ᠦᠪᠦᠷ ᠮᠤᠡᠭᠭᠤᠯ ᠪᠤᠬᠢᠷᠳᠦᠯ ᠦᠭᠡᠢ ᠪᠡᠷ ᠰᠡᠷᠭᠡᠢᠯᠡᠨ ᠬᠠᠮᠠᠭᠠᠯᠠᠬᠤ ᠮᠡᠷᠭᠡᠵᠢᠯ ᠢ᠋ ᠲᠠᠷᠢᠶᠠᠨ ᠭᠠᠵᠠᠷ ᠲᠦ᠍ ᠬᠦᠷᠭᠡᠵᠦ ᠪᠤᠢ
2026-07-09 10:00:01
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠤᠳᠤᠬᠠᠨ ᠳ᠋ᠤ᠂ ᠮᠠᠨ ᠤ᠋ ᠤᠷᠤᠨ ᠤ᠋ ᠶᠡᠬᠡᠡᠭᠬᠢ ᠭᠠᠵᠠᠷ ᠤᠷᠤᠨ ᠤ᠋ ᠲᠠᠷᠢᠶᠠᠨ ᠴᠢᠬᠢ ᠨᠢᠭᠡᠨᠲᠡ ᠬᠠᠮᠢᠶᠠᠷᠬᠤ ᠬᠠᠮᠠᠭᠠᠯᠠᠬᠤ᠂ ᠡᠪᠡᠳᠴᠢᠨ ᠬᠤᠷᠤᠬᠠᠢ ᠵᠢ ᠰᠡᠷᠭᠡᠢᠯᠡᠨ ᠡᠵᠡᠮᠳᠡᠬᠦ ᠵᠠᠡᠭᠬᠢᠯᠠᠭ᠎ᠠ ᠶ᠋ᠢᠨ ᠬᠤᠭᠤᠴᠠᠭᠠᠨ ᠳ᠋ᠦ ᠤᠷᠤᠪᠠ᠃ ᠡᠢᠨ ᠬᠦ᠌ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠤ᠋ᠨ ᠮᠡᠷᠭᠡᠵᠢᠯ ᠤ᠋ᠨ ᠠᠵᠢᠯᠳᠠᠳ ᠲᠠᠷᠢᠶᠠᠨ ᠭᠠᠵᠠᠷ ᠲᠦ᠍ ᠭᠦᠨᠵᠡᠭᠡᠢᠷᠡᠨ᠂ ᠲᠠᠷᠢᠶᠠᠨ ᠴᠢᠬᠢ ᠶ᠋ᠢᠨ ᠤᠷᠭᠤᠯᠲᠠ ᠶ᠋ᠢᠨ ᠪᠠᠢᠳᠠᠯ ᠢ᠋ ᠤᠢᠯᠠᠭᠠᠨ ᠵᠢᠭᠠᠨ ᠵᠢᠯᠤᠭᠤᠳᠤᠯᠭ᠎ᠠ ᠦᠷᠨᠢᠭᠦᠯᠵᠦ᠂ ᠤᠷᠭᠤᠮᠠᠯ ᠤ᠋ᠨ ᠬᠠᠮᠠᠭᠠᠯᠠᠯᠲᠠ ᠶ᠋ᠢᠨ ᠮᠡᠷᠭᠡᠵᠢᠯ ᠤ᠋ᠨ ᠦᠢᠯᠡᠴᠢᠯᠡᠭᠡᠨ ᠤ᠋ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠤ ᠪᠠᠢᠨ᠎ᠠ᠃

2026 ᠣᠨ ᠤ᠋ ᠦᠨᠳᠦᠰᠦᠨ ᠱᠠᠲᠤᠨ ᠤ᠋ ᠲᠠᠷᠢᠶᠠᠯᠠᠩ ᠤ᠋ᠨ ᠮᠡᠷᠭᠡᠵᠢᠯ ᠢ᠋ ᠳᠡᠯᠭᠡᠷᠡᠭᠦᠯᠬᠦ᠌ ᠰᠢᠰᠲ᠋ᠧᠮ ᠤ᠋ᠨ ᠥᠭᠡᠷᠡᠴᠢᠯᠡᠯᠲᠡ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠍᠂ ᠬᠠᠮᠵᠢᠯᠴᠠᠭᠠᠨ ᠤ᠋ ᠲᠥᠷᠥᠯ ᠵᠦᠢᠯ ᠤ᠋ᠨ 《ᠡᠩᠨᠡᠭᠡ ᠵᠢ ᠬᠦᠴᠦᠷᠬᠡᠭᠵᠢᠭᠦᠯᠬᠦ᠌᠂ ᠮᠡᠷᠭᠡᠵᠢᠯ ᠢ᠋ ᠳᠡᠯᠭᠡᠷᠡᠭᠦᠯᠬᠦ᠌᠂ ᠲᠠᠷᠢᠶᠠᠴᠢᠨ ᠢ᠋ ᠳᠠᠭᠠᠭᠤᠯᠬᠤ᠂ ᠠᠮᠤᠷ ᠲᠦᠪᠰᠢᠨ ᠢ᠋ ᠪᠠᠲᠤᠯᠠᠬᠤ》 ᠰᠠᠭᠤᠷᠢ ᠴᠢᠨᠠᠷᠲᠠᠶ ᠲᠤᠯᠭᠠᠭᠤᠷᠢᠯᠠᠯ ᠤ᠋ᠨ ᠪᠠᠲᠤᠯᠠᠭ᠎ᠠ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠬᠤ ᠶ᠋ᠢᠨ ᠲᠥᠯᠥᠭᠡ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠷᠭᠤᠮᠠᠯ᠎ᠤᠨ ᠬᠠᠮᠠᠭᠠᠯᠠᠯᠳᠠ ᠤᠷᠭᠤᠮᠠᠯ ᠤ᠋ᠨ ᠪᠠᠶ᠋ᠢᠴᠠᠭᠠᠯᠲᠠ ᠶ᠋ᠢᠨ ᠲᠥᠪ ᠤ᠋ᠨ ᠬᠢᠨ 2026 ᠣᠨ ᠤ᠋ ᠡᠷᠳᠡᠨᠢ ᠰᠢᠰᠢ᠂ ᠰᠢᠷ᠎ᠠ ᠪᠤᠷᠴᠠᠭ ᠤ᠋ᠨ ᠭᠤᠤᠯ ᠪᠣᠯᠬᠤ ᠡᠪᠡᠳᠴᠢᠨ ᠬᠣᠷᠣᠬᠠᠶ ᠶ᠋ᠢ ᠪᠣᠬᠢᠷᠲᠤᠯ ᠦᠬᠡᠢ ᠪᠡᠷ ᠰᠡᠷᠭᠡᠶ᠋ᠢᠯᠡᠨ ᠡᠵᠡᠮᠳᠡᠬᠦ᠌ ᠵᠠᠩᠭᠢᠯᠠᠭ᠎ᠠ ᠶ᠋ᠢᠨ ᠮᠡᠷᠭᠡᠵᠢᠯ ᠤ᠋ᠨ ᠰᠢᠨ᠎ᠡ ᠵᠢ ᠡᠭᠦᠳᠬᠦ᠌ ᠪᠠ ᠬᠡᠷᠡᠭᠯᠡᠭᠡ ᠵᠢ ᠬᠠᠮᠵᠢᠯᠴᠠᠨ ᠳᠡᠯᠭᠡᠷᠡᠭᠦᠯᠬᠦ᠌ ᠲᠥᠷᠥᠯ ᠵᠦᠢᠯ ᠢ᠋ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠍᠂ ᠶᠡᠬᠡ ᠬᠡᠪᠴᠢᠶ᠎ᠡ ᠪᠡᠷ ᠲᠠᠷᠢᠭᠰᠠᠨ ᠠᠮᠤ ᠲᠤᠰᠤᠨ ᠤ᠋ ᠲᠠᠷᠢᠮᠠᠯ ᠤ᠋ᠨ ᠮᠦ᠍ ᠨᠢᠭᠡᠴᠢ ᠶ᠋ᠢᠨ ᠤᠨᠠᠯᠲᠠ ᠵᠢ ᠲᠠᠬᠡᠭᠰᠢᠯᠡᠬᠦᠯᠬᠦ ᠠᠵᠢᠯᠯᠠᠭ᠎ᠠ ᠳ᠋ᠦ ᠬᠦᠴᠦᠨ ᠨᠡᠮᠡᠷᠢᠯᠡᠪᠡ᠃

ᠡᠷᠳᠡᠨᠢ ᠰᠢᠰᠢ᠂ ᠰᠢᠷ᠎ᠠ ᠪᠤᠷᠴᠠᠭ ᠤ᠋ᠨ ᠭᠤᠤᠯ ᠪᠤᠯᠬᠤ ᠡᠪᠡᠳᠴᠢᠨ ᠬᠣᠷᠣᠬᠠᠶ ᠡᠪᠡᠰᠦᠨ ᠤ᠋ ᠬᠥᠨᠥᠭᠡᠯ ᠢ᠋ ᠰᠡᠷᠭᠡᠶ᠋ᠢᠯᠡᠨ ᠡᠵᠡᠮᠳᠡᠬᠦ᠌ ᠮᠡᠷᠭᠡᠵᠢᠯ ᠤ᠋ᠨ ᠪᠣᠭᠣᠮᠢ ᠠᠰᠠᠭᠤᠳᠠᠯ ᠳ᠋ᠦ ᠴᠢᠭᠯᠡᠭᠦᠯᠦᠨ᠂ ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠡᠭ᠂ ᠶᠡᠬᠡ ᠳᠡᠭᠡᠳᠦ ᠰᠤᠷᠭᠠᠭᠤᠯᠢ᠂ ᠰᠢᠨ᠎ᠡ ᠬᠡᠯᠪᠡᠷᠢ ᠶ᠋ᠢᠨ ᠲᠠᠷᠢᠶᠠᠯᠠᠩ ᠤ᠋ᠨ ᠡᠵᠡᠩᠨᠡᠯᠲᠡ ᠶ᠋ᠢᠨ ᠭᠤᠤᠯ ᠴᠣᠭᠴᠠ᠂ ᠨᠡᠶ᠋ᠢᠭᠡᠮᠴᠢᠯᠡᠭᠰᠡᠨ ᠦᠢᠯᠡᠴᠢᠯᠡᠭᠡᠨ ᠤ᠋ ᠵᠣᠬᠢᠶᠠᠨ ᠪᠠᠶ᠋ᠢᠭᠤᠯᠤᠯᠲᠠ᠎ᠯᠤᠭ᠎ᠠ ᠭᠦᠨᠵᠡᠭᠡᠶ ᠬᠠᠮᠲᠤᠷᠠᠯᠴᠠᠵᠤ᠂ ᠮᠡᠷᠭᠡᠵᠢᠯ ᠤ᠋ᠨ ᠪᠣᠭᠣᠮᠲᠠ ᠰᠢᠪᠲᠤᠯᠬᠤ᠂ ᠲᠥᠪᠯᠡᠷᠡᠭᠦᠯᠦᠨ ᠵᠢᠱ᠌ᠢᠶ᠎ᠡ ᠦᠵᠡᠭᠦᠯᠬᠦ᠌᠂ ᠦᠢᠯᠡᠴᠢᠯᠡᠭᠡ ᠵᠢ ᠳᠡᠯᠭᠡᠷᠡᠭᠦᠯᠬᠦ᠂ ᠴᠢᠳᠠᠪᠤᠷᠢᠲᠠᠨ ᠢ᠋ ᠬᠥᠮᠦᠵᠢᠭᠦᠯᠬᠦ᠌ ᠵᠡᠷᠭᠡ ᠠᠵᠢᠯ ᠢ᠋ ᠬᠠᠮᠲᠤᠷᠠᠨ ᠦᠷᠨᠢᠭᠦᠯᠪᠡ᠃ ᠲᠦᠩᠯᠢᠶᠣᠤ᠂ ᠪᠤᠭᠤᠲᠤ᠌᠂ ᠣᠷᠳᠣᠰ ᠪᠠ ᠠᠯᠠᠱᠠ ᠵᠡᠷᠭᠡ 4 ᠠᠶ᠋ᠢᠮᠠᠭ ᠬᠣᠲᠠ ᠳ᠋ᠤ ᠨᠢᠭᠲᠠ ᠲᠠᠷᠢᠭᠰᠠᠨ ᠡᠷᠳᠡᠨᠢ ᠰᠢᠰᠢ ᠶ᠋ᠢᠨ ᠭᠤᠤᠯ ᠪᠣᠯᠬᠤ ᠡᠪᠡᠳᠴᠢᠨ ᠬᠣᠷᠣᠬᠠᠶ ᠵᠢ ᠤᠨᠤᠴᠠᠲᠠᠢ ᠪᠠᠷ ᠰᠡᠷᠭᠡᠶ᠋ᠢᠯᠡᠨ ᠡᠵᠡᠮᠳᠡᠵᠦ᠍ ᠦᠷ᠎ᠡ ᠠᠰᠢᠭ ᠢ᠋ ᠨᠡᠮᠡᠭᠳᠡᠭᠦᠯᠬᠦ᠌ ᠵᠠᠩᠭᠢᠯᠠᠭ᠎ᠠ ᠶ᠋ᠢᠨ ᠮᠡᠷᠭᠡᠵᠢᠯ ᠤ᠋ᠨ ᠬᠤᠷᠠᠮᠠᠯ ᠪᠠ ᠵᠢᠱ᠌ᠢᠶ᠎ᠡ ᠦᠵᠡᠭᠦᠯᠬᠦ᠌ ᠣᠷᠣᠨ ᠢ᠋ 4 ᠪᠠᠢᠭᠤᠯᠵᠠᠢ; ᠬᠥᠯᠥᠨ ᠪᠣᠶ᠋ᠢᠷ᠂ ᠬᠢᠩᠭᠠᠨ ᠪᠠ ᠤᠯᠠᠭᠠᠨᠬᠠᠳᠠ 3 ᠠᠶ᠋ᠢᠮᠠᠭ ᠬᠣᠲᠠ ᠳ᠋ᠤ ᠰᠢᠷ᠎ᠡ ᠪᠤᠷᠴᠠᠭ ᠤ᠋ᠨ ᠡᠪᠡᠳᠴᠢᠨ ᠬᠣᠷᠣᠬᠠᠶ ᠵᠢ 《ᠨᠢᠭᠡ ᠬᠤᠯᠢᠬᠤ ᠨᠢᠭᠡ ᠪᠢᠲᠡᠭᠦᠮᠵᠢᠯᠡᠬᠦ ᠨᠢᠭᠡ ᠰᠦᠷᠴᠢᠬᠦ᠌》  ᠪᠥᠬᠥ᠌ ᠶᠠᠪᠤᠴᠠ ᠳ᠋ᠤ ᠪᠣᠬᠢᠷᠲᠤᠯ ᠥᠬᠡᠶ ᠪᠡᠷ ᠰᠡᠷᠭᠡᠶ᠋ᠢᠯᠡᠨ ᠡᠵᠡᠮᠳᠡᠬᠦ᠌ ᠵᠠᠩᠭᠢᠯᠠᠭ᠎ᠠ ᠶ᠋ᠢᠨ ᠮᠡᠷᠭᠡᠵᠢᠯ ᠤ᠋ᠨ ᠬᠤᠷᠠᠮᠠᠯ ᠪᠠ ᠵᠢᠱ᠌ᠢᠶ᠎ᠡ  ᠦᠵᠡᠭᠦᠯᠬᠦ᠌  ᠣᠷᠣᠨ ᠢ᠋ 6 ᠪᠠᠢᠭᠤᠯᠪᠠ᠃

ᠡᠷᠳᠡᠨᠢ ᠰᠢᠰᠢ ᠪᠠ ᠰᠢᠷ᠎ᠠ ᠪᠤᠷᠴᠠᠭ ᠤ᠋ᠨ ᠦᠷ᠎ᠡ ᠰᠣᠩᠭᠣᠬᠤ᠂ ᠳᠠᠷᠢᠬᠤ᠂ ᠪᠤᠵᠠᠷ ᠡᠪᠡᠰᠦ ᠵᠢ ᠰᠡᠷᠭᠡᠶ᠋ᠢᠯᠡᠨ ᠡᠵᠡᠮᠳᠡᠬᠦ᠌᠂ ᠴᠢᠬᠢ ᠪᠠᠷᠢᠭᠰᠠᠨ ᠤ᠋ ᠳᠠᠷᠠᠭᠠᠬᠢ ᠬᠠᠮᠢᠶᠠᠷᠤᠯᠲᠠ ᠵᠡᠷᠭᠡ ᠵᠠᠩᠭᠢᠯᠠᠭ᠎ᠠ ᠶ᠋ᠢᠨ ᠬᠤᠭᠤᠴᠠᠭᠠᠨ ᠳ᠋ᠤ᠂ ᠡᠯ᠎ᠡ ᠵᠢᠱ᠌ᠢᠶ᠎ᠡ ᠦᠵᠡᠭᠦᠯᠬᠦ᠌ ᠲᠣᠭᠣᠷᠢᠭ ᠤ᠋ᠨ ᠬᠢᠨ ᠲᠥᠷᠥᠯ ᠵᠦᠢᠯ ᠤ᠋ᠨ ᠬᠡᠷᠡᠭᠵᠢᠭᠦᠯᠬᠦ᠌ ᠲᠥᠰᠦᠯ ᠵᠢᠴᠢ ᠮᠡᠷᠭᠡᠵᠢᠯ ᠤ᠋ᠨ ᠳᠦᠷᠢᠮᠵᠢᠯ ᠢ᠋ ᠴᠢᠩᠭ᠎ᠠ ᠵᠢᠷᠤᠮᠯᠠᠨ᠂ ᠡᠪᠡᠳᠴᠢᠨ ᠬᠤᠷᠤᠬᠠᠢ ᠵᠢ ᠡᠰᠡᠷᠭᠦᠴᠡᠬᠦ᠌ ᠰᠥᠷᠬᠦ᠌ ᠵᠢ ᠡᠰᠡᠷᠭᠦᠴᠡᠬᠦ ᠡᠭᠦᠯᠳᠡᠷ ᠢ᠋ ᠰᠣᠩᠭᠣᠬᠤ᠂ ᠡᠮ ᠬᠣᠯᠢᠬᠤ᠂ ᠳᠠᠷᠢᠬᠤ᠂ ᠪᠢᠲᠡᠭᠦᠮᠵᠢᠯᠡᠨ ᠡᠪᠡᠰᠦ ᠠᠷᠢᠯᠭᠠᠬᠤ᠂ ᠡᠰᠢ ᠨᠠᠪᠴᠢᠨ ᠳ᠋ᠦ ᠡᠪᠡᠰᠦ ᠠᠷᠢᠯᠭᠠᠬᠤ ᠡᠮ ᠢ᠋ ᠤᠨᠤᠴᠠᠲᠠᠢ ᠪᠡᠷ ᠰᠦᠷᠴᠢᠬᠦ᠌ ᠵᠡᠷᠭᠡ ᠲᠤᠷᠰᠢᠯᠲᠠ ᠶ᠋ᠢᠨ ᠵᠢᠱ᠌ᠢᠶ᠎ᠡ ᠦᠵᠡᠭᠦᠯᠬᠦ᠌ ᠠᠵᠢᠯ ᠢ᠋ ᠪᠡᠶᠡᠯᠡᠭᠦᠯᠪᠡ᠃

ᠵᠢᠱ᠌ᠢᠶ᠎ᠡ ᠦᠵᠡᠭᠦᠯᠬᠦ᠌ ᠰᠠᠭᠤᠷᠢᠨ ᠤ᠋ ᠬᠢᠨ ᠮᠡᠷᠭᠡᠵᠢᠯ ᠤ᠋ᠨ ᠲᠠᠪᠴᠠᠩ ᠪᠠᠶ᠋ᠢᠭᠤᠯᠤᠨ᠂ ᠭᠤᠷᠪᠠᠨ ᠱᠠᠲᠤ ᠪᠠᠷ ᠬᠣᠯᠪᠣᠭᠠᠯᠠᠨ ᠬᠥᠳᠡᠯᠦᠯᠴᠡᠵᠦ᠍᠂ ᠦᠢᠯᠡᠴᠢᠯᠡᠭᠡ ᠵᠢ ᠡᠴᠦᠰ ᠲᠦ᠍ᠨᠢ ᠲᠤᠯᠲᠠᠯ᠎ᠠ ᠦᠷᠨᠢᠭᠦᠯᠵᠦ ᠪᠠᠢᠨ᠎ᠠ᠃ ᠮᠠᠨ ᠤ᠋ ᠤᠷᠤᠨ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ ᠤ᠋ ᠬᠣᠯᠪᠣᠭᠠᠯᠠᠨ ᠬᠥᠳᠡᠯᠦᠯᠴᠡᠬᠦ᠌ ᠦᠢᠯᠡᠴᠢᠯᠡᠭᠡᠨ ᠤ᠋ ᠲᠤᠤᠷ ᠢ᠋ ᠪᠠᠶ᠋ᠢᠭᠤᠯᠵᠤ᠂ ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠤ᠋ᠨ ᠲᠤᠰᠬᠠᠶ ᠮᠡᠷᠭᠡᠵᠢᠯᠲᠡᠨ᠂ ᠤᠷᠭᠤᠮᠠᠯ ᠤ᠋ᠨ ᠬᠠᠮᠠᠭᠠᠯᠠᠯᠲᠠ ᠶ᠋ᠢᠨ ᠮᠡᠷᠭᠡᠵᠢᠯᠲᠡᠨ ᠢ᠋ ᠵᠣᠬᠢᠶᠠᠨ ᠪᠠᠶ᠋ᠢᠭᠤᠯᠵᠤ ᠲᠠᠷᠢᠶᠠᠨ ᠭᠠᠵᠠᠷ ᠲᠦ᠍ ᠭᠦᠨᠵᠡᠭᠡᠶ᠋ᠢᠷᠡᠨ ᠮᠡᠷᠭᠡᠵᠢᠯ ᠤ᠋ᠨ ᠵᠢᠯᠣᠭᠣᠳᠣᠯᠭ᠎ᠠ ᠪᠠ ᠪᠠᠢᠡᠭᠭᠤᠵᠢᠭᠰᠠᠨ ᠦᠢᠯᠡᠴᠢᠯᠡᠭᠡ ᠥᠷᠨᠢᠭᠦᠯᠵᠦ᠍᠂ 《ᠲᠤᠰᠬᠠᠶ ᠮᠡᠷᠭᠡᠵᠢᠯᠲᠡᠨ + ᠲᠠᠷᠢᠶᠠᠯᠠᠩ ᠤ᠋ᠨ ᠮᠡᠷᠭᠡᠵᠢᠯ ᠤ᠋ᠨ ᠠᠵᠢᠯᠲᠠᠨ + ᠵᠢᠱ᠌ᠢᠶ᠎ᠡ ᠦᠵᠡᠭᠦᠯᠬᠦ᠌ ᠰᠠᠭᠤᠷᠢᠨ + ᠰᠢᠨ᠎ᠡ ᠬᠡᠯᠪᠡᠷᠢ ᠶ᠋ᠢᠨ ᠡᠵᠡᠩᠨᠡᠯᠲᠡ ᠶ᠋ᠢᠨ ᠭᠤᠤᠯ ᠴᠣᠭᠴᠠ + ᠲᠠᠷᠢᠶᠠᠯᠠᠬᠤ ᠡᠷᠦᠬᠡ》 ᠶ᠋ᠢᠨ ᠬᠡᠯᠬᠢᠶᠡᠵᠢᠭᠰᠡᠨ ᠮᠠᠶᠢᠭ ᠤ᠋ᠨ ᠦᠢᠯᠡᠴᠢᠯᠡᠭᠡᠨ ᠤ᠋ ᠵᠠᠭᠪᠤᠷ ᠶ᠋ᠢᠡᠷ ᠬᠠᠮᠵᠢᠯᠴᠠᠨ ᠳᠡᠯᠭᠡᠷᠡᠭᠦᠯᠬᠦ᠌ ᠪᠣᠳᠠᠲᠤ᠌ ᠦᠷ᠎ᠡ ᠪᠦᠲᠦᠮᠵᠢ ᠵᠢ ᠳᠡᠭᠡᠭᠰᠢᠯᠡᠭᠦᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号