8 ᠰᠠᠷ᠎ᠠ᠎ᠶᠢᠨ 9᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠣᠯᠠᠨ ᠤᠯᠤᠰ᠎ᠤᠨ ᠮᠠᠶᠢᠭ᠋᠎ᠤᠨ ᠪᠥᠬᠡ᠎ᠶᠢᠨ ᠤᠷᠤᠯᠳᠤᠭᠠᠨ᠎ᠤ ᠲᠥᠷᠥᠯ ᠵᠦᠢᠯ ᠪᠤᠭᠤᠳᠦ ᠬᠤᠲᠠ᠎ᠳᠦ ᠶᠠᠪᠤᠭᠳᠠᠵᠦ᠂ ᠲᠠᠮᠢᠷᠴᠢᠳ ᠤᠷᠤᠯᠳᠤᠭᠠᠨ᠎ᠤ ᠲᠠᠯᠠᠪᠤᠷ᠎ᠲᠤ ᠤᠷ᠎ᠠ ᠮᠡᠷᠭᠡᠵᠢᠯ ᠰᠦᠰᠦ ᠵᠤᠷᠢᠭ ᠣᠶᠤᠨ ᠤᠬᠠᠭᠠᠨᠵᠢᠡᠨ ᠱᠢᠯᠭᠠᠨ᠎ᠠ᠃
ᠲᠤᠰ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠤᠯᠠᠨ ᠤᠯᠤᠰ᠎ᠤᠨ ᠮᠠᠶᠢᠭ᠋᠎ᠤᠨ ᠪᠦᠬᠡ᠎ᠶᠢᠨ ᠲᠦᠷᠦᠯ ᠵᠦᠢᠯ᠎ᠳᠦ ᠡᠷᠲᠡᠨ᠎ᠦ ᠮᠠᠶᠢᠭ᠋᠎ᠤᠨ ᠪᠦᠬᠡ᠂ ᠡᠷᠡᠭᠲᠡᠢ᠎ᠶᠢᠨ ᠴᠢᠯᠦᠭᠡᠲᠦ ᠮᠠᠶᠢᠭ᠋᠎ᠤᠨ ᠪᠦᠬᠡ᠂ ᠡᠮᠡᠭᠲᠡᠢ᠎ᠶᠢᠨ ᠴᠢᠯᠦᠭᠡᠲᠦ ᠮᠠᠶᠢᠭ᠋᠎ᠤᠨ ᠪᠦᠬᠡ᠎ᠶᠢᠨ ᠲᠦᠷᠦᠯ ᠵᠦᠢᠯ᠎ᠤᠳ᠎ᠢ ᠲᠣᠬᠢᠷᠠᠭᠤᠯᠪᠠ᠃ ᠪᠦᠬᠦ ᠣᠷᠣᠨ᠎ᠤ 12 ᠠᠢᠮᠠᠭ ᠬᠤᠳᠠ᠎ᠠᠴᠠ ᠢᠷᠡᠭᠰᠡᠨ 740 ᠪᠦᠬᠡᠴᠢᠨ ᠥᠷᠢᠰᠦᠯᠳᠦᠪᠡ᠃ ᠤᠷᠤᠯᠳᠤᠭᠠᠨ᠎ᠳᠤ ᠠᠬᠠᠮᠠᠳ ᠲᠠᠮᠢᠷᠴᠢᠨ ᠤᠷᠤᠯᠴᠠᠬᠰᠠᠨ ᠵᠢᠡᠷ ᠪᠠᠷᠠᠬᠤ ᠦᠭᠡᠢ ᠪᠠᠰᠠ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢᠯᠡᠭᠰᠡᠨ ᠴᠢᠨᠠᠷᠲᠠᠢ ᠲᠠᠮᠢᠷ᠎ᠤᠨ ᠴᠤᠭᠯᠠᠭᠠᠨ᠎ᠤ ᠲᠠᠪᠴᠠᠩ᠎ᠳᠤ ᠠᠩᠬ᠎ᠠ ᠤᠳᠠᠭ᠎ᠠ ᠭᠠᠷᠤᠭᠰᠠᠨ ᠵᠠᠯᠠᠭᠤ ᠲᠠᠮᠢᠷᠴᠢᠨᠴᠤ ᠪᠤᠢ᠃ ᠲᠤᠰ ᠤᠷᠤᠯᠳᠤᠭᠠᠨ ᠨᠢ ᠵᠠᠯᠠᠭᠤᠴᠤᠳ ᠪᠠᠭᠠᠴᠤᠳ᠎ᠤᠨ ᠪᠦᠬᠡ᠎ᠶᠢᠨ ᠬᠥᠳᠡᠯᠭᠡᠭᠡᠨ᠎ᠦ ᠪᠡᠯᠡᠳᠬᠡᠯ ᠬᠦᠴᠦᠨ ᠪᠣᠯᠣᠨ ᠦᠪᠦᠷ ᠮᠤᠡᠭᠭᠤᠯ᠎ᠤᠨ ᠲᠠᠮᠢᠷᠴᠢᠳ᠎ᠤᠨ ᠴᠤᠭ ᠵᠢᠪᠬᠤᠭ᠎ᠠ᠎ᠶᠢ ᠭᠦᠢᠴᠡᠳ ᠢᠯᠡᠷᠡᠭᠦᠯᠪᠡ᠃
ᠥᠪᠥᠷ ᠮᠣᠩᠭᠣᠯ᠎ᠤᠨ ᠤᠯᠠᠮᠵᠢᠯᠠᠯᠲᠤ ᠳᠠᠪᠠᠭᠤᠯᠢᠭ᠋ ᠤᠷᠤᠯᠳᠤᠭᠠᠨ᠎ᠤ ᠪᠡᠶ᠎ᠡ᠎ᠶᠢᠨ ᠲᠠᠮᠢᠷ᠎ᠤᠨ ᠲᠥᠷᠥᠯ ᠵᠦᠢᠯ ᠪᠣᠯᠤᠭᠰᠠᠨ᠎ᠤ ᠬᠤᠪᠢ᠎ᠳᠤ ᠪᠥᠬᠡ᠎ᠶᠢᠨ ᠤᠷᠤᠯᠳᠤᠭᠠᠨ ᠨᠢ ᠮᠠᠨ᠎ᠤ ᠣᠷᠣᠨ᠎ᠳᠤ ᠭᠦᠨ ᠵᠤᠵᠠᠭᠠᠨ ᠣᠯᠠᠨ ᠲᠦᠮᠡᠨᠴᠢ ᠰᠠᠭᠤᠷᠢ᠎ᠲᠠᠢ ᠶᠤᠮ᠃ ᠲᠣᠰ ᠤᠳᠠᠭᠠᠨ᠎ᠤ ᠤᠷᠤᠯᠳᠤᠭᠠᠨ ᠨᠢ ᠪᠥᠬᠥ ᠣᠷᠣᠨ᠎ᠤ ᠪᠥᠬᠡ᠎ᠶᠢᠨ ᠪᠡᠯᠡᠳᠬᠡᠯ ᠴᠢᠳᠠᠪᠤᠷᠢᠲᠠᠨ᠎ᠢ ᠲᠥᠪᠯᠡᠷᠡᠭᠦᠯᠦᠨ ᠰᠢᠯᠭᠠᠨ ᠦᠵᠡᠬᠦ ᠤᠷᠤᠯᠳᠤᠭᠠᠨ ᠪᠣᠯᠬᠤ ᠪᠥᠭᠡᠳ ᠪᠠᠰᠠ ᠡᠯ᠎ᠡ ᠭᠠᠵᠠᠷ᠎ᠤᠨ ᠲᠠᠮᠢᠷᠴᠢᠳ᠎ᠲᠤ ᠰᠣᠯᠢᠯᠴᠠᠨ ᠵᠥᠪᠳᠡᠯᠴᠡᠬᠦ᠂ ᠬᠠᠷᠢᠯᠴᠠᠨ ᠰᠤᠷᠤᠯᠴᠠᠵᠤ ᠳᠡᠭᠡᠭᠰᠢᠯᠡᠭᠦᠯᠬᠦ ᠲᠠᠪᠴᠠᠩ ᠪᠤᠯᠵᠤ ᠥᠪᠡᠷᠲᠡᠭᠡᠨ ᠵᠠᠰᠠᠬᠤ ᠣᠷᠣᠨ᠎ᠤ ᠪᠥᠬᠡ᠎ᠶᠢᠨ ᠲᠥᠷᠥᠯ ᠵᠦᠢᠯ᠎ᠢ ᠲᠦᠭᠡᠮᠡᠯᠵᠢᠭᠦᠯᠦᠨ ᠬᠥᠭᠵᠢᠭᠦᠯᠬᠦ᠎ᠶᠢ ᠠᠬᠢᠭᠤᠯᠵᠤ᠂ ᠤᠷᠤᠯᠳᠤᠭᠠᠨ᠎ᠤ ᠪᠡᠶ᠎ᠡ᠎ᠶᠢᠨ ᠲᠠᠮᠢᠷ᠎ᠤᠨ ᠴᠢᠳᠠᠪᠤᠷᠢᠲᠠᠨ᠎ᠤ ᠰᠠᠭᠤᠷᠢ᠎ᠶᠢ ᠦᠷᠭᠦᠯᠵᠢᠯᠡᠨ ᠪᠠᠲᠤᠳᠬᠠᠬᠤ ᠪᠤᠯᠤᠨ᠎ᠠ᠃