ᠪᠦᠦ ᠭᠠᠩ 2026 ᠣᠨ᠎ᠤ ᠳᠡᠯᠡᠬᠡᠢ᠎ᠶᠢᠨ ᠰᠦ ᠵᠢᠨ ᠦᠢᠯᠡᠰ᠎ᠦᠨ ᠶᠡᠬᠡ ᠬᠤᠷᠠᠯ᠎ᠳᠤ ᠣᠷᠣᠯᠴᠠᠬᠤ ᠬᠦᠨᠲᠦᠲᠦ ᠵᠣᠴᠢᠳ᠎ᠤᠨ ᠲᠥᠯᠥᠭᠡᠯᠡᠭᠴᠢ᠎ᠲᠡᠶ ᠠᠭᠤᠯᠵᠠᠪᠠ
2026-08-01 10:32:59
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 31 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠤᠯᠠᠨ ᠤᠯᠤᠰ᠎ᠤᠨ ᠢᠳᠡᠭᠡᠨ᠎ᠦ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠣᠯᠪᠣᠭ᠎ᠠ᠎ᠶᠢᠨ ᠭᠦᠢᠴᠡᠳᠬᠡᠭᠴᠢ ᠲᠡᠷᠢᠭᠦᠯᠡᠭᠴᠢ ᠫᠠᠸᠢ᠌ᠨᠢ·ᠴᠢᠨᠠᠴᠢᠶᠤᠤᠲᠢ᠂ ᠤᠯᠠᠨ ᠤᠯᠤᠰ᠎ᠤᠨ ᠬᠣᠯᠪᠣᠭᠠᠲᠤ᠌ ᠪᠠᠶ᠋ᠢᠭᠤᠯᠭ᠎ᠠ᠎ᠶᠢᠨ ᠠᠮᠤ ᠪᠤᠳᠠᠭ᠎ᠠ ᠵᠢᠴᠢ ᠬᠥᠳᠡᠭᠡ ᠠᠵᠤ ᠠᠬᠤᠢ᠎ᠶᠢᠨ ᠵᠣᠬᠢᠶᠠᠨ ᠪᠠᠶ᠋ᠢᠭᠤᠯᠤᠯᠲᠠ᠎ᠶᠢᠨ ᠲᠤᠰᠠᠯᠠᠭᠴᠢ ᠶᠡᠷᠦᠩᠬᠡᠢ ᠠᠵᠢᠯᠯᠠᠭᠴᠢ ᠪᠥᠭᠡᠳ ᠮᠠᠯ ᠠᠵᠤ ᠠᠬᠤᠢ᠎ᠶᠢᠨ ᠦᠢᠯᠡᠳᠪᠦᠷᠢᠯᠡᠯ ᠪᠣᠯᠤᠨ ᠠᠮᠢᠳᠠᠨ᠎ᠤ ᠡᠷᠡᠭᠦᠯ ᠬᠠᠮᠠᠭᠠᠯᠠᠯ᠎ᠤᠨ ᠵᠤᠷᠭᠠᠨ᠎ᠤ ᠳᠠᠷᠤᠭ᠎ᠠ᠂ ᠲᠡᠷᠢᠭᠦᠨ ᠮᠠᠯ᠎ᠤᠨ ᠡᠮᠴᠢ ᠲᠠᠨᠠᠸᠠ·ᠲᠢᠶᠠᠨᠰᠢᠨ᠂ ᠤᠯᠠᠨ ᠤᠯᠤᠰ᠎ᠤᠨ ᠴᠠᠭᠠᠨ ᠢᠳᠡᠭᠡᠨ᠎ᠦ ᠬᠤᠯᠪᠤᠭ᠎ᠠ (IDF) ᠵᠢᠨ ᠶᠡᠷᠦᠩᠬᠡᠢ ᠠᠵᠢᠯᠯᠠᠭᠴᠢ ᠯᠤᠤᠯᠦ᠋ᠨᠰ·ᠯᠸᠢᠢᠺᠸᠨ ᠵᠡᠷᠭᠡ 2026 ᠣᠨ᠎ᠤ ᠳᠡᠯᠡᠬᠡᠢ᠎ᠶᠢᠨ ᠰᠦ ᠵᠢᠨ ᠦᠢᠯᠡᠰ᠎ᠦᠨ ᠶᠡᠬᠡ ᠬᠤᠷᠠᠯ᠎ᠳᠤ ᠣᠷᠣᠯᠴᠠᠬᠤ ᠬᠦᠨᠲᠦᠲᠦ ᠵᠣᠴᠢᠳ᠎ᠤᠨ ᠲᠥᠯᠥᠭᠡᠯᠡᠭᠴᠢ᠎ᠲᠡᠶ ᠠᠭᠤᠯᠵᠠᠪᠠ᠃

ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠬᠦᠨᠳᠦᠲᠦ ᠵᠣᠴᠢᠳ᠎ᠤᠨ ᠬᠦᠷᠦᠯᠴᠡᠨ ᠢᠷᠡᠭᠰᠡᠨ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠪᠡ᠃ ᠲᠡᠷᠡ᠂ ᠥᠪᠥᠷ ᠮᠣᠩᠭᠣᠯ ᠥᠷᠭᠡᠨ ᠠᠭᠤᠳᠠᠮ ᠲᠠᠯ᠎ᠠ ᠨᠤᠲᠤᠭ᠂ ᠭᠦᠢᠴᠡᠳ ᠨᠡᠷᠡᠨ᠎ᠦ ᠬᠡᠷᠡᠯ᠂ ᠲᠤᠩᠭᠠᠯᠠᠭ ᠤᠰᠤᠨ᠎ᠤ ᠰᠤᠷᠪᠤᠯᠵᠢ᠂ ᠠᠷᠢᠭᠤᠨ ᠴᠡᠪᠡᠷ ᠠᠭᠠᠷ᠂ ᠲᠣᠬᠢᠷᠠᠮᠵᠢᠲᠠᠶ ᠠᠭᠤᠷ ᠠᠮᠢᠰᠬᠤᠯ᠎ᠲᠠᠶ ᠪᠠᠶ᠋ᠢᠵᠤ᠂ ᠳᠡᠯᠡᠬᠡᠶ ᠨᠡᠶ᠋ᠢᠲᠡ᠎ᠳᠦ ᠮᠡᠳᠡᠷᠡᠭᠳᠡᠭᠰᠡᠨ ᠰᠢᠵᠢᠷ ᠠᠯᠲᠠᠨ ᠰᠦ᠋᠎ᠶᠢᠨ ᠢᠷᠡᠯᠲᠡ᠎ᠶᠢᠨ ᠪᠦᠰᠡ ᠪᠠ ᠴᠢᠨᠠᠷ ᠰᠠᠶ᠋ᠢᠲᠠᠶ ᠮᠠᠯ ᠠᠵᠤ ᠠᠬᠤᠢ ᠵᠢᠨ ᠣᠷᠣᠨ ᠪᠣᠯᠤᠨ᠎ᠠ᠃ ᠣᠳᠣᠬᠠᠨ᠎ᠳᠤ᠂ ᠣᠷᠣᠨ ᠳᠠᠶᠠᠭᠠᠷ᠎ᠢᠶᠡᠨ ᠶᠠᠭ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ ᠰᠦ᠋᠎ᠶᠢᠨ ᠦᠢᠯᠡᠰ᠎ᠢ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠧᠮ᠎ᠳᠡᠬᠢ ᠢᠯᠡᠷᠬᠡᠶ ᠪᠠᠶ᠋ᠢᠷᠢᠨ᠎ᠳᠤ ᠲᠠᠯᠪᠢᠵᠤ᠂ ᠰᠦ᠋᠎ᠶᠢᠨ ᠦᠢᠯᠡᠰ᠎ᠦᠨ ᠪᠥᠬᠥ᠌ ᠠᠵᠤ ᠦᠢᠯᠡᠰ᠎ᠦᠨ ᠬᠡᠯᠬᠢᠶ᠎ᠡ᠎ᠶᠢᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠵᠤ ᠪᠠᠶ᠋ᠢᠨ᠎ᠠ᠃ ᠪᠢᠳᠡ ᠣᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ᠂ ᠳᠡᠯᠡᠬᠡᠶ᠎ᠶᠢᠨ ᠨᠠᠷᠠᠲᠤ᠌ ᠰᠦ᠋᠎ᠶᠢᠨ ᠠᠵᠤ ᠠᠬᠤᠶ᠋ᠢᠯᠠᠯ᠎ᠲᠠᠶ ᠰᠦ᠋᠎ᠶᠢᠨ ᠢᠷᠡᠯᠲᠡ᠎ᠶᠢᠨ ᠰᠠᠭᠤᠷᠢᠨ᠎ᠤ ᠪᠥᠲᠥᠭᠡᠨ ᠪᠠᠶ᠋ᠢᠭᠤᠯᠤᠯᠲᠠ᠂ ᠨᠠᠷᠢᠯᠢᠭ ᠭᠦᠨᠵᠡᠭᠡᠢ ᠡᠳ᠋ᠰᠢᠭᠦᠯᠬᠦ᠌᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠯᠲᠡ᠂ ᠴᠠᠭᠠᠨ ᠢᠳᠡᠭᠡᠨ᠎ᠦ ᠪᠠᠷᠢᠮᠵᠢᠶ᠎ᠠ᠎ᠶᠢ ᠬᠠᠷᠢᠯᠴᠠᠨ ᠮᠡᠳᠡᠷᠡᠬᠦ᠌᠂ ᠵᠠᠬ᠎ᠠ ᠳᠡᠯᠭᠡᠭᠦᠷ᠎ᠢ ᠨᠡᠭᠡᠭᠡᠨ ᠥᠷᠭᠡᠳᠬᠡᠬᠦ᠌ ᠵᠡᠷᠭᠡ ᠬᠦᠷᠢᠶᠡᠨ᠎ᠳᠦ ᠨᠠᠩ ᠥᠨᠳᠥᠷ ᠲᠦᠪᠰᠢᠨ ᠨᠠᠩ ᠭᠦᠨ ᠳᠠᠪᠬᠤᠷᠭ᠎ᠠ᠎ᠶᠢᠨ ᠣᠯᠠᠨ ᠤᠯᠤᠰ᠎ᠤᠨ ᠬᠠᠮᠵᠢᠯᠴᠠᠭ᠎ᠠ ᠥᠷᠨᠢᠭᠦᠯᠬᠦ᠌᠎ᠶᠢ ᠬᠦᠰᠡᠵᠦ᠍ ᠪᠠᠶ᠋ᠢᠨ᠎ᠠ ᠭᠡᠵᠡᠢ᠃

ᠬᠤᠷᠠᠯ᠎ᠳᠤ ᠣᠷᠣᠯᠴᠠᠭᠰᠠᠨ ᠬᠦᠨᠳᠦᠲᠦ ᠵᠣᠴᠢᠳ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠰᠦ᠋᠎ᠶᠢᠨ ᠦᠢᠯᠡᠰ᠎ᠦᠨ ᠬᠥᠭᠵᠢᠯᠲᠡ᠎ᠶᠢᠨ ᠥᠷᠨᠢᠭᠦᠨ ᠪᠠᠶ᠋ᠢᠳᠠᠯ ᠪᠣᠯᠤᠨ ᠰᠠᠷᠠᠭᠤᠯ ᠢᠷᠡᠭᠡᠳᠦᠶ᠎ᠶᠢ ᠭᠦᠨᠵᠡᠭᠡᠶ ᠣᠶ᠋ᠢᠯᠠᠭᠠᠵᠤ᠂ ᠳᠤᠷᠠᠲᠠᠶ᠎ᠠ ᠥᠪᠥᠷ ᠮᠣᠩᠭᠣᠯ᠎ᠲᠠᠶ ᠬᠠᠮᠲᠤ᠎ᠪᠠᠷ ᠪᠥᠬᠥ᠌ ᠬᠡᠯᠬᠢᠶ᠎ᠡ ᠵᠢᠨ ᠰᠢᠨ᠎ᠡ᠎ᠶᠢ ᠡᠭᠦᠳᠬᠦ᠌ ᠠᠮᠢ ᠠᠬᠤᠶ᠎ᠶᠢ ᠬᠠᠮᠲᠤ᠎ᠪᠠᠷ ᠪᠥᠲᠥᠭᠡᠨ ᠪᠠᠶ᠋ᠢᠭᠤᠯᠵᠤ᠂ ᠦᠷ᠎ᠡ ᠪᠦᠲᠦᠭᠡᠯ᠎ᠢ ᠤᠨᠳᠤᠤᠰᠢᠭᠤᠯᠬᠤ ᠥᠷᠲᠡᠭ᠎ᠢ ᠬᠠᠮᠲᠤ᠎ᠪᠠᠷ ᠡᠳ᠋ᠯᠡᠵᠦ᠍᠂ ᠪᠥᠬᠥ᠌ ᠪᠥᠮᠪᠥᠷᠴᠡᠭ᠎ᠦᠨ ᠰᠦ᠋᠎ᠶᠢᠨ ᠦᠢᠯᠡᠰ᠎ᠦᠨ ᠬᠥᠭᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠬᠡᠵᠡᠭᠡᠪᠡ᠃

ᠢᠦᠶ ᠬᠣᠶ ᠸᠸᠨ᠂ ᠴᠢ᠊ ᠪᠠᠲᠤ᠌ ᠠᠭᠤᠯᠵᠠᠯᠲᠠ᠎ᠳᠤ ᠣᠷᠣᠯᠴᠠᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号