ᠬᠦᠭᠵᠢᠯᠳᠡ ᠵᠢᠨ ᠴᠢᠭᠯᠡᠯ ᠢ᠋ ᠲᠤᠳᠤᠷᠬᠠᠢᠯᠠᠵᠤ ᠠᠭᠤᠰᠤᠯᠴᠠᠯ ᠤ᠋ᠨ ᠵᠠᠮ ᠢ᠋ ᠰᠢᠯᠦᠭᠤᠳᠬᠠᠪᠠ
2026-07-09 10:44:51
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

— ᠭᠤᠷᠪᠠᠨ ᠬᠤᠭᠤᠴᠠᠭᠠᠨ ᠤ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠢᠭᠤᠯᠴᠢᠯᠠᠯ ᠤ᠋ᠨ ᠬᠥᠭᠵᠢᠬᠦᠯᠦᠯᠲᠡ ᠶ᠋ᠢᠨ ᠶᠡᠬᠡ ᠬᠤᠷᠠᠯ ᠤ᠋ᠨ ᠲᠤᠬᠠᠢ ᠡᠷᠬᠢᠴᠡᠬᠦᠯᠦᠯ


ᠠᠭᠤᠳᠠᠮ ᠳᠠᠯ᠎ᠠ ᠶ᠋ᠢᠨ ᠦᠷᠦᠴᠡᠨ ᠡᠴᠡ ᠬᠦᠭᠵᠢᠯ ᠤ᠋ᠨ ᠤᠷᠠᠢ ᠬᠠᠩᠬᠢᠨᠠᠵᠦ᠂ ᠤᠷᠤᠨ ᠲᠠᠶᠠᠭᠠᠷ ᠵᠢᠡᠨ ᠵᠤᠷᠢᠯᠳᠠ ᠨᠢᠬᠡᠳᠠᠢ ᠲᠡᠮᠡᠤᠯᠤᠨ᠎ᠠ᠃ 《ᠨᠢᠭᠡ ᠦᠢᠯᠡᠰ ᠬᠦᠭᠵᠢᠪᠡᠯ ᠵᠠᠭᠤᠨ ᠦᠢᠯᠡᠰ ᠳᠡᠭᠵᠢᠷᠡᠨ᠎ᠠ》 ᠭᠡᠳᠡᠭᠴᠢᠯᠡᠨ ᠵᠢᠭᠤᠯᠴᠢᠯᠠᠯ ᠤ᠋ᠨ ᠦᠢᠯᠡᠰ ᠨᠢ ᠪᠤᠰᠤᠳ ᠤᠯᠠᠨ ᠠᠵᠤ ᠦᠢᠯᠡᠰ ᠤ᠋ᠨ ᠬᠦᠭᠵᠢᠯᠳᠡ ᠵᠢ ᠬᠦᠴᠦᠳᠠᠢ ᠳᠠᠢᠴᠢᠯᠠᠵᠦ᠂ ᠦᠪᠤᠷ ᠮᠤᠩᠭᠤᠯ ᠤ᠋ᠨ ᠠᠵᠤ ᠠᠬᠤᠢ᠂ ᠨᠡᠢᠬᠡᠮ ᠪᠠ ᠰᠤᠶᠤᠯ ᠤ᠋ᠨ ᠬᠦᠭᠵᠢᠯᠳᠡ ᠳ᠋ᠦ ᠦᠵᠡᠬᠦᠯᠬᠦ ᠦᠢᠯᠡᠳᠦᠯ ᠨᠢ ᠤᠯᠠᠮ ᠡᠴᠡ ᠤᠯᠠᠮ ᠲᠤᠪᠤᠢᠮ᠎ᠠ ᠪᠤᠯᠵᠠᠢ᠃

2017 ᠣᠨ ᠳ᠋ᠦ᠂ ᠠᠩᠬᠠᠳᠤᠭᠠᠷ ᠬᠤᠭᠤᠴᠠᠭᠠᠨ ᠤ᠋ ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠢᠭᠤᠯᠴᠢᠯᠠᠯ ᠤ᠋ᠨ ᠬᠦᠭᠵᠢᠬᠦᠯᠦᠯᠳᠡ ᠶ᠋ᠢᠨ ᠶᠡᠬᠡ ᠬᠤᠷᠠᠯ ᠨᠢ ᠪᠦᠬᠦ ᠣᠷᠣᠨ ᠪᠦᠰᠡ ᠶ᠋ᠢᠨ ᠵᠢᠭᠤᠯᠴᠢᠯᠠᠯ ᠤ᠋ᠨ ᠤᠬᠠᠭᠳᠠᠬᠤᠨ ᠪᠠᠢᠷᠢᠰᠢᠯ ᠢ᠋ ᠲᠤᠭᠳᠠᠭᠠᠭᠰᠠᠨ ᠡᠴᠡ 2023 ᠤᠨ᠂ 2024 ᠣᠨ ᠤ᠋ ᠶᠡᠬᠡ ᠬᠤᠷᠠᠯ ᠨᠢ ᠰᠤᠶᠤᠯ ᠬᠢᠭᠡᠳ ᠵᠢᠭᠤᠯᠴᠢᠯᠠᠯ ᠢ᠋ ᠠᠭᠤᠰᠤᠯᠴᠠᠭᠤᠯᠤᠨ ᠬᠥᠭᠵᠢᠭᠦᠯᠵᠦ᠂ ᠭᠤᠷᠪᠠᠨ ᠬᠤᠭᠤᠴᠠᠭᠠᠨ ᠤ᠋ ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠢᠭᠤᠯᠴᠢᠯᠠᠯ ᠤ᠋ᠨ ᠬᠦᠭᠵᠢᠬᠦᠯᠦᠯᠳᠡ ᠶ᠋ᠢᠨ ᠶᠡᠬᠡ ᠬᠤᠷᠠᠯ ᠨᠢ ᠡᠯ᠎ᠡ ᠭᠠᠵᠠᠷ ᠤ᠋ᠨ ᠡᠬᠢ ᠪᠠᠶᠠᠯᠢᠭ ᠤ᠋ᠨ ᠳᠠᠪᠠᠭᠤᠯᠢᠭ᠎ᠲᠤ ᠰᠠᠭᠤᠷᠢᠯᠠᠨ ᠨᠢᠭᠡ ᠬᠤᠭᠤᠴᠠᠭ᠎ᠠ ᠳ᠋ᠤ ᠨᠢᠭᠡ ᠭᠣᠣᠯ ᠰᠡᠳᠦᠪ ᠵᠢᠡᠷ ᠨᠢᠭᠡ ᠭᠠᠵᠠᠷ ᠲᠦ᠍ ᠨᠢᠭᠡ ᠣᠨᠴᠠᠯᠢᠭ ᠲᠠᠢ ᠶᠠᠪᠤᠭᠳᠠᠵᠦ᠂ ᠨᠠᠢᠷ ᠨᠠᠭᠠᠳᠤᠮ ᠴᠤᠭᠯᠠᠭᠠᠨ ᠬᠤᠷᠠᠯ ᠢ᠋ᠶ᠋ᠡᠷ ᠰᠣᠶᠣᠯ ᠵᠢᠭᠤᠯᠴᠢᠯᠠᠯ ᠤ᠋ᠨ ᠦᠢᠯᠡᠰ ᠢ᠋ ᠳᠠᠢᠴᠢᠯᠠᠨ᠂ ᠲᠦᠷᠪᠡᠨ ᠵᠦᠭ ᠨᠠᠢ᠍ᠮᠠᠨ ᠵᠣᠪᠬᠢᠰ ᠤ᠋ᠨ ᠵᠢᠭᠤᠯᠴᠢᠯᠠᠭᠰᠠᠳ ᠢ᠋ ᠳᠠᠳᠠᠵᠤ᠂ ᠠᠵᠢᠯ ᠣᠯᠭᠣᠬᠤ ᠠᠷᠭ᠎ᠠ ᠵᠠᠮ ᠢ᠋ ᠥᠷᠭᠡᠳᠬᠡᠨ᠂ ᠬᠡᠷᠡᠭᠯᠡᠭᠡ ᠵᠢ ᠬᠦᠴᠦᠲᠡᠢ ᠠᠬᠢᠭᠤᠯᠵᠤ᠂ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ ᠤ᠋ᠨ ᠲᠣᠮᠣ ᠣᠷᠣᠨ ᠠ᠋ᠴᠠ ᠠᠵᠤ ᠦᠢᠯᠡᠰ ᠤ᠋ᠨ ᠬᠦᠴᠦᠷᠬᠡᠭ ᠣᠷᠣᠨ ᠳᠠᠢᠰᠢ ᠤᠷᠤᠭᠰᠢᠯᠠᠬᠤ ᠠᠶᠠᠨ ᠤ᠋ ᠬᠠᠭᠤᠳᠠᠰᠤ ᠵᠢ ᠲᠠᠰᠤᠷᠠᠯᠳᠠ ᠦᠬᠡᠢ ᠰᠢᠨᠡᠴᠢᠯᠡᠵᠠᠢ᠃

2017 ᠣᠨ ᠤ᠋ ᠠᠩᠬᠠᠳᠤᠭᠠᠷ ᠬᠤᠭᠤᠴᠠᠭᠠᠨ ᠤ᠋ ᠵᠢᠭᠤᠯᠴᠢᠯᠠᠯ ᠤ᠋ᠨ ᠬᠦᠭᠵᠢᠬᠦᠯᠤᠯᠳᠡ ᠶ᠋ᠢᠨ ᠶᠡᠬᠡ ᠬᠤᠷᠠᠯ ᠬᠥᠯᠥᠨ ᠪᠤᠢᠷ᠎ᠬᠤᠳᠠ ᠳ᠋ᠦ ᠶᠠᠪᠤᠭᠳᠠᠵᠦ᠂ ᠮᠠᠨ ᠤ᠋ ᠣᠷᠣᠨ ᠠᠩᠬ᠎ᠠ ᠤᠳᠠᠭ᠎ᠠ ᠮᠣᠵᠢ ᠶ᠋ᠢᠨ ᠳᠡᠰ ᠤ᠋ᠨ ᠶᠡᠬᠡ ᠬᠤᠷᠠᠯ ᠤ᠋ᠨ ᠬᠡᠯᠪᠡᠷᠢ ᠪᠡᠷ ᠵᠢᠭᠤᠯᠴᠢᠯᠠᠯ ᠤ᠋ᠨ ᠦᠢᠯᠡᠰ ᠲᠡᠭᠡᠨ ᠪᠦᠬᠦ ᠲᠠᠯ᠎ᠠ ᠶ᠋ᠢᠨ ᠴᠢᠨᠠᠷᠲᠠᠢ ᠪᠠᠢᠯᠳᠤᠬᠤ ᠪᠣᠳᠣᠯᠭ᠎ᠠ ᠶ᠋ᠢᠨ ᠪᠠᠢᠷᠢᠯᠠᠭᠤᠯᠤᠯᠲᠠ ᠬᠢᠵᠦ᠂ ᠪᠦᠬᠦ ᠣᠷᠣᠨ ᠪᠦᠰᠡ ᠶ᠋ᠢᠨ ᠵᠢᠭᠤᠯᠴᠢᠯᠠᠯ᠂ ᠳᠥᠷᠪᠡᠨ ᠤᠯᠠᠷᠢᠯ ᠤ᠋ᠨ ᠵᠢᠭᠤᠯᠴᠢᠯᠠᠯ᠂ 《ᠵᠢᠭᠤᠯᠴᠢᠯᠠᠯ +》 ᠭᠣᠣᠯ ᠬᠥᠭᠵᠢᠯᠲᠡ ᠶ᠋ᠢᠨ ᠴᠢᠭᠯᠡᠯ ᠢ᠋ ᠲᠣᠭᠲᠠᠭᠠᠵᠤ᠂ ᠪᠦᠬᠦ ᠣᠷᠣᠨ ᠤ᠋ 《ᠠᠷᠪᠠᠨ ᠭᠤᠷᠪᠠᠳᠤᠭᠠᠷ ᠲᠠᠪᠤᠨ ᠵᠢᠯ 》 ᠦ᠋ᠨ ᠵᠢᠭᠤᠯᠴᠢᠯᠠᠯ ᠤ᠋ᠨ ᠬᠥᠭᠵᠢᠬᠦᠯᠦᠯᠲᠡ ᠶ᠋ᠢᠨ ᠬᠥᠲᠥᠯᠪᠦᠷᠢ ᠶ᠋ᠢᠨ ᠴᠢᠨᠠᠷᠲᠠᠢ ᠪᠢᠴᠢᠭ ᠮᠠᠲ᠋ᠧᠷᠢᠶᠠᠯ ᠢ᠋ ᠳᠠᠷᠤᠮᠠᠯᠯᠠᠨ ᠲᠠᠷᠬᠠᠭᠠᠵᠤ᠂ ᠦᠪᠦᠷ ᠮᠤᠨᠭᠭᠤᠯ ᠤ᠋ᠨ ᠰᠣᠶᠣᠯ ᠵᠢᠭᠤᠯᠴᠢᠯᠠᠯ ᠤ᠋ᠨ ᠠᠭᠤᠰᠤᠯᠴᠠᠯ ᠤ᠋ᠨ ᠵᠠᠮ ᠢ᠋ ᠰᠢᠯᠤᠭᠤᠳᠬᠠᠪᠠ᠃

ᠠᠩᠬᠠᠳᠤᠭᠠᠷ ᠬᠤᠭᠤᠴᠠᠭᠠᠨ ᠤ᠋ ᠶᠡᠬᠡ ᠬᠤᠷᠠᠯ ᠨᠢ 《ᠵᠤᠨ ᠤ᠋ ᠤᠯᠠᠷᠢᠯ ᠳ᠋ᠤ ᠤᠨᠴᠠᠭᠠᠢ ᠬᠥᠭᠵᠢᠶᠡᠨ ᠲᠡᠢ ᠪᠤᠯᠪᠠᠴᠦ ᠡᠪᠦᠯ ᠤ᠋ᠨ ᠤᠯᠠᠷᠢᠯ ᠳ᠋ᠤ ᠵᠤᠭᠰᠤᠩᠭᠤᠢᠷᠠᠭᠰᠠᠨ ᠪᠠᠢᠳᠠᠯ ᠳ᠋ᠦ ᠤᠷᠤᠴᠢᠬᠠᠳᠠᠭ》 ᠬᠦᠴᠢᠷ ᠰᠡᠳᠤᠪ ᠢ᠋ ᠰᠢᠢᠳᠪᠦᠷᠢᠯᠡᠬᠦ ᠪᠡᠷ ᠭᠠᠷᠳᠠᠴᠠ ᠪᠤᠯᠭᠠᠨ ᠳᠤᠮᠳᠠᠳᠤ ᠣᠷᠣᠰ ᠤ᠋ᠨ ᠬᠢᠯᠢ ᠶ᠋ᠢᠨ ᠪᠤᠭᠤᠮᠳᠠ ᠶ᠋ᠢᠨ 5A ᠳᠡᠰ ᠤ᠋ᠨ ᠦᠵᠡᠮᠵᠢ ᠶ᠋ᠢᠨ ᠣᠷᠣᠨ᠂ ᠮᠥᠰᠥ ᠴᠠᠰᠤᠨ ᠤ᠋ ᠠᠷᠠᠳ ᠤ᠋ᠨ ᠰᠠᠭᠤᠴᠠ᠂ ᠬᠦᠢᠲᠡᠨ ᠲᠤᠢᠯ ᠢ᠋ ᠣᠢᠯᠠᠭᠠᠬᠤ ᠰᠠᠭᠤᠷᠢᠨ᠂ ᠮᠠᠯᠵᠢᠬᠤ ᠣᠷᠣᠨ ᠤ᠋ ᠭᠡᠷ ᠪᠦᠯᠢ ᠶ᠋ᠢᠨ ᠵᠢᠭᠤᠯᠴᠢᠯᠠᠯ ᠤ᠋ᠨ ᠭᠠᠵᠠᠷ᠂ ᠮᠥᠰᠥ ᠴᠠᠰᠤᠨ ᠤ᠋ ᠨᠠᠭᠠᠳᠤᠮ᠂ ᠳᠤᠮᠳᠠᠳᠤ ᠤᠯᠤᠰ ᠤ᠋ᠨ ᠬᠦᠢᠲᠡᠨ ᠲᠤᠢᠯ ᠤ᠋ᠨ ᠨᠠᠢᠷ ᠵᠡᠷᠭᠡ ᠡᠪᠦᠯ ᠤ᠋ᠨ ᠤᠯᠠᠷᠢᠯ ᠤ᠋ᠨ ᠵᠢᠭᠤᠯᠴᠢᠯᠠᠯ ᠤ᠋ᠨ IP ᠵᠢ ᠲᠥᠪᠯᠡᠷᠡᠭᠦᠯᠦᠨ ᠳᠡᠯᠭᠡᠨ ᠦᠵᠡᠭᠦᠯᠵᠦ᠂ 14 ᠬᠣᠰᠢᠭᠤ ᠬᠣᠲᠠ ᠲᠣᠭᠣᠷᠢᠭ ᠲᠦ᠍ ᠡᠪᠦᠯ ᠤ᠋ᠨ ᠤᠯᠠᠷᠢᠯ ᠤ᠋ᠨ ᠵᠢᠭᠤᠯᠴᠢᠯᠠᠯ ᠤ᠋ᠨ ᠪᠦᠲᠦᠭᠡᠭᠳᠡᠬᠦᠨ ᠢ᠋ ᠪᠠᠢᠷᠢᠰᠢᠭᠤᠯᠵᠤ᠂ ᠮᠥᠰᠥ ᠴᠠᠰᠤᠨ ᠤ᠋ 《ᠬᠦᠢᠳᠡᠨ ᠡᠬᠢ ᠪᠠᠶᠠᠯᠢᠭ》 ᠢ᠋ ᠠᠵᠤ ᠦᠢᠯᠡᠰ ᠢ᠋ ᠬᠦᠭᠵᠢᠬᠦᠯᠵᠤ ᠣᠷᠣᠯᠭ᠎ᠠ ᠪᠠᠨ ᠨᠡᠮᠡᠭᠳᠡᠭᠦᠯᠬᠦ ︽ᠬᠠᠯᠠᠮᠰᠢᠯ ᠡᠬᠢ ᠪᠠᠶᠠᠯᠢᠭ︾ ᠪᠣᠯᠭᠠᠨ ᠬᠤᠪᠢᠷᠠᠭᠤᠯᠪᠠ᠃

ᠬᠠᠭᠤᠴᠢᠨ ᠪᠠᠷᠭᠤ ᠬᠤᠰᠢᠭᠤᠨ ᠤ᠋ ᠮᠠᠯᠴᠢᠨ ᠨᠠᠷᠠᠨᠲᠤᠶᠠᠭ᠎ᠠ ᠪᠣᠯ ᠶᠡᠬᠡ ᠬᠤᠷᠠᠯ ᠤ᠋ᠨ ᠠᠰᠢᠭ ᠲᠤᠰᠠ ᠵᠢ ᠰᠢᠭᠤᠳ ᠬᠦᠷᠳᠡᠭᠰᠡᠳ ᠤ᠋ᠨ ᠨᠢᠬᠡ ᠶᠤᠮ᠃ ︽ᠦᠩᠬᠡᠷᠡᠭᠰᠡᠨ ᠳ᠋ᠤ ᠮᠠᠨ ᠤ᠋ ᠬᠢᠨ ᠴᠦᠬᠡᠪᠦᠷᠢ ᠮᠠᠯ ᠮᠠᠯᠵᠢᠵᠦ ᠪᠠᠢᠭᠰᠠᠨ᠃ ᠠᠩᠬᠠᠳᠤᠭᠠᠷ ᠬᠤᠭᠤᠴᠠᠭᠠᠨ ᠤ᠋ ᠵᠢᠭᠤᠯᠴᠢᠯᠠᠯ ᠤ᠋ᠨ ᠬᠦᠭᠵᠢᠬᠦᠯᠦᠯᠳᠡ ᠵᠢᠨ ᠶᠡᠬᠡ ᠬᠤᠷᠠᠯ ᠡᠴᠡ ᠪᠤᠳᠠᠳᠠᠢ ᠠᠷᠭ᠎ᠠ ᠬᠡᠮᠵᠢᠶ᠎ᠠ ᠠᠪᠴᠦ ᠮᠥᠰᠥ ᠴᠠᠰᠤᠨ ᠤ᠋ ᠵᠢᠭᠤᠯᠴᠢᠯᠠᠯ᠂ ᠬᠢᠯᠢ ᠶ᠋ᠢᠨ ᠵᠢᠭᠤᠯᠴᠢᠯᠠᠯ ᠢ᠋ ᠬᠦᠴᠦᠯᠡᠨ ᠬᠦᠭᠵᠢᠬᠦᠯᠵᠠᠢ᠃ ᠪᠢᠳᠡ ᠭᠡᠷ ᠢ᠋ᠶ᠋ᠡᠨ ᠡᠪᠦᠯ ᠤ᠋ᠨ ᠤᠯᠠᠷᠢᠯ ᠤ᠋ᠨ ᠠᠷᠠᠳ ᠤ᠋ᠨ ᠵᠠᠩ ᠦᠢᠯᠡ ᠶ᠋ᠢᠨ ᠵᠢᠭᠤᠯᠴᠢᠯᠠᠯ ᠤ᠋ᠨ ᠴᠡᠭ ᠪᠣᠯᠭᠠᠨ ᠥᠭᠡᠷᠡᠴᠢᠯᠡᠵᠦ᠂ ᠮᠣᠷᠢ ᠣᠷᠣᠯᠳᠣᠬᠤ᠂ ᠮᠥᠰᠥᠳᠦ ᠨᠠᠭᠤᠷ ᠡᠴᠡ ᠵᠢᠭᠠᠰᠤ ᠠᠩᠨᠠᠬᠤ ᠵᠡᠷᠬᠡ ᠠᠵᠢᠯᠯᠠᠭ᠎ᠠ ᠡᠷᠬᠢᠯᠡᠨ ᠵᠢᠯ᠎ᠤᠨ ᠤᠷᠤᠯᠭ᠎ᠠ 10 ᠲᠦᠮᠡ ᠭᠠᠷᠤᠢ ᠲᠥᠭᠥᠷᠢᠭ ᠨᠡᠮᠡᠭᠳᠡᠵᠦ᠂ ᠪᠠᠰᠠ ᠣᠢᠷ᠎ᠠ ᠬᠠᠪᠢ ᠶ᠋ᠢᠨ 6 ᠮᠠᠯᠴᠢᠨ ᠠᠢᠯ ᠢ᠋ ᠳᠠᠢᠴᠢᠯᠠᠨ ᠲᠣᠭᠲᠠᠪᠤᠷᠢᠲᠠᠢ ᠠᠵᠢᠯ ᠤᠯᠭᠤᠵᠦ ᠤᠷᠤᠯᠭ᠎ᠠ ᠵᠢ ᠨᠢ ᠨᠡᠮᠡᠭᠳᠡᠬᠦᠯᠪᠡ》 ᠬᠡᠵᠦ ᠨᠠᠷᠠᠨᠲᠤᠶᠠᠭ᠎ᠠ ᠬᠡᠯᠡᠨ᠎ᠠ᠃

2023 ᠣᠨ ᠳ᠋ᠤ᠂ ᠬᠣᠶᠠᠳᠤᠭᠠᠷ ᠬᠤᠭᠤᠴᠠᠭᠠᠨ ᠤ᠋ ᠵᠢᠭᠤᠯᠴᠢᠯᠠᠯ ᠤ᠋ᠨ ᠬᠦᠭᠵᠢᠬᠦᠯᠦᠯᠳᠡ ᠶ᠋ᠢᠨ ᠶᠡᠬᠡ ᠬᠤᠷᠠᠯ ᠤᠯᠠᠭᠠᠨᠬᠠᠳᠠ ᠬᠤᠳᠠ ᠳ᠋ᠤ ᠬᠤᠷᠠᠯᠳᠤᠵᠦ᠂ ᠰᠣᠶᠣᠯ ᠵᠢᠭᠤᠯᠴᠢᠯᠠᠯ ᠢ᠋ᠶ᠋ᠡᠷ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠳ᠋ᠦ ᠡᠨ᠋ᠸᠷᠬᠢ ᠤᠯᠭᠤᠬᠤ ᠭᠤᠤᠯ ᠵᠤᠷᠢᠯᠳᠠ ᠵᠢ ᠲᠤᠷᠠᠳᠤᠨ᠂ ᠶᠠᠨᠱᠠᠨ ᠤ᠋ ᠠᠷᠤ ᠬᠣᠷᠮᠣᠢ ᠶ᠋ᠢᠨ ᠠᠭᠤᠯᠠᠨ ᠣᠢ᠂ ᠬᠥᠳᠡᠭᠡ ᠲᠣᠰᠬᠣᠨ᠂ ᠬᠤᠩᠱᠠᠨ ᠰᠣᠶᠣᠯ ᠤ᠋ᠨ ᠡᠬᠢ ᠪᠠᠶᠠᠯᠢᠭ ᠢ᠋ ᠭᠦᠨᠵᠡᠭᠡᠢ ᠠᠭᠤᠳᠠᠯᠵᠤ᠂ 《ᠦᠵᠡᠮᠵᠢ ᠶ᠋ᠢᠨ ᠣᠷᠣᠨ + ᠬᠦᠳᠡᠬᠡ ᠲᠣᠰᠬᠣᠨ + ᠮᠠᠯᠵᠢᠬᠤ ᠲᠠᠷᠢᠶᠠᠯᠠᠬᠤ ᠡᠷᠦᠬᠡ》 ᠵᠢᠨ ᠠᠰᠢᠭ ᠲᠤᠰᠠ ᠶ᠋ᠢᠨ ᠬᠣᠯᠪᠣᠭᠠᠨ ᠤ᠋ ᠲᠣᠭᠲᠠᠴᠠ ᠵᠢ ᠪᠠᠢᠭᠤᠯᠬᠤ ᠵᠢ ᠪᠦᠳᠦᠮᠵᠢᠳᠠᠢ ᠠᠬᠢᠭᠤᠯᠪᠠ᠃

︽ᠲᠤᠰ ᠬᠤᠭᠤᠴᠠᠭᠠᠨ ᠤ᠋ ᠵᠢᠭᠤᠯᠴᠢᠯᠠᠯ ᠤ᠋ᠨ ᠬᠥᠭᠵᠢᠬᠦᠯᠦᠯᠲᠡ ᠶ᠋ᠢᠨ ᠶᠡᠬᠡ ᠬᠤᠷᠠᠯ ᠠ᠋ᠴᠠ ᠡᠮᠦᠨ᠎ᠡ ᠮᠠᠨ ᠤ᠋ ᠲᠣᠰᠬᠣᠨ ᠤ᠋ ᠠᠭᠤᠯᠠᠨ ᠵᠠᠮ ᠢ᠋ᠶ᠋ᠠᠷ ᠠᠶᠠᠯᠠᠬᠤ ᠳ᠋ᠤ ᠬᠦᠴᠢᠷᠲᠡᠢ᠂ ᠵᠢᠭᠤᠯᠴᠢᠯᠠᠭᠰᠠᠳ ᠮᠠᠰᠢ ᠴᠥᠭᠡᠨ᠂ ᠨᠢᠭᠡ ᠮᠦ᠍ ᠠᠭᠤᠯᠠᠨ ᠭᠠᠵᠠᠷ ᠤ᠋ᠨ ᠵᠢᠯ ᠤ᠋ᠨ ᠣᠷᠣᠯᠭ᠎ᠠ ᠮᠢᠩᠭᠠᠨ ᠲᠥᠭᠥᠷᠢᠭ ᠲᠦ᠍ ᠴᠦ᠍ ᠬᠦᠷᠬᠦ ᠦᠭᠡᠢ ᠪᠠᠢᠭᠰᠠᠨ᠃ ᠶᠡᠬᠡ ᠬᠤᠷᠠᠯ ᠤ᠋ᠨ ᠳᠠᠷᠠᠭ᠎ᠠ ᠵᠢᠭᠤᠯᠴᠢᠯᠠᠯ ᠤ᠋ᠨ ᠵᠠᠰᠠᠮᠠᠯ ᠵᠠᠮ ᠢ᠋ ᠵᠠᠰᠠᠵᠤ᠂ ᠵᠢᠮᠢᠰ ᠲᠡᠭᠦᠬᠦ ᠰᠠᠭᠤᠷᠢᠨ ᠪᠠ ᠰᠧᠩᠳᠡᠩ ᠮᠤᠳᠤᠨ ᠤ᠋ ᠦᠵᠡᠮᠵᠢ ᠶ᠋ᠢᠨ ᠰᠠᠭᠤᠷᠢᠨ ᠢ᠋ ᠪᠦᠳᠦᠬᠡᠨ ᠪᠠᠢᠭᠤᠯᠤᠭᠰᠠᠨ ᠡᠴᠡ ᠵᠢᠭᠤᠯᠴᠢᠯᠠᠭᠰᠠᠳ ᠡᠳᠤᠷ ᠡᠴᠡ ᠡᠳᠤᠷ ᠤᠯᠠᠰᠢᠷᠠᠵᠤ᠂ ᠪᠢ ᠦᠪᠡᠷ ᠤ᠋ᠨ ᠬᠡᠷ ᠢ᠋ᠶ᠋ᠡᠨ ᠲᠠᠷᠢᠶᠠᠴᠢᠨ ᠠᠢᠯ ᠤ᠋ᠨ ᠵᠢᠭᠤᠯᠴᠢᠯᠠᠯ ᠤ᠋ᠨ ᠭᠠᠵᠠᠷ ᠪᠤᠯᠭᠠᠨ ᠦᠭᠡᠷᠡᠴᠢᠯᠡᠬᠡᠳ ᠲᠠᠷᠢᠶᠠᠴᠢᠨ ᠠᠢᠯ ᠤ᠋ᠨ ᠨᠣᠭᠣᠭ᠎ᠠ ᠴᠠᠭ᠎ᠠ᠂ ᠬᠡᠭᠡᠷ᠎ᠡ ᠶ᠋ᠢᠨ ᠨᠣᠭᠣᠭ᠎ᠠ ᠲᠡᠭᠦᠬᠦ ᠦᠢᠯᠡᠴᠢᠯᠡᠭᠡ ᠭᠠᠷᠭᠠᠨ ᠂ ᠵᠢᠯ ᠤ᠋ᠨ ᠣᠷᠣᠯᠭ᠎ᠠ ᠪᠠᠷᠤᠭ 3 ᠳᠠᠬᠢᠨ ᠨᠡᠮᠡᠭᠳᠡᠪᠡ》 ᠬᠡᠵᠦ ᠬᠠᠷᠠᠴᠢᠨ ᠬᠤᠰᠢᠭᠤᠨ ᠤ᠋ ᠲᠠᠷᠢᠶᠠᠴᠢᠨ ᠸᠠᠩ ᠬᠦᠢ ᠯᠠᠨ ᠪᠠᠶᠠᠷᠳᠠᠢ ᠬᠡᠯᠡᠨ᠎ᠠ᠃

ᠬᠣᠶᠠᠳᠤᠭᠠᠷ ᠬᠤᠭᠤᠴᠠᠭᠠᠨ ᠤ᠋ ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠢᠭᠤᠯᠴᠢᠯᠠᠯ ᠤ᠋ᠨ ᠬᠦᠭᠵᠢᠬᠦᠯᠦᠯᠳᠡ ᠵᠢᠨ ᠶᠡᠬᠡ ᠬᠤᠷᠠᠯ ᠡᠴᠡ ᠨᠠᠭᠠᠰᠢ᠂ ᠬᠠᠷᠠᠴᠢᠨ ᠬᠤᠰᠢᠭᠤᠨ ᠤ᠋ ᠬᠥᠳᠡᠭᠡ ᠲᠣᠰᠬᠣᠨ ᠤ᠋ ᠠᠷᠠᠳ ᠤ᠋ᠨ ᠰᠠᠭᠤᠴᠠ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠢᠯᠡᠳᠬᠡᠯ᠂ ᠥᠪᠡᠰᠤᠪᠠᠨ ᠮᠠᠰᠢᠨ ᠪᠠᠷᠢᠵᠤ ᠵᠢᠭᠤᠯᠴᠢᠯᠠᠭᠰᠠᠳ ᠤ᠋ᠨ ᠠᠭᠤᠯᠠ ᠲᠠᠯ᠎ᠠ ᠳ᠋ᠤ ᠪᠠᠭᠤᠳᠠᠯᠯᠠᠬᠤ ᠭᠠᠵᠠᠷ ᠶᠡᠬᠡ ᠬᠦᠭᠵᠢᠵᠦ᠂ ᠬᠦᠳᠡᠬᠡ ᠲᠤᠰᠬᠤᠨ ᠤ᠋ ᠰᠤᠯᠠ ᠲᠠᠯᠪᠢᠭᠳᠠᠵᠤ ᠪᠠᠢᠭᠰᠠᠨ ᠭᠡᠷ ᠰᠠᠭᠤᠴᠠ ᠪᠤᠯᠤᠨ ᠣᠢ ᠮᠣᠳᠣᠨ ᠤ᠋ ᠭᠠᠵᠠᠷ ᠢ᠋ ᠲᠤᠬᠢᠳᠠᠢ ᠠᠰᠢᠭᠯᠠᠨ᠂ ᠵᠢᠭᠤᠯᠴᠢᠯᠠᠯ ᠤ᠋ᠨ ᠬᠣᠯᠪᠣᠭᠳᠠᠯ ᠪᠦᠬᠦᠢ ᠠᠵᠢᠯ ᠤ᠋ᠨ ᠪᠠᠢᠷᠢ 4000 ᠭᠠᠷᠤᠢ ᠨᠡᠮᠡᠭᠳᠡᠵᠦ᠂ ᠬᠥᠳᠡᠭᠡ ᠲᠣᠰᠬᠣᠨ ᠤ᠋ ᠵᠢᠭᠤᠯᠴᠢᠯᠠᠯ ᠤ᠋ᠨ ᠶᠡᠷᠦᠩᠬᠡᠢ ᠣᠷᠣᠯᠭ᠎ᠠ ᠵᠢᠯ ᠳᠠᠷᠠᠭᠠᠯᠠᠨ ᠨᠡᠮᠡᠭᠳᠡᠬᠡᠳ ᠰᠢᠶᠠᠩ ᠤ᠋ᠨ ᠬᠡᠪᠴᠢᠶᠡᠨ ᠤ᠋ ᠬᠡᠷᠡᠭᠯᠡᠭᠡᠨ ᠤ᠋ ᠠᠮᠢᠵᠢᠷᠠᠯ ᠤ᠋ᠨ ᠬᠦᠴᠦᠨ ᠶᠠᠪᠤᠬᠤ ᠲᠤᠳᠤᠮ ᠴᠢᠩᠭᠠᠷᠠᠭᠰᠠᠨ ᠠᠵᠢ᠃

ᠡᠢᠨ ᠬᠦ᠌ ᠰᠤᠶᠤᠯ ᠵᠢᠭᠤᠯᠴᠢᠯᠠᠯ ᠤ᠋ᠨ ᠬᠦᠭᠵᠢᠯᠳᠡ ᠨᠢ ᠬᠦᠳᠡᠭᠡ ᠲᠤᠰᠬᠤᠨ ᠢ᠋ ᠬᠦᠭᠵᠢᠬᠦᠯᠦᠨ ᠮᠠᠨᠳᠤᠭᠤᠯᠬᠤ ᠳ᠋ᠦ ᠡᠨ᠋ᠸᠷᠬᠢ ᠤᠯᠭᠤᠬᠤ ᠦᠷ᠎ᠠ ᠪᠦᠳᠦᠮᠵᠢ ᠪᠡᠷ ᠲᠤᠪᠤᠢᠮ᠎ᠠ ᠪᠤᠯᠵᠦ᠂ ᠪᠦᠬᠦ ᠤᠷᠤᠨ ᠤ᠋ ᠡᠯ᠎ᠠ ᠭᠠᠵᠠᠷ ᠲᠦ᠍ ᠰᠤᠶᠤᠯ ᠵᠢᠭᠤᠯᠴᠢᠯᠠᠯ ᠤ᠋ᠨ ᠬᠦᠭᠵᠢᠯᠳᠡ ᠵᠢ ᠳᠠᠭᠠᠯᠳᠤᠨ ᠬᠤᠯᠪᠤᠭᠳᠠᠯ ᠪᠦᠬᠦᠢ ᠮᠠᠰᠢ ᠤᠯᠠᠨ ᠠᠵᠢᠯ ᠲᠦᠷᠦᠯ ᠪᠠ ᠠᠵᠤ ᠦᠢᠯᠡᠰ ᠴᠦ᠍ ᠦᠷᠨᠢᠬᠦᠨ ᠬᠦᠭᠵᠢᠯ ᠤ᠋ᠨ ᠵᠠᠮ ᠳ᠋ᠤ ᠤᠷᠤᠪᠠ᠃

2024 ᠣᠨ ᠳ᠋ᠤ᠂ ᠭᠤᠷᠪᠠᠳᠤᠭᠠᠷ ᠬᠤᠭᠤᠴᠠᠭᠠᠨ ᠤ᠋ ᠵᠢᠭᠤᠯᠴᠢᠯᠠᠯ ᠤ᠋ᠨ ᠬᠥᠭᠵᠢᠬᠦᠯᠤᠯᠲᠡ ᠶ᠋ᠢᠨ ᠶᠡᠬᠡ ᠬᠤᠷᠠᠯ ᠣᠷᠣᠨ ᠤ᠋ ᠲᠥᠪ ᠬᠥᠬᠡᠬᠣᠲᠠ ᠳ᠋ᠤ ᠬᠤᠷᠠᠯᠳᠤᠵᠦ᠂ 《ᠪᠢ ᠲᠠᠯ᠎ᠠ ᠨᠤᠲᠤᠭ ᠲᠠᠢ ᠪᠣᠯᠵᠣᠭ᠎ᠠ ᠲᠠᠢ》 ᠬᠡᠬᠦ ᠭᠣᠣᠯ ᠰᠡᠳᠦᠪ ᠵᠢᠡᠷ ᠪᠦᠬᠦ ᠣᠷᠣᠨ ᠤ᠋ ᠵᠠᠮ ᠬᠠᠷᠢᠯᠴᠠᠭᠠᠨ ᠤ᠋ ᠳᠠᠪᠠᠭᠤᠯᠢᠭ ᠲᠦ᠍ ᠰᠠᠭᠤᠷᠢᠯᠠᠨ ᠦᠪᠡᠰᠦᠪᠠᠨ ᠮᠠᠰᠢᠨ ᠪᠠᠷᠢᠵᠤ ᠵᠢᠭᠤᠯᠴᠢᠯᠠᠬᠤ᠂ ᠬᠡᠭᠡᠷ᠎ᠡ ᠪᠠᠭᠤᠳᠠᠯᠯᠠᠬᠤ᠂ ᠡᠷᠡᠭᠦᠯᠵᠢᠯ ᠰᠤᠪᠢᠯᠠᠯᠲᠠ ᠪᠠ ᠤᠷᠠᠨ ᠰᠠᠢᠬᠠᠨ ᠤ᠋ ᠲᠣᠭᠯᠠᠯᠲᠠ ᠵᠡᠷᠬᠡ 4 ᠶᠡᠬᠡ ᠠᠵᠤ ᠦᠢᠯᠡᠰ ᠤ᠋ᠨ ᠪᠦᠯᠦᠭᠯᠡᠯ ᠢ᠋ ᠬᠦᠴᠦᠯᠡᠨ ᠬᠦᠭᠵᠢᠬᠦᠯᠬᠦ ᠪᠡᠷ ᠲᠤᠭᠳᠠᠬᠤ ᠵᠢᠨ ᠬᠠᠮᠳᠤ 《ᠨᠢᠭᠡ ᠳᠠᠷᠤᠪᠴᠢ ᠪᠡᠷ ᠬᠦᠬᠡᠬᠤᠳᠠ ᠳ᠋ᠦ ᠵᠢᠭᠤᠯᠴᠢᠯᠠᠬᠤ》 ᠰᠣᠶᠣᠯ ᠵᠢᠭᠤᠯᠴᠢᠯᠠᠯ ᠤ᠋ᠨ ᠲᠠᠪᠴᠠᠩ ᠢ᠋ ᠪᠠᠢᠭᠤᠯᠵᠤ᠂ ᠠᠢᠮᠠᠭ ᠬᠣᠲᠠ ᠠᠯᠤᠰᠯᠠᠨ ᠥᠪᠡᠰᠦᠪᠠᠨ ᠮᠠᠰᠢᠨ ᠪᠠᠷᠢᠵᠤ ᠵᠢᠭᠤᠯᠴᠢᠯᠠᠬᠤ 12 ᠰᠤᠳᠤᠨ ᠵᠠᠮ ᠱᠤᠭᠤᠮ ᠢ᠋ ᠭᠠᠷᠭᠠᠵᠠᠢ᠃ ᠴᠡᠯᠡᠭᠡᠷ ᠲᠠᠯ᠎ᠠ ᠳ᠋ᠦ ᠲᠣᠮᠣ ᠬᠡᠯᠪᠡᠷᠢ ᠶ᠋ᠢᠨ ᠪᠣᠳᠠᠲᠤ ᠦᠵᠡᠭᠳᠡᠯᠳᠦ ᠲᠣᠭᠯᠠᠯᠲᠠ ᠶ᠋ᠢᠨ ᠲᠠᠯᠠᠪᠠᠢ ᠵᠢ ᠪᠠᠢᠭᠤᠯᠵᠤ᠂︽ᠪᠤᠭᠤᠷᠤᠯ ᠲᠡᠥᠬᠡ ᠶ᠋ᠢᠨ ᠬᠦᠯᠦᠭ ᠤ᠋ᠨ ᠮᠠᠭᠲᠠᠭᠠᠯ︾ᠢ᠋ ᠪᠠᠢᠩᠭᠤ ᠶ᠋ᠢᠨ ᠲᠤᠭᠯᠠᠯᠳᠠ ᠪᠤᠯᠭᠠᠨ ᠲᠤᠭᠯᠠᠵᠤ ᠡᠬᠢᠯᠡᠭᠰᠡᠨ ᠪᠠᠢᠨ᠎ᠠ᠃

ᠭᠤᠷᠪᠠᠳᠤᠭᠠᠷ ᠬᠤᠭᠤᠴᠠᠭᠠᠨ ᠤ᠋ ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠢᠭᠤᠯᠴᠢᠯᠠᠯ ᠤ᠋ᠨ ᠬᠦᠭᠵᠢᠬᠦᠯᠦᠯᠳᠡ ᠵᠢᠨ ᠶᠡᠬᠡ ᠬᠤᠷᠠᠯ ᠳ᠋ᠦ ᠪᠠᠰᠠ ᠰᠣᠶᠣᠯ ᠵᠢᠭᠤᠯᠴᠢᠯᠠᠯ ᠢ᠋ᠶ᠋ᠡᠷ ᠠᠷᠠᠳ ᠲᠦ᠍ ᠠᠰᠢᠭ ᠬᠦᠷᠲᠡᠭᠡᠬᠦ ᠬᠡᠷᠡᠭᠯᠡᠭᠡᠨ ᠤ᠋ ᠠᠵᠢᠯᠯᠠᠭ᠎ᠠ ᠶᠠᠪᠤᠭᠳᠠᠭᠤᠯᠵᠤ᠂ ᠦᠵᠡᠮᠵᠢ ᠶ᠋ᠢᠨ ᠣᠷᠣᠨ ᠤ᠋ ᠪᠢᠯᠧᠲ ᠢ᠋ᠶ᠋ᠡᠷ᠎ᠬᠤᠳᠠᠯᠳᠤᠭᠠᠨ ᠤ᠋ ᠲᠣᠭᠣᠷᠢᠭ ᠪᠠ ᠴᠠᠭᠠᠨ ᠢᠳᠡᠭᠡᠨ ᠤ᠋ ᠳᠡᠯᠭᠡᠭᠦᠷ ᠡᠴᠡ ᠠᠷᠠᠰᠤᠨ ᠰᠡᠢᠯᠦᠮᠡᠯ᠂ ᠴᠠᠭᠠᠨ ᠢᠳᠡᠭᠡᠨ᠂ ᠮᠣᠷᠢᠨ ᠬᠡᠷᠡᠭᠰᠡᠯ ᠵᠡᠷᠭᠡ ᠵᠢ ᠬᠢᠮᠳᠠᠷᠠᠭᠤᠯᠤᠨ ᠠᠪᠴᠤ ᠪᠤᠯᠬᠤ ᠪᠤᠯᠭᠠᠵᠦ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠢᠯᠡᠳᠪᠦᠷᠢᠯᠡᠯ ᠪᠣᠷᠣᠯᠠᠭᠤᠯᠭ᠎ᠠ ᠵᠢ ᠵᠡᠷᠬᠡ ᠪᠡᠷ ᠠᠬᠢᠭᠤᠯᠤᠨ᠂ ᠬᠤᠨᠤᠭ ᠪᠠᠭᠤᠳᠠᠯ᠂ ᠬᠤᠭᠤᠯᠠ ᠤᠮᠳᠠ᠂ ᠠᠶᠠᠯᠠᠯ ᠵᠢᠭᠤᠯᠴᠢᠯᠠᠯ᠂ ᠨᠠᠭᠠᠳᠤᠮ ᠴᠡᠩᠭᠡᠬᠦᠨ ᠢ᠋ ᠪᠠᠭᠳᠠᠭᠠᠭᠰᠠᠨ ᠬᠡᠷᠡᠭᠯᠡᠭᠡᠨ ᠤ᠋ ᠪᠦᠬᠦ ᠬᠡᠯᠬᠢᠶ᠎ᠡ ᠵᠢ ᠲᠤᠢᠯᠪᠤᠷᠢᠲᠠᠢ ᠨᠡᠪᠲᠡᠷᠡᠭᠦᠯᠵᠦ᠂ ᠪᠦᠬᠦ ᠣᠷᠣᠨ ᠤ᠋ 《ᠳᠥᠷᠪᠡᠨ ᠤᠯᠠᠷᠢᠯ ᠤ᠋ᠨ ᠵᠢᠭᠤᠯᠴᠢᠯᠠᠯ》 ᠤ᠋ᠨ ᠲᠥᠷᠥᠯ ᠲᠡᠮᠳᠡᠭ ᠤ᠋ᠨ ᠨᠥᠯᠥᠭᠡᠯᠡᠬᠦ ᠬᠦᠴᠦᠨ ᠢ᠋ ᠶᠡᠬᠡ ᠪᠡᠷ ᠳᠡᠭᠡᠭᠰᠢᠯᠡᠭᠦᠯᠪᠡ᠃

ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠢᠭᠤᠯᠴᠢᠯᠠᠯ ᠤ᠋ᠨ ᠬᠦᠭᠵᠢᠬᠦᠯᠦᠯᠳᠡ ᠵᠢᠨ ᠶᠡᠬᠡ ᠬᠤᠷᠠᠯ ᠭᠤᠷᠪᠠᠨ ᠬᠤᠭᠤᠴᠠᠭ᠎ᠠ ᠶᠠᠪᠤᠭᠳᠠᠵᠤ᠂ ᠬᠤᠭᠤᠴᠠᠭ᠎ᠠ ᠪᠦᠷᠢ ᠳ᠋ᠤ ᠰᠣᠶᠣᠯ ᠵᠢᠭᠤᠯᠴᠢᠯᠠᠯ ᠤ᠋ᠨ ᠬᠦᠭᠵᠢᠯᠳᠡ ᠬᠤᠪᠢᠰᠤᠯᠲᠠ ᠵᠢ ᠤᠯᠠᠮ ᠴᠢᠨᠠᠭᠰᠢᠳᠠ ᠭᠦᠨᠵᠡᠭᠡᠢᠷᠡᠬᠦᠯᠪᠠ᠃ ᠥᠪᠥᠷ ᠮᠣᠩᠭᠣᠯ ᠮᠣᠵᠢ ᠶ᠋ᠢᠨ ᠳᠡᠰ ᠤ᠋ᠨ ᠶᠡᠬᠡ ᠬᠤᠷᠠᠯ ᠢ᠋ᠶ᠋ᠠᠷ ᠴᠢᠬᠤᠯᠠ ᠭᠠᠷᠳᠠᠴᠠ ᠪᠣᠯᠭᠠᠨ ᠲᠠᠯ᠎ᠠ ᠨᠤᠲᠤᠭ᠂ ᠣᠢ ᠰᠢᠭᠤᠢ᠂ ᠴᠠᠰᠤᠲᠤ ᠲᠠᠯ᠎ᠠ᠂ ᠡᠯᠡᠰᠦᠨ ᠴᠦᠯ ᠤ᠋ᠨ ᠡᠬᠢ ᠪᠠᠶᠠᠯᠢᠭ ᠢ᠋ ᠠᠷᠠᠳ ᠢ᠋ ᠪᠠᠶᠠᠵᠢᠭᠤᠯᠵᠤ ᠣᠷᠣᠨ ᠢ᠋ᠶ᠋ᠠᠨ ᠮᠠᠨᠳᠤᠭᠤᠯᠬᠤ ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠰᠣᠶᠣᠯ ᠵᠢᠭᠤᠯᠴᠢᠯᠠᠯ ᠤ᠋ᠨ ᠠᠵᠤ ᠦᠢᠯᠡᠰ ᠢ᠋ ᠬᠣᠲᠠ ᠬᠥᠳᠡᠭᠡ ᠶ᠋ᠢᠨ ᠬᠠᠮᠲᠤ ᠪᠠᠷ ᠪᠠᠶᠠᠵᠢᠬᠤ ᠵᠢ ᠠᠬᠢᠭᠤᠯᠬᠤ᠂ ᠣᠷᠣᠨ ᠪᠦᠰᠡ ᠶ᠋ᠢᠨ ᠠᠵᠤ ᠠᠬᠤᠢ ᠶ᠋ᠢᠨ ᠵᠣᠬᠢᠴᠠᠯ ᠢ᠋ ᠠᠬᠢᠭᠤᠯᠬᠤ᠂ ᠴᠢᠨᠠᠷ ᠰᠠᠢᠲᠠᠢ ᠬᠥᠭᠵᠢᠯᠲᠡ ᠵᠢ ᠪᠡᠶᠡᠯᠡᠭᠦᠯᠬᠦ ᠶ᠋ᠢᠨ ᠭᠣᠣᠯ ᠬᠥᠳᠡᠯᠭᠡᠭᠦᠷ ᠪᠣᠯᠭᠠᠵᠤ᠂ ᠥᠷᠭᠡᠨ ᠠᠭᠤᠳᠠᠮ ᠲᠠᠯ᠎ᠠ ᠨᠤᠳᠤᠭ ᠲᠦ᠍ ᠰᠣᠶᠣᠯ ᠵᠢᠭᠤᠯᠴᠢᠯᠠᠯ ᠬᠦᠭᠵᠢᠨ ᠴᠡᠴᠡᠭᠯᠡᠭᠰᠡᠨ᠂ ᠠᠷᠠᠳ ᠢᠷᠭᠡᠳ ᠪᠠᠶᠠᠵᠢᠨ ᠴᠢᠨᠡᠭᠡᠯᠢᠭᠵᠢᠭᠰᠡᠨ ᠰᠢᠨ᠎ᠠ ᠬᠠᠭᠤᠳᠠᠰᠤ ᠵᠢ ᠪᠢᠴᠢᠭᠯᠡᠭᠰᠡᠬᠡᠷ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号