠᠵᠤ᠂ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠬᠦ ᠮᠡᠷᠭᠡᠵᠢᠯ᠎ᠦᠨ ᠦᠢᠯᠡᠳᠬᠦᠨ᠎ᠢ ᠳᠡᠯᠭᠡᠷᠡᠭᠦᠯᠦᠨ ᠬᠡᠷᠡᠭᠯᠡᠬᠦ ᠪᠠ ᠲᠡᠰ ᠳᠡᠪᠰᠢᠭᠦᠯᠬᠦ᠎ᠶᠢ ᠠᠬᠢᠭᠤᠯᠬᠤ ᠬᠡᠷᠡᠭᠳᠡᠢ᠃ ᠮᠡᠳᠡᠯᠭᠡ᠎ᠶᠢᠨ ᠥᠮᠴᠢᠯᠡᠯ᠎ᠤᠨ ᠡᠷᠬᠡ᠎ᠶᠢ ᠬᠠᠮᠠᠭᠠᠯᠠᠬᠤ ᠳᠦᠷᠢᠮ᠎ᠢ ᠲᠡᠭᠦᠯᠳᠡᠷᠵᠢᠭᠦᠯᠬᠦ ᠬᠡᠷᠡᠭᠳᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠵᠢ ᠡᠭᠦᠳᠬᠦ ᠲᠡᠢ ᠵᠣᠬᠢᠴᠠᠯᠳᠤᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ᠎ᠦ ᠪᠠᠢᠭᠤᠯᠤᠯ᠎ᠢ ᠪᠠᠢᠭᠤᠯᠬᠤ ᠬᠡᠷᠡᠭᠳᠡᠢ ᠭᠡᠵᠤ ᠴᠢᠬᠤᠯᠠᠴᠢᠯᠠᠪᠠ᠃

 ᠰᠢ ᠵᠢᠨ ᠫᠢᠩ᠂ ᠰᠢᠨᠵᠢᠯᠡᠬᠦ ᠤᠬᠠᠭᠠᠨ᠎ᠤ ᠢᠷᠡᠭᠡᠳᠦᠢ ᠵᠠᠯᠠᠭᠤᠴᠤᠳ᠎ᠲᠤ ᠪᠤᠢ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠢ ᠬᠠᠮᠵᠢᠯᠴᠠᠭᠤᠯᠤᠨ ᠬᠥᠮᠥᠨ ᠬᠥᠮᠥᠵᠢᠭᠦᠯᠬᠦ ᠲᠣᠭᠲᠠᠴᠠ᠎ᠶᠢ ᠰᠢᠯᠢᠳᠡᠭᠵᠢᠭᠦᠯᠵᠦ᠂ ᠰᠢᠯᠢᠳᠡᠭ ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ ᠎ᠢ ᠶᠡᠬᠡ᠎ᠪᠡᠷ ᠬᠥᠮᠥᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ᠎ᠤ ᠰᠤᠳᠤᠯᠭᠠᠲᠠᠳ᠎ᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠪᠣᠳᠠᠲᠠᠢ ᠬᠦᠴᠢᠷᠳᠡᠯ᠎ᠢ ᠨᠢ ᠬᠠᠪᠰᠤᠷᠤᠨ ᠰᠢᠢᠳᠪᠦᠷᠢᠯᠡᠵᠦ᠂ ᠲᠡᠳᠡᠨ᠎ᠢ ᠨᠢᠭᠡ ᠰᠡᠳᠬᠢᠯ ᠨᠢᠭᠡ ᠵᠣᠷᠢᠭ᠋᠎ᠢᠶᠠᠷ ᠰᠤᠳᠤᠯᠭᠠᠨ ᠬᠢᠵᠦ᠂ ᠠᠮᠤᠷ ᠲᠠᠢᠪᠤᠩ ᠠᠵᠤ ᠲᠦᠷᠦᠭᠦ ᠪᠤᠯᠭᠠᠬᠤ ᠬᠡᠷᠡᠭᠳᠡᠢ᠃ ᠵᠠᠯᠠᠭᠤᠴᠤᠳ ᠪᠠᠭᠠᠴᠤᠳ᠎ᠤᠨ ᠳᠤᠷ᠎ᠠ ᠰᠣᠨᠢᠷᠬᠠᠯ ᠣᠨᠴᠠᠭᠠᠢ ᠴᠢᠳᠠᠪᠤᠷᠢ᠂ ᠰᠢᠨᠵᠢᠯᠡᠬᠦ ᠤᠬᠠᠭᠠᠨ᠎ᠤ ᠬᠡᠪ ᠪᠣᠯᠪᠠᠰᠤᠷᠠᠯ᠂ ᠲᠤᠷᠰᠢᠯᠲᠠ᠎ᠶᠢᠨ ᠴᠢᠳᠠᠪᠤᠷᠢ᠎ᠶᠢ ᠠᠭᠤᠳᠠᠯᠤᠨ ᠬᠥᠮᠥᠵᠢᠭᠦᠯᠬᠦ᠎ᠶᠢ ᠴᠢᠬᠤᠯᠠᠴᠢᠯᠠᠵᠤ᠂ ᠨᠡᠩ ᠤᠯᠠᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠠᠯᠳᠠ ᠴᠢᠳᠠᠪᠤᠷᠢ᠎ᠲᠠᠢ ᠵᠠᠯᠠᠭᠤᠴᠤᠳ ᠪᠠᠭᠠᠴᠤᠳ᠎ᠢ ᠲᠠᠲᠠᠵᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠢᠯᠡᠰ᠎ᠲᠦ ᠣᠷᠣᠯᠴᠠᠬᠤ᠎ᠪᠠᠷ ᠵᠣᠷᠢᠭ᠋ ᠰᠢᠭᠤᠳᠤᠭᠤᠯᠬᠤ ᠬᠡᠷᠡᠭᠳᠡᠢ ᠭᠡᠵᠦ ᠵᠢᠭᠠᠵᠤ ᠭᠠᠷᠭᠠᠪᠠ᠃

 ᠰᠢ ᠵᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠣᠷᠣᠭᠤᠯᠤᠯᠲᠠ ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠣᠷᠣᠭᠤᠯᠤᠯᠲᠠ᠎ᠶᠢᠨ ᠬᠡᠪᠴᠢᠶ᠎ᠡ᠎ᠶᠢ ᠨᠡᠮᠡᠭᠳᠡᠭᠦᠯᠬᠦ ᠪᠠ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢ ᠨᠢᠭᠡᠳᠬᠡᠬᠦ ᠬᠡᠷᠡᠭᠲᠡᠢ᠃ ᠲᠥᠪ᠎ᠦᠨ ᠡᠳ᠋᠎ᠦᠨ ᠵᠠᠰᠠᠭ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠠᠷᠤᠳᠠᠯ᠎ᠤᠨ ᠬᠤᠪᠢᠶᠠᠷᠢᠯᠠᠯᠲᠠ ᠪᠠ ᠬᠠᠮᠢᠶᠠᠷᠤᠯᠲᠠ ᠬᠡᠷᠡᠭᠯᠡᠯᠲᠡ᠎ᠶᠢᠨ ᠲᠣᠭᠲᠠᠴᠠ᠎ᠶᠢ ᠲᠡᠭᠦᠯᠳᠡᠷᠵᠢᠭᠦᠯᠵᠦ᠂ ᠴᠢᠬᠤᠯᠠ ᠶᠡᠬᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠭᠦᠷᠭᠡ᠎ᠶᠢ ᠲᠥᠪ ᠪᠠ ᠣᠷᠣᠨ ᠨᠤᠲᠤᠭ ᠡᠴᠡ ᠣᠷᠣᠭᠤᠯᠤᠯᠲᠠ ᠵᠢ ᠬᠠᠮᠲᠤ᠎ᠪᠠᠷ ᠡᠭᠦᠷᠭᠡᠯᠡᠬᠦ ᠲᠣᠭᠲᠠᠴᠠ᠎ᠶᠢ ᠪᠦᠷᠢᠨᠰᠢᠭᠦᠯᠬᠦ ᠬᠡᠷᠡᠭᠳᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠥᠯᠥᠪᠯᠡᠭᠡ᠎ᠶᠢᠨ ᠬᠠᠮᠢᠶᠠᠷᠤᠯᠲᠠ᠎ᠶᠢ ᠰᠠᠢᠵᠢᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠦᠢᠯᠡᠰ᠎ᠦᠨ ᠬᠢᠨᠠᠯᠲᠠ ᠪᠠᠢᠴᠠᠭᠠᠯᠲᠠ ᠪᠠ ᠠᠵᠢᠯ᠎ᠤᠨ ᠠᠮᠵᠢᠯᠲᠠ ᠪᠦᠲᠦᠮᠵᠢ᠎ᠶᠢᠨ ᠦᠨᠡᠯᠡᠨ ᠵᠢᠱ᠌ᠢᠯᠲᠡ᠎ᠶᠢ ᠴᠢᠩᠭᠠᠳᠬᠠᠬᠤ ᠬᠡᠷᠡᠭᠳᠡᠢ᠃ ᠠᠵᠤ ᠠᠬᠤᠢᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠨᠡᠮᠡᠭᠳᠡᠭᠦᠯᠬᠦ᠎ᠶᠢ ᠬᠥᠲᠥᠯᠥᠨ ᠵᠢᠯᠤᠭᠣᠳᠴᠤ᠂ ᠨᠡᠩ ᠤᠯᠠᠨ ᠨᠡᠢᠭᠡᠮ᠎ᠦᠨ ᠬᠦᠴᠦᠨ ᠡᠴᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠳᠡᠮᠵᠢᠭᠦ ᠵᠢ ᠲᠠᠢ᠍ᠢᠴᠢᠯᠠᠬᠤ ᠬᠡᠷᠡᠭᠳᠡᠢ ᠭᠡᠵᠦ ᠴᠢᠬᠤᠯᠠᠴᠢᠯᠠᠪᠠ᠃

 ᠰᠢ ᠵᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠨᠡᠯᠡᠯᠲᠡ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠨᠡᠯᠡᠯᠲᠡ᠎ᠶᠢᠨ ᠳᠣᠬᠢᠭᠤᠷ᠎ᠢ ᠰᠠᠢᠲᠤᠷ ᠬᠡᠷᠡᠭᠯᠡᠬᠦ ᠬᠡᠷᠡᠭᠲᠡᠢ᠃ ᠲᠦᠷᠦᠯ ᠵᠦᠢᠯ᠎ᠢ ᠬᠢᠨᠠᠨ ᠲᠣᠭᠲᠠᠭᠠᠬᠤ᠂ ᠪᠠᠢᠭᠤᠯᠤᠮᠵᠢ᠎ᠶᠢ ᠦᠨᠡᠯᠡᠨ ᠵᠢᠱ᠌ᠢᠬᠦ᠂ ᠴᠢᠳᠠᠪᠤᠷᠢᠲᠠᠨ᠎ᠢ ᠦᠨᠡᠯᠡᠬᠦ᠎ᠳᠦ ᠴᠥᠮ ᠰᠢᠨ᠎ᠡ᠎ᠶᠢ ᠡᠭᠦᠳᠬᠦ ᠴᠢᠳᠠᠪᠤᠷᠢ᠂ ᠶᠠᠰᠤ ᠴᠢᠨᠠᠷ᠂ ᠪᠣᠳᠠᠲᠤ ᠦᠷ᠎ᠡ ᠪᠦᠲᠦᠮᠵᠢ᠂ ᠬᠤᠪᠢ ᠨᠡᠮᠡᠷᠢ ᠪᠡᠷ ᠤᠳᠤᠷᠢᠳᠤᠮᠵᠢ ᠪᠤᠯᠭᠠᠬᠤ᠎ᠶᠢ ᠴᠢᠩᠭᠠᠳᠬᠠᠬᠤ ᠬᠡᠷᠡᠭᠲᠡᠢ᠃ 《ᠳᠥᠷᠪᠡ᠎ᠶᠢ ᠯᠡ ᠬᠦᠭᠡᠭᠡᠴᠡᠯᠳᠦᠬᠦ》ᠵᠢ ᠡᠪᠳᠡᠬᠦ᠎ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠦᠨ ᠡᠲᠡᠭᠡᠳ᠎ᠦᠨ《ᠢᠷᠠᠭᠤ ᠠᠯᠳᠠᠷ ᠎ᠢ ᠯᠡ ᠬᠦᠭᠡᠭᠡᠴᠡᠯᠳᠦᠬᠦ》ᠶ᠋ᠢᠨ ᠵᠠᠰᠠᠯᠲᠠ᠎ᠶᠢ ᠦᠷᠭᠦᠯᠵᠢᠯᠡᠨ ᠭᠦᠨᠵᠡᠭᠡᠢᠷᠡᠭᠦᠯᠬᠦ ᠬᠡᠷᠡᠭᠳᠡᠢ᠃ ᠰᠢᠨᠵᠢᠯᠡᠬᠦ ᠤᠬᠠᠭᠠᠨᠲᠠᠳ᠎ᠤᠨ ᠵᠣᠷᠢᠭ᠋ ᠰᠠᠨᠠᠭ᠎ᠠ᠎ᠶᠢ ᠶᠡᠬᠡᠪᠡᠷ ᠪᠠᠳᠠᠷᠠᠭᠤᠯᠵᠤ᠂ ᠰᠢᠨᠵᠢᠯᠡᠬᠦ ᠤᠬᠠᠭᠠᠨ ᠎ᠤ ᠰᠤᠳᠤᠯᠭᠠᠨ᠎ᠤ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠮᠢ ᠠᠬᠤᠢ᠎ᠶᠢ ᠪᠤᠢ ᠪᠤᠯᠭᠠᠬᠤ ᠬᠡᠷᠡᠭᠳᠡᠢ ᠭᠡᠵᠦ ᠵᠢᠭᠠᠵᠤ ᠭᠠᠷᠭᠠᠪᠠ᠃

 ᠰᠢ ᠵᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠡᠰᠢ ᠶᠣᠰᠣ᠌ ᠪᠣᠯᠣᠨ ᠠᠮᠤᠷ ᠲᠦᠪᠰᠢᠨ ᠎ᠦ ᠵᠠᠰᠠᠯᠲᠠ ᠎ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠥᠭᠡᠳᠡᠷᠬᠡᠭ ᠴᠠᠢᠯᠭᠠᠨ᠂ ᠠᠮᠤᠷ ᠲᠦᠪᠰᠢᠨ ᠡᠵᠡᠮᠳᠡᠵᠦ ᠪᠣᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠎ᠶᠢ ᠠᠬᠢᠭᠤᠯᠬᠤ ᠬᠡᠷᠡᠭᠲᠡᠢ᠃ ᠲᠦᠷᠦ᠎ᠶᠢᠨ ᠪᠣᠳᠣᠯᠭ᠎ᠠ ᠳᠦᠷᠢᠮ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠵᠠᠰᠠᠯᠲᠠ᠎ᠶᠢᠨ ᠵᠢᠷᠤᠮᠵᠢᠯ᠎ᠢ ᠲᠡᠭᠦᠯᠳᠡᠷᠵᠢᠭᠦᠯᠵᠦ᠂ ᠤᠯᠠᠨ ᠲᠠᠯ᠎ᠠ᠎ᠶᠢᠨ ᠬᠢᠨ ᠣᠷᠣᠯᠴᠠᠬᠤ᠂ ᠬᠠᠮᠵᠢᠯᠴᠠᠨ ᠬᠠᠮᠲᠤ᠎ᠪᠠᠷ ᠵᠠᠰᠠᠬᠤ ᠪᠠᠢᠭᠤᠯᠤᠯ ᠲᠣᠭᠲᠠᠴᠠ᠎ᠶᠢ ᠪᠦᠷᠢᠨᠰᠢᠭᠦᠯᠬᠦ ᠬᠡᠷᠡᠭᠳᠡᠢ᠃ ᠭᠣᠣᠯᠳᠠᠯᠭ᠎ᠠ᠎ᠲᠠᠢ ᠬᠦᠷᠢᠶᠡᠨ᠎ᠦ ᠡᠰᠢ ᠶᠤᠰᠤᠨ᠎ᠤ ᠪᠠᠷᠢᠮᠵᠢᠶ᠎ᠠ ᠪᠣᠯᠣᠨ ᠵᠢᠯᠣᠭᠣᠳᠤᠯᠭ᠎ᠠ᠎ᠶᠢ ᠲᠣᠳᠣᠷᠬᠠᠢᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠰᠤᠳᠤᠯᠤᠨ ᠮᠠᠭᠠᠳᠯᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠢᠳᠠᠯ᠎ᠢ ᠠᠷᠭᠠᠴᠠᠭᠠᠬᠤ᠎ᠶᠢ ᠴᠢᠩᠭᠠᠳᠬᠠᠬᠤ ᠬᠡᠷᠡᠭᠳᠡᠢ᠃ ᠪᠦᠬᠦ ᠪᠥᠮᠪᠥᠷᠴᠡᠭ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠠᠰᠠᠯᠲᠠ᠎ᠳᠤ ᠭᠦᠨᠵᠡᠭᠡᠢ ᠣᠷᠣᠯᠴᠠᠵᠤ᠂ ᠳᠤᠮᠳᠠᠳᠤ ᠤᠯᠤᠰ᠎ᠤᠨ ᠵᠣᠷᠢᠯᠲᠠ ᠪᠣᠯᠣᠨ ᠳᠤᠮᠳᠠᠳᠤ ᠤᠯᠤᠰ᠎ᠤᠨ ᠲᠥᠰᠥᠯ᠎ᠢ ᠥᠷᠭᠡᠨ᠎ᠢᠶᠡᠷ ᠤᠬᠠᠭᠤᠯᠤᠨ ᠲᠠᠨᠢᠯᠴᠠᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃

 ᠰᠢ ᠵᠢᠨ ᠫᠢᠩ᠂ ᠮᠠᠨ᠎ᠤ ᠤᠯᠤᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠢᠯᠡᠰ᠎ᠦᠨ ᠴᠡᠴᠡᠭᠯᠡᠨ ᠬᠥᠭᠵᠢᠬᠦ᠎ᠶᠢ ᠠᠬᠢᠭᠤᠯᠬᠤ᠎ᠳᠤ ᠪᠦᠬᠦ ᠨᠠᠮ ᠪᠦᠬᠦ ᠨᠡᠢᠭᠡᠮ᠎ᠦᠨ ᠬᠠᠮᠲᠤ᠎ᠶᠢᠨ ᠴᠢᠷᠮᠠᠢᠯᠭ᠎ᠠ ᠱᠠᠭᠠᠷᠳᠠᠭᠳᠠᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯ᠎ᠢ ᠡᠳᠦᠷ ᠲᠤᠳᠤᠮ᠎ᠤᠨ ᠴᠢᠬᠤᠯᠠ ᠵᠥᠪᠯᠡᠬᠦ ᠵᠦᠢᠯ᠎ᠳᠡᠭᠡᠨ ᠣᠷᠣᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠤᠳᠠᠭᠠᠨ ᠳᠠᠭᠠᠭᠠᠮᠠᠭᠠᠢ ᠵᠢᠳᠬᠦᠵᠦ᠂ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠳᠤᠮᠳᠠᠳᠤ ᠤᠯᠤᠰ ᠎ᠤᠨ ᠢᠨᠵᠧᠨᠧᠷᠢᠩ᠎ᠦᠨ ᠬᠦᠷᠢᠶᠡᠯᠡᠩ ᠪᠦᠬᠦ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠡᠲᠡᠭᠡᠳ᠎ᠲᠠᠢ ᠪᠦᠯᠬᠦᠮᠳᠡᠨ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ᠎ᠤᠨ ᠴᠢᠭᠯᠡᠯ᠎ᠢ ᠡᠵᠡᠮᠳᠡᠵᠦ᠂ ᠳᠡᠯᠡᠬᠡᠢ᠎ᠶᠢᠨ ᠰᠢᠨᠵᠢᠯᠡᠬᠦ ᠤᠬᠠᠭᠠᠨ᠎ᠤ ᠨᠣᠶᠠᠨ ᠤᠷᠬᠢᠯ᠎ᠳᠤ ᠵᠣᠷᠢᠭ᠍ᠲᠠᠢ᠎ᠪᠠᠷ ᠠᠪᠠᠷᠢᠬᠤ ᠬᠡᠷᠡᠭᠲᠡᠢ᠃ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ ᠬᠠᠢᠨ ᠰᠦᠪᠡᠭᠴᠢᠯᠡᠵᠦ ᠰᠢᠨ᠎ᠡ᠎ᠶᠢ ᠡᠭᠦᠳᠬᠦ᠎ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ᠎ᠲᠤ ᠪᠦᠬᠦ ᠰᠡᠳᠬᠢᠯ ᠪᠦᠬᠦ ᠴᠢᠳᠠᠯ᠎ᠢᠶᠠᠷ᠎ᠢᠶᠠᠨ ᠦᠢᠯᠡᠴᠢᠯᠡᠵᠦ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠬᠥᠭᠵᠢᠯᠲᠡ᠎ᠳᠤ ᠦᠢᠯᠡᠴᠢᠯᠡᠵᠦ᠂ ᠪᠦᠬᠦ ᠠᠷᠠᠳ᠎ᠤᠨ ᠰᠢᠨᠵᠢᠯᠡᠬᠦ ᠤᠬᠠᠭᠠᠨ᠎ᠤ ᠬᠡᠪ ᠴᠢᠨᠠᠷ᠎ᠢ ᠳᠡᠭᠡᠭᠰᠢᠯᠡᠭᠦᠯᠬᠦ᠎ᠳᠦ ᠦᠢᠯᠡᠴᠢᠯᠡᠵᠦ᠂ ᠨᠠᠮ ᠪᠠ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠦᠢᠯᠡᠴᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

 ᠰᠢ ᠵᠢᠨ ᠫᠢᠩ᠂ ᠬᠣᠶᠠᠷ ᠬᠦᠷᠢᠶᠡᠯᠡᠩ᠎ᠦᠨ ᠠᠺᠠᠳ᠋ᠸᠮᠢᠴᠢ ᠢᠷᠠᠭᠤ ᠠᠯᠳᠠᠷ᠎ᠢᠶᠠᠨ ᠨᠠᠨᠳᠢᠩᠨᠠᠵᠤ᠂ ᠴᠥᠬᠥᠷᠡᠰᠢ ᠦᠭᠡᠢ ᠲᠡᠮᠡᠴᠡᠵᠦ᠍᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠣᠰᠢᠭᠤᠷᠠᠯ᠎ᠢ ᠨᠡᠭᠡᠭᠡᠬᠦ᠌᠂ ᠴᠢᠬᠤᠯᠠ ᠶᠡᠬᠡ ᠡᠭᠦᠷᠭᠡ᠎ᠶᠢ ᠡᠭᠦᠷᠭᠡᠯᠡᠬᠦ᠌᠂ ᠵᠠᠯᠠᠭᠤ ᠴᠢᠳᠠᠪᠤᠷᠢᠲᠠᠨ᠎ᠢ ᠬᠥᠮᠦᠵᠢᠭᠦᠯᠬᠦ᠌᠂ ᠰᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶᠢ ᠦᠢᠯᠡᠳᠦᠯᠭᠡᠵᠢᠭᠦᠯᠬᠦ᠌ ᠲᠠᠯ᠎ᠠ᠎ᠪᠠᠷ ᠵᠢᠱ᠌ᠢᠢ᠎ᠡ ᠦᠵᠡᠭᠦᠯᠵᠦ᠍ ᠬᠦᠲᠦᠯᠦᠨ ᠳᠠᠭᠠᠭᠤᠯᠬᠤ ᠦᠢᠯᠡᠳᠦᠯ᠎ᠢᠶᠡᠨ ᠪᠠᠳᠠᠷᠠᠭᠤᠯᠬᠤ᠎ᠶᠢ ᠬᠦᠰᠡᠵᠦ᠍ ᠪᠠᠶ᠋ᠢᠨ᠎ᠠ᠃ ᠥᠷᠭᠡᠨ ᠤᠯᠠᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠳᠠᠨ ᠤᠯᠤᠰ ᠣᠷᠣᠨ᠎ᠳᠤ ᠦᠢᠯᠡᠴᠢᠯᠡᠬᠦ᠌᠂ ᠠᠷᠠᠳ ᠲᠦᠮᠡᠨ᠎ᠳᠦ ᠪᠤᠶᠠᠨ ᠦᠢᠯᠡᠳᠬᠦ᠌ ᠰᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠬᠤ᠎ᠳᠤ ᠢᠯᠡᠭᠦᠬᠡᠨ ᠰᠢᠨ᠎ᠡ ᠭᠠᠪᠢᠶ᠎ᠠ ᠪᠠᠶ᠋ᠢᠭᠤᠯᠬᠤ᠎ᠶᠢ ᠬᠦᠰᠡᠵᠦ᠍ ᠪᠠᠶ᠋ᠢᠨ᠎ᠠ ᠭᠡᠵᠦ ᠢᠯᠡᠳᠭᠡᠪᠡ᠃

 ᠯᠢ ᠴᠢᠶᠠᠩ ᠶᠡᠬᠡ ᠬᠤᠷᠠᠯ᠎ᠢ ᠡᠷᠬᠢᠯᠡᠬᠦ᠌᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠤᠢ᠌ᠷ᠎ᠠ᠎ᠶᠢᠨ ᠵᠢᠯ᠎ᠦᠨ ᠲᠤᠷᠰᠢᠬᠢ ᠮᠠᠨ᠎ᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠢᠯᠡᠰ᠎ᠦᠨ ᠣᠯᠤᠭᠰᠠᠨ ᠴᠢᠬᠤᠯᠠ ᠶᠡᠬᠡ ᠠᠮᠵᠢᠯᠲᠠ᠎ᠶᠢ ᠭᠦᠢᠴᠡᠳ ᠨᠤᠲᠠᠯᠠᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠥᠭᠵᠢᠯᠲᠡ᠎ᠳᠦ ᠲᠤᠯᠭᠠᠷᠠᠵᠤ ᠪᠠᠶ᠋ᠢᠭ᠎ᠠ ᠰᠢᠨ᠎ᠡ ᠪᠠᠶ᠋ᠢᠳᠠᠯ᠎ᠢ ᠭᠦᠨᠵᠡᠭᠡᠢ ᠵᠠᠳᠠᠯᠵᠤ᠂ ᠬᠠᠷᠢᠭᠤᠴᠠᠯᠭᠠᠲᠤ᠌ ᠰᠡᠳᠬᠢᠯᠭᠡ ᠲᠤᠯᠭᠠᠮ ᠪᠤᠳᠤᠯ ᠡᠭᠦᠷᠭᠡᠲᠦ᠍ ᠪᠤᠳᠤᠯ᠎ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠮ᠎ᠤᠨ ᠲᠥᠪ ᠬᠤᠷᠢᠶ᠎ᠠ ᠵᠢᠨ《ᠠᠷᠪᠠᠨ ᠲᠠᠪᠤᠳᠤᠭᠠᠷ ᠲᠠᠪᠤᠨ ᠵᠢᠯ》ᠤ᠋ᠨ ᠬᠤᠭᠤᠴᠠᠭᠠᠨ᠎ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠢᠯᠡᠰ᠎ᠦᠨ ᠡᠯ᠎ᠡ ᠵᠦᠢᠯ᠎ᠦᠨ ᠪᠠᠶ᠋ᠢᠷᠢᠯᠠᠭᠤᠯᠤᠯᠲᠠ᠎ᠶᠢ ᠨᠠᠶ᠋ᠢᠳᠠᠪᠤᠷᠢᠵᠢᠭᠤᠯᠬᠤ᠎ᠶᠢ ᠪᠦᠬᠦ᠌ ᠬᠦᠴᠦ᠎ᠪᠡᠷ᠎ᠢᠶᠡᠨ ᠰᠠᠶ᠋ᠢᠲᠤᠷ ᠠᠳᠬᠤᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠥᠨᠳᠥᠷ᠎ᠲᠦ᠍ ᠵᠣᠭᠰᠣᠨ ᠠᠯᠤᠰ᠎ᠢ ᠪᠠᠷᠠᠯᠠᠵᠥ᠍᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶ᠋ᠢᠵᠤ᠂ ᠮᠠᠰᠢ ᠴᠢᠩᠭ᠎ᠠ ᠤᠯᠤᠰ ᠲᠦᠷᠦ᠎ᠶᠢᠨ ᠴᠢᠨᠠᠷ᠂ ᠪᠠᠶ᠋ᠢᠯᠳᠤᠬᠤ ᠪᠤᠳᠤᠯᠭ᠎ᠠ᠎ᠶᠢᠨ ᠴᠢᠨᠠᠷ᠂ ᠵᠢᠯᠣᠭᠣᠳᠬᠤ ᠴᠢᠨᠠᠷ᠎ᠲᠠᠶ ᠪᠠᠶ᠋ᠢᠵᠤ᠂ ᠰᠢᠨ᠎ᠡ ᠴᠠᠭ ᠦᠶ᠎ᠡ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯ᠎ᠢ ᠰᠠᠶ᠋ᠢᠲᠤᠷ ᠬᠢᠬᠦ᠌᠎ᠳᠦ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠭᠦᠨᠵᠡᠭᠡᠢ ᠰᠤᠷᠤᠯᠴᠠᠨ ᠣᠶ᠋ᠢᠯᠠᠭᠠᠵᠤ᠂ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠍᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯ᠎ᠢ ᠰᠠᠶ᠋ᠢᠲᠤᠷ ᠬᠢᠬᠦ᠌ ᠡᠷᠡᠰ ᠵᠣᠷᠢᠭ ᠪᠠ ᠢᠲᠡᠭᠡᠯ ᠵᠣᠷᠢᠭ᠎ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠳᠤᠮᠳᠠᠳᠤ ᠤᠯᠤᠰ ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ᠌ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ ᠳᠡᠭᠡᠷ᠎ᠡ᠂ ᠴᠧᠨ ᠯᠢ ᠴᠢᠤᠸᠠᠨ ᠪᠣᠯᠤᠨ ᠪᠧᠨ ᠳ᠋ᠸ ᠱᠠᠩᠨᠠᠯ ᠬᠦᠷᠳᠡᠭᠰᠡᠡ ᠪᠦᠬᠦ᠌ ᠬᠥᠮᠦᠰ᠎ᠢ ᠲᠥᠯᠥᠭᠡᠯᠡᠨ ᠦᠭᠡ ᠬᠡᠯᠡᠪᠡ᠃

ᠬᠤᠷᠠᠯ᠎ᠡᠴᠡ ᠡᠮᠦᠨ᠎ᠡ᠂ ᠰᠢ ᠵᠢᠨ ᠫᠢᠩ ᠵᠡᠷᠭᠡ ᠤᠳᠤᠷᠢᠳᠬᠤ ᠨᠥᠬᠥᠳ ᠤᠯᠤᠰ᠎ᠤᠨ ᠰᠢᠨᠵᠢᠯᠡᠬᠦ᠌ ᠤᠬᠠᠭᠠᠨ ᠲᠸᠭᠨᠢ᠌ᠡ᠋ ᠮᠡᠷᠭᠡᠵᠢᠯ᠎ᠦᠨ ᠱᠠᠩᠨᠠᠯ ᠬᠦᠷᠳᠡᠭᠰᠡᠨ ᠲᠥᠯᠥᠭᠡᠯᠡᠭᠴᠢᠳ᠎ᠲᠡᠶ ᠳᠣᠲᠣᠨᠣ᠎ᠪᠠᠷ ᠠᠭᠤᠯᠵᠠᠭᠰᠠᠨ ᠪᠥᠭᠡᠳ ᠤᠯᠠᠨ᠎ᠲᠠᠶ ᠬᠠᠮᠲᠤ᠎ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃

ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠬᠡᠰᠡᠭ ᠭᠡᠰᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠢ᠎ᠠ᠂ ᠲᠦᠷᠦ᠎ᠶᠢᠨ ᠶᠠᠪᠤᠳᠠᠯ᠎ᠤᠨ ᠬᠣᠷᠢᠢ᠎ᠠ᠂ ᠪᠦᠬᠦ᠌ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠬᠣᠯᠪᠣᠭᠳᠠᠯ ᠪᠦᠬᠦᠢ ᠤᠳᠤᠷᠢᠳᠬᠤ ᠨᠥᠬᠥᠳ ᠶᠡᠬᠡ ᠬᠤᠷᠠᠯ᠎ᠳᠤ ᠣᠷᠣᠯᠴᠠᠪᠠ᠃

 ᠲᠥᠪ ᠎ᠦᠨ ᠨᠠᠮ ᠵᠠᠰᠠᠭ ᠴᠡᠷᠢᠭ ᠤᠯᠠᠨ ᠲᠦᠮᠡᠨ᠎ᠦ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠭᠣᠣᠯ ᠬᠠᠷᠢᠭᠤᠴᠠᠯᠭᠠᠲᠠᠨ ᠨᠦᠬᠦᠳ᠂ ᠲᠥᠪ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠵᠥᠪᠯᠡᠯ᠎ᠦᠨ ᠭᠡᠰᠢᠭᠦᠨ᠂ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠠᠩᠨᠠᠯ᠎ᠤᠨ ᠵᠥᠪᠯᠡᠯ᠎ᠦᠨ ᠭᠡᠰᠢᠭᠦᠨ᠂ ᠡᠯ᠎ᠡ ᠮᠤᠵᠢ ᠣᠷᠣᠨ ᠬᠤᠳᠠ ᠪᠣᠯᠤᠨ ᠲᠤᠰᠠᠭᠠᠷ ᠲᠥᠯᠥᠪᠯᠡᠭᠡᠲᠦ᠍ ᠬᠤᠳᠠ᠂ ᠰᠢᠨᠵᠢᠶᠠᠩ᠎ᠤᠨ ᠦᠢᠯᠡᠳᠪᠦᠷᠢᠯᠡᠯ ᠪᠦᠳᠦᠭᠡᠨ ᠪᠠᠶ᠋ᠢᠭᠤᠯᠤᠯᠲᠠ᠎ᠶᠢᠨ ᠪᠢᠩᠲ᠋ᠤᠸᠠᠨ ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠨᠦᠬᠦᠳ᠂ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠠᠩᠨᠠᠯ᠎ᠤᠨ ᠱᠠᠩᠨᠠᠯ ᠬᠦᠷᠳᠡᠭᠰᠡᠨ ᠲᠥᠯᠥᠭᠡᠯᠡᠭᠴᠢ᠂ ᠬᠣᠶᠠᠷ ᠬᠦᠷᠢᠶᠡᠯᠡᠩ᠎ᠦᠨ ᠠᠺᠠᠳᠧᠮᠢᠴᠢ᠂ ᠬᠡᠰᠡᠭ ᠭᠠᠳᠠᠭᠠᠳᠤ᠎ᠶᠢᠨ ᠠᠺᠠᠳᠧᠮᠢᠴᠢ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠶ᠋ᠢᠭᠡᠮᠯᠢᠭ᠎ᠦᠨ ᠠᠷᠪᠠᠨ ᠨᠢᠭᠡᠳᠦᠭᠡᠷ ᠤᠳᠠᠭ᠎ᠠ᠎ᠶᠢᠨ ᠪᠦᠬᠦ᠌ ᠤᠯᠤᠰ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠵᠡᠷᠭᠡ 4300 ᠰᠢᠬᠠᠮ ᠬᠥᠮᠦᠨ ᠶᠡᠬᠡ ᠬᠤᠷᠠᠯ᠎ᠳᠤ ᠣᠷᠣᠯᠴᠠᠪᠠ᠃

 2025 ᠣᠨ᠎ᠳᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠠᠩᠨᠠᠯ᠎ᠳᠤ ᠨᠡᠶ᠋ᠢᠲᠡ 258 ᠲᠥᠷᠥᠯ ᠵᠦᠢᠯ ᠪᠠ 11 ᠨᠡᠷᠡᠰ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠤᠰᠬᠠᠶ ᠮᠡᠷᠭᠡᠵᠢᠯᠲᠡᠨ ᠎ᠢ ᠰᠢᠯᠭᠠᠷᠠᠭᠤᠯᠪᠠ᠃ ᠡᠭᠦᠨ᠎ᠳᠦ᠂ ᠤᠯᠤᠰ᠎ᠤᠨ ᠬᠠᠮᠤᠭ᠎ᠤᠨ ᠳᠡᠭᠡᠳᠦ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠠᠩᠨᠠᠯ ᠬᠦᠷᠲᠡᠭᠴᠢ 2 ᠬᠥᠮᠦᠨ ᠪᠣᠶ;  ᠤᠯᠤᠰ᠎ᠤᠨ ᠪᠠᠶ᠋ᠢᠭᠠᠯᠢ᠎ᠶᠢᠨ ᠰᠢᠨᠵᠢᠯᠡᠬᠦ᠌ ᠤᠬᠠᠭᠠᠨ᠎ᠤ ᠱᠠᠩᠨᠠᠯ 51 ᠵᠦᠢᠯ ᠪᠠᠶ᠋ᠢᠵᠤ᠂ ᠡᠭᠦᠨ᠎ᠳᠦ ᠨᠢᠭᠡᠳᠦᠭᠡᠷ ᠳᠡᠰ᠎ᠤᠨ ᠱᠠᠩᠨᠠᠯ 3 ᠵᠦᠢᠯ᠂ ᠬᠣᠶᠠᠳᠤᠭᠠᠷ ᠳᠡᠰ᠎ᠤᠨ ᠱᠠᠩᠨᠠᠯ 48 ᠵᠦᠢᠯ ᠪᠤᠢ;  ᠤᠯᠤᠰ᠎ᠤᠨ ᠮᠡᠷᠭᠡᠵᠢᠯ᠎ᠦᠨ ᠡᠭᠦᠳᠦᠯᠲᠡ᠎ᠶᠢᠨ ᠱᠠᠩᠨᠠᠯ 58 ᠵᠦᠢᠯ ᠪᠠᠶ᠋ᠢᠵᠤ᠂ ᠡᠭᠦᠨ᠎ᠳᠦ ᠨᠢᠭᠡᠳᠦᠭᠡᠷ ᠳᠡᠰ ᠎ᠤᠨ ᠱᠠᠩᠨᠠᠯ 3 ᠵᠦᠢᠯ᠂ ᠬᠣᠶᠠᠳᠤᠭᠠᠷ ᠳᠡᠰ ᠎ᠤᠨ ᠱᠠᠩᠨᠠᠯ 55 ᠵᠦᠢᠯ ᠪᠤᠢ; ᠤᠯᠤᠰ ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠳᠠᠪᠰᠢᠯᠲᠠ᠎ᠶᠢᠨ ᠱᠠᠩᠨᠠᠯ 149 ᠵᠦᠢᠯ ᠪᠠᠶ᠋ᠢᠵᠤ᠂ ᠡᠭᠦᠨ᠎ᠳᠦ ᠣᠨᠴᠠ ᠳᠡᠰ᠎ᠤᠨ ᠱᠠᠩᠨᠠᠯ 3 ᠵᠦᠢᠯ᠂ ᠨᠢᠭᠡᠳᠦᠭᠡᠷ ᠳᠡᠰ᠎ᠤᠨ ᠱᠠᠩᠨᠠᠯ 13 ᠵᠦᠢᠯ᠂ ᠬᠣᠶᠠᠳᠤᠭᠠᠷ ᠳᠡᠰ᠎ᠤᠨ ᠱᠠᠩᠨᠠᠯ 133 ᠵᠦᠢᠯ ᠪᠠᠶ᠋ᠢᠨ᠎ᠠ;  ᠭᠠᠳᠠᠭᠠᠳᠤ᠎ᠶᠢᠨ 9 ᠲᠤᠰᠬᠠᠶ ᠮᠡᠷᠭᠡᠵᠢᠯᠲᠡᠨ᠎ᠳᠦ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠯᠠᠨ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠠᠮᠲᠤᠷᠠᠯᠴᠠᠭᠠᠨ᠎ᠤ ᠱᠠᠩᠨᠠᠯ ᠣᠯᠭᠣᠪᠠ᠃

ᠰᠢᠨᠬᠤᠸᠠ ᠬᠤᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 8 ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号