8 ᠰᠠᠷ᠎ᠠ᠎ᠶᠢᠨ 10 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠡᠨᠧᠷᠭᠢ᠎ᠶᠢᠨ ᠪᠥᠲᠥᠭᠡᠨ ᠪᠠᠶ᠋ᠢᠭᠤᠯᠤᠯᠲᠠ᠎ᠶᠢᠨ ᠪᠦᠯᠦᠭᠯᠡᠯ ᠬᠢᠵᠠᠭᠠᠷᠲᠤ᠌ ᠺᠣᠮᠫᠠᠨᠢ᠎ᠶᠢᠨ ᠨᠠᠮ᠎ᠤᠨ ᠬᠣᠷᠢᠶ᠎ᠠ ᠵᠢᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠨᠢᠢ ᠵᠧᠨᠨᠡᠷᠲᠡᠶ ᠠᠭᠤᠯᠵᠠᠪᠠ᠃

8 ᠰᠠᠷ᠎ᠠ᠎ᠶᠢᠨ 10 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠡᠨᠧᠷᠭᠢ᠎ᠶᠢᠨ ᠪᠥᠲᠥᠭᠡᠨ ᠪᠠᠶ᠋ᠢᠭᠤᠯᠤᠯᠲᠠ᠎ᠶᠢᠨ ᠪᠦᠯᠦᠭᠯᠡᠯ ᠬᠢᠵᠠᠭᠠᠷᠲᠤ᠌ ᠺᠣᠮᠫᠠᠨᠢ᠎ᠶᠢᠨ ᠨᠠᠮ᠎ᠤᠨ ᠬᠣᠷᠢᠶ᠎ᠠ ᠵᠢᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠨᠢᠢ ᠵᠧᠨᠨᠡᠷᠲᠡᠶ ᠠᠭᠤᠯᠵᠠᠪᠠ᠃
ᠲᠤᠰ ᠰᠤᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠬᠥᠲᠡᠷᠯᠡᠪᠡ
ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠨᠢᠢ ᠵᠧᠨᠨᠡᠷᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠵᠦ᠍᠂ ᠳᠤᠮᠳᠠᠳᠤ ᠤᠯᠤᠰ᠎ᠤᠨ ᠡᠨ᠋ᠸᠷᠭᠢ ᠵᠢᠨ ᠪᠦᠲᠦᠭᠡᠨ ᠪᠠᠢᠭᠤᠯᠤᠯᠳᠠ ᠵᠢᠨ ᠪᠦᠯᠦᠭᠯᠡᠯ ᠬᠢᠵᠠᠭᠠᠷᠳᠤ ᠺᠤᠮᠫᠠᠨᠢ ᠵᠢᠨ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠤᠨ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠳᠦ ᠳᠡᠮᠵᠢᠯᠭᠡ ᠦᠵᠡᠭᠦᠯᠦᠭᠰᠡᠨ᠎ᠳᠦ ᠲᠠᠯᠠᠷᠬᠠᠵᠤ ᠪᠠᠶ᠋ᠢᠬᠤ᠎ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠣᠳᠣᠬᠠᠨ᠎ᠳᠤ᠂ ᠪᠦᠬᠦ ᠣᠷᠣᠨ ᠳᠠᠶᠠᠭᠠᠷ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》ᠠᠵᠢᠯ᠎ᠤᠨ ᠪᠠᠶ᠋ᠢᠷᠢᠯᠠᠭᠤᠯᠤᠯᠲᠠ᠎ᠶᠢ ᠨᠠᠶ᠋ᠢᠳᠠᠪᠤᠷᠢᠵᠢᠭᠤᠯᠬᠤ᠎ᠲᠠᠶ ᠨᠢᠭᠲᠠ ᠤᠶᠠᠯᠳᠤᠭᠤᠯᠤᠨ᠂ ᠣᠲᠣ ᠦᠶ᠎ᠡ᠎ᠶᠢᠨ ᠡᠨᠧᠷᠭᠢ᠎ᠶᠢᠨ ᠠᠵᠤ ᠠᠬᠤᠶ᠎ᠶᠢᠨ ᠠᠵᠢᠯ ᠢ᠋ ᠰᠢᠯᠢᠳᠡᠭᠵᠢᠭᠦᠯᠵᠦ᠍᠂ ᠪᠤᠳᠤᠯᠳᠠ ᠵᠢᠨ ᠬᠦᠴᠦᠨ ᠪᠣᠯᠤᠨ ᠰᠢᠨ᠎ᠡ ᠡᠨᠧᠷᠭᠢ᠎ᠶᠢᠨ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌᠎ᠶᠢ ᠠᠬᠢᠭᠤᠯᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ᠎ᠲᠦ᠍ ᠰᠠᠭᠤᠷᠢᠯᠠᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠪᠣᠭᠣᠮᠲᠠ ᠰᠢᠪᠲᠤᠯᠬᠤ᠎ᠶᠢ ᠴᠢᠩᠭᠠᠳᠬᠠᠵᠤ᠂ 《ᠵᠢᠷᠭᠤᠭᠠᠨ ᠲᠤᠤᠷ》 ᠤ᠋ᠨ ᠲᠥᠯᠥᠪᠵᠢᠭᠦᠯᠭᠡ ᠵᠢᠨ ᠪᠥᠲᠥᠭᠡᠨ ᠪᠠᠶ᠋ᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠥᠷᠥᠯ ᠵᠦᠢᠯ᠎ᠢ ᠤᠬᠠᠭᠠᠯᠠᠨ ᠲᠥᠯᠥᠪᠯᠡᠵᠤ ᠨᠥᠭᠡᠴᠡᠯᠡᠬᠦ᠌᠎ᠶᠢ ᠴᠢᠩᠭᠠᠳᠬᠠᠵᠤ᠂ ᠬᠥᠭᠵᠢᠯᠲᠡ᠎ᠶᠢᠨ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠵᠦ᠍᠂ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠵᠦ᠍ ᠪᠠᠶ᠋ᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠰᠠᠭᠤᠷᠢ ᠲᠦᠬᠦᠭᠡᠷᠤᠮᠵᠢ ᠬᠢᠭᠡᠳ ᠠᠵᠤ ᠦᠢᠯᠡᠰ᠎ᠦᠨ ᠲᠥᠷᠥᠯ ᠵᠦᠢᠯ ᠳ᠋ᠤ ᠪᠠᠯᠠ ᠣᠷᠣᠭᠤᠯᠤᠨ ᠪᠥᠲᠥᠭᠡᠨ ᠪᠠᠶ᠋ᠢᠭᠤᠯᠬᠤ ᠣᠷᠣᠨ ᠵᠠᠶ ᠮᠠᠰᠢ ᠥᠷᠭᠡᠨ ᠠᠭᠤᠳᠠᠮ᠂ ᠬᠡᠷᠡᠭᠴᠡᠭᠡ ᠶᠡᠬᠡ ᠶᠤᠮ᠂ ᠳᠤᠮᠳᠠᠳᠤ ᠤᠯᠤᠰ᠎ᠤᠨ ᠡᠨ᠋ᠸᠷᠭᠢ ᠵᠢᠨ ᠪᠦᠲᠦᠭᠡᠨ ᠪᠠᠢᠭᠤᠯᠤᠯᠳᠠ ᠵᠢᠨ ᠪᠦᠯᠦᠭᠯᠡᠯ ᠬᠢᠵᠠᠭᠠᠷᠳᠤ ᠺᠤᠮᠫᠠᠨᠢ ᠵᠢᠨ ᠬᠢᠨ ᠪᠠᠯᠠ ᠣᠷᠣᠭᠤᠯᠤᠯᠲᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠡᠨᠧᠷᠭᠢ᠂ ᠤᠰᠤᠨ ᠠᠰᠢᠭᠯᠠᠯᠲᠠ ᠵᠡᠷᠭᠡ ᠰᠠᠭᠤᠷᠢ ᠲᠦᠬᠦᠭᠡᠷᠤᠮᠵᠢ᠎ᠶᠢᠨ ᠪᠥᠲᠥᠭᠡᠨ ᠪᠠᠶ᠋ᠢᠭᠤᠯᠤᠯᠲᠠ᠎ᠶᠢᠨ ᠬᠦᠷᠢᠶ᠎ᠡ ᠴᠠᠷᠠᠭ᠎ᠠ᠎ᠳᠤ ᠪᠣᠳᠠᠲᠠᠶ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠍᠂ ᠪᠣᠬᠢᠷᠲᠤᠯ ᠥᠬᠡᠶ ᠤᠰᠤᠲᠥᠶ᠋ᠷᠥᠭᠴᠢ ᠰᠢᠪᠲᠦᠷ᠎ᠦᠨ ᠠᠯᠺᠣᠣᠯ᠂ ᠰᠢᠨ᠎ᠡ ᠬᠡᠯᠪᠡᠷᠢ᠎ᠶᠢᠨ ᠡᠨᠧᠷᠭᠢ ᠨᠦᠬᠡᠴᠡᠯᠡᠬᠦ᠂ ᠪᠣᠬᠢᠷᠲᠤᠯ ᠥᠬᠡᠶ ᠪᠤᠳᠤᠯᠳᠠ ᠵᠢᠨ ᠬᠦᠴᠦᠨ ᠵᠡᠷᠭᠡ ᠰᠢᠨ᠎ᠡ ᠤᠷᠤᠯᠳᠤᠭᠠᠨ᠎ᠤ ᠵᠠᠮ᠎ᠤᠨ ᠲᠣᠭᠣᠷᠢᠨ᠎ᠳᠤ ᠨᠠᠩ ᠣᠯᠠᠨ ᠲᠥᠷᠥᠯ ᠵᠦᠢᠯ᠎ᠢ ᠲᠥᠯᠥᠪᠵᠢᠭᠦᠯᠦᠨ ᠪᠠᠶ᠋ᠢᠷᠢᠰᠢᠭᠤᠯᠵᠤ᠂ ᠰᠤᠳᠤᠯᠤᠨ ᠨᠡᠭᠡᠭᠡᠬᠦ᠌ ᠣᠷᠣᠭᠤᠯᠤᠯᠲᠠ ᠪᠠ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠭᠣᠮᠲᠠ ᠰᠢᠪᠲᠤᠯᠬᠤ ᠡᠷᠴᠢᠮ᠎ᠢᠶᠡᠨ ᠴᠢᠩᠭᠠᠷᠠᠭᠤᠯᠵᠤ᠂ ᠣᠷᠣᠨ ᠨᠤᠲᠤᠭ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠭᠠᠷ ᠬᠤᠯᠪᠤᠨ ᠠᠬᠢᠭᠤᠯᠵᠤ ᠨᠠᠩ ᠥᠨᠳᠥᠷ ᠲᠦᠪᠰᠢᠨ ᠪᠥᠬᠥᠶ ᠬᠠᠷᠢᠯᠴᠠᠨ ᠠᠰᠢᠭᠲᠠᠶ ᠬᠠᠮᠲᠤ᠎ᠪᠠᠷ ᠠᠰᠢᠭ ᠭᠥᠷᠳᠡᠬᠦ᠌᠎ᠶᠢ ᠪᠡᠶᠡᠯᠡᠭᠦᠯᠬᠦ᠌᠎ᠶᠢ ᠬᠦᠰᠡᠵᠦ᠍ ᠪᠠᠶ᠋ᠢᠨ᠎ᠠ᠃ ᠡᠭᠦᠨ᠎ᠦ ᠬᠠᠮᠲᠤ᠌᠂ ᠪᠦᠯᠦᠭᠯᠡᠯ᠎ᠦᠨ ᠳᠡᠯᠡᠬᠡᠶ᠋ᠢᠵᠢᠭᠰᠡᠨ ᠵᠠᠬ᠎ᠠ ᠳᠡᠯᠭᠡᠭᠦᠷ᠎ᠦᠨ ᠪᠠᠶ᠋ᠢᠷᠢᠰᠢᠭᠤᠯᠤᠯᠲᠠ᠎ᠳᠤ ᠲᠦᠰᠢᠭᠯᠡᠵᠦ᠍᠂ ᠣᠷᠣᠨ᠎ᠤ ᠬᠠᠷᠢᠶ᠎ᠠ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠲᠠᠶ ᠬᠣᠯᠪᠣᠭᠠᠯᠠᠨ ᠲᠥᠯᠥᠪᠵᠢᠭᠦᠯᠭᠡ᠎ᠶᠢᠨ ᠵᠦᠪᠯᠡᠯᠬᠡ ᠦᠭᠬᠦ ᠲᠤᠬᠠᠶ᠋ᠢᠯᠠᠭᠰᠠᠨ ᠠᠵᠢᠯ᠎ᠢ ᠥᠷᠨᠢᠭᠦᠯᠵᠦ᠍᠂ ᠲᠣᠰ ᠭᠠᠵᠠᠷ᠎ᠤᠨ ᠠᠵᠤ ᠠᠬᠤᠶ᠋ᠢᠯᠠᠯ᠎ᠤᠨ 《ᠭᠠᠷᠴᠤ᠌ ᠶᠠᠪᠤᠬᠤ》 ᠵᠢ ᠨᠠᠩ ᠰᠠᠶ᠋ᠢᠲᠤᠷ ᠳᠠᠶ᠋ᠢᠴᠢᠯᠠᠬᠤ ᠵᠢ ᠬᠦᠰᠡᠵᠤ ᠪᠠᠢᠨ᠎ᠠ᠃ ᠠᠮᠤᠷ ᠲᠦᠪᠰᠢᠨ ᠪᠣᠯ ᠬᠥᠭᠵᠢᠯᠲᠡ᠎ᠶᠢᠨ ᠤᠷᠢᠲᠠᠯ ᠮᠥᠨ᠂ ᠳᠤᠮᠳᠠᠳᠤ ᠤᠯᠤᠰ᠎ᠤᠨ ᠡᠨ᠋ᠸᠷᠭᠢ ᠵᠢᠨ ᠪᠦᠲᠦᠭᠡᠨ ᠪᠠᠢᠭᠤᠯᠤᠯᠳᠠ ᠵᠢᠨ ᠪᠦᠯᠦᠭᠯᠡᠯ ᠬᠢᠵᠠᠭᠠᠷᠳᠤ ᠺᠤᠮᠫᠠᠨᠢ ᠦᠷᠭᠦᠯᠵᠢᠯᠡᠨ ᠭᠤᠤᠯ ᠴᠣᠭᠴᠠ᠎ᠶᠢᠨ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠠᠶᠤᠯᠭᠦᠶ ᠦᠢᠯᠡᠳᠪᠦᠷᠢᠯᠡᠯ᠎ᠦᠨ ᠬᠣᠷᠢᠭ᠎ᠠ ᠱᠤᠭᠤᠮ᠎ᠢ ᠰᠠᠶ᠋ᠢᠲᠤᠷ ᠰᠠᠬᠢᠬᠤ᠎ᠶᠢ ᠬᠦᠰᠡᠵᠦ᠍ ᠪᠠᠶ᠋ᠢᠨ᠎ᠠ᠃ ᠪᠢᠳᠡ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠵᠢᠡᠨ ᠦᠷᠭᠦᠯᠵᠢᠯᠡᠨ ᠰᠢᠯᠢᠳᠡᠭᠵᠢᠭᠦᠯᠵᠦ᠍᠂ ᠠᠵᠤ ᠠᠬᠤᠶ᠋ᠢᠯᠠᠯ᠎ᠤᠨ ᠥᠪᠥᠷ ᠮᠣᠩᠭᠣᠯ᠎ᠳᠤ ᠨᠠᠩ ᠰᠠᠶ᠋ᠢᠳᠤᠷ ᠬᠥᠭᠵᠢᠬᠦ᠌᠎ᠳᠦ ᠬᠦᠴᠦᠨ ᠨᠡᠮᠡᠷᠢᠯᠡᠨ᠎ᠡ ᠭᠡᠪᠡ᠃
ᠨᠢᠢ ᠵᠧᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠤ ᠳᠤᠮᠳᠠᠳᠤ ᠤᠯᠤᠰ᠎ᠤᠨ ᠡᠨ᠋ᠸᠷᠭᠢ ᠵᠢᠨ ᠪᠦᠲᠦᠭᠡᠨ ᠪᠠᠢᠭᠤᠯᠤᠯᠳᠠ ᠵᠢᠨ ᠪᠦᠯᠦᠭᠯᠡᠯ ᠬᠢᠵᠠᠭᠠᠷᠳᠤ ᠺᠤᠮᠫᠠᠨᠢ᠎ᠳᠤ ᠬᠠᠯᠠᠮᠵᠢᠯᠠᠯ ᠪᠠ ᠳᠡᠮᠵᠢᠯᠭᠡᠦᠵᠡᠭᠦᠯᠦᠭᠰᠡᠨ ᠳ᠋ᠤ ᠲᠠᠯᠠᠷᠬᠠᠵᠤ ᠪᠠᠶ᠋ᠢᠬᠤ᠎ᠪᠠᠨ ᠢᠯᠡᠳᠬᠡᠭᠰᠡᠨ ᠪᠥᠭᠡᠳ ᠠᠵᠤ ᠠᠬᠤᠶ᠋ᠢᠯᠠᠯ᠎ᠤᠨ ᠬᠥᠭᠵᠢᠯᠲᠡ᠎ᠶᠢᠨ ᠪᠠᠶ᠋ᠢᠳᠠᠯ᠎ᠢᠶᠡᠨ ᠲᠠᠨᠢᠯᠴᠠᠭᠤᠯᠪᠠ᠃ ᠲᠡᠷᠡ᠂ ᠥᠪᠥᠷ ᠮᠣᠩᠭᠣᠯ᠎ᠤᠨ ᠣᠷᠣᠨ ᠪᠠᠶ᠋ᠢᠷᠢ᠎ᠶᠢᠨ ᠳᠠᠪᠠᠭᠤᠯᠢᠭ ᠲᠣᠪᠣᠶ᠋ᠢᠮ᠎ᠠ᠂ ᠡᠬᠢ ᠪᠠᠶᠠᠯᠢᠭ᠎ᠤᠨ ᠳᠠᠪᠠᠭᠤᠯᠢᠭ ᠥᠪᠡᠷᠮᠢᠴᠡ ᠤᠨᠴᠠᠭᠠᠢ᠂ ᠠᠵᠤ ᠦᠢᠯᠡᠰ᠎ᠦᠨ ᠰᠠᠭᠤᠷᠢ ᠪᠠᠲᠤ᠌᠂ ᠬᠥᠭᠵᠢᠯᠲᠡ᠎ᠶᠢᠨ ᠳᠠᠯᠳᠠ ᠬᠦᠴᠦᠨ ᠮᠠᠰᠢ ᠶᠡᠬᠡ ᠪᠠᠢᠵᠥ᠂ ᠢᠯᠠᠩᠭᠤᠶ᠎ᠠ ᠲᠡᠷᠢᠭᠦᠨ᠎ᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠬᠤ ᠲᠠᠯ᠎ᠠ᠎ᠪᠠᠷ ᠡᠷᠴᠢᠮ ᠶᠡᠬᠡᠲᠡᠶ᠂ ᠠᠷᠭ᠎ᠠ ᠬᠡᠮᠵᠢᠶ᠎ᠡ ᠪᠣᠳᠠᠲᠠᠶ ᠪᠠᠶ᠋ᠢᠵᠤ᠂ ᠠᠵᠤ ᠠᠬᠤᠶ᠋ᠢᠯᠠᠯ᠎ᠳᠤ ᠦᠨᠡᠨ ᠪᠣᠳᠠᠲᠠᠶ ᠬᠤᠪᠢᠷᠠᠯᠲᠠ ᠵᠢ ᠮᠡᠳᠡᠷᠡᠭᠦᠯᠪᠠ᠂ ᠥᠪᠡᠷᠲᠡᠭᠡᠨ ᠵᠠᠰᠠᠬᠤ ᠣᠷᠣᠨ᠎ᠤ ᠢᠷᠡᠭᠡᠳᠦᠶ᠎ᠶᠢᠨ ᠬᠥᠭᠵᠢᠯᠲᠡ᠎ᠳᠦ ᠢᠲᠡᠭᠡᠯ ᠳᠦᠭᠦᠷᠡᠩ ᠪᠠᠶ᠋ᠢᠨ᠎ᠠ᠃ ᠳᠤᠮᠳᠠᠳᠤ ᠤᠯᠤᠰ᠎ᠤᠨ ᠡᠨ᠋ᠸᠷᠭᠢ ᠵᠢᠨ ᠪᠦᠲᠦᠭᠡᠨ ᠪᠠᠢᠭᠤᠯᠤᠯᠳᠠ ᠵᠢᠨ ᠪᠦᠯᠦᠭᠯᠡᠯ ᠬᠢᠵᠠᠭᠠᠷᠳᠤ ᠺᠤᠮᠫᠠᠨᠢ ᠳᠤᠷᠠᠲᠠᠶ᠎ᠠ ᠲᠣᠰ ᠪᠡᠶ᠎ᠡ᠎ᠶᠢᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠣᠯ᠎ᠤᠨ ᠡᠨᠧᠷᠭᠢ ᠴᠠᠬᠢᠯᠭᠠᠨ ᠬᠦᠴᠦᠨ᠂ ᠤᠰᠤᠲᠥ᠋ᠷᠥᠭᠴᠢ ᠡᠨᠧᠷᠭᠢ᠂ ᠰᠢᠨ᠎ᠡ ᠬᠡᠯᠪᠡᠷᠢ᠎ᠶᠢᠨ ᠡᠨᠧᠷᠭᠢ ᠨᠦᠬᠡᠴᠡᠯᠡᠬᠦ᠂ ᠤᠰᠤᠨ ᠠᠰᠢᠭᠯᠠᠯᠲᠠ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠂ ᠲᠣᠭᠠᠴᠢᠯᠠᠭᠰᠠᠨ ᠠᠵᠤ ᠠᠬᠤᠶ ᠵᠡᠷᠭᠡ ᠭᠤᠤᠯᠳᠠᠯᠭ᠎ᠠ᠎ᠲᠠᠶ ᠬᠦᠷᠢᠶᠡᠨ᠎ᠦ ᠪᠥᠲᠥᠭᠡᠨ ᠪᠠᠶ᠋ᠢᠭᠤᠯᠤᠯᠲᠠ᠎ᠳᠤ ᠭᠦᠨᠵᠡᠭᠡᠶ ᠣᠷᠣᠯᠴᠠᠵᠤ᠂ ᠨᠠᠩ ᠣᠯᠠᠨ ᠲᠣᠮᠣ ᠲᠥᠷᠥᠯ ᠵᠦᠢᠯ ᠰᠠᠶ᠋ᠢᠨ ᠲᠥᠷᠥᠯ ᠵᠦᠢᠯ᠎ᠢ ᠠᠯᠢ ᠲᠦᠷᠭᠡᠨ᠎ᠢᠶᠡᠷ ᠪᠤᠳᠠᠳᠠᠢ ᠳ᠋ᠤ ᠨᠠᠢᠳᠠᠪᠤᠷᠢᠵᠢᠭᠤᠯᠤᠨ ᠠᠰᠢᠭᠯᠠᠯᠲᠠ᠎ᠳᠤ ᠣᠷᠣᠭᠤᠯᠬᠤ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠦᠨ ᠴᠢᠨᠠᠷ ᠰᠠᠶ᠋ᠢᠲᠠᠶ ᠬᠥᠭᠵᠢᠯᠲᠡ᠎ᠳᠦ ᠬᠦᠴᠦᠨ ᠨᠡᠮᠡᠷᠢᠯᠡᠨ᠎ᠡ ᠭᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠰᠢᠨ ᠣᠷᠣᠯᠴᠠᠪᠠ᠃