7 ᠰᠠᠷ᠎ᠠ᠎ᠶᠢᠨ 29᠎ᠤ᠋ ᠡᠳᠦᠷ᠂ ᠬᠥᠬᠡᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠦᠨ ᠵᠤᠰᠠᠯᠠᠩ᠎ᠤᠨ ᠠᠵᠢᠯᠯᠠᠭ᠎ᠠ᠎ᠳᠤ ᠣᠷᠣᠯᠴᠠᠭᠰᠠᠨ ᠵᠠᠯᠠᠭᠤᠴᠤᠳ ᠪᠠᠭᠠᠴᠤᠳ ᠥᠪᠥᠷ ᠮᠣᠩᠭᠣᠯ᠎ᠤᠨ ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ᠎ᠤ ᠵᠢᠭᠠᠨ ᠰᠤᠷᠭᠠᠯᠲᠠ᠎ᠶᠢᠨ ᠰᠤᠳᠤᠯᠭᠠᠨ᠎ᠤ ᠲᠥᠪ᠎ᠲᠦ ᠬᠦᠷᠴᠦ᠂ ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠨᠢᠭᠤᠴᠠ᠎ᠶᠢ ᠬᠠᠢᠨ ᠰᠦᠪᠡᠭᠴᠢᠯᠡᠵᠦ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠪᠣᠳᠠᠲᠤ ᠬᠦᠴᠦᠨ᠎ᠢ ᠪᠡᠶᠡᠴᠢᠯᠡᠨ ᠣᠢᠯᠠᠭᠠᠪᠠ᠃

ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠳᠤᠬᠠᠢ ᠤᠢᠯᠠᠭᠠᠨ᠎ᠠ
ᠲᠤᠰ ᠤᠳᠠᠭᠠᠨ᠎ᠤ ᠵᠤᠰᠠᠯᠠᠩ᠎ᠤᠨ ᠠᠵᠢᠯᠯᠠᠭ᠎ᠠ ᠨᠢ 《ᠠᠵᠢᠯᠴᠢᠨ᠎ᠤ ᠡᠪᠯᠡᠯ ᠰᠡᠳᠬᠢᠯ᠎ᠢ ᠳᠤᠯᠠᠭᠠᠴᠠᠭᠤᠯᠤᠨ ᠠᠶᠠᠯᠠᠯ ᠢ᠋ ᠬᠠᠮᠠᠭᠠᠯᠠᠵᠦ ᠪᠠᠭᠠᠴᠤᠳ ᠬᠡᠦᠬᠡᠳ ᠬᠦᠬᠡᠬᠤᠲᠠ᠎ᠳᠤ ᠬᠦᠰᠡᠯ ᠵᠡᠭᠦᠲᠦ ᠪᠡᠨ ᠲᠡᠷᠭᠡᠯᠰᠢᠭᠦᠯᠦᠨ᠎ᠡ》 ᠭᠡᠬᠦ ᠪᠡᠷ ᠭᠣᠣᠯ ᠰᠡᠳᠦᠪ ᠪᠤᠯᠭᠠᠵᠤ᠂ 7 ᠰᠠᠷ᠎ᠠ᠎ᠶᠢᠨ 28 ᠤ᠋ ᠡᠳᠦᠷ ᠡᠴᠡ ᠡᠬᠢᠯᠡᠵᠡᠢ᠃ ᠵᠤᠰᠠᠯᠠᠩ᠎ᠤᠨ ᠠᠵᠢᠯᠯᠠᠭ᠎ᠠ ᠵᠢ ᠭᠣᠣᠯᠳᠠᠭᠤ ᠶᠠᠳᠠᠭᠤ ᠬᠦᠴᠢᠷᠳᠡᠯᠲᠡᠢ ᠠᠵᠢᠯᠲᠠᠨ ᠠᠵᠢᠯᠴᠢᠨ᠂ ᠬᠦᠯᠦᠰᠦᠨ ᠮᠠᠯᠴᠢᠨ ᠲᠠᠷᠢᠶᠠᠴᠢᠨ᠂ ᠰᠢᠨ᠎ᠡ ᠠᠵᠢᠯ ᠤᠯᠭᠤᠯᠲᠠ ᠢ᠋ᠢᠨ ᠬᠡᠯᠪᠡᠷᠢ᠎ᠶᠢᠨ ᠬᠥᠳᠡᠯᠮᠦᠷᠢᠴᠢᠨ᠂ ᠦᠷᠡᠭᠳᠡᠭᠰᠡᠨ ᠪᠠᠭᠠᠲᠤᠷ ᠵᠢᠴᠢ ᠠᠯᠪᠠᠨ ᠶᠠᠪᠤᠳᠠᠯ᠎ᠢᠶᠠᠷ ᠪᠡᠶ᠎ᠡ ᠦᠷᠡᠭᠳᠡᠭᠰᠡᠨ ᠠᠵᠢᠯᠲᠠᠨ ᠠᠵᠢᠯᠴᠢᠨ᠎ᠤ ᠭᠡᠷ ᠪᠦᠯᠢ᠂ ᠬᠢᠯᠢ᠎ᠶᠢᠨ ᠡᠮᠦᠨ᠎ᠡ ᠹᠷᠣᠨᠲ᠎ᠤᠨ ᠠᠵᠢᠯᠲᠠᠨ ᠠᠵᠢᠯᠴᠢᠨ ᠵᠡᠷᠭᠡ ᠬᠦᠮᠦᠰ᠎ᠤᠨ ᠦᠷ᠎ᠡ ᠬᠡᠦᠬᠡᠳ᠎ᠲᠦ ᠬᠠᠨᠳᠤᠭᠤᠯᠤᠨ᠂ ᠪᠦᠬᠦ ᠶᠠᠪᠤᠴᠠ ᠳ᠋ᠤ ᠰᠦᠢᠳᠭᠡᠯ ᠬᠤᠷᠢᠶᠠᠬᠤ ᠦᠭᠡᠢ ᠪᠡᠷ ᠲᠤᠬᠢᠷᠠᠭᠤᠯᠪᠠ᠃ ᠤᠢᠯᠠᠭᠠᠭᠰᠠᠨ ᠵᠢᠡᠷ᠂ ᠡᠨᠡ ᠵᠢᠯ ᠬᠣᠶᠠᠷ ᠪᠦᠯᠦᠭ ᠤᠳᠠᠭ᠎ᠠ ᠬᠤᠪᠢᠶᠠᠨ ᠥᠷᠨᠢᠭᠦᠯᠵᠦ᠂ ᠨᠡᠢ᠍ᠢᠳᠡ 103 ᠠᠵᠢᠯᠲᠠᠨ ᠠᠵᠢᠯᠴᠢᠨ᠎ᠤ ᠦᠷ᠎ᠡ ᠬᠡᠦᠬᠡᠳ᠎ᠲᠦ ᠠᠰᠢᠭ᠋ ᠬᠦᠷᠲᠡᠭᠡᠨ᠎ᠡ᠃ ᠠᠵᠢᠯᠯᠠᠭ᠎ᠠ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ᠎ᠪᠠᠷ ᠭᠣᠣᠯ ᠰᠢᠵᠢᠮ ᠪᠣᠯᠭᠠᠵᠤ᠂ ᠬᠤᠪᠢᠰᠬᠠᠯᠳᠤ ᠰᠤᠶᠤᠯ᠎ᠢᠶᠠᠷ ᠰᠦᠭ ᠰᠦᠨᠡᠰᠦ᠎ᠶᠢ ᠱᠤᠭᠤᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠡᠷᠴᠢ ᠵᠣᠷᠢᠭ᠋᠎ᠢ ᠬᠥᠪᠴᠢᠯᠡᠬᠦ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠡᠬᠦᠳᠦᠯᠳᠡ ᠪᠡᠷ ᠬᠦᠴᠦᠨ ᠣᠯᠭᠣᠬᠤ ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠰᠤᠳᠤᠯᠤᠨ ᠰᠤᠷᠤᠯᠴᠠᠬᠤ ᠬᠢᠴᠢᠶᠡᠯ ᠲᠣᠬᠢᠷᠠᠭᠤᠯᠵᠤ᠂ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠂ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ ᠪᠣᠯᠣᠨ ᠬᠡᠪ ᠴᠢᠨᠠᠷ᠎ᠢ ᠲᠡᠭᠡᠭᠰᠢᠯᠡᠬᠦᠯᠬᠦ ᠵᠢ ᠭᠦᠨᠵᠡᠭᠡᠢ ᠠᠭᠤᠰᠤᠯᠴᠠᠭᠤᠯᠵᠤ᠂ ᠰᠤᠳᠤᠯᠤᠨ ᠰᠤᠷᠤᠯᠴᠠᠬᠤᠬᠡᠯᠪᠡᠷᠢ ᠪᠡᠷ ᠠᠵᠢᠯᠴᠢᠨ᠎ᠤ ᠡᠪᠯᠡᠯ᠎ᠦᠨ ᠬᠠᠯᠠᠮᠵᠢᠯᠠᠯ᠎ᠢ ᠳᠠᠮᠵᠢᠭᠤᠯᠤᠨ᠂ ᠵᠠᠯᠠᠭᠤᠴᠤᠳ ᠪᠠᠭᠠᠴᠤᠳ᠎ᠤᠨ ᠪᠦᠬᠦ ᠲᠠᠯ᠎ᠠ᠎ᠪᠠᠷ ᠦᠰᠦᠨ ᠪᠣᠢᠵᠢᠬᠤ᠎ᠳᠤ ᠬᠦᠴᠦᠨ ᠨᠡᠮᠡᠷᠢᠯᠡᠪᠡ᠃

ᠫᠤᠤ ᠬᠠᠷᠪᠤᠬᠤ ᠳᠤᠬᠠᠢ ᠪᠡᠶᠡᠴᠢᠯᠡᠨ ᠤᠷᠤᠯᠳᠤᠨ᠎ᠠ