ᠡᠨᠡ ᠵᠢᠯ ᠮᠠᠨ᠎ᠤ ᠤᠯᠤᠰ᠎ᠤᠨ ᠬᠥᠮᠦᠨ ᠬᠡᠯᠪᠡᠷᠢᠳᠤ ᠮᠠᠰᠢᠨ ᠬᠥᠮᠦᠨ᠎ᠦ ᠦᠢᠯᠡᠳᠪᠦᠷᠢᠯᠡᠯ ᠤ᠋ᠨ ᠬᠡᠮᠵᠢᠶ᠎ᠠ 10 ᠲᠦᠮᠡ᠎ᠶᠢ ᠳᠠᠪᠠᠬᠤ ᠪᠣᠯᠤᠮᠵᠢ᠎ᠲᠠᠶ
2026-07-09 09:37:51
ᠵᠣᠬᠢᠶᠠᠭ᠍ᠴᠢ᠄
ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠬᠥᠩ ᠸᠸᠨ ᠵᠧᠤ ᠶᠤᠸᠠᠨ
ᠣᠩᠱᠢᠭ᠍ᠰᠠᠨ ᠣᠳᠠᠭ᠎ᠠ᠄
★★★☆☆

7 ᠤ᠋ ᠡᠳᠦᠷ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠤᠷᠭᠠᠨ᠎ᠤ ᠳᠡᠳ᠋ ᠳᠠᠷᠤᠭ᠎ᠠ ᠭᠠᠨ ᠰᠢᠶᠤᠤ ᠪᠢᠨ 2026 ᠣᠨ᠎ᠤ ᠳᠡᠯᠡᠬᠡᠶ᠎ᠶᠢᠨ ᠵᠣᠬᠢᠶᠠᠮᠠᠯ ᠣᠶᠤᠨ ᠴᠢᠳᠠᠪᠤᠷᠢ᠎ᠶᠢᠨ ᠶᠡᠬᠡ ᠬᠤᠷᠠᠯ ᠵᠢᠴᠢ ᠵᠣᠬᠢᠶᠠᠮᠠᠯ ᠣᠶᠤᠨ ᠴᠢᠳᠠᠪᠤᠷᠢ᠎ᠶᠢᠨ ᠪᠥᠬᠥ᠌ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠠᠰ᠎ᠤᠨ ᠬᠤᠷᠠᠯ᠎ᠤᠨ ᠰᠣᠨᠢᠨ ᠮᠡᠳᠡᠭᠡ ᠨᠡᠶ᠋ᠢᠲᠡᠯᠡᠬᠦ᠌ ᠬᠤᠷᠠᠯ ᠳᠡᠭᠡᠷ᠎ᠡ᠂ ᠮᠠᠨ᠎ᠤ ᠤᠯᠤᠰ᠎ᠤᠨ ᠲᠣᠮᠣ ᠵᠠᠭᠪᠤᠷ᠂ ᠣᠶᠤᠨ ᠴᠢᠳᠠᠪᠤᠷᠢᠳᠤ ᠴᠤᠬᠴᠠ ᠵᠡᠷᠭᠡ᠎ᠶᠢᠨ ᠰᠣᠯᠢᠭᠳᠠᠯ ᠲᠦᠷᠭᠡᠳᠴᠦ᠍᠂ ᠡᠨᠡ ᠵᠢᠯ ᠬᠥᠮᠦᠨ ᠬᠡᠯᠪᠡᠷᠢᠳᠤ ᠮᠠᠰᠢᠨ ᠬᠥᠮᠦᠨ᠎ᠦ ᠪᠥᠬᠥ᠌ ᠵᠢᠯ᠎ᠦᠨ ᠦᠢᠯᠡᠳᠪᠦᠷᠢᠯᠡᠯ ᠤ᠋ᠨ ᠬᠡᠮᠵᠢᠶ᠎ᠠ 10 ᠲᠦᠮᠡ᠎ᠶᠢ ᠳᠠᠪᠠᠬᠤ ᠪᠣᠯᠤᠮᠵᠢ ᠲᠠᠢ ᠭᠡᠵᠤ ᠢᠯᠡᠳᠭᠡᠵᠠᠢ᠃

ᠣᠳᠣᠬᠠᠨ᠎ᠳᠤ᠂ ᠵᠣᠬᠢᠶᠠᠮᠠᠯ ᠣᠶᠤᠨ ᠴᠢᠳᠠᠪᠤᠷᠢ ᠭᠡᠬᠦ ᠡᠨᠡ ᠬᠦ᠌ 《ᠵᠠᠩᠭᠢᠯᠠᠭ᠎ᠠ᠎ᠶᠢᠨ ᠬᠤᠪᠢᠰᠤᠭᠴᠢ》 ᠶᠠᠭ ᠠᠵᠤ ᠠᠬᠤᠶ᠎ᠶᠢᠨ ᠴᠢᠨᠠᠷ ᠰᠠᠶ᠋ᠢᠲᠠᠶ ᠬᠥᠭᠵᠢᠯᠲᠡ᠎ᠶᠢᠨ 《ᠡᠷᠴᠢᠮᠲᠡᠶ ᠨᠡᠮᠡᠭᠳᠡᠯ》 ᠪᠣᠯᠵᠣ ᠪᠠᠶ᠋ᠢᠨ᠎ᠠ᠃ ᠭᠠᠨ ᠰᠢᠶᠤᠤ ᠪᠢᠨ᠂ ᠣᠳᠣᠬᠠᠨ᠎ᠳᠤ᠂ ᠮᠠᠨ᠎ᠤ ᠤᠯᠤᠰ᠎ᠤᠨ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠠᠵᠤ ᠠᠬᠤᠶ᠋ᠢᠯᠠᠯ᠎ᠤᠨ ᠵᠣᠬᠢᠶᠠᠮᠠᠯ ᠣᠶᠤᠨ ᠴᠢᠳᠠᠪᠤᠷᠢ᠎ᠶᠢᠨ ᠬᠡᠷᠡᠭᠯᠡᠭᠡᠨ᠎ᠦ ᠲᠦᠭᠡᠮᠡᠯᠵᠢᠭᠦᠯᠦᠯᠲᠡ᠎ᠶᠢᠨ ᠨᠣᠷᠮ᠎ᠠ ᠨᠢᠭᠡᠨᠲᠡ 30% ᠵᠢ ᠳᠠᠪᠠᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠶᠠᠭ ᠡᠯ᠎ᠡ ᠲᠠᠯ᠎ᠠ᠎ᠶᠢᠨ ᠬᠢᠨ᠎ᠲᠡᠶ ᠬᠠᠮᠲᠤᠷᠠᠨ 《ᠵᠠᠭᠪᠤᠷ ᠪᠠ ᠲᠤᠭ᠎ᠠ ᠪᠠᠷᠢᠮᠳᠠ ᠵᠢ ᠬᠠᠮᠵᠢᠯᠴᠠᠭᠤᠯᠬᠤ》᠂ 《ᠬᠥᠮᠦᠨ ᠬᠡᠯᠪᠡᠷᠢᠲᠦ᠍ ᠮᠠᠰᠢᠨ ᠬᠥᠮᠦᠨ ᠬᠢᠭᠡᠳ ᠪᠡᠶ᠎ᠡ ᠴᠤᠬᠴᠠᠳᠤ ᠣᠶᠤᠨ ᠴᠢᠳᠠᠪᠤᠷᠢ᠎ᠶᠢᠨ ᠪᠣᠳᠠᠲᠤ᠌ ᠦᠵᠡᠭᠳᠡᠯᠲᠦ᠍ ᠪᠣᠯᠪᠠᠰᠤᠷᠠᠯ》 ᠵᠡᠷᠭᠡ ᠲᠤᠰᠬᠠᠶ ᠠᠵᠢᠯᠯᠠᠭ᠎ᠠ᠎ᠶᠢ ᠭᠦᠨᠵᠡᠭᠡᠶ ᠬᠡᠷᠡᠭᠵᠢᠭᠦᠯᠵᠦ᠍᠂ ᠥᠨᠳᠥᠷ ᠥᠷᠲᠡᠭᠲᠦ᠍ ᠬᠡᠷᠡᠭᠯᠡᠭᠡᠨ᠎ᠦ ᠦᠵᠡᠭᠳᠡᠯ ᠪᠠᠶ᠋ᠢᠳᠠᠯ᠎ᠢ ᠠᠭᠤᠳᠠᠯᠵᠤ ᠪᠠᠶ᠋ᠢᠨ᠎ᠠ ᠭᠡᠵᠤ ᠲᠠᠨᠢᠯᠴᠠᠭᠤᠯᠵᠠᠢ᠃

ᠰᠠᠶ᠋ᠢᠨ ᠰᠠᠶ᠋ᠢᠬᠠᠨ ᠠᠮᠢ ᠠᠬᠤᠶ ᠪᠣᠯ ᠵᠣᠬᠢᠶᠠᠮᠠᠯ ᠣᠶᠤᠨ ᠴᠢᠳᠠᠪᠤᠷᠢ᠎ᠶᠢᠨ ᠬᠥᠭᠵᠢᠯᠲᠡ᠎ᠶᠢᠨ ᠳᠤᠲᠠᠭᠳᠠᠵᠤ ᠪᠣᠯᠤᠰᠢ ᠥᠬᠡᠶ《ᠨᠡᠷᠡᠨ᠎ᠦ ᠬᠡᠷᠡᠯ ᠬᠤᠷ᠎ᠠ᠎ᠪᠤᠷᠤᠭᠠᠨ》 ᠮᠥᠨ᠃ ᠪᠠᠷᠢᠮᠵᠢᠶ᠎ᠠ᠎ᠡᠴᠡ ᠦᠵᠡᠪᠡᠯ᠂ ᠠᠵᠤ ᠦᠢᠯᠡᠰ᠎ᠦᠨ ᠡᠲᠡᠭᠡᠳ᠎ᠦᠨ᠎ᠬᠢᠨ ᠨᠢᠭᠡᠨᠲᠡ 200 ᠰᠢᠬᠠᠮ ᠵᠠᠩᠭᠢᠯᠠᠭ᠎ᠠ᠎ᠶᠢᠨ ᠪᠠᠷᠢᠮᠵᠢᠶ᠎ᠠ᠎ᠶᠢ ᠰᠤᠳᠤᠯᠤᠨ ᠲᠣᠭᠲᠠᠭᠠᠪᠠ; ᠺᠤᠳ᠋ ᠢ᠋ ᠢᠯᠡ ᠨᠡᠬᠡᠬᠡᠭᠰᠡᠨ ᠪᠠᠢᠳᠠᠯ ᠡᠴᠡ ᠦᠵᠡᠪᠡᠯ᠂ AtomGit ᠺᠤᠳ᠋ ᠢ᠋ ᠢᠯᠡ ᠨᠡᠬᠡᠬᠡᠬᠦ ᠨᠡᠶ᠋ᠢᠭᠡᠮ ᠲᠣᠭᠣᠷᠢᠭ᠎ᠤᠨ ᠳᠠᠩᠰᠠᠯᠠᠭᠤᠯᠤᠭᠰᠠᠨ ᠬᠡᠷᠡᠭᠯᠡᠭᠴᠢ 1100 ᠲᠦᠮᠡ᠎ᠶᠢ ᠳᠠᠪᠠᠪᠠ; ᠪᠠᠯᠠ ᠣᠷᠣᠭᠤᠯᠤᠯᠲᠠ ᠪᠠᠯᠠ ᠬᠤᠷᠠᠮᠳᠤᠭᠤᠯᠭ᠎ᠠ᠎ᠡᠴᠡ ᠦᠵᠡᠪᠡᠯ᠂ ᠤᠯᠤᠰ᠎ᠤᠨ ᠵᠣᠬᠢᠶᠠᠮᠠᠯ ᠣᠶᠤᠨ ᠴᠢᠳᠠᠪᠤᠷᠢ ᠵᠢᠨ ᠠᠵᠤ ᠦᠢᠯᠡᠰ᠎ᠦᠨ ᠪᠠᠯᠠ ᠣᠷᠣᠭᠤᠯᠤᠯᠲᠠ᠎ᠶᠢᠨ ᠰᠠᠭᠤᠷᠢ ᠮᠥᠩᠭᠥ ᠲᠦᠷᠭᠡᠨ ᠠᠵᠢᠯᠯᠠᠵᠤ᠂ ᠨᠡᠶ᠋ᠢᠭᠡᠮ᠎ᠦᠨ ᠬᠥᠷᠥᠩᠭᠡ᠎ᠶᠢ ᠳᠠᠶ᠋ᠢᠴᠢᠯᠠᠨ ᠠᠵᠤ ᠦᠢᠯᠡᠰ᠎ᠢ ᠳᠡᠮᠵᠢᠬᠦ᠌ ᠡᠷᠴᠢᠮ᠎ᠢ ᠴᠢᠩᠭᠠᠷᠠᠭᠤᠯᠪᠠ᠃

ᠲᠣᠰ ᠬᠤᠭᠤᠴᠠᠭᠠᠨ᠎ᠤ ᠶᠡᠬᠡ ᠬᠤᠷᠠᠯ᠎ᠢ ᠭᠠᠳᠠᠭᠠᠳᠤ ᠶᠠᠪᠤᠳᠠᠯ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠂ ᠰᠤᠷᠭᠠᠨ ᠬᠥᠮᠦᠵᠢᠯ᠎ᠦᠨ ᠶᠠᠮᠤᠨ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠠᠮᠤᠨ᠂ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠂ ᠤᠯᠤᠰ᠎ᠤᠨ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠬᠡᠷ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠶ᠋ᠢᠭᠡᠮᠯᠢᠭ ᠪᠣᠯᠤᠨ ᠱᠠᠩᠬᠠᠶ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠬᠠᠮᠲᠤ᠎ᠪᠠᠷ ᠭᠤᠤᠯᠯᠠᠨ ᠡᠷᠭᠢᠯᠡᠵᠦ᠍᠂ 7 ᠰᠠᠷ᠎ᠠ᠎ᠶᠢᠨ 17 ᠤ᠋ ᠡᠳᠦᠷ᠎ᠡᠴᠡ 20 ᠤ᠋ ᠡᠳᠦᠷ ᠪᠣᠯᠲᠠᠯ᠎ᠠ ᠱᠠᠩᠬᠠᠶ᠎ᠳᠤ ᠡᠷᠭᠢᠯᠡᠵᠤ᠂《ᠣᠶᠤᠨ ᠴᠢᠳᠠᠪᠤᠷᠢ ᠵᠢᠨ ᠬᠠᠨᠢᠲᠠᠨ ᠢᠷᠡᠭᠡᠳᠦᠶ ᠵᠢ ᠬᠠᠮᠲᠤ᠎ᠪᠠᠷ ᠴᠣᠭᠴᠠᠯᠠᠶ᠎ᠠ》 ᠭᠡᠬᠦ᠌ ᠭᠤᠤᠯ ᠰᠡᠳᠦᠪ᠎ᠦᠨ ᠲᠣᠭᠣᠷᠢᠨ᠎ᠳᠤ᠂ ᠶᠠᠷᠢᠶᠠᠨ᠎ᠤ ᠲᠠᠪᠴᠠᠩ᠎ᠤᠨ ᠬᠤᠷᠠᠯ᠂ ᠦᠵᠡᠭᠦᠯᠭᠡ᠂ ᠱᠠᠩᠨᠠᠯᠳᠤ ᠤᠷᠤᠯᠳᠤᠭᠠᠨ᠂ ᠬᠡᠷᠡᠭᠯᠡᠭᠡᠨ᠎ᠦ ᠪᠡᠶᠡᠴᠢᠯᠡᠨ ᠣᠶ᠋ᠢᠯᠠᠭᠠᠯᠲᠠ᠂ ᠰᠢᠨ᠎ᠡ᠎ᠶᠢ ᠡᠭᠦᠳᠬᠦ᠌ ᠨᠡᠪᠴᠢᠭᠦᠯᠦᠯᠲᠡ᠂ ᠴᠢᠳᠠᠪᠤᠷᠢᠲᠠᠨ ᠤᠷᠢᠬᠤ ᠵᠢᠷᠭᠤᠭᠠᠨ ᠶᠡᠬᠡ ᠬᠡᠰᠡᠭ᠎ᠢ ᠲᠣᠬᠢᠷᠠᠭᠤᠯᠤᠨ᠎ᠠ᠃

ᠰᠤᠷᠪᠤᠯᠵᠢᠯᠠᠭᠴᠢ ᠰᠣᠨᠢᠨ ᠮᠡᠳᠡᠭᠡ ᠨᠡᠶ᠋ᠢᠲᠡᠯᠡᠬᠦ᠌ ᠬᠤᠷᠠᠯ᠎ᠡᠴᠡ ᠣᠶ᠋ᠢᠯᠠᠭᠠᠭᠰᠠᠨ᠎ᠢᠶᠠᠷ᠂ ᠶᠡᠬᠡ ᠬᠤᠷᠠᠯ᠎ᠤᠨ ᠡᠯ᠎ᠡ ᠵᠦᠢᠯ ᠤ᠋ᠨ ᠪᠡᠯᠡᠳᠬᠡᠯ ᠠᠵᠢᠯ ᠨᠢᠭᠡᠨᠲᠡ ᠡᠴᠦᠰ᠎ᠦᠨ ᠰᠢᠪᠲᠤᠯᠤᠯᠲᠠ᠎ᠶᠢᠨ ᠱᠠᠲᠤᠨ᠎ᠳᠤ ᠣᠷᠣᠪᠠ᠃ ᠲᠣᠰ ᠬᠤᠭᠤᠴᠠᠭᠠᠨ᠎ᠤ ᠶᠡᠬᠡ ᠬᠤᠷᠠᠯ᠎ᠤᠨ ᠦᠵᠡᠰᠬᠦᠯᠡᠩ᠎ᠦᠨ ᠶᠡᠷᠦᠩᠬᠡᠶ ᠲᠠᠯᠠᠪᠠᠶ ᠠᠩᠬ᠎ᠠ ᠤᠳᠠᠭ᠎ᠠ 10 ᠲᠦᠮᠡᠨ ᠲᠡᠭᠰᠢ ᠳᠥᠷᠪᠡᠯᠵᠢᠨ ᠮᠧᠲ᠋ᠷ᠎ᠢ ᠳᠠᠪᠠᠵᠤ᠂ 1100 ᠭᠠᠷᠤᠶ ᠠᠵᠤ ᠠᠬᠤᠶ᠋ᠢᠯᠠᠯ ᠦᠵᠡᠰᠬᠦᠯᠡᠩ᠎ᠳᠦ ᠣᠷᠣᠯᠴᠠᠵᠤ᠂ 3000 ᠭᠠᠷᠤᠶ ᠦᠢᠯᠡᠳᠭᠦᠨ ᠢ᠋ ᠲᠥᠪᠯᠡᠷᠡᠩᠭᠦᠶ ᠢᠯᠡᠷᠡᠭᠦᠯᠵᠤ᠂ 300 ᠭᠠᠷᠤᠶ ᠦᠢᠯᠡᠳᠭᠦᠨ ᠢ᠋ ᠪᠥᠬᠥ᠌ ᠳᠡᠯᠡᠬᠡᠶ᠎ᠳᠦ ᠠᠩᠬ᠎ᠠ ᠲᠠᠷᠬᠠᠭᠠᠬᠤ ᠪᠣᠯᠤᠨ᠎ᠠ᠃ ᠣᠶᠤᠨᠴᠢ ᠪᠣᠳᠣᠯᠭ᠎ᠠ᠂ ᠪᠡᠶᠡᠳᠤ ᠤᠶᠤᠨ ᠴᠢᠳᠠᠪᠤᠷᠢ ᠬᠣᠶᠠᠷ ᠶᠡᠬᠡ ᠤᠷᠤᠯᠳᠤᠭᠠᠨ᠎ᠤ ᠵᠠᠮ᠎ᠳᠤ ᠲᠣᠰ ᠲᠣᠰ 200 ᠭᠠᠷᠤᠶ ᠠᠵᠤ ᠠᠬᠤᠶ᠋ᠢᠯᠠᠯ᠂ ᠬᠡᠳᠦᠨ ᠠᠷᠪᠠᠨ ᠳᠠᠭᠠᠭᠤᠯᠤᠭᠴᠢ ᠬᠡᠯᠬᠢᠶ᠎ᠡ ᠵᠢᠨ ᠡᠵᠡᠨ᠂ ᠲᠥᠪ᠎ᠦᠨ ᠪᠠ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ ᠵᠢᠴᠢ ᠭᠠᠳᠠᠭᠠᠳᠤ ᠠᠵᠤ ᠠᠬᠤᠶ᠋ᠢᠯᠠᠯ  ᠬᠠᠨᠢᠲᠠᠨ᠎ᠢᠶᠠᠨ ᠳᠠᠭᠠᠭᠤᠯᠤᠨ ᠦᠵᠡᠰᠬᠦᠯᠡᠩ᠎ᠳᠦ ᠣᠷᠣᠯᠴᠠᠵᠤ᠂ ᠵᠣᠬᠢᠶᠠᠮᠠᠯ ᠣᠶᠤᠨᠴᠢ ᠴᠢᠳᠠᠪᠤᠷᠢ ᠡᠴᠡ ᠮᠢᠩᠭᠠᠨ ᠠᠵᠢᠯ ᠲᠥᠷᠥᠯ᠎ᠳᠦ ᠬᠦᠴᠦᠨ ᠣᠯᠭᠣᠬᠤ ᠬᠣᠰᠢᠭᠤᠷᠠᠯ ᠦᠢᠯᠡᠳᠦᠯᠭᠡ᠎ᠶᠢ ᠲᠥᠪᠯᠡᠷᠡᠭᠦᠯᠦᠨ ᠳᠡᠯᠭᠡᠨ ᠦᠵᠡᠭᠦᠯᠬᠦ ᠪᠤᠯᠤᠨ᠎ᠠ᠃

(ᠰᠢᠨᠬᠤᠸᠠ ᠬᠣᠷᠢᠶ᠎ᠠ ᠵᠢᠨ ᠱᠠᠩᠬᠠᠶ᠎ᠶᠢᠨ 7 ᠰᠠᠷ᠎ᠠ᠎ᠶᠢᠨ 7 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号