《ᠴᠠᠬᠢᠯᠭᠠᠨ ᠬᠦᠴᠦᠨ ᠬᠤᠨᠳᠠᠭᠠᠳᠦ》 ᠤᠮᠪᠠᠯᠲᠠ᠎ᠶᠢᠨ ᠲᠦᠷᠦᠯ ᠵᠦᠢᠯ᠎ᠦᠨ ᠤᠷᠤᠯᠳᠤᠭᠠᠨ ᠡᠬᠢᠯᠡᠪᠡ
2026-08-11 09:45:05
ᠵᠣᠬᠢᠶᠠᠭ᠍ᠴᠢ᠄
ᠴᠸᠨ ᠨᠠᠷᠠᠨᠳᠤᠨᠭᠭᠠᠯᠠᠭ ᠨᠠᠮᠤᠭ ᠠᠯᠤᠰ ᠸ·ᠭᠡᠷᠡᠯᠳᠦ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 9᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ 《ᠴᠠᠬᠢᠯᠭᠠᠨ ᠬᠦᠴᠦᠨ ᠬᠤᠨᠳᠠᠭᠠᠲᠤ》 ᠤᠮᠪᠠᠯᠲᠠ᠎ᠶᠢᠨ ᠲᠥᠷᠥᠯ ᠵᠦᠢᠯ᠎ᠦᠨ ᠤᠷᠤᠯᠳᠤᠭᠠᠨ ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠥᠪ᠎ᠦᠨ ᠤᠮᠪᠠᠯᠲᠠ᠎ᠶᠢᠨ ᠣᠷᠳᠣᠨ᠎ᠳᠤ ᠡᠬᠢᠯᠡᠪᠡ᠃

ᠲᠤᠰ ᠤᠮᠪᠠᠯᠲᠠ᠎ᠶᠢᠨ ᠤᠷᠤᠯᠳᠤᠭᠠᠨ᠎ᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠵᠠᠰᠠᠭ ᠎ᠤᠨ ᠣᠷᠳᠣᠨ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ ᠎ᠤ ᠪᠡᠶ᠎ᠡ᠎ᠶᠢᠨ ᠲᠠᠮᠢᠷ ᠎ᠤᠨ ᠲᠣᠪᠴᠢᠶ᠎ᠠ᠂ ᠪᠤᠭᠤᠲᠤ ᠬᠤᠳᠠ᠎ᠶᠢᠨ ᠠᠷᠠᠳ ᠎ᠤᠨ ᠵᠠᠰᠠᠭ᠎ᠤᠨ ᠤᠷᠳᠤᠨ ᠡᠴᠡ ᠭᠣᠣᠯᠯᠠᠨ ᠡᠷᠬᠢᠯᠡᠪᠡ᠃ ᠤᠷᠤᠯᠳᠤᠭᠠᠨ ᠨᠢ 4 ᠡᠳᠦᠷ ᠶᠠᠪᠤᠬᠳᠠᠨ᠎ᠠ᠂ ᠡᠷᠡᠭᠲᠡᠢ᠂ ᠡᠮᠡᠭᠲᠡᠢ᠎ᠶᠢᠨ ᠬᠥᠬᠡ᠂ ᠬᠥᠬᠡᠭᠴᠢᠨ᠂ ᠤᠯᠠᠭᠠᠨ 6 ᠳᠤᠭᠤᠢᠯᠠᠩ ᠤ᠋ᠨ ᠨᠡᠶ᠋ᠢᠲᠡ 60 ᠤᠷᠤᠯᠳᠤᠭᠠᠨ᠎ᠤ ᠵᠦᠢᠯ᠎ᠢ ᠲᠣᠬᠢᠷᠠᠭᠤᠯᠵᠤ᠂ ᠪᠥᠬᠥ ᠣᠷᠣᠨ᠎ᠤ 10 ᠠᠢᠮᠠᠭ ᠬᠣᠲᠠ᠎ᠶᠢᠨ 400 ᠭᠠᠷᠤᠢ ᠲᠠᠮᠢᠷᠴᠢᠨ᠂ ᠳᠠᠰᠬᠠᠯᠵᠢᠭᠤᠯᠤᠭ᠍ᠴᠢ ᠤᠷᠤᠯᠴᠠᠪᠠ᠃

ᠤᠷᠤᠯᠳᠤᠭᠠᠨ ᠨᠢ ᠴᠢᠯᠦᠭᠡᠲᠦ ᠤᠮᠪᠠᠯᠲᠠ᠂ ᠲᠠᠩᠭᠠᠢᠮᠠᠯ ᠤᠮᠪᠠᠯᠲᠠ᠂ ᠮᠡᠯᠡᠬᠡᠢ ᠤᠮᠪᠠᠯᠲᠠ᠂ ᠡᠷᠪᠡᠬᠡᠢ ᠤᠮᠪᠠᠯᠲᠠ᠎ᠶᠢ ᠬᠠᠮᠤᠷᠴᠤ᠂ 100 ᠮᠸᠲᠷ᠂ 200 ᠮᠸᠲᠷ᠂ 400 ᠮᠸᠲᠷ ᠵᠡᠷᠭᠡ ᠬᠤᠪᠢ ᠬᠦᠮᠦᠨ᠎ᠤ ᠲᠦᠷᠦᠯ ᠵᠦᠢᠯ ᠵᠢᠴᠢ ᠪᠤᠤᠬᠢᠶ᠎ᠠ ᠤᠷᠤᠯᠳᠤᠭᠠᠨ᠎ᠵᠢᠡᠷ ᠶᠠᠪᠤᠬᠳᠠᠨ᠂ ᠪᠦᠬᠦ ᠣᠷᠣᠨ᠎ᠤ ᠤᠮᠪᠠᠯᠲᠠ᠎ᠶᠢᠨ ᠲᠠᠮᠢᠷᠴᠢᠳ᠎ᠤᠨ ᠲᠤᠰᠬᠠᠢ ᠮᠡᠷᠭᠡᠵᠢᠯ᠎ᠢ ᠪᠦᠬᠦ ᠲᠠᠯ᠎ᠠ᠎ᠪᠠᠷ ᠰᠢᠯᠭᠠᠨ ᠪᠠᠢᠴᠠᠭᠠᠬᠤ ᠪᠤᠯᠤᠨ᠎ᠠ᠃

ᠲᠣᠰ ᠤᠳᠠᠭᠠᠨ᠎ᠤ ᠤᠮᠪᠠᠯᠲᠠ᠎ᠶᠢᠨ ᠤᠷᠤᠯᠳᠤᠭᠠᠨ᠎ᠢ ᠥᠨᠳᠥᠷ ᠪᠠᠷᠢᠮᠵᠢᠶ᠎ᠠ᠎ᠪᠠᠷ᠂ ᠴᠢᠨᠠᠷ ᠰᠠᠢᠲᠠᠢ ᠳᠠᠭᠠᠭᠠᠴᠢᠯᠠᠨ ᠡᠷᠭᠢᠯᠡᠬᠦ᠎ᠶᠢᠨ ᠲᠥᠯᠥᠭᠡ ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ ᠨᠠᠷᠢᠨ ᠨᠢᠮᠪᠠᠢ ᠪᠠᠢᠷᠢᠯᠠᠭᠤᠯᠵᠤ᠂ ᠡᠯ᠎ᠡ ᠵᠦᠢᠯ᠎ᠦᠨ ᠤᠷᠤᠯᠳᠤᠭᠠᠨ᠎ᠢ ᠵᠣᠬᠢᠶᠠᠨ ᠪᠠᠢᠭᠤᠯᠵᠤ ᠪᠠᠲᠤᠯᠠᠬᠤ ᠠᠵᠢᠯ᠎ᠢ ᠨᠠᠷᠢᠯᠢᠭ ᠨᠠᠢᠳᠠᠪᠤᠷᠢᠵᠢᠭᠤᠯᠪᠡ᠃ ᠤᠷᠤᠯᠳᠤᠭᠠᠨ᠎ᠠᠴᠠ ᠡᠮᠦᠨ᠎ᠡ ᠤᠮᠪᠠᠯᠲᠠ᠎ᠶᠢᠨ ᠣᠷᠳᠣᠨ᠎ᠤ ᠳ᠋ᠧᠩ᠎ᠦᠨ ᠬᠡᠷᠡᠯ᠎ᠦᠨ ᠰᠢᠰᠲᠧᠮ᠎ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠴᠥᠭᠥᠷᠥᠮ᠎ᠦᠨ ᠤᠰᠤ᠎ᠶᠢ ᠴᠡᠪᠡᠷᠰᠢᠭᠦᠯᠬᠦ ᠡᠷᠭᠢᠯᠲᠡ᠎ᠶᠢᠨ ᠲᠣᠨᠣᠭ ᠲᠥᠬᠦᠭᠡᠷᠦᠮᠵᠢ᠎ᠶᠢ ᠵᠠᠰᠠᠨ ᠰᠢᠨᠡᠳᠬᠡᠵᠦ᠂ ᠲᠤᠰᠬᠠᠢ ᠮᠡᠷᠭᠡᠵᠢᠯ᠎ᠦᠨ ᠬᠤᠪᠢ ᠪᠤᠳᠤᠬᠤ ᠲᠦᠭᠦᠭᠡᠷᠦᠮᠵᠢ᠎ᠵᠢ ᠲᠣᠬᠢᠷᠠᠭᠤᠯᠤᠨ᠂ ᠤᠷᠤᠯᠳᠤᠭᠠᠨ᠎ᠤ ᠬᠢᠷᠢ ᠪᠦᠲᠦᠮᠵᠢ᠎ᠶᠢ ᠣᠨᠣᠴᠠᠲᠠᠢ ᠪᠦᠲᠦᠮᠵᠢᠲᠡᠶ ᠪᠠᠢᠬᠤ᠎ᠶᠢ ᠪᠠᠲᠤᠯᠠᠪᠠ᠃ ᠡᠭᠦᠨ᠎ᠦ ᠬᠠᠮᠲᠤ᠂ ᠡᠮ ᠡᠮᠨᠡᠯᠭᠡ᠎ᠶᠢᠨ ᠠᠪᠤᠷᠠᠨ ᠲᠤᠰᠠᠯᠠᠯᠲᠠ᠂ ᠠᠮᠤᠷ ᠲᠦᠪᠰᠢᠨ᠎ᠦ ᠬᠠᠮᠠᠭᠠᠯᠠᠯᠲᠠ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ᠎ᠦ ᠬᠠᠩᠭᠠᠯᠭ᠎ᠠ᠂ ᠰᠠᠢᠨ ᠳᠤᠷ᠎ᠠ᠎ᠶᠢᠨ ᠦᠢᠯᠡᠴᠢᠯᠡᠭᠡ ᠵᠡᠷᠭᠡ ᠢᠵᠢ ᠪᠦᠷᠢᠳᠦᠭᠰᠡᠨ ᠪᠠᠲᠤᠯᠠᠭ᠎ᠠ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠂ ᠤᠷᠤᠯᠳᠤᠭᠠᠨ᠎ᠢ ᠯᠠᠪᠳᠠᠭᠤᠨ ᠲᠣᠭᠲᠠᠭᠤᠨ ᠡᠮᠬᠢ ᠳᠢᠭ᠌ᠯᠢᠮ᠎ᠲᠠᠢ ᠥᠷᠨᠢᠭᠦᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号