— ᠦᠪᠦᠷ ᠮᠤᠩᠭᠤᠯᠤᠨ ᠡᠯᠡᠰᠦᠷᠭᠡᠭᠵᠢᠯᠢ ᠰᠡᠷᠭᠡᠢᠯᠡᠨ ᠡᠯᠡᠰᠦ ᠵᠢ ᠵᠠᠰᠠᠭᠰᠠᠨ ᠦᠢᠯᠡᠳᠦᠯᠭᠡ ᠵᠢᠨ ᠲᠤᠬᠠᠢ ᠰᠢᠷᠢᠰ ᠮᠡᠳᠡᠭᠡᠯᠡᠯ (ᠭᠤᠷᠪᠠ)
ᠦᠪᠦᠷ ᠮᠤᠨᠭᠭᠤᠯ ᠪᠤᠯ ᠮᠠᠨ ᠤ᠋ ᠤᠯᠤᠰ ᠤ᠋ᠨ ᠴᠦᠯᠯᠡᠷᠬᠡᠭᠵᠢᠯ ᠢ᠋ ᠰᠡᠷᠭᠡᠢᠯᠡᠨ ᠵᠠᠰᠠᠬᠤ ᠭᠤᠤᠯ ᠳᠠᠢᠯᠠᠯᠳᠤᠭᠠᠨ ᠤ᠋ ᠲᠠᠯᠠᠪᠤᠷ ᠪᠤᠯᠬᠤ ᠪᠦᠭᠡᠳ ᠡᠯᠡᠰᠦᠨ ᠰᠢᠭᠤᠷᠭ᠎ᠠ ᠵᠢ ᠰᠡᠷᠭᠡᠢᠯᠡᠬᠦ ᠭᠤᠤᠯ ᠰᠡᠷᠭᠡᠢᠯᠡᠯᠲᠡ ᠶ᠋ᠢᠨ ᠱᠤᠭᠤᠮ ᠪᠠᠢᠵᠤ᠂ ᠪᠦᠬᠦ ᠤᠯᠤᠰ ᠤ᠋ᠨ 60% ᠶ᠋ᠢᠨ ᠡᠯᠡᠰᠦᠷᠬᠡᠭᠵᠢᠭᠰᠡᠨ ᠭᠠᠵᠠᠷ ᠰᠢᠷᠤᠢ ᠵᠢ ᠶᠡᠷᠦᠨᠭᠬᠡᠢᠯᠡᠨ ᠵᠠᠰᠠᠬᠤ ᠡᠭᠦᠷᠭᠡ ᠵᠢ ᠡᠭᠦᠷᠭᠡᠯᠡᠵᠦ ᠪᠠᠢᠳᠠᠭ᠃
ᠬᠡᠳᠦᠨ ᠠᠷᠪᠠᠨ ᠵᠢᠯ ᠤ᠋ᠨ ᠡᠯᠡᠰᠤᠷᠭᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠰᠠᠨ ᠪᠤᠭᠤᠮᠲᠠ ᠰᠢᠪᠲᠤᠯᠤᠯᠳᠠ ᠵᠢᠨ ᠠᠬᠢᠴᠠᠳᠤ᠂ ᠦᠪᠦᠷ ᠮᠤᠨᠭᠭᠤᠯ ᠡᠯ᠎ᠡ ᠶᠡᠬᠡ ᠡᠯᠡᠰᠦᠨ ᠴᠦᠯ᠂ ᠡᠯᠡᠰᠦᠷᠭᠡᠭ ᠭᠠᠵᠠᠷ ᠤ᠋ᠨ ᠵᠦᠷᠢᠶᠡᠴᠢᠯᠡᠭᠰᠡᠨ ᠪᠠᠢᠭᠠᠯᠢ ᠶ᠋ᠢᠨ ᠨᠦᠭᠦᠴᠡᠯ ᠳ᠋ᠤ ᠰᠠᠭᠤᠷᠢᠯᠠᠨ ᠤᠨᠤᠴᠠᠲᠠᠢ ᠠᠷᠭ᠎ᠠ ᠪᠤᠳᠤᠯᠭ᠎ᠠ ᠬᠡᠷᠡᠭᠵᠢᠭᠦᠯᠵᠦ ᠂ 《ᠬᠦᠪᠴᠢ ᠶ᠋ᠢᠨ ᠵᠠᠬᠪᠤᠷ》᠂ 《 ᠳ᠋ᠸᠨᠭᠺᠸᠦ ᠶ᠋ᠢᠨ ᠵᠠᠬᠪᠤᠷ》᠂ 《ᠭᠡᠷᠡᠯᠴᠢ ᠴᠡᠨᠡᠭ ᠢ᠋ᠶ᠋ᠡᠷ ᠡᠯᠡᠰᠦ ᠵᠢ ᠵᠠᠰᠠᠬᠤ ᠵᠠᠬᠪᠤᠷ》᠂ 《ᠵᠠᠰᠠᠮᠠᠯ ᠵᠠᠮ ᠢ᠋ᠶ᠋ᠡᠷ ᠡᠯᠡᠰᠦ ᠵᠢ ᠵᠠᠰᠠᠬᠤ ᠵᠠᠬᠪᠤᠷ》 ᠵᠡᠷᠭᠡ ᠨᠢᠭᠡ ᠪᠦᠯᠦᠭ ᠦᠨᠳᠦᠷ ᠪᠦᠲᠦᠮᠵᠢᠲᠡᠢ ᠡᠯᠡᠰᠤᠷᠭᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠰᠠᠨ ᠵᠠᠬᠪᠤᠷ ᠢ᠋ ᠪᠦᠷᠢᠯᠳᠦᠭᠦᠯᠵᠦ᠂ ᠡᠯ᠎ᠡ ᠲᠦᠷᠦᠯ ᠤ᠋ᠨ ᠡᠯᠡᠰᠤᠷᠭᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠵᠠᠬᠪᠤᠷ ᠢ᠋ ᠬᠠᠮᠵᠢᠯᠴᠠᠭᠤᠯᠤᠨ ᠠᠬᠢᠭᠤᠯᠵᠤ ᠂ ᠮᠠᠨ ᠤ᠋ ᠤᠯᠤᠰ ᠤ᠋ᠨ ᠤᠮᠠᠷᠠᠳᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠰᠢᠨ ᠤ᠋ ᠬᠠᠯᠬᠠᠪᠴᠢ ᠵᠢ ᠦᠷᠬᠦᠯᠵᠢᠯᠡᠨ ᠪᠠᠲᠤ ᠴᠤᠬᠴᠠᠯᠠᠵᠤ᠂ 《ᠡᠯᠡᠰᠦ ᠤᠷᠤᠭ᠍ᠰᠢᠯᠠᠨ ᠬᠥᠮᠦᠨ ᠤᠬᠤᠷᠢᠵᠤ 》 ᠪᠠᠢᠭᠰᠠᠨ ᠡᠴᠡ ᠪᠡᠨ 《ᠨᠤᠭᠤᠭᠠᠷᠠᠭᠤᠯᠤᠯᠳᠠ ᠤᠷᠤᠭᠰᠢᠯᠠᠵᠤ ᠡᠯᠡᠰᠦ ᠤᠬᠤᠷᠢᠭᠰᠠᠨ》 ᠲᠡᠦᠬᠡᠲᠤ ᠴᠢᠨᠠᠷᠲᠠᠢ ᠬᠤᠪᠢᠷᠠᠯᠲᠠ ᠵᠢ ᠪᠡᠶᠡᠯᠡᠭᠦᠯᠵᠡᠢ᠃

ᠤᠯᠠᠨ ᠤᠯᠤᠰ ᠤ᠋ᠨ ᠬᠣᠯᠪᠣᠭᠠᠲᠤ᠌ ᠪᠠᠶ᠋ᠢᠭᠤᠯᠭ᠎ᠠ ᠶ᠋ᠢᠨ ᠲᠤᠩᠬᠠᠭ ᠲᠦ᠍ ᠪᠢᠴᠢᠭᠯᠡᠭᠳᠡᠭᠰᠡᠨ 《ᠬᠦᠪᠴᠢ ᠵᠢᠨ ᠵᠠᠭᠪᠤᠷ》
ᠳᠡᠯᠭᠡᠷ ᠵᠤᠨ ᠤ᠋ ᠤᠯᠠᠷᠢᠯ ᠤ᠋ᠨ ᠬᠦᠪᠴᠢ ᠶ᠋ᠢᠨ ᠡᠯᠡᠰᠦᠨ ᠳ᠋ᠤ᠂ ᠵᠠᠯᠭᠠᠯᠳᠤᠨ ᠦᠷᠬᠦᠯᠵᠢᠯᠡᠭᠰᠡᠨ ᠰᠠᠯᠬᠢ ᠵᠢ ᠬᠠᠯᠬᠠᠯᠠᠨ ᠡᠯᠡᠰᠦ ᠵᠢ ᠲᠣᠭᠲᠠᠪᠤᠷᠢᠵᠢᠭᠤᠯᠬᠤ ᠤᠢ ᠶ᠋ᠢᠨ ᠪᠦᠰᠡ ᠪᠣᠯᠤᠨ ᠬᠡᠰᠡᠭ ᠬᠡᠰᠡᠭ ᠭᠡᠷᠡᠯᠴᠢ ᠴᠡᠨᠡᠭ ᠤ᠋ᠨ ᠬᠠᠪᠲᠠᠰᠤ ᠰᠣᠯᠪᠢᠴᠠᠨ ᠳᠡᠯᠭᠡᠭᠳᠡᠵᠦ᠍᠂ ᠳᠠᠭᠤᠲᠤ ᠨᠠᠭᠤᠷ ᠤ᠋ᠨ ᠠᠮᠢ ᠠᠬᠤᠢ ᠶ᠋ᠢᠨ ᠣᠷᠣᠨ ᠳ᠋ᠤ ᠨᠠᠭᠤᠷ ᠤ᠋ᠨ ᠤᠰᠤ ᠲᠤᠯᠬᠢᠶᠠᠯᠠᠨ᠂ ᠤᠰᠤᠨ ᠤ᠋ ᠰᠢᠪᠠᠭᠤᠳ ᠳᠡᠪᠳᠡᠷᠢᠨ ᠨᠢᠰᠴᠦ᠂ ᠠᠮᠢᠵᠢᠷᠠᠯ ᠤ᠋ᠨ ᠬᠦᠴᠦᠨ ᠢ᠋ᠶ᠋ᠡᠷ ᠪᠢᠯᠬᠠᠨ᠎ᠠ᠃

ᠬᠦᠪᠴᠢ ᠶ᠋ᠢᠨ ᠡᠯᠡᠰᠦ ᠤᠷᠳᠤᠰ ᠬᠤᠲᠠ ᠶ᠋ᠢᠨ ᠠᠷᠤ ᠵᠠᠬ᠎ᠠ᠂ ᠬᠠᠲᠤᠨ ᠭᠤᠤᠯ ᠤ᠋ᠨ《ᠶᠡᠬᠡ ᠲᠤᠬᠤᠢ》ᠶ᠋ᠢᠨ ᠦᠷᠦᠴᠡᠨ ᠳ᠋ᠤ ᠪᠠᠢᠷᠢᠯᠠᠨ᠂ ᠮᠠᠨ ᠤ᠋ ᠤᠯᠤᠰ ᠤ᠋ᠨ ᠳᠤᠯᠤᠳᠤᠭᠠᠷ ᠶᠡᠬᠡ ᠡᠯᠡᠰᠦᠨ ᠴᠦᠯ ᠪᠤᠯᠬᠤ ᠶᠤᠮ᠃ 20 ᠳ᠋ᠤᠭᠠᠷ ᠵᠠᠭᠤᠨ ᠤ᠋ ᠨᠠᠶᠠᠭᠠᠳ ᠣᠨ ᠳ᠋ᠤ᠂ ᠣᠷᠣᠨ ᠪᠦᠰᠡ ᠶ᠋ᠢᠨ 61% ᠡᠴᠡ ᠳᠡᠭᠡᠭᠰᠢᠬᠢ ᠲᠠᠯᠠᠪᠠᠢ ᠨᠢ ᠨᠡᠭᠦᠳᠡᠯ ᠡᠯᠡᠰᠦᠨ ᠳᠣᠪᠣ ᠪᠠᠶ᠋ᠢᠵᠤ᠂ ᠤᠷᠭᠤᠮᠠᠯ ᠤ᠋ᠨ ᠬᠤᠴᠢᠯᠭ᠎ᠠ ᠶ᠋ᠢᠨ ᠪᠦᠷᠬᠦᠴᠡ 3% ᠳ᠋ᠤ ᠬᠦᠷᠬᠦ᠌ ᠦᠭᠡᠢ ᠪᠠᠶ᠋ᠢᠵᠠᠢ᠃ ᠬᠡᠳᠦᠨ ᠦᠶ᠎ᠡ ᠶ᠋ᠢᠨ ᠡᠯᠡᠰᠦ ᠵᠠᠰᠠᠭᠴᠢᠳ ᠤ᠋ᠨ ᠬᠠᠯᠠᠰᠢᠷᠠᠯ ᠦᠭᠡᠢ ᠴᠢᠷᠮᠠᠢᠯᠭ᠎ᠠ ᠪᠠᠷ ᠳᠠᠮᠵᠢᠨ᠂ ᠬᠥᠪᠴᠢ ᠶ᠋ᠢᠨ ᠡᠯᠡᠰᠦᠨ ᠤ᠋ ᠤᠷᠭᠤᠮᠠᠯ ᠤ᠋ᠨ ᠬᠤᠴᠢᠯᠭ᠎ᠠ ᠶ᠋ᠢᠨ ᠪᠦᠷᠬᠦᠴᠡ 48.2% ᠲᠦ᠍ ᠬᠦᠷᠴᠦ᠍᠂ 1479 ᠵᠦᠢᠯ ᠤ᠋ᠨ ᠠᠮᠢᠳᠠᠨ ᠤᠷᠭᠤᠮᠠᠯ ᠲᠠᠢ ᠪᠣᠯᠵᠠᠢ᠃
ᠣᠯᠠᠨ ᠵᠢᠯ ᠤ᠋ᠨ ᠲᠤᠷᠰᠢᠬᠢ ᠡᠯᠡᠰᠦᠷᠬᠡᠭᠵᠢᠯ ᠢ᠋ ᠰᠡᠷᠭᠡᠶ᠋ᠢᠯᠡᠨ ᠡᠯᠡᠰᠦ ᠵᠢ ᠵᠠᠰᠠᠬᠤ ᠦᠢᠯᠡᠳᠦᠯᠭᠡ ᠳᠤᠮᠳᠠ᠂ ᠣᠷᠳᠣᠰ ᠬᠣᠲᠠ ᠶ᠋ᠢᠨ ᠬᠢᠨ《ᠵᠠᠰᠠᠭ ᠤ᠋ᠨ ᠤᠷᠳᠤᠨ ᠲᠦᠷᠦ ᠶ᠋ᠢᠨ ᠪᠤᠳᠤᠯᠭ᠎ᠠ ᠶ᠋ᠢᠨ ᠴᠢᠨᠠᠷᠳᠠᠢ ᠭᠤᠤᠯᠯᠠᠨ ᠤᠳᠤᠷᠢᠳᠬᠤ᠂ ᠠᠵᠤ ᠠᠬᠤᠢᠯᠠᠯ ᠠᠵᠤ ᠦᠢᠯᠡᠰᠵᠢᠬᠦᠯᠦᠨ ᠪᠡᠯᠡ ᠤᠷᠤᠭᠤᠯᠬᠤ᠂ ᠨᠡᠢᠭᠡᠮ ᠪᠠ ᠮᠠᠯᠴᠢᠨ ᠳᠠᠷᠢᠶᠠᠴᠢᠨ ᠵᠠᠬ᠎ᠠ ᠳᠡᠯᠭᠡᠭᠦᠷᠴᠢᠯᠡᠨ ᠤᠷᠤᠯᠴᠠᠬᠤ᠂ ᠮᠡᠷᠭᠡᠵᠢᠯ ᠤ᠋ᠨ ᠦᠷᠬᠦᠯᠵᠢᠯᠡᠨ ᠰᠢᠨ᠎ᠡ ᠵᠢ ᠡᠬᠦᠳᠬᠦ᠂ ᠦᠷ᠎ᠡ ᠪᠦᠳᠦᠭᠡᠯ ᠢ᠋ ᠨᠡᠭᠡᠭᠡᠯᠳᠡ ᠳᠠᠢ ᠪᠤᠯᠭᠠᠨ ᠬᠠᠮᠳᠤ ᠪᠡᠷ ᠡᠳ᠋ᠯᠡᠬᠦ》 ᠡᠯᠡᠰᠤᠷᠭᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠰᠠᠨ ᠵᠠᠭᠪᠤᠷᠢ ᠡᠬᠦᠳᠴᠡᠢ᠃
ᠣᠷᠳᠣᠰ ᠬᠣᠲᠠᠵᠢᠨ ᠬᠢᠨ ᠭᠠᠵᠠᠷ ᠣᠷᠣᠨ ᠤ᠋ ᠪᠠᠶ᠋ᠢᠳᠠᠯ ᠳ᠋ᠠᠭᠠᠨ ᠳᠣᠭᠢᠷᠠᠭᠤᠯᠤᠨ ᠤᠨᠤᠴᠠᠲᠠᠢ ᠪᠠᠢᠷᠢᠯᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠍᠂ ᠬᠥᠪᠴᠢ ᠶ᠋ᠢᠨ ᠡᠯᠡᠰᠦ ᠶ᠋ᠢᠨ 《ᠬᠣᠶ᠋ᠢᠲᠤ᠌ ᠵᠠᠬ᠎ᠠ ᠵᠢ ᠡᠮᠵᠢᠶᠡᠷᠢᠯᠡᠬᠦ᠂ ᠵᠡᠭᠦᠨ ᠬᠡᠰᠡᠭ ᠢ᠋ ᠰᠥᠨᠥᠭᠡᠬᠦ᠂ ᠳᠤᠮᠳᠠ ᠬᠡᠰᠡᠭ ᠵᠢᠡᠷ ᠰᠠᠯᠭᠠᠬᠤ᠂ ᠡᠮᠦᠨ᠎ᠡ ᠬᠡᠰᠡᠭ ᠲᠦ᠍ ᠪᠦᠰᠡᠯᠡᠨ ᠬᠤᠷᠢᠬᠯᠠᠬᠤ᠂ ᠪᠠᠷᠠᠭᠤᠨ ᠬᠡᠰᠡᠭ ᠢ᠋ ᠪᠢᠲᠡᠭᠦᠮᠵᠢᠯᠡᠨ ᠴᠠᠭᠠᠵᠠᠯᠠᠬᠤ》ᠡᠯᠡᠰᠦᠷᠬᠡᠭᠵᠢᠯ ᠢ᠋ ᠰᠡᠷᠭᠡᠶ᠋ᠢᠯᠡᠨ ᠡᠯᠡᠰᠦ ᠵᠢ ᠵᠠᠰᠠᠬᠤ 《ᠬᠠᠮ ᠠᠷᠭ᠎ᠠ》 ᠵᠢ ᠭᠡᠷᠡᠭᠵᠢᠬᠦᠯᠪᠡ᠃ ᠮᠠᠰᠢ ᠤᠯᠠᠨ ᠠᠵᠤ ᠠᠬᠤᠶ᠋ᠢᠯᠠᠯ ᠡᠯᠡᠰᠦᠷᠬᠡᠭᠵᠢᠯ ᠢ᠋ ᠰᠡᠷᠭᠡᠶ᠋ᠢᠯᠡᠨ ᠡᠯᠡᠰᠦ ᠵᠢ ᠵᠠᠰᠠᠬᠤ ᠵᠢᠴᠢ ᠤᠢ ᠰᠢᠭᠤᠢ ᠪᠠ ᠡᠯᠡᠰᠦᠨ ᠤ᠋ ᠡᠬᠢ ᠪᠠᠶᠠᠯᠢᠭ ᠢ᠋ ᠨᠡᠭᠡᠭᠡᠨ ᠬᠥᠭᠵᠢᠭᠦᠯᠬᠦ ᠳ᠋ᠤ ᠤᠷᠤᠯᠴᠠᠵᠤ᠂ ᠡᠯᠡᠰᠦᠷᠬᠡᠭᠵᠢᠯ ᠢ᠋ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠢᠨ᠎ᠡ ᠡᠨᠧᠷᠬᠢ ᠵᠢ ᠠᠭᠤᠰᠤᠯᠴᠠᠭᠤᠯᠤᠨ ᠬᠦᠭᠵᠢᠬᠦᠯᠦᠭᠰᠡᠨ ᠪᠤᠬᠢᠷᠳᠤᠯ ᠦᠭᠡᠢ ᠪᠠᠭ᠎ᠠ ᠨᠡᠬᠦᠷᠡᠰᠦᠳᠦ᠋ᠷᠦᠭᠴᠢᠳᠦ ᠠᠵᠤ ᠦᠢᠯᠡᠰ ᠤ᠋ᠨ ᠬᠡᠯᠬᠢᠶ᠎ᠡ ᠵᠢ ᠪᠦᠷᠢᠯᠳᠦᠬᠦᠯᠵᠦ᠂ ᠳᠤᠬᠠᠢ ᠶ᠋ᠢᠨ ᠭᠠᠵᠠᠷ ᠤ᠋ᠨ 10 ᠳᠦᠮᠡ ᠭᠠᠷᠤᠢ ᠮᠠᠯᠴᠢᠨ ᠳᠠᠷᠢᠶᠠᠴᠢᠨᠢ ᠴᠢᠨᠡᠭᠡᠯᠢᠭᠵᠢᠯ ᠤ᠋ᠨ ᠵᠠᠮ ᠢ᠋ᠶ᠋ᠡᠷ ᠵᠠᠮᠨᠠᠭᠤᠯᠪᠠ᠃
《ᠬᠥᠪᠴᠢ ᠶ᠋ᠢᠨ ᠵᠠᠭᠪᠤᠷ》ᠨᠢ ᠳᠡᠯᠡᠬᠡᠢ ᠨᠡᠢᠲᠡ ᠶ᠋ᠢᠨ ᠳᠡᠭᠡᠳᠦ ᠬᠡᠮᠵᠢᠶᠡᠨ ᠤ᠋ ᠮᠡᠳᠡᠷᠡᠮᠵᠢ ᠵᠢ ᠤᠯᠵᠤ᠂ 2014 ᠣᠨ ᠳ᠋ᠤ ᠤᠯᠠᠨ ᠤᠯᠤᠰ ᠤ᠋ᠨ ᠬᠣᠯᠪᠣᠭᠠᠲᠤ᠌ ᠪᠠᠶ᠋ᠢᠭᠤᠯᠭ᠎ᠠ ᠶ᠋ᠢᠨ ᠣᠷᠴᠢᠨ ᠲᠣᠭᠣᠷᠢᠨ ᠤ᠋ ᠲᠥᠯᠥᠪᠵᠢᠭᠦᠯᠭᠡ ᠶ᠋ᠢᠨ ᠵᠠᠬᠢᠷᠭ᠎ᠠ ᠡᠴᠡ ᠬᠥᠪᠴᠢ ᠶ᠋ᠢᠨ ᠡᠯᠡᠰᠦᠨ ᠤ᠋ ᠠᠮᠢ ᠠᠬᠤᠢ ᠶ᠋ᠢᠨ ᠵᠠᠰᠠᠯᠲᠠ ᠶ᠋ᠢᠨ ᠣᠷᠣᠨ ᠢ᠋ 《 ᠪᠦᠬᠦ᠌ ᠪᠥᠮᠪᠥᠷᠴᠡᠭ ᠤ᠋ᠨ ᠡᠯᠡᠰᠦᠨ ᠤ᠋ ᠠᠮᠢ ᠠᠬᠤᠢ ᠠᠵᠤ ᠠᠬᠤᠢ ᠶ᠋ᠢᠨ ᠵᠢᠱ᠌ᠢᠢᠡ ᠦᠵᠡᠭᠦᠯᠬᠦ᠌ ᠣᠷᠣᠨ》 ᠢ᠋ᠶ᠋ᠡᠷ ᠲᠣᠭᠲᠠᠭᠠᠪᠠ; 2017 ᠣᠨ ᠳ᠋ᠤ᠂ 《ᠤᠯᠠᠨ ᠤᠯᠤᠰ ᠤ᠋ᠨ ᠬᠣᠯᠪᠣᠭᠠᠲᠤ᠌ ᠪᠠᠶ᠋ᠢᠭᠤᠯᠭ᠎ᠠ ᠶ᠋ᠢᠨ ᠴᠦᠯᠯᠡᠷᠭᠡᠭᠵᠢᠯ ᠢ᠋ ᠰᠡᠷᠭᠡᠶ᠋ᠢᠯᠡᠨ ᠵᠠᠰᠠᠬᠤ ᠨᠡᠶ᠋ᠢᠲᠡᠶᠢᠨ ᠭᠡᠷ᠎ᠡ》 ᠵᠢᠨ ᠠᠷᠪᠠᠨ ᠭᠤᠷᠪᠠᠳᠤᠭᠠᠷ ᠤᠳᠠᠭ᠎ᠠ ᠶ᠋ᠢᠨ ᠭᠡᠷᠡᠲᠦ᠍ ᠲᠠᠯ᠎ᠠ ᠶ᠋ᠢᠨ ᠶᠡᠬᠡ ᠬᠤᠷᠠᠯ ᠳᠡᠭᠡᠷ᠎ᠡ᠂ ᠬᠥᠪᠴᠢ ᠶ᠋ᠢᠨ ᠡᠯᠡᠰᠦᠨ ᠤ᠋ ᠵᠠᠰᠠᠯᠲᠠ ᠨᠢ ᠳᠤᠮᠳᠠᠳᠤ ᠤᠯᠤᠰ ᠤ᠋ᠨ ᠡᠯᠡᠰᠦᠷᠬᠡᠭᠵᠢᠯ ᠢ᠋ ᠰᠡᠷᠭᠡᠶ᠋ᠢᠯᠡᠨ ᠡᠯᠡᠰᠦ ᠵᠢ ᠵᠠᠰᠠᠭᠰᠠᠨ ᠠᠮᠵᠢᠯᠲᠠ ᠲᠠᠢ ᠦᠢᠯᠡᠳᠦᠯᠭᠡ ᠪᠣᠯᠤᠭᠰᠠᠨ ᠤ᠋ ᠬᠤᠪᠢ ᠳ᠋ᠤ ᠤᠯᠠᠨ ᠤᠯᠤᠰ ᠤ᠋ᠨ ᠬᠣᠯᠪᠣᠭᠠᠲᠤ᠌ ᠪᠠᠶ᠋ᠢᠭᠤᠯᠭ᠎ᠠ ᠶ᠋ᠢᠨ ᠲᠤᠩᠬᠠᠭ ᠲᠦ᠍ ᠪᠢᠴᠢᠭᠯᠡᠭᠳᠡᠵᠦ᠍᠂ ᠪᠦᠬᠦ᠌ ᠪᠥᠮᠪᠥᠷᠴᠡᠭ ᠤ᠋ᠨ ᠴᠦᠯᠯᠡᠷᠭᠡᠭᠵᠢᠯ ᠢ᠋ ᠰᠡᠷᠭᠡᠶ᠋ᠢᠯᠡᠨ ᠵᠠᠰᠠᠬᠤ ᠨᠡᠶ᠋ᠢᠲᠡᠯᠢᠭ ᠵᠢᠱ᠌ᠢᠢᠡ ᠪᠣᠯᠤᠭᠰᠠᠨ ᠪᠠᠢᠨ᠎ᠠ᠃
ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠢ᠋ ᠨᠢᠭᠡ ᠴᠣᠭᠴᠠᠵᠢᠭᠤᠯᠬᠤ ᠢᠨᠵᠧᠨᠧᠷᠢᠩ ᠳ᠋ᠤ ᠲᠦᠰᠢᠭᠯᠡᠭᠰᠡᠨ 《ᠭᠡᠷᠡᠯᠴᠢ ᠴᠡᠨᠡᠭ ᠢ᠋ᠶ᠋ᠡᠷ ᠡᠯᠡᠰᠦ ᠵᠢ ᠵᠠᠰᠠᠬᠤ ᠵᠠᠬᠪᠤᠷ》
ᠬᠥᠪᠴᠢ ᠶ᠋ᠢᠨ ᠡᠯᠡᠰᠦᠨ ᠤ᠋ ᠬᠣᠶ᠋ᠢᠲᠤ᠌ ᠵᠠᠬ᠎ᠠ᠂ ᠬᠠᠳᠤᠨ ᠭᠣᠣᠯ ᠤ᠋ᠨ ᠡᠮᠦᠨ᠎ᠡ ᠡᠷᠬᠢ ᠶ᠋ᠢᠨ ᠨᠡᠯᠦᠭᠡᠷ ᠡᠯᠡᠰᠦᠨ ᠳ᠋ᠤ᠂ ᠬᠡᠳᠦᠨ ᠲᠦᠮᠡᠨ ᠬᠡᠷᠡᠯᠴᠢ ᠴᠡᠨᠡᠭ ᠤ᠋ᠨ ᠬᠦᠬᠡ ᠬᠠᠪᠲᠠᠰᠤ ᠲᠡᠷᠢ ᠲᠡᠭᠰᠢ ᠵᠢᠭᠰᠠᠨ᠂ 《ᠬᠡᠷᠡᠯᠴᠢ ᠴᠡᠨᠡᠭ ᠤ᠋ᠨ ᠣᠷᠳᠣ ᠴᠠᠭᠠᠨ ᠬᠡᠷᠡᠮ》 ᠮᠡᠲᠦ᠍ ᠡᠯᠡᠰᠦᠨ ᠴᠥᠯᠳᠦ ᠬᠥᠨᠳᠡᠯᠢᠰᠴᠦ᠍ ᠪᠤᠢ ᠃
ᠡᠨᠡ ᠨᠢ ᠵᠥᠪᠬᠡᠨ ᠥᠪᠥᠷ ᠮᠣᠩᠭᠣᠯ ᠤ᠋ᠨ ᠡᠭᠦᠳᠦᠨ ᠪᠠᠢᠭᠤᠯᠤᠭ᠍ᠰᠠᠨ 《ᠬᠡᠷᠡᠯᠴᠢ ᠴᠡᠨᠡᠭ ᠤ᠋ᠨ ᠣᠷᠳᠣ ᠴᠠᠭᠠᠨ ᠬᠡᠷᠡᠮ》 ᠤ᠋ᠨ ᠨᠢᠭᠡ ᠬᠡᠰᠡᠭ ᠪᠣᠯᠤᠨ᠎ᠠ᠃ ᠤᠢᠷ᠎ᠠ ᠶ᠋ᠢᠨ ᠵᠢᠯ ᠡᠴᠡ ᠨᠠᠭᠠᠰᠢ᠂ ᠦᠪᠦᠷ ᠮᠤᠨᠭᠭᠤᠯ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠢ᠋ ᠨᠢᠭᠡ ᠴᠣᠭ᠍ᠴᠠᠵᠢᠭᠤᠯᠬᠤ ᠢᠨᠵᠧᠨᠧᠷᠢᠩ ᠢ᠋ ᠶᠡᠬᠡ ᠪᠠᠷ ᠠᠬᠢᠭᠤᠯᠵᠤ᠂ ᠬᠦᠪᠴᠢ ᠶ᠋ᠢᠨ ᠡᠯᠡᠰᠦ᠂ ᠲᠩᠷᠢ ᠡᠯᠡᠰᠦ᠂ ᠤᠯᠠᠭᠠᠨᠪᠤᠬ᠎ᠠ ᠶ᠋ᠢᠨ ᠡᠯᠡᠰᠦ᠂ ᠬᠣᠷᠴᠢᠨ ᠤ᠋ ᠡᠯᠡᠰᠦᠷᠬᠡᠭ ᠭᠠᠵᠠᠷ᠂ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠲᠦ᠍ ᠬᠡᠷᠡᠯᠴᠢ ᠴᠡᠨᠡᠭ ᠤ᠋ᠨ ᠲᠣᠮᠣ ᠬᠠᠪᠲᠠᠰᠤᠨ ᠴᠡᠩᠬᠡᠷ ᠳᠠᠪᠠᠯᠭᠠᠨ ᠬᠠᠶᠠᠯᠠᠭᠤᠯᠤᠨᠠ᠃
ᠡᠯᠡᠰᠦᠷᠬᠡᠭᠵᠢᠯ ᠢ᠋ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠢ᠋ ᠨᠢᠭᠡ ᠴᠣᠭᠴᠠᠵᠢᠭᠤᠯᠬᠤ ᠢᠨᠵᠧᠨᠧᠷᠢᠩ ᠳ᠋ᠤ ᠲᠦᠰᠢᠭᠯᠡᠨ᠂ ᠦᠪᠦᠷ ᠮᠤᠨᠭᠭᠤᠯ ᠭᠡᠷᠡᠯᠴᠢ ᠴᠡᠨᠡᠭ ᠢ᠋ᠶ᠋ᠡᠷ ᠡᠯᠡᠰᠦ ᠵᠢ ᠵᠠᠰᠠᠬᠤ ᠵᠠᠬᠪᠤᠷ ᠢ᠋ ᠰᠦᠪᠡᠭᠴᠢᠯᠡᠨ ᠪᠦᠷᠢᠯᠳᠦᠭᠦᠯᠵᠦ᠂ 《ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠳᠣᠣᠷ᠎ᠠ ᠡᠯᠡᠰᠦ ᠶ᠋ᠢ ᠲᠣᠭ᠍ᠲᠠᠪᠤᠷᠢᠵᠢᠭᠤᠯᠬᠤ᠂ ᠬᠠᠪᠲᠠᠰᠤᠨ ᠤ᠋ ᠬᠣᠭᠣᠷᠣᠨᠳᠣ ᠲᠠᠷᠢᠵᠤ ᠲᠡᠵᠢᠭᠡᠬᠦ》 ᠪᠣᠰᠣᠭ᠎ᠠ ᠴᠣᠭ᠍ᠴᠠᠲᠤ ᠵᠠᠰᠠᠯᠲᠠ ᠶ᠋ᠢᠨ ᠵᠠᠬᠪᠤᠷ ᠢ᠋ ᠬᠡᠷᠡᠭᠵᠢᠭᠦᠯᠪᠡ᠃ ᠪᠣᠰᠣᠭ᠎ᠠ ᠴᠣᠭ᠍ᠴᠠᠲᠤ ᠵᠠᠰᠠᠯᠲᠠ ᠶ᠋ᠢᠨ ᠵᠠᠬᠪᠤᠷ ᠨᠢ ᠬᠡᠷᠡᠯᠴᠢ ᠴᠡᠨᠡᠭ ᠤ᠋ᠨ ᠬᠠᠪᠲᠠᠰᠤᠨ ᠳᠡᠭᠡᠷ᠎ᠡ ᠪᠤᠬᠢᠷᠲᠤᠯ ᠦᠭᠡᠢ ᠴᠠᠬᠢᠯᠭᠠᠨ ᠭᠠᠷᠭᠠᠨ᠂ ᠨᠡᠭᠦᠷᠡᠰᠦᠨ ᠤ᠋ ᠬᠡᠷᠡᠭᠯᠡᠯᠲᠡ ᠵᠢ ᠪᠠᠭᠠᠰᠬᠠᠵᠤ᠂ ᠬᠡᠷᠡᠯᠴᠢ ᠴᠡᠨᠡᠭ ᠤ᠋ᠨ ᠬᠠᠪᠲᠠᠰᠤᠨ ᠳᠤᠤᠷ᠎ᠠ᠂ ᠵᠠᠭ ᠮᠣᠳᠣ᠂ ᠨᠠᠶ᠋ᠢᠯᠵᠠᠭᠤᠷ ᠬᠠᠷᠭᠠᠨ᠎ᠠ ᠵᠡᠷᠭᠡ ᠤᠰᠤ ᠪᠠᠭ᠎ᠠ ᠬᠣᠷᠣᠭᠳᠠᠭᠤᠯᠬᠤ᠂ ᠥᠪᠡᠷ ᠤ᠋ᠨ ᠥᠷᠲᠡᠭ ᠢ᠋ᠶ᠋ᠡᠷ ᠳᠤᠤᠷ᠎ᠠ ᠰᠠᠯᠬᠢ ᠵᠢ ᠰᠡᠷᠭᠡᠶ᠋ᠢᠯᠡᠵᠦ᠍ ᠡᠯᠡᠰᠦ ᠵᠢ ᠲᠣᠭᠲᠠᠪᠤᠷᠢᠵᠢᠭᠤᠯᠬᠤ ᠤᠷᠭᠤᠮᠠᠯ ᠲᠠᠷᠢᠵᠤ᠂ ᠬᠡᠷᠡᠯᠴᠢ ᠴᠡᠨᠡᠭ ᠤ᠋ᠨ ᠬᠠᠪᠲᠠᠰᠤᠨ ᠤ᠋ ᠬᠣᠭᠣᠷᠣᠨᠳᠣ᠂ ᠲᠠᠷᠢᠵᠤ ᠲᠡᠵᠢᠭᠡᠬᠦ ᠪᠡᠷ ᠳᠠᠮᠵᠢᠭᠤᠯᠤᠨ ᠣᠲᠣ ᠦᠶ᠎ᠡ ᠶ᠋ᠢᠨ ᠮᠠᠯ ᠠᠵᠤ ᠠᠬᠤᠶ ᠲᠠᠷᠢᠶᠠᠯᠠᠩ ᠤ᠋ᠨ ᠬᠥᠭᠵᠢᠯᠲᠡ ᠵᠢ ᠳᠠᠶ᠋ᠢᠴᠢᠯᠠᠵᠤ᠂ ᠨᠣᠭᠣᠭᠠᠷᠠᠭᠤᠯᠤᠯᠲᠠ ᠶ᠋ᠢ ᠨᠡᠮᠡᠭ᠌ᠳᠡᠭᠦᠯᠬᠦ᠌᠂ ᠡᠨᠧᠷᠭᠢ ᠵᠢ ᠨᠡᠮᠡᠭ᠌ᠳᠡᠭᠦᠯᠬᠦ᠌᠂ ᠣᠷᠣᠯᠭ᠎ᠠ ᠶ᠋ᠢ ᠨᠡᠮᠡᠭ᠌ᠳᠡᠭᠦᠯᠬᠦ᠌ ᠭᠤᠷᠮᠤᠰᠤᠨ ᠦᠷ᠎ᠡ ᠠᠱᠢᠭ ᠢ᠋ ᠬᠦᠷᠳᠠᠵᠤ ᠪᠠᠢᠨ᠎ᠠ᠃
ᠥᠪᠥᠷ ᠮᠣᠩᠭᠣᠯ 《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠢ᠋ ᠰᠢᠨ᠎ᠡ ᠡᠨᠧᠷᠭᠢ ᠶ᠋ᠢᠨ ᠪᠥᠲᠥᠭᠡᠨ ᠪᠠᠶ᠋ᠢᠭᠤᠯᠤᠯᠲᠠ ᠲᠠᠢ ᠣᠷᠭᠠᠨᠢᠭ ᠢ᠋ᠶ᠋ᠡᠷ ᠠᠭᠤᠰᠤᠯᠴᠠᠭᠤᠯᠵᠤ᠂ ᠭᠡᠷᠡᠯᠴᠢ ᠴᠡᠨᠡᠭ ᠢ᠋ᠶ᠋ᠡᠷ ᠡᠯᠡᠰᠦ ᠵᠢ ᠵᠠᠰᠠᠬᠤ ᠲᠦᠷᠦᠯ ᠵᠦᠢᠯ ᠳ᠋ᠤ ᠲᠦᠰᠢᠭᠯᠡᠨ᠂ ᠨᠡᠢᠲᠡ 248 ᠲᠦᠮᠡᠨ ᠮᠥ᠍ ᠡᠯᠡᠰᠦ ᠵᠢ ᠵᠠᠰᠠᠵᠤ᠂ ᠰᠢᠨ᠎ᠡ ᠡᠨᠧᠷᠭᠢ ᠶ᠋ᠢᠨ ᠮᠠᠰᠢᠨ ᠴᠣᠭᠴᠠᠯᠠᠪᠤᠷᠢ ᠶ᠋ᠢᠨ ᠬᠡᠪᠴᠢᠶ᠎ᠡ 2727 ᠲᠦᠮᠡᠨ ᠺᠢᠯᠦᠸᠠᠲ ᠲᠦ᠍ ᠬᠥᠷᠪᠡ᠃
ᠠᠮᠢ ᠠᠬᠤᠢ ᠪᠣᠯᠤᠨ ᠠᠵᠤ ᠠᠬᠤᠢ ᠶ᠋ᠢᠨ ᠬᠣᠣᠰ ᠦᠷ᠎ᠠ ᠠᠰᠢᠭᠢ ᠡᠬᠦᠳᠦᠭᠰᠡᠨ 《ᠵᠠᠰᠠᠮᠠᠯ ᠵᠠᠮ ᠢ᠋ᠶ᠋ᠡᠷ ᠡᠯᠡᠰᠦ ᠵᠢ ᠵᠠᠰᠠᠬᠤ ᠵᠠᠬᠪᠤᠷ 》
ᠤᠩᠨᠢᠭᠤᠳ ᠬᠤᠰᠢᠭᠤᠨ ᠳ᠋ᠡᠬᠢ ᠬᠤᠷᠴᠢᠨ ᠤ᠋ ᠡᠯᠡᠰᠦᠷᠭᠡᠭ ᠭᠠᠵᠠᠷ ᠤ᠋ᠨ ᠳᠤᠮᠳᠠᠭᠤᠷ ᠵᠤᠷᠪᠤᠰ ᠵᠤᠷᠪᠤᠰ ᠵᠠᠰᠠᠮᠠᠯ ᠵᠠᠮ ᠡᠯᠡᠰᠤ ᠵᠢ ᠳᠤᠭᠤᠯᠤᠨ ᠨᠠᠯᠤᠭᠡᠷ ᠡᠯᠡᠰᠤ ᠵᠢ ᠬᠡᠰᠡᠭᠯᠡᠨ ᠰᠠᠯᠭᠠᠵᠤ᠂ ᠵᠠᠮ ᠤ᠋ᠨ ᠬᠣᠶᠠᠷ ᠬᠠᠵᠠᠭᠤ ᠪᠠᠷ ᠢᠬᠴᠤ ᠤᠷᠭᠤᠮᠠᠯ ᠨᠢᠭᠲᠠᠷᠠᠨ ᠤᠷᠭᠤᠵᠤ᠂ ᠰᠢᠷ᠎ᠠ ᠪᠤᠷᠭᠠᠰᠤ ᠨᠠᠢᠯᠵᠠᠭᠤᠷ ᠬᠠᠷᠭᠠᠨ᠎ᠠ ᠵᠡᠷᠭᠡ ᠪᠤᠲᠠᠯᠢᠭ ᠮᠣᠳᠣ ᠨᠢ ᠬᠦᠬᠡᠷᠡᠨ ᠨᠤᠮᠢᠨ ᠨᠣᠭᠣᠭᠠᠨ ᠲᠣᠣᠷ ᠢ᠋ ᠰᠦᠯᠵᠢᠵᠦ᠂ ᠡᠯᠡᠰᠦ ᠵᠢ ᠪᠠᠲᠤ ᠳᠤᠭᠳᠠᠪᠤᠷᠢᠵᠢᠭᠤᠯᠵᠤ ᠪᠤᠢ᠃
ᠡᠨᠡ ᠪᠤᠯ ᠳᠠᠷᠤᠢ ᠦᠪᠦᠷ ᠮᠤᠨᠭᠭᠤᠯ ᠤ᠋ᠨ ᠡᠯᠡᠰᠦ ᠵᠢ ᠵᠠᠰᠠᠬᠤ ᠦᠢᠯᠡᠳᠦᠯᠭᠡ ᠳᠤᠮᠳᠠ ᠡᠭᠦᠳᠦᠭᠰᠡᠨ ᠵᠠᠰᠠᠮᠠᠯ ᠵᠠᠮ ᠢ᠋ᠶ᠋ᠡᠷ ᠡᠯᠡᠰᠦ ᠵᠢ ᠵᠠᠰᠠᠬᠤ ᠵᠠᠬᠪᠤᠷ ᠤ᠋ᠨ ᠠᠷᠭ᠎ᠠ ᠬᠡᠮᠵᠢᠶ᠎ᠡ ᠪᠤᠯᠤᠨ᠎ᠠ᠃ 1997 ᠤᠨ ᠳ᠋ᠤ ᠤᠷᠳᠤᠰ ᠬᠤᠲᠠ ᠶ᠋ᠢᠨ ᠬᠠᠨᠭᠬᠢᠨ ᠬᠤᠰᠢᠭᠤᠵᠢᠨ ᠬᠢᠨ ᠲᠦᠷᠦᠭᠦᠦ ᠵᠤᠷᠪᠤᠰ ᠡᠯᠡᠰᠦ ᠵᠢ ᠲᠤᠭᠤᠯᠤᠬᠰᠠᠨ ᠵᠠᠰᠠᠮᠠᠯ ᠵᠠᠮ ᠢ᠋ ᠡᠬᠢᠯᠡᠨ ᠵᠠᠰᠠᠬᠰᠠᠨ ᠡᠴᠡ ᠨᠠᠭᠠᠰᠢ᠂ ᠥᠪᠥᠷ ᠮᠣᠩᠭᠣᠯ 《ᠵᠠᠮ ᠢ᠋ᠶ᠋ᠡᠷ ᠣᠷᠣᠨ ᠬᠤᠪᠢᠶᠠᠬᠤ᠂ ᠬᠡᠰᠡᠭ ᠬᠤᠪᠢᠶᠠᠨ ᠵᠠᠰᠠᠬᠤ᠂ ᠡᠷᠭᠢᠨ ᠲᠤᠭᠤᠷᠢᠨ ᠢ᠋ ᠨᠢ ᠬᠦᠷᠢᠶᠡᠯᠡᠬᠦ᠂ ᠥᠷᠥᠴᠡ ᠭᠠᠵᠠᠷ ᠲᠦ᠍ ᠨᠡᠪᠴᠢᠭᠦᠯᠬᠦ》 ᠡᠯᠡᠰᠦ ᠵᠢ ᠵᠠᠰᠠᠬᠤ ᠵᠠᠭᠪᠤᠷ ᠢ᠋ ᠳ᠋ᠦᠩᠨᠡᠨ ᠭᠠᠷᠭᠠᠵᠤ᠂ ᠡᠯᠡᠰᠦ ᠵᠢ ᠳᠤᠭᠤᠯᠤᠭᠰᠠᠨ ᠵᠠᠰᠠᠮᠠᠯ ᠵᠠᠮ ᠢ᠋ ᠪᠥᠳᠥᠭᠡᠨ ᠪᠠᠶ᠋ᠢᠭᠤᠯᠬᠤ ᠪᠡᠷ ᠳᠠᠮᠵᠢᠨ ᠡᠯᠡᠰᠦᠨ ᠣᠷᠣᠨ ᠢ᠋ ᠠᠳᠠᠯᠢ ᠪᠤᠰᠤ ᠵᠠᠰᠠᠯᠲᠠ ᠶ᠋ᠢᠨ ᠣᠷᠣᠨ ᠪᠦᠰᠡ ᠪᠣᠯᠭᠠᠨ ᠬᠤᠪᠢᠶᠠᠵᠤ᠂ ᠬᠡᠰᠡᠭ ᠬᠤᠪᠢᠶᠠᠭᠰᠠᠨ ᠨᠠᠷᠢᠯᠢᠬᠵᠢᠭᠤᠯᠤᠭᠰᠠᠨ ᠬᠠᠮᠢᠶᠠᠷᠤᠯᠲᠠ ᠵᠢ ᠬᠡᠷᠡᠭᠵᠢᠭᠦᠯᠵᠦ᠍᠂ ᠡᠯᠡᠰᠦ ᠮᠠᠩᠬ᠎ᠠ ᠶ᠋ᠢᠨ ᠥᠷᠭᠡᠵᠢᠬᠦ᠌ ᠵᠢ ᠪᠦᠲᠦᠮᠵᠢᠲᠡᠢ ᠬᠤᠷᠢᠬᠯᠠᠬᠰᠠᠨ ᠤ᠋ ᠬᠠᠮᠲᠤ᠌ ᠥᠷᠥᠴᠡ ᠭᠠᠵᠠᠷ ᠲᠦ᠍ ᠠᠯᠬᠤᠮ ᠠᠯᠬᠤᠮ ᠢ᠋ᠶ᠋ᠡᠷ ᠨᠡᠪᠴᠢᠭᠦᠯᠦᠨ ᠣᠷᠣᠵᠤ ᠵᠠᠰᠠᠯᠲᠠ ᠦᠷᠨᠢᠭᠦᠯᠵᠦ᠂ ᠡᠯᠡᠰᠦᠨ ᠤᠷᠤᠨ ᠤ᠋ ᠠᠮᠢ ᠠᠬᠤᠢ ᠶ᠋ᠢᠨ ᠰᠡᠷᠭᠦᠯᠲᠡ ᠪᠣᠯᠤᠨ ᠠᠵᠤ ᠠᠬᠤᠢ ᠶ᠋ᠢᠨ ᠬᠥᠭᠵᠢᠯᠲᠡ ᠵᠢ ᠠᠬᠢᠭᠤᠯᠤᠭᠰᠠᠨ ᠪᠠᠶ᠋ᠢᠨ᠎ᠠ᠃
ᠤᠳᠤᠬᠠᠨ ᠪᠤᠯᠲᠠᠯ᠎ᠠ᠂ ᠤᠩᠨᠢᠭᠤᠳ ᠬᠤᠰᠢᠭᠤ ᠨᠢᠭᠡᠨᠳᠡ 18 ᠵᠤᠷᠪᠤᠰ ᠡᠯᠡᠰᠤ ᠵᠢ ᠳᠤᠭᠤᠯᠤᠭᠰᠠᠨ ᠵᠠᠰᠠᠮᠠᠯ ᠵᠠᠮ ᠲᠠᠪᠢᠰᠴᠤ᠂ ᠶᠡᠷᠦᠩᠭᠡᠢ ᠤᠷᠳᠤ ᠨᠢ 531 ᠺᠢᠯᠦᠮᠧᠲᠷ ᠲᠦ᠍ ᠬᠦᠷᠴᠦ᠂ 365.5 ᠲᠦᠮᠡᠨ ᠮᠦ᠍ ᠡᠯᠡᠰᠤ ᠵᠢ ᠵᠠᠰᠠᠪᠠ᠋; ᠣᠷᠳᠣᠰ ᠬᠣᠲᠠ ᠡᠯᠡᠰᠦ ᠵᠢ ᠳᠤᠭᠤᠯᠤᠭᠰᠠᠨ ᠵᠠᠰᠠᠮᠠᠯ ᠵᠠᠮ ᠢ᠋ ᠨᠡᠶ᠋ᠢᠲᠡ 4000 ᠭᠠᠷᠤᠶ ᠺᠢᠯᠣᠮᠧᠲ᠋ᠷ ᠵᠠᠰᠠᠵᠤ᠂ 400 ᠭᠠᠷᠤᠶ ᠲᠦᠮᠡᠨ ᠮᠥ᠍ ᠡᠯᠡᠰᠦᠷᠭᠡᠭᠵᠢᠯ ᠢ᠋ ᠰᠡᠷᠭᠡᠶ᠋ᠢᠯᠡᠨ ᠡᠯᠡᠰᠤ ᠵᠢ ᠵᠠᠰᠠᠬᠤ ᠵᠢ ᠳᠠᠶ᠋ᠢᠴᠢᠯᠡᠭᠰᠡᠨ ᠪᠦᠭᠡᠳ《ᠵᠠᠰᠠᠮᠠᠯ ᠵᠠᠮ ᠢ᠋ᠶ᠋ᠡᠷ ᠡᠯᠡᠰᠦ ᠵᠢ ᠵᠠᠰᠠᠬᠤ》 ᠪᠠ ᠬᠡᠷᠡᠯᠴᠢ ᠴᠡᠨᠡᠭ ᠢ᠋ᠶ᠋ᠡᠷ ᠡᠯᠡᠰᠦ ᠵᠢ ᠵᠠᠰᠠᠬᠤ ᠵᠢ ᠠᠭᠤᠰᠤᠯᠴᠠᠭᠤᠯᠤᠨ ᠠᠬᠢᠭᠤᠯᠬᠤ ᠰᠢᠨ᠎ᠡ ᠠᠷᠭ᠎ᠠ ᠵᠠᠮ ᠢ᠋ ᠰᠦᠪᠡᠭᠴᠢᠯᠡᠨ ᠭᠠᠷᠭᠠᠪᠠ᠃
ᠡᠯᠡᠰᠦ ᠵᠢ ᠳᠤᠭᠤᠯᠤᠭᠰᠠᠨ ᠵᠠᠰᠠᠮᠠᠯ ᠵᠠᠮ ᠨᠢ 《ᠵᠠᠰᠠᠮᠠᠯ ᠵᠠᠮ ᠢ᠋ᠶ᠋ᠡᠷ ᠡᠯᠡᠰᠦ ᠵᠢ ᠵᠠᠰᠠᠬᠤ》 ᠵᠠᠭᠪᠤᠷ ᠤ᠋ᠨ ᠴᠢᠬᠤᠯᠠ ᠠᠴᠢᠶᠠᠯᠠᠪᠤᠷᠢ ᠪᠤᠯᠤᠬᠰᠠᠨ ᠤ᠋ ᠬᠤᠪᠢ ᠳ᠋ᠤ᠂ ᠡᠯᠡᠰᠦᠷᠬᠡᠭ ᠤᠷᠤᠨ ᠤ᠋ ᠣᠯᠠᠨ ᠲᠦᠮᠡᠨ ᠤ᠋ ᠭᠠᠳᠠᠨᠠᠬᠢ ᠲᠠᠢ ᠬᠠᠷᠢᠯᠴᠠᠬᠤ ᠵᠠᠮ ᠢ᠋ ᠨᠡᠪᠲᠡᠷᠡᠭᠦᠯᠦᠭᠰᠡᠨ ᠢ᠋ᠶ᠋ᠡᠷ ᠪᠠᠷᠠᠬᠤ ᠦᠭᠡᠶ ᠨᠡᠩ ᠴᠤ᠌ ᠲᠤᠬᠠᠢ ᠶ᠋ᠢᠨ ᠭᠠᠵᠠᠷ ᠤ᠋ᠨ ᠠᠮᠢ ᠠᠬᠤᠶ ᠵᠢ ᠰᠠᠶ᠋ᠢᠵᠢᠷᠠᠭᠤᠯᠬᠤ ᠪᠠ ᠠᠵᠤ ᠠᠬᠤᠶ ᠵᠢ ᠬᠥᠭᠵᠢᠭᠦᠯᠬᠦ᠌ ᠵᠠᠩᠭᠢᠯᠠᠭ᠎ᠠ ᠶ᠋ᠢᠨ ᠬᠣᠯᠪᠣᠭᠠᠰᠤ ᠪᠣᠯᠤᠭᠰᠠᠨ ᠪᠠᠶ᠋ᠢᠨ᠎ᠠ᠃ ᠡᠯᠡᠰᠦ ᠵᠢ ᠳᠤᠭᠤᠯᠤᠭᠰᠠᠨ ᠵᠠᠰᠠᠮᠠᠯ ᠵᠠᠮ ᠤ᠋ᠨ ᠦᠷᠭᠡᠵᠢᠬᠦ ᠵᠢ ᠳᠠᠭᠠᠯᠳᠤᠨ᠂ ᠡᠯᠡᠰᠦᠷᠬᠡᠭ ᠤᠷᠤᠨ ᠤ᠋ ᠠᠮᠢ ᠠᠬᠤᠶ ᠣᠷᠴᠢᠨ ᠲᠣᠭᠣᠷᠢᠨ ᠢᠯᠡᠳᠲᠡ ᠰᠠᠶ᠋ᠢᠵᠢᠷᠠᠵᠤ᠂ ᠤᠷᠭᠤᠮᠠᠯ ᠤ᠋ᠨ ᠬᠤᠴᠢᠯᠭ᠎ᠠ ᠠᠭᠠᠵᠢᠮ ᠢ᠋ᠶ᠋ᠡᠷ ᠨᠡᠮᠡᠭᠳᠡᠬᠦ ᠶ᠋ᠢᠨ ᠬᠠᠮᠲᠤ᠌ ᠡᠯᠡᠰᠦᠷᠬᠡᠭ ᠣᠷᠣᠨ ᠤ᠋ ᠣᠨᠴᠠᠯᠢᠭᠲᠤ᠌ ᠪᠦᠲᠦᠭᠡᠭᠳᠡᠬᠦᠨ ᠢ᠋ ᠨᠡᠩ ᠰᠢᠯᠤᠭᠤᠬᠠᠨ ᠢ᠋ᠶ᠋ᠡᠷ ᠵᠠᠬ᠎ᠠ ᠳᠡᠯᠭᠡᠭᠦᠷ ᠲᠦ᠍ ᠭᠠᠷᠭᠠᠵᠤ᠂ ᠲᠤᠬᠠᠢ ᠶ᠋ᠢᠨ ᠭᠠᠵᠠᠷ ᠤ᠋ᠨ ᠵᠢᠭᠤᠯᠴᠢᠯᠠᠯ ᠤ᠋ᠨ ᠡᠬᠢ ᠪᠠᠶᠠᠯᠢᠭ ᠢ᠋ ᠭᠦᠨᠵᠡᠭᠡᠶ ᠨᠡᠭᠡᠭᠡᠨ ᠠᠰᠢᠭᠯᠠᠬᠤ ᠪᠣᠯᠤᠬᠰᠠᠨ ᠪᠠᠢᠨ᠎ᠠ᠃ ᠡᠶ᠋ᠢᠮᠦᠷᠬᠦᠦ ᠠᠮᠢ ᠠᠬᠤᠢ ᠪᠣᠯᠤᠨ ᠠᠵᠤ ᠠᠬᠤᠢ ᠶ᠋ᠢᠨ ᠬᠣᠣᠰ ᠦᠷ᠎ᠠ ᠠᠰᠢᠭ ᠬᠦᠷᠲᠡᠬᠦ ᠬᠡᠪ ᠵᠠᠭᠪᠤᠷ ᠢ᠋ ᠥᠪᠥᠷ ᠮᠣᠩᠭᠣᠯ ᠳ᠋ᠤ ᠥᠷᠭᠡᠨ ᠢ᠋ᠶ᠋ᠡᠷ ᠳᠡᠯᠭᠡᠷᠡᠭᠦᠯᠦᠨ ᠬᠡᠷᠡᠭᠯᠡᠵᠦ ᠪᠠᠶ᠋ᠢᠬᠤ ᠪᠡᠷ ᠪᠠᠷᠠᠬᠤ ᠦᠭᠡᠢ᠂ ᠪᠠᠰᠠ ᠪᠤᠰᠤᠳ ᠮᠤᠵᠢ ᠣᠷᠣᠨ ᠤ᠋ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠳ᠋ᠤ ᠡᠷᠬᠢᠮ ᠨᠠᠨᠳᠢᠨ ᠲᠤᠷᠰᠢᠯᠭ᠎ᠠ ᠬᠠᠩᠭᠠᠪᠠ᠃
ᠦᠪᠦᠷ ᠮᠤᠨᠭᠭᠤᠯ ᠤ᠋ᠨ ᠤᠯᠠᠨ ᠵᠦᠢᠯ ᠤ᠋ᠨ ᠰᠢᠨᠵᠢᠯᠡᠬᠦ ᠤᠬᠠᠭᠠᠨᠴᠢ ᠦᠨᠳᠦᠷ ᠪᠦᠲᠦᠮᠵᠢᠲᠡᠢ ᠡᠯᠡᠰᠦ ᠵᠢ ᠵᠠᠰᠠᠬᠤ ᠵᠠᠬᠪᠤᠷ ᠨᠢ ᠤᠯᠠᠨ ᠨᠡᠢᠲᠡ ᠳ᠋ᠤ ᠮᠡᠳᠡᠷᠡᠭᠳᠡᠭᠰᠡᠨ ᠪᠤᠳᠠᠳᠤ ᠦᠷ᠎ᠠ ᠪᠦᠲᠦᠮᠵᠢ ᠤᠯᠵᠤ᠂ ᠲᠠᠰᠤᠷᠠᠯᠲᠠ ᠦᠭᠡᠢ ᠰᠢᠨ᠎ᠡ ᠵᠢ ᠡᠭᠦᠳᠬᠦ ᠪᠠ ᠰᠢᠨᠵᠢᠯᠡᠬᠦ ᠤᠬᠠᠭᠠᠨᠴᠢ ᠦᠢᠯᠡᠳᠦᠯᠭᠡ ᠳ᠋ᠤ ᠲᠦᠰᠢᠭᠯᠡᠨ᠂ ᠪᠦᠬᠦ ᠪᠦᠮᠪᠦᠷᠴᠡᠭ ᠤ᠋ᠨ ᠴᠦᠯᠯᠡᠷᠬᠡᠭᠵᠢᠯ ᠢ᠋ ᠰᠡᠷᠭᠡᠢᠯᠡᠨ ᠵᠠᠰᠠᠬᠤ ᠳ᠋ᠤ ᠨᠠᠨᠳᠢᠨ ᠲᠤᠷᠰᠢᠯᠭ᠎ᠠ ᠵᠢ ᠬᠠᠨᠭᠭᠠᠵᠤ ᠪᠠᠢᠨ᠎ᠠ᠃
ᠲᠠᠪᠤ ᠶ᠋ᠢ ᠨᠢᠭᠡ ᠴᠣᠭᠴᠠᠵᠢᠭᠤᠯᠤᠭᠰᠠᠨ ᠶᠡᠷᠦᠩᠬᠡᠢᠯᠡᠨ ᠵᠠᠰᠠᠬᠤ ᠰᠢᠰᠲᠧᠮ ᠢ᠋ ᠪᠠᠢᠭᠤᠯᠤᠭᠰᠠᠨ 《ᠳ᠋ᠸᠨᠭᠺᠸᠦ ᠶ᠋ᠢᠨ ᠵᠠᠬᠪᠤᠷ》
ᠪᠠᠶᠠᠨᠨᠠᠭᠤᠷ ᠬᠤᠳᠠ ᠶ᠋ᠢᠨ ᠳ᠋ᠸᠩᠺᠸᠤ ᠰᠢᠶᠠᠨ ᠤ᠋ ᠲᠠᠷᠢᠶᠠᠨ ᠭᠠᠵᠠᠷᠪᠤᠯᠭᠠᠨᠳᠤ ᠬᠠᠯᠬᠠᠪᠴᠢ ᠤᠢ ᠲᠠᠢ ᠪᠠᠢᠳᠠᠭ᠃ ᠠᠯᠤᠰ ᠡᠴᠡ ᠬᠠᠷᠠᠬᠤᠶ᠎ᠠ᠂ ᠥᠨᠳᠥᠷ ᠲᠣᠮᠣ ᠲᠤᠷᠤᠭ ᠮᠣᠳᠣᠨ ᠣᠶ ᠨᠢ ᠬᠡᠰᠡᠭ ᠬᠡᠰᠡᠭ ᠲᠠᠷᠢᠶᠠᠨ ᠭᠠᠵᠠᠷ ᠢ᠋ ᠬᠦᠷᠢᠶᠡᠯᠡᠨ ᠤᠷᠭᠤᠵᠤ᠂ ᠬᠥᠨᠳᠡᠯᠡᠨ ᠭᠤᠯᠳᠤ ᠪᠡᠷ ᠬᠠᠯᠬᠠᠪᠴᠢ ᠣᠶ ᠶ᠋ᠢᠨ ᠲᠤᠤᠷ ᠢ᠋ ᠪᠦᠷᠢᠯᠳᠦᠭᠦᠯᠵᠦ᠍᠂ ᠲᠠᠷᠢᠶᠠᠨ ᠭᠠᠵᠠᠷ ᠢ᠋ ᠪᠠᠳᠤ ᠬᠠᠮᠠᠭᠠᠯᠠᠵᠤ ᠪᠤᠢ᠃
ᠳ᠋ᠸᠩᠺᠸᠤ ᠱᠢᠶᠠᠨ ᠤᠯᠠᠭᠠᠨᠪᠤᠬ᠎ᠠ ᠶ᠋ᠢᠨ ᠡᠯᠡᠰᠦᠨ ᠴᠦᠯ ᠤ᠋ᠨ ᠵᠡᠭᠦᠨ ᠬᠣᠢᠲᠤ ᠬᠡᠰᠡᠭ ᠲᠦ᠍ ᠪᠠᠢᠷᠢᠯᠠᠵᠤ᠂ ᠬᠢᠯᠢ ᠳᠣᠲᠣᠷᠠᠬᠢ ᠡᠯᠡᠰᠦᠨ ᠴᠦᠯ ᠤ᠋ᠨ ᠲᠠᠯᠠᠪᠠᠢ ᠨᠢ 426 ᠲᠦᠮᠡᠨ ᠮᠦ᠍ ᠳ᠋ᠤ ᠬᠦᠷᠴᠦ᠂ ᠪᠦᠬᠦ᠌ ᠱᠢᠶᠠᠨ ᠤ᠋ ᠶᠡᠷᠦᠩᠬᠡᠢ ᠲᠠᠯᠠᠪᠠᠢ ᠶ᠋ᠢᠨ 77% ᠵᠢ ᠡᠵᠡᠯᠡᠵᠤ᠂ ᠰᠢᠨ᠎ᠡ ᠳᠤᠮᠳᠠᠳᠤ ᠤᠯᠤᠰ ᠪᠠᠢᠭᠤᠯᠤᠬᠳᠠᠬᠰᠠᠨ ᠡᠬᠢᠨ ᠤ᠋ ᠦᠶ᠎ᠡ ᠳ᠋ᠤ ᠤᠷᠭᠤᠮᠠᠯ ᠤ᠋ᠨ ᠬᠤᠴᠢᠯᠭ᠎ᠠ ᠶ᠋ᠢᠨ ᠪᠦᠷᠬᠦᠴᠡ ᠶ᠋ᠢᠨ ᠬᠡᠮᠵᠢᠶ᠎ᠡ ᠵᠦᠪᠬᠡᠨ 0.04% ᠳ᠋ᠤ ᠬᠦᠷᠴᠦ᠍ ᠪᠠᠢᠪᠠ᠃ 70 ᠭᠠᠷᠤᠢ ᠵᠢᠯ ᠤ᠋ᠨ ᠲᠤᠷᠰᠢ᠂ ᠳ᠋ᠸᠩᠺᠸᠤ ᠰᠢᠶᠠᠨᠤ ᠬᠢᠨ ᠴᠦᠯᠯᠡᠷᠬᠡᠭᠵᠢᠯ ᠢ᠋ ᠵᠠᠰᠠᠨ ᠰᠡᠷᠭᠦᠭᠡᠬᠦ ᠶ᠋ᠢᠨ ᠲᠦᠯᠦᠭᠡ ᠰᠢᠨᠲᠠᠷᠠᠰᠢ ᠦᠭᠡᠢ ᠲᠡᠮᠡᠴᠡᠵᠦ᠂ ᠥᠪᠡᠷ ᠤ᠋ᠨ ᠪᠣᠳᠠᠲᠤ᠌ ᠪᠠᠶ᠋ᠢᠳᠠᠯ ᠳ᠋ᠠᠭᠠᠨ ᠰᠠᠭᠤᠷᠢᠯᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠶᠡᠷᠦᠩᠬᠡᠶ᠋ᠢᠯᠡᠨ ᠵᠠᠰᠠᠬᠤ ᠪᠠ ᠨᠡᠭᠡᠭᠡᠨ ᠠᠰᠢᠭᠯᠠᠬᠤ ᠰᠢᠰᠲ᠋ᠧᠮ ᠢ᠋ ᠠᠩᠬ᠎ᠠ ᠠᠯᠬᠤᠮ ᠪᠦᠷᠢᠯᠳᠦᠭᠦᠯᠵᠦ᠂ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ 《ᠳ᠋ᠧᠩᠺᠧᠦ ᠶ᠋ᠢᠨ ᠵᠠᠭᠪᠤᠷ》 ᠢ᠋ ᠰᠦᠪᠡᠭᠴᠢᠯᠡᠨ ᠭᠠᠷᠭᠠᠪᠠ᠃
《ᠳ᠋ᠸᠩᠺᠸᠦ ᠶ᠋ᠢᠨ ᠵᠠᠭᠪᠤᠷ》 ᠨᠢ ᠪᠠᠢᠭᠠᠯᠢ ᠵᠢᠨ ᠬᠠᠮᠠᠭᠠᠯᠠᠯᠲᠠ ᠶ᠋ᠢᠨ ᠭᠠᠵᠠᠷ᠂ ᠲᠠᠷᠢᠶᠠᠨ ᠭᠠᠵᠠᠷ ᠤ᠋ᠨ ᠬᠠᠯᠬᠠᠪᠴᠢ ᠣᠶ ᠶ᠋ᠢᠨ ᠲᠣᠣᠷ᠂ ᠡᠯᠡᠰᠦ ᠵᠢ ᠪᠢᠲᠡᠭᠦᠮᠵᠢᠯᠡᠨ ᠡᠪᠡᠰᠦ ᠪᠣᠢᠵᠢᠭᠤᠯᠬᠤ ᠣᠷᠣᠨ᠂ ᠰᠠᠯᠬᠢ ᠵᠢ ᠬᠠᠯᠬᠠᠯᠠᠨ ᠡᠯᠡᠰᠦ ᠶ᠋ᠢ ᠬᠣᠷᠢᠭ᠍ᠯᠠᠬᠤ ᠣᠷᠣᠨ᠂ ᠬᠡᠷᠡᠯᠴᠢ ᠴᠡᠨᠡᠭ ᠵᠢᠡᠷ ᠡᠯᠡᠰᠦ ᠵᠢ ᠵᠠᠰᠠᠬᠤ ᠣᠷᠣᠨ ᠢ᠋ᠶ᠋ᠡᠷ ᠭᠣᠣᠯ ᠪᠣᠯᠭᠠᠭᠰᠠᠨ 《ᠨᠢᠭᠡ ᠭᠠᠵᠠᠷ ᠨᠢᠭᠡ ᠲᠣᠣᠷ ᠭᠤᠷᠪᠠᠨ ᠣᠷᠣᠨ》 ᠲᠠᠪᠤ ᠶ᠋ᠢ ᠨᠢᠭᠡ ᠴᠣᠭᠴᠠᠵᠢᠭᠤᠯᠤᠭᠰᠠᠨ ᠶᠡᠷᠦᠩᠬᠡᠢᠯᠡᠨ ᠵᠠᠰᠠᠬᠤ ᠰᠢᠰᠲᠧᠮ ᠢ᠋ ᠪᠠᠢᠭᠤᠯᠪᠠ᠃ ᠳᠠᠷᠤᠢ ᠳ᠋ᠸᠨᠭᠺᠸᠦ ᠰᠢᠶᠠᠨ 4 ᠪᠠᠶ᠋ᠢᠭᠠᠯᠢ ᠶ᠋ᠢᠨ ᠬᠠᠮᠠᠭᠠᠯᠠᠯᠲᠠ ᠶ᠋ᠢᠨ ᠭᠠᠵᠠᠷ ᠢ᠋ ᠪᠠᠢᠭᠤᠯᠵᠤ᠂ ᠡᠯᠡᠰᠦᠨ ᠴᠦᠯ ᠤ᠋ᠨ ᠤᠤᠭᠠᠯ ᠡᠬᠢ ᠪᠠᠶᠠᠯᠢᠭ ᠢ᠋ ᠬᠠᠮᠠᠭᠠᠯᠠᠪᠠ; ᠲᠠᠷᠢᠶᠠᠨ ᠭᠠᠵᠠᠷ ᠪᠠ ᠵᠠᠮ ᠤ᠋ᠨ ᠲᠤᠭᠤᠷᠢᠨ ᠳ᠋ᠤ ᠬᠠᠯᠬᠠᠪᠴᠢ ᠣᠶ ᠶ᠋ᠢᠨ ᠲᠤᠤᠷ ᠢ᠋ ᠪᠠᠶ᠋ᠢᠭᠤᠯᠵᠤ᠂ ᠬᠥᠷᠥᠰᠥ᠍ ᠰᠢᠷᠣᠶ ᠶ᠋ᠢᠨ ᠢᠳᠡᠭᠳᠡᠯ ᠪᠠ ᠡᠯᠡᠰᠦᠨ ᠴᠥᠯ ᠤ᠋ᠨ ᠲᠠᠷᠢᠶᠠᠨ ᠭᠠᠵᠠᠷ ᠢ᠋ ᠬᠣᠬᠢᠷᠠᠭᠤᠯᠬᠤ ᠵᠢ ᠬᠣᠷᠢᠭᠯᠠᠪᠠ; ᠰᠢᠶᠠᠨ ᠤ᠋ ᠪᠠᠷᠠᠭᠤᠨ ᠬᠡᠰᠡᠭ ᠤ᠋ᠨ ᠬᠠᠮᠤᠭ ᠤ᠋ᠨ ᠭᠠᠳᠠᠷ ᠬᠦᠷᠢᠶ᠎ᠡ ᠪᠠ ᠡᠯᠡᠰᠦᠨ ᠴᠥᠯ ᠤ᠋ᠨ ᠵᠡᠭᠦᠨ ᠵᠠᠬ᠎ᠠ ᠳ᠋ᠤ ᠬᠡᠷᠡᠯᠴᠢ ᠴᠡᠨᠡᠭ ᠢ᠋ᠶ᠋ᠡᠷ ᠡᠯᠡᠰᠦ ᠵᠢ ᠵᠠᠰᠠᠬᠤ ᠣᠷᠣᠨ ᠢ᠋ ᠪᠥᠲᠥᠭᠡᠨ ᠪᠠᠶ᠋ᠢᠭᠤᠯᠵᠤ᠂ ᠤᠯᠠᠭᠠᠨᠪᠤᠬ᠎ᠠ ᠶ᠋ᠢᠨ ᠡᠯᠡᠰᠦᠨ ᠴᠥᠯ ᠢ᠋ ᠬᠣᠷᠢᠭᠯᠠᠬᠤ ᠨᠢᠭᠡᠳᠦᠭᠡᠷ ᠰᠡᠷᠭᠡᠶ᠋ᠢᠯᠡᠯᠲᠡ ᠶ᠋ᠢᠨ ᠱᠤᠭᠤᠮ ᠢ᠋ ᠪᠦᠷᠢᠯᠳᠦᠭᠦᠯᠵᠦ᠂ ᠬᠡᠷᠡᠯᠴᠢ ᠴᠡᠨᠡᠭ ᠢ᠋ᠶ᠋ᠡᠷ ᠡᠯᠡᠰᠦ ᠵᠢ ᠵᠠᠰᠠᠬᠤ ᠣᠷᠣᠨ ᠤ᠋ ᠵᠠᠬ᠎ᠠ ᠳ᠋ᠤ ᠡᠯᠡᠰᠦ ᠵᠢ ᠪᠢᠲᠡᠭᠦᠮᠵᠢᠯᠡᠨ ᠡᠪᠡᠰᠦ ᠲᠠᠷᠢᠬᠤ ᠣᠷᠣᠨ ᠪᠠᠶ᠋ᠢᠭᠤᠯᠵᠤ᠂ ᠪᠢᠲᠡᠭᠦᠮᠵᠢᠯᠡᠨ ᠲᠠᠷᠢᠵᠤ ᠬᠠᠮᠠᠭᠠᠯᠠᠬᠤ ᠪᠡᠷ ᠭᠤᠤᠯ ᠪᠣᠯᠭᠠᠨ᠂ ᠡᠯᠡᠰᠦ ᠵᠢ ᠬᠣᠷᠢᠭᠯᠠᠬᠤ ᠬᠣᠶᠠᠳᠤᠭᠠᠷ ᠰᠡᠷᠭᠡᠶ᠋ᠢᠯᠡᠯᠲᠡ ᠶ᠋ᠢᠨ ᠱᠤᠭᠤᠮ ᠢ᠋ ᠪᠣᠶ ᠪᠣᠯᠭᠠᠵᠤ᠂ ᠳᠠᠬᠢᠨ ᠰᠢᠶᠠᠨ ᠤ᠋ ᠬᠡᠪᠴᠢᠶᠡᠨ ᠳ᠋ᠤ ᠵᠠᠭ ᠮᠣᠳᠣ᠂ ᠳᠡᠷᠪᠡᠯᠵᠢ ᠵᠡᠷᠭᠡ ᠤᠷᠭᠤᠮᠠᠯ ᠢ᠋ ᠰᠣᠩᠭᠣᠨ ᠬᠡᠷᠡᠭᠯᠡᠵᠦ᠍᠂ ᠰᠠᠯᠬᠢ ᠵᠢ ᠬᠠᠯᠬᠠᠯᠠᠨ ᠡᠯᠡᠰᠦ ᠵᠢ ᠬᠣᠷᠢᠭᠯᠠᠬᠤ ᠣᠶ ᠵᠢ ᠪᠠᠶ᠋ᠢᠭᠤᠯᠵᠤ᠂ ᠭᠤᠷᠪᠠᠳᠤᠭᠠᠷ ᠰᠡᠷᠭᠡᠶ᠋ᠢᠯᠡᠯᠲᠡ ᠶ᠋ᠢᠨ ᠱᠤᠭᠤᠮ ᠢ᠋ ᠪᠦᠷᠢᠯᠳᠦᠭᠦᠯᠪᠡ᠃
ᠤᠳᠤ ᠪᠤᠯᠲᠠᠯ᠎ᠠ᠂ ᠳ᠋ᠸᠩᠺᠸᠤ ᠰᠢᠶᠠᠨ ᠨᠡᠢ᠌ᠳᠡ 216 ᠲᠦᠮᠡᠨ ᠮᠦ᠍ ᠡᠯᠡᠰᠦ ᠵᠢ ᠵᠠᠰᠠᠵᠤ᠂ ᠤᠷᠭᠤᠮᠠᠯᠤᠨ ᠬᠤᠴᠢᠯᠭ᠎ᠠ ᠶ᠋ᠢᠨ ᠪᠦᠷᠬᠦᠴᠡ ᠵᠢ 41% ᠡᠴᠡ ᠳᠡᠭᠡᠭᠰᠢ ᠪᠣᠯᠲᠠᠯ᠎ᠠ ᠳᠡᠭᠡᠭᠰᠢᠯᠡᠭᠦᠯᠪᠡ᠃
ᠨᠤᠷ᠎ᠠ ᠡᠯᠡᠰᠦ ᠵᠢ ᠨᠤᠬᠲᠤᠯᠠᠬᠰᠠᠨ 《ᠦᠪᠦᠷ ᠮᠤᠨᠭᠭᠤᠯ ᠤ᠋ᠨ ᠤᠶᠤᠨ ᠤᠬᠠᠭᠠᠨ》
ᠠᠮᠢ ᠠᠬᠤᠢ ᠤᠷᠴᠢᠨ ᠲᠤᠭᠤᠷᠢᠨ ᠤ᠋ ᠬᠠᠲᠠᠭᠤ ᠰᠢᠯᠭᠠᠯᠲᠠ ᠶ᠋ᠢᠨ ᠡᠮᠦᠨ᠎ᠡ᠂ ᠦᠪᠦᠷ ᠮᠤᠨᠭᠭᠤᠯ ᠤ᠋ᠨ ᠦᠨᠳᠦᠰᠦᠲᠡᠨ ᠨᠦ᠍ᠭᠦᠳ ᠤ᠋ᠨ ᠠᠷᠠᠳ ᠲᠦᠮᠡᠨ ᠬᠡᠳᠦᠨ ᠠᠷᠪᠠᠨ ᠵᠢᠯ ᠤ᠋ᠨ ᠲᠤᠷᠰᠢ ᠨᠤᠷ᠎ᠠ ᠡᠯᠡᠰᠦ ᠵᠢ ᠨᠤᠬᠲᠤᠯᠠᠬᠤ ᠡᠷᠡᠮᠡᠭᠡᠢ ᠳᠠᠢᠯᠠᠯᠳᠤᠭᠠᠨ ᠦᠷᠨᠢᠭᠦᠯᠦᠨ᠂ ᠴᠦᠬᠦᠷᠡᠰᠢ ᠦᠭᠡᠢ ᠲᠡᠮᠡᠴᠡᠬᠦ ᠳᠤᠮᠳᠠ ᠨᠢᠭᠡ ᠪᠦᠯᠦᠭ ᠦᠨᠳᠦᠷ ᠪᠦᠲᠦᠮᠵᠢᠲᠡᠢ ᠪᠠᠷ ᠡᠯᠡᠰᠦ ᠵᠢ ᠵᠠᠰᠠᠬᠤ ᠵᠠᠬᠪᠤᠷ ᠢ᠋ ᠰᠦᠪᠡᠭᠴᠢᠯᠡᠨ ᠭᠠᠷᠭᠠᠵᠤ᠂ ᠡᠯᠡᠰᠦᠨ ᠴᠦᠯ ᠤ᠋ᠨ ᠬᠦᠪᠡᠭᠡ ᠪᠡᠷ 《ᠨᠤᠮᠢᠨ ᠨᠤᠭᠤᠭᠠᠨ ᠤᠷᠲᠤ ᠴᠠᠭᠠᠨ ᠬᠡᠷᠡᠮ》 ᠢ᠋ ᠴᠤᠬᠴᠠᠯᠠᠵᠤ᠂ ᠪᠥᠬᠥ᠌ ᠪᠥᠮᠪᠥᠷᠴᠡᠭ ᠤ᠋ᠨ ᠴᠦᠯᠯᠡᠷᠭᠡᠭᠵᠢᠯ ᠢ᠋ ᠵᠠᠰᠠᠬᠤ ᠳ᠋ᠤ 《ᠦᠪᠦᠷ ᠮᠤᠨᠭᠭᠤᠯ ᠤ᠋ᠨ ᠤᠶᠤᠨ ᠤᠬᠠᠭᠠᠨ》 ᠢ᠋ ᠬᠠᠨᠳᠢᠪᠯᠠᠪᠠ᠃
ᠭᠠᠵᠠᠷ ᠣᠷᠣᠨ ᠤ᠋ ᠪᠠᠶ᠋ᠢᠳᠠᠯ ᠳ᠋ᠠᠭᠠᠨ ᠲᠣᠬᠢᠷᠠᠭᠤᠯᠵᠤ᠂ ᠠᠷᠭ᠎ᠠ ᠪᠣᠳᠣᠯᠭ᠎ᠠ ᠵᠢ ᠣᠨᠣᠴᠠᠲᠠᠢ ᠬᠡᠷᠡᠭᠵᠢᠭᠦᠯᠬᠦ᠌ ᠪᠣᠯ ᠥᠪᠥᠷ ᠮᠣᠩᠭᠣᠯ ᠤ᠋ᠨ ᠡᠯᠡᠰᠦᠷᠭᠡᠭᠵᠢᠯ ᠢ᠋ ᠰᠡᠷᠭᠡᠢᠯᠡᠨ ᠡᠯᠡᠰᠤ ᠵᠢ ᠵᠠᠰᠠᠭᠰᠠᠨ ᠪᠣᠭᠣᠮᠲᠠ ᠰᠢᠪᠲᠤᠯᠬᠤ ᠠᠵᠢᠯ ᠤ᠋ᠨ ᠭᠤᠤᠯ ᠠᠨᠢᠰᠤ ᠪᠣᠯᠤᠨ᠎ᠠ᠃ 《ᠬᠥᠪᠴᠢ ᠶ᠋ᠢᠨ ᠵᠠᠬᠪᠤᠷ》 ᠨᠢ ᠠᠮᠢ ᠠᠬᠤᠢ ᠶ᠋ᠢᠨ ᠰᠡᠷᠭᠦᠭᠡᠯᠲᠡ᠂ ᠠᠵᠤ ᠦᠢᠯᠡᠰ ᠤ᠋ᠨ ᠬᠥᠭᠵᠢᠯᠲᠡ᠂ ᠤᠯᠠᠨ ᠲᠦᠮᠡᠨᠦ ᠴᠢᠨᠡᠭᠡᠯᠢᠭᠵᠢᠯ ᠤ᠋ᠨ ᠳᠠᠢᠴᠢᠯᠠᠯᠲᠠ ᠵᠢ ᠠᠭᠤᠰᠤᠯᠴᠠᠭᠤᠯᠵᠤ᠂ ᠡᠯᠡᠰᠦ ᠵᠢ ᠵᠠᠰᠠᠬᠤ ᠪᠠ ᠠᠷᠠᠳ ᠢ᠋ ᠪᠠᠶᠠᠵᠢᠭᠤᠯᠬᠤ ᠬᠣᠣᠰ ᠴᠢᠭᠯᠡᠯ ᠢ᠋ᠶ᠋ᠡᠷ ᠠᠰᠢᠭ ᠬᠦᠷᠳᠡᠬᠦ᠌ ᠵᠢ ᠪᠡᠶᠡᠯᠡᠭᠦᠯᠪᠡ; 《ᠳ᠋ᠸᠩᠺᠸᠤ ᠵᠢᠨ ᠵᠠᠭᠪᠤᠷ》 ᠨᠢ ᠰᠢᠰᠲᠸᠮ ᠪᠦᠷᠢᠨ ᠲᠡᠭᠦᠯᠳᠡᠷ ᠡᠯᠡᠰᠦᠷᠬᠡᠭ ᠭᠠᠵᠠᠷ ᠤ᠋ᠨ ᠵᠠᠰᠠᠯᠲᠠ ᠶ᠋ᠢᠨ ᠰᠢᠰᠲᠸᠮ ᠢ᠋ ᠪᠠᠶ᠋ᠢᠭᠤᠯᠵᠤ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠠᠮᠤᠷ ᠲᠦᠪᠰᠢᠨ ᠢ᠋ ᠰᠠᠬᠢᠨ ᠬᠠᠮᠠᠭᠠᠯᠠᠪᠠ; 《 ᠭᠡᠷᠡᠯᠴᠢ ᠴᠡᠨᠡᠭ ᠢ᠋ᠶ᠋ᠡᠷ ᠡᠯᠡᠰᠦ ᠵᠢ ᠵᠠᠰᠠᠬᠤ ᠵᠠᠬᠪᠤᠷ》 ᠨᠢ 《ᠡᠯᠡᠰᠦ ᠵᠢ ᠵᠠᠰᠠᠬᠤ + ᠰᠢᠨ᠎ᠡ ᠡᠨᠧᠷᠭᠢ》 ᠵᠢᠨ ᠬᠥᠭᠵᠢᠯᠲᠡ ᠶ᠋ᠢᠨ ᠠᠷᠭ᠎ᠠ ᠵᠠᠮ ᠢ᠋ ᠬᠠᠢᠵᠤ᠂ ᠡᠯᠡᠰᠦᠨ ᠴᠦᠯ ᠭᠤᠪᠢ ᠨᠤᠲᠤᠭ ᠴᠦᠯᠯᠡᠷᠬᠡᠭ ᠭᠠᠵᠠᠷ ᠢ᠋ ᠪᠣᠬᠢᠷᠲᠤᠯ ᠦᠭᠡᠢ ᠡᠨᠧᠷᠭᠢ ᠶ᠋ᠢᠨ ᠰᠠᠭᠤᠷᠢᠨ ᠪᠣᠯᠭᠠᠨ ᠬᠤᠪᠢᠷᠠᠭᠤᠯᠪᠠ; 《ᠵᠠᠰᠠᠮᠠᠯ ᠵᠠᠮ ᠢ᠋ᠶ᠋ᠡᠷ ᠡᠯᠡᠰᠦ ᠵᠢ ᠵᠠᠰᠠᠬᠤ ᠵᠠᠬᠪᠤᠷ》 ᠨᠢ ᠵᠠᠮ ᠤ᠋ᠨ ᠲᠤᠤᠷ ᠢ᠋ᠶ᠋ᠡᠷ ᠭᠤᠤᠯ ᠴᠤᠬᠴᠠ ᠪᠣᠯᠭᠠᠨ᠂ ᠬᠡᠰᠡᠭ ᠬᠤᠪᠢᠶᠠᠨ ᠵᠠᠰᠠᠬᠤ ᠵᠢ ᠬᠡᠷᠡᠭᠵᠢᠭᠦᠯᠵᠦ᠍᠂ ᠨᠡᠭᠦᠳᠡᠯ ᠡᠯᠡᠰᠦ ᠵᠢ ᠨᠤᠭᠳᠤᠯᠠᠵᠤ᠂ ᠡᠯᠡᠰᠤᠨ ᠬᠦᠨ᠎ᠡ ᠤᠷᠤᠨ ᠢ᠋ ᠵᠠᠰᠠᠬᠤ ᠵᠠᠮ ᠢ᠋ ᠨᠡᠪᠲᠡᠷᠡᠭᠦᠯᠪᠡ ᠁
ᠰᠢᠰᠲ᠋ᠧᠮ ᠲᠠᠢ ᠵᠠᠰᠠᠵᠤ᠂ ᠴᠦᠬᠦᠷᠡᠰᠢ ᠦᠭᠡᠢ ᠪᠠᠷᠢᠮᠲᠠᠯᠠᠬᠤ ᠪᠣᠯ 《ᠨᠤᠭᠤᠭᠠᠷᠠᠭᠤᠯᠤᠯᠳᠠ ᠤᠷᠤᠭᠰᠢᠯᠠᠵᠤ ᠡᠯᠡᠰᠦ ᠤᠬᠤᠷᠢᠭᠰᠠᠨ》 ᠤ᠋ ᠵᠠᠩᠭᠢᠯᠠᠭ᠎ᠠ ᠶ᠋ᠢᠨ ᠲᠤᠯᠭᠠᠭᠤᠷᠢᠯᠠᠯ ᠮᠥᠨ᠃ ᠥᠪᠥᠷ ᠮᠣᠩᠭᠣᠯ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠵᠢ ᠢᠮᠠᠭᠲᠠ ᠪᠠᠷᠢᠮᠲᠠᠯᠠᠵᠤ᠂ ᠤᠯᠠᠨ ᠡᠰᠢᠲᠦ ᠪᠤᠰᠤᠭ᠎ᠠ ᠴᠤᠬᠴᠠᠲᠤ ᠵᠠᠰᠠᠯᠲᠠ ᠶ᠋ᠢᠨ ᠪᠠᠢᠷᠢᠰᠢᠯ ᠢ᠋ ᠪᠦᠷᠢᠯᠳᠦᠭᠦᠯᠦᠭᠰᠡᠨ ᠮᠦᠷᠲᠡᠭᠡᠨ ᠦᠶ᠎ᠡ ᠦᠶ᠎ᠡ ᠶ᠋ᠢᠨ ᠡᠯᠡᠰᠦ ᠵᠠᠰᠠᠭᠴᠢᠳ ᠤ᠋ᠨ ᠴᠥᠬᠥᠷᠡᠰᠢ ᠦᠭᠡᠢ ᠴᠢᠷᠮᠠᠢᠯᠭ᠎ᠠ ᠪᠠᠷ ᠳᠠᠮᠵᠢᠨ ᠡᠯᠡᠰᠦᠷᠬᠡᠭ ᠭᠠᠵᠠᠷ ᠤ᠋ᠨ ᠠᠮᠢ ᠠᠬᠤᠢ ᠶ᠋ᠢᠨ ᠮᠠᠭᠤᠲᠠᠬᠤ ᠪᠠᠶ᠋ᠢᠳᠠᠯ ᠢ᠋ ᠲᠤᠶ᠋ᠢᠯᠪᠤᠷᠢᠲᠠᠢ ᠬᠤᠪᠢᠷᠠᠭᠤᠯᠵᠤ᠂ ᠠᠮᠢ ᠠᠬᠤᠢ ᠵᠢᠨ ᠨᠤᠭᠤᠭᠠᠷᠠᠭᠤᠯᠤᠯᠲᠠ᠂ ᠠᠵᠤ ᠦᠢᠯᠡᠰ ᠤ᠋ᠨ ᠬᠦᠭᠵᠢᠯᠲᠡ ᠵᠢ ᠪᠡᠶᠡᠯᠡᠭᠦᠯᠪᠡ᠃
ᠦᠪᠦᠷ ᠮᠤᠨᠭᠭᠤᠯ ᠡᠯᠡᠰᠦ ᠵᠢ ᠵᠠᠰᠠᠬᠤ ᠦᠢᠯᠡᠳᠦᠯᠭᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠨᠤᠷ᠎ᠠ ᠡᠯᠡᠰᠦᠨ ᠤ᠋ ᠦᠷᠭᠡᠵᠢᠬᠦ ᠵᠢ ᠪᠦᠲᠦᠮᠵᠢᠲᠡᠢ ᠬᠣᠷᠢᠭᠯᠠᠵᠤ᠂ ᠣᠷᠣᠨ ᠪᠦᠰᠡ ᠶ᠋ᠢᠨ ᠠᠮᠢ ᠠᠬᠤᠢ ᠶ᠋ᠢᠨ ᠠᠮᠤᠷ ᠲᠦᠪᠰᠢᠨ ᠢ᠋ ᠬᠠᠮᠠᠭᠠᠯᠠᠬᠤ ᠶ᠋ᠢᠨ ᠬᠠᠮᠲᠤ ᠠᠮᠢ ᠠᠬᠤᠶ ᠶ᠋ᠢᠨ ᠵᠢᠭᠤᠯᠴᠢᠯᠠᠯ᠂ ᠤᠨᠴᠠᠯᠢᠬᠳᠤ ᠲᠠᠷᠢᠮᠠᠯ᠂ ᠬᠡᠷᠡᠯᠴᠢ ᠴᠡᠨᠡᠭ ᠢ᠋ᠶ᠋ᠡᠷ ᠴᠠᠬᠢᠯᠭᠠᠨ ᠭᠠᠷᠭᠠᠬᠤ ᠵᠡᠷᠭᠡ ᠪᠣᠬᠢᠷᠲᠤᠯ ᠥᠬᠡᠶ ᠠᠵᠤ ᠦᠢᠯᠡᠰ ᠢ᠋ ᠬᠦᠭᠵᠢᠭᠦᠯᠵᠦ᠂ ᠠᠮᠢ ᠠᠬᠤᠶ᠂ ᠠᠵᠤ ᠠᠬᠤᠶ᠂ ᠨᠡᠶ᠋ᠢᠭᠡᠮ ᠤ᠋ᠨ ᠦᠷ᠎ᠡ ᠠᠰᠢᠭ ᠤ᠋ᠨ ᠣᠷᠭᠠᠨᠢᠭ ᠨᠢᠭᠡᠳᠦᠯ ᠢ᠋ ᠪᠡᠶᠡᠯᠡᠭᠦᠯᠵᠦ᠍᠂ 《ᠨᠣᠮᠢᠨ ᠤᠰᠤ ᠬᠦᠬᠡᠮᠳᠦᠭ ᠠᠭᠤᠯᠠ ᠪᠣᠯ ᠠᠯᠳᠠᠨ ᠠᠭᠤᠯᠠ ᠮᠦᠩᠭᠦᠨ ᠬᠠᠢᠷᠬᠠᠨ ᠮᠦᠨ》 ᠭᠡᠬᠦ᠌ ᠬᠥᠭᠵᠢᠯᠲᠡ ᠶ᠋ᠢᠨ ᠣᠶ᠋ᠢᠯᠠᠭᠠᠭᠳᠠᠬᠤᠨ ᠢ᠋ ᠠᠮᠢᠳᠤᠯᠢᠭ ᠢ᠋ᠶ᠋ᠡᠷ ᠦᠢᠯᠡᠳᠦᠯᠭᠡᠵᠢᠭᠦᠯᠪᠡ᠃
ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠠᠵᠢᠯ ᠡᠭᠦᠷᠢᠳᠡ ᠵᠤᠬᠰᠤᠰᠢ ᠦᠭᠡᠢ ᠶᠤᠮ᠃ ᠤᠳᠤ ᠥᠪᠥᠷ ᠮᠣᠩᠭᠣᠯ ᠡᠯᠡᠰᠦᠷᠬᠡᠭ ᠣᠷᠣᠨ ᠤ᠋ ᠵᠠᠰᠠᠯᠲᠠ ᠶ᠋ᠢᠨ ᠰᠢᠨ᠎ᠡ ᠪᠠᠶ᠋ᠢᠳᠠᠯ᠂ ᠰᠢᠨ᠎ᠡ ᠥᠷᠢᠰᠥᠯᠳᠦᠭᠡᠨ ᠳ᠋ᠤ ᠰᠠᠭᠤᠷᠢᠯᠠᠵᠤ᠂ ᠡᠯᠡᠰᠦ ᠵᠢ ᠵᠠᠰᠠᠬᠤ ᠦᠢᠯᠡᠳᠦᠯᠭᠡ ᠳᠤᠮᠳᠠ ᠲᠠᠰᠤᠷᠠᠯᠲᠠ ᠦᠭᠡᠢ ᠡᠯ᠎ᠠ ᠵᠦᠢᠯ ᠤ᠋ᠨ ᠡᠯᠡᠰᠦ ᠵᠢ ᠵᠠᠰᠠᠬᠤ ᠵᠠᠭᠪᠤᠷ ᠤ᠋ᠨ ᠰᠢᠨ᠎ᠡ ᠵᠢ ᠡᠭᠦᠳᠴᠦ᠍ ᠂ ᠮᠠᠨᠤ ᠤᠯᠤᠰᠤᠨ ᠤᠮᠠᠷᠠᠳᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠰᠢᠨ ᠤ᠋ ᠬᠠᠯᠬᠠᠪᠴᠢ ᠵᠢ ᠪᠠᠲᠤ ᠴᠤᠬᠴᠠᠯᠠᠵᠤ᠂ ᠬᠥᠮᠦᠨ ᠪᠠᠶ᠋ᠢᠭᠠᠯᠢ ᠡᠶ᠎ᠡ ᠵᠣᠬᠢᠴᠠᠩᠭᠤᠶ ᠪᠡᠷ ᠬᠠᠮᠲᠤ᠌ ᠣᠷᠣᠰᠢᠬᠤ ᠴᠣ ᠰᠢᠨ᠎ᠡ ᠬᠠᠭᠤᠳᠠᠰᠤ ᠵᠢ ᠴᠢᠷᠮᠠᠢᠨ ᠪᠢᠴᠢᠭᠯᠡᠵᠦ ᠪᠠᠢᠨ᠎ᠠ᠃
(ᠲᠤᠰ ᠨᠢᠭᠤᠷ ᠤ᠋ᠨ ᠭᠡᠷᠡᠯ ᠵᠢᠷᠤᠭ ᠢ᠋ ᠰᠢᠨᠬᠤᠸᠠ ᠬᠤᠷᠢᠶ᠎ᠠ ᠡᠴᠡ ᠠᠪᠤᠪᠠ)