ᠲᠥᠪ᠎ᠦᠨ ᠴᠠᠭ ᠠᠭᠤᠷ᠎ᠤᠨ ᠲᠣᠪᠴᠢᠶ᠎ᠠ 9 ᠤ᠋ ᠡᠳᠦᠷ᠎ᠦᠨ 10 ᠴᠠᠭ᠎ᠲᠤ ᠲᠠᠢᠹᠧᠩ ᠰᠠᠯᠬᠢᠨ᠎ᠤ ᠬᠠᠮᠤᠭ᠎ᠤᠨ ᠳᠡᠭᠡᠳᠦ ᠲᠠᠰ᠎ᠤᠨ ᠰᠡᠷᠡᠮᠵᠢ᠎ᠶᠢᠨ ᠳᠣᠬᠢᠶ᠎ᠠ ᠪᠤᠯᠬᠤ — ᠲᠠᠢᠹᠧᠩ ᠰᠠᠯᠬᠢᠨ᠎ᠤ ᠤᠯᠠᠭᠠᠨ ᠥᠩᠭᠡ᠎ᠶᠢᠨ ᠰᠡᠷᠡᠮᠵᠢ᠎ᠶᠢᠨ ᠳᠣᠬᠢᠶ᠎ᠠ᠎ᠶᠢ ᠨᠡᠢᠲᠡᠯᠡᠪᠡ᠂ ᠵᠢᠱ᠌ᠢᠯᠲᠡ᠎ᠪᠡᠷ 《ᠴᠠᠭᠠᠨ ᠭᠠᠬᠠᠢ ᠬᠠᠯᠢᠮᠤ》 9 ᠤ᠋ ᠡᠳᠦᠷ᠎ᠦᠨ ᠣᠷᠣᠢ ᠡᠴᠡ 10 ᠤ᠋ ᠥᠷᠯᠥᠭᠡ ᠪᠣᠯᠲᠠᠯ᠎ᠠ ᠵᠧᠵᠢᠶᠠᠩ᠎ᠤᠨ ᠵᠧᠦ ᠱᠠᠨ ᠡᠴᠡ ᠹᠦᠵᠢᠶᠠᠨ᠎ᠤ ᠹᠦ ᠳ᠋ᠢᠩ ᠣᠷᠴᠢᠮ᠎ᠤᠨ ᠲᠡᠯᠡᠶ ᠳᠠᠭᠠᠤ ᠬᠡᠰᠡᠭ᠎ᠢᠶᠡᠷ ᠬᠠᠭᠤᠷᠠᠢ᠎ᠳᠤ ᠭᠠᠷᠴᠤ᠂ ᠵᠧᠵᠢᠶᠠᠩ᠎ᠤᠨ ᠰᠠᠨ ᠮᠧᠨ ᠡᠴᠡ ᠹᠦᠵᠢᠶᠠᠨ᠎ᠤ ᠹᠦ ᠳ᠋ᠢᠩ ᠣᠷᠴᠢᠮ᠎ᠤᠨ ᠲᠡᠯᠡᠶ ᠳᠠᠭᠠᠤ ᠬᠡᠰᠡᠭ᠎ᠢᠶᠡᠷ ᠬᠠᠭᠤᠷᠠᠢ᠎ᠳᠤ ᠭᠠᠷᠬᠤ ᠪᠤᠯᠤᠮᠵᠢ ᠬᠠᠮᠤᠭ ᠦᠨᠳᠦᠷ ᠪᠠᠢᠨ᠎ᠠ᠃
ᠲᠥᠪ᠎ᠦᠨ ᠴᠠᠭ ᠠᠭᠤᠷ᠎ᠤᠨ ᠲᠣᠪᠴᠢᠶ᠎ᠠ᠎ᠡᠴᠡ ᠲᠠᠢᠹᠧᠩ ᠰᠠᠯᠬᠢᠨ᠎ᠤ ᠤᠯᠠᠭᠠᠨ ᠥᠩᠭᠡ᠎ᠶᠢᠨ ᠰᠡᠷᠡᠮᠵᠢ᠎ᠶᠢᠨ ᠳᠣᠬᠢᠶ᠎ᠠ ᠨᠡᠢᠲᠡᠯᠡᠭᠦ ᠲᠣᠭᠲᠠᠭᠠᠯ ᠪᠣᠯ᠄ ᠵᠢᠱ᠌ᠢᠯᠲᠡ᠎ᠪᠡᠷ ᠢᠷᠡᠬᠦ 48 ᠴᠠᠭ᠎ᠲᠤ ᠬᠦᠴᠦᠲᠡᠢ ᠲᠠᠢᠹᠧᠩ ᠰᠠᠯᠬᠢ (ᠲᠥᠪ᠎ᠦᠨ ᠣᠢᠷ᠎ᠠ ᠬᠠᠪᠢ᠎ᠶᠢᠨ ᠬᠠᠮᠤᠭ᠎ᠤᠨ ᠶᠡᠬᠡ ᠳᠤᠮᠳᠠᠴᠢ ᠰᠠᠯᠬᠢᠨ᠎ᠤ ᠬᠦᠴᠦ ᠨᠢ 14 ᠡᠴᠡ 15 ᠲᠠᠰ ᠲᠤ᠌ ᠬᠦᠷᠬᠦ) ᠢᠯᠡᠷᠡᠬᠦ᠂ ᠬᠡᠲᠦ ᠴᠢᠩᠭ᠎ᠠ ᠲᠠᠢᠹᠧᠩ ᠰᠠᠯᠬᠢ (ᠲᠥᠪ᠎ᠦᠨ ᠣᠢᠷ᠎ᠠ ᠬᠠᠪᠢ᠎ᠶᠢᠨ ᠬᠠᠮᠤᠭ᠎ᠤᠨ ᠶᠡᠬᠡ ᠳᠤᠮᠳᠠᠴᠢ ᠰᠠᠯᠬᠢᠨ᠎ᠤ ᠬᠦᠴᠦ ᠨᠢ 16 ᠲᠠᠰ ᠡᠴᠡ ᠳᠡᠭᠡᠭᠰᠢ᠎ᠳᠦ ᠬᠦᠷᠬᠦ) ᠬᠠᠭᠤᠷᠠᠢ᠎ᠳᠤ ᠭᠠᠷᠬᠤ ᠪᠤᠶᠤ ᠮᠠᠨ᠎ᠤ ᠤᠯᠤᠰ᠎ᠤᠨ ᠲᠡᠯᠡᠶ ᠳᠠᠭᠠᠤ ᠤᠷᠤᠨ᠎ᠢ ᠨᠥᠯᠥᠭᠡᠯᠡᠭᠦ ᠪᠤᠯᠤᠨ᠎ᠠ᠃
ᠲᠥᠪ᠎ᠦᠨ ᠴᠠᠭ ᠠᠭᠤᠷ᠎ᠤᠨ ᠲᠣᠪᠴᠢᠶ᠎ᠠ᠎ᠶᠢᠨ ᠲᠡᠷᠢᠭᠦᠨ ᠤᠷᠢᠳᠴᠢᠯᠠᠨ ᠮᠡᠳᠡᠭᠡᠯᠡᠭᠴᠢ ᠳ᠋ᠦᠩ ᠯᠢᠨ᠂ ᠲᠣᠰ ᠤᠳᠠᠭᠠᠨ᠎ᠤ ᠲᠠᠢᠹᠧᠩ ᠰᠠᠯᠬᠢᠨ᠎ᠤ ᠤᠯᠠᠭᠠᠨ ᠥᠩᠭᠡᠲᠦ ᠰᠡᠷᠡᠮᠵᠢ᠎ᠶᠢᠨ ᠳᠤᠬᠢᠶ᠎ᠠ ᠵᠢ ᠨᠡᠢᠲᠡᠯᠡᠭᠰᠡᠨ ᠭᠣᠣᠯ ᠦᠨᠳᠦᠰᠦᠯᠡᠯ ᠪᠣᠯ ᠲᠥᠪ᠎ᠦᠨ ᠴᠠᠭ ᠠᠭᠤᠷ᠎ᠤᠨ ᠬᠣᠷᠢᠶ᠎ᠠ ᠡᠴᠡ ᠣᠳᠣᠬᠠᠨ᠎ᠳᠤ 《ᠴᠠᠭᠠᠨ ᠭᠠᠬᠠᠢ ᠬᠠᠯᠢᠮᠤ》 ᠵᠢ ᠬᠦᠴᠦᠲᠡᠢ ᠲᠠᠢᠹᠧᠩ ᠰᠠᠯᠬᠢᠨ᠎ᠤ ᠲᠠᠰ᠎ᠢᠶᠠᠷ ᠮᠠᠨ᠎ᠤ ᠤᠯᠤᠰ᠎ᠤᠨ ᠲᠡᠯᠡᠶ ᠳᠠᠭᠠᠤ ᠤᠷᠤᠨ᠎ᠢᠶᠡᠷ ᠬᠠᠭᠤᠷᠠᠢ᠎ᠳᠦ ᠭᠠᠷᠬᠤ ᠪᠣᠯᠣᠯᠴᠠᠭ᠎ᠠ ᠮᠠᠰᠢ ᠶᠡᠬᠡ ᠪᠠᠢᠨ᠎ᠠ ᠭᠡᠵᠦ ᠰᠤᠳᠤᠯᠤᠨ ᠳᠤᠭᠳᠠᠭᠠᠭᠰᠠᠨ᠎ᠳᠦ ᠪᠠᠢᠨ᠎ᠠ ᠭᠡᠵᠦ ᠢᠯᠡᠳᠬᠡᠪᠡ᠃
《ᠴᠠᠭᠠᠨ ᠭᠠᠬᠠᠢ ᠬᠠᠯᠢᠮᠤ》 ᠢ᠋ᠢᠨ ᠬᠦᠴᠦᠷᠬᠡᠭ ᠶᠡᠬᠡ ᠨᠥᠯᠥᠭᠡ᠎ᠳᠦ ᠴᠢᠭᠯᠡᠭᠦᠯᠦᠨ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ 9᠎ᠤ᠋ ᠡᠳᠦᠷ᠎ᠦᠨ 8 ᠴᠠᠭ 10 ᠮᠢᠨᠦ᠋ᠲ᠎ᠲᠦ ᠬᠦᠨᠳᠦ ᠶᠡᠬᠡ ᠴᠠᠭ ᠠᠭᠤᠷ᠎ᠤᠨ ᠭᠠᠮᠰᠢᠭ᠋ (ᠲᠠᠢᠹᠧᠩ ᠰᠠᠯᠬᠢ᠂ ᠰᠢᠷᠦᠭᠦᠨ ᠪᠣᠷᠣᠭᠠᠨ᠂ ᠴᠢᠩᠭ᠎ᠠ ᠰᠣᠯᠢᠭ᠋ ᠤᠷᠤᠰᠬᠠᠯ) ᠤ᠋ᠨ ᠭᠤᠷᠪᠠᠳᠤᠭᠠᠷ ᠳᠡᠰ᠎ᠤᠨ ᠪᠠᠴᠢᠮ ᠪᠠᠢᠳᠠᠯ᠎ᠢ ᠠᠷᠭᠠᠴᠠᠭᠠᠬᠤ ᠠᠵᠢᠯᠯᠠᠭ᠎ᠠ᠎ᠶᠢ ᠬᠣᠶᠠᠳᠤᠭᠠᠷ ᠳᠡᠰ᠎ᠤᠨ ᠪᠠᠴᠢᠮ ᠪᠠᠢᠳᠠᠯ᠎ᠢ ᠠᠷᠭᠠᠴᠠᠭᠠᠬᠤ ᠠᠵᠢᠯᠯᠠᠭ᠎ᠠ ᠪᠣᠯᠭᠠᠨ ᠲᠣᠬᠢᠷᠠᠭᠤᠯᠪᠠ᠃
ᠳ᠋ᠦᠩ ᠯᠢᠨ᠂ 《ᠴᠠᠭᠠᠨ ᠭᠠᠬᠠᠢ ᠬᠠᠯᠢᠮᠤ》 3 ᠢᠯᠡᠷᠬᠡᠢ ᠣᠨᠴᠠᠯᠢᠭ᠋᠎ᠲᠠᠢ᠄ ᠠᠯᠤᠰ ᠳᠠᠯᠠᠢ᠎ᠪᠡᠷ ᠠᠶᠠᠯᠠᠵᠤ᠂ ᠦᠷᠬᠦᠯᠵᠢᠯᠡᠬᠦ ᠴᠠᠭ ᠨᠢ ᠮᠠᠰᠢ ᠤᠷᠳᠤ; ᠳᠡᠰᠦᠷᠡᠬᠦ ᠴᠢᠨᠠᠷ ᠨᠢ ᠴᠢᠩᠭᠠᠷᠠᠵᠤ᠂ ᠥᠨᠳᠥᠷ ᠬᠦᠴᠦᠯᠡᠴᠡ ᠪᠡᠷ ᠤᠳᠠᠭᠠᠨ ᠴᠠᠭ ᠦᠷᠬᠦᠯᠵᠢᠯᠡᠨ᠎ᠡ; ᠣᠷᠴᠢᠯ ᠤᠷᠤᠰᠬᠠᠯ ᠶᠡᠬᠡ᠂ ᠰᠠᠯᠬᠢ ᠪᠣᠷᠣᠭᠠᠨ᠎ᠤ ᠨᠥᠯᠥᠭᠡ ᠥᠷᠭᠡᠨ ᠭᠡᠪᠡ᠃
ᠲᠥᠪ᠎ᠦᠨ ᠴᠠᠭ ᠠᠭᠤᠷ᠎ᠤᠨ ᠲᠣᠪᠴᠢᠶ᠎ᠠ᠎ᠶᠢᠨ ᠲᠡᠷᠢᠭᠦᠨ ᠤᠷᠢᠳᠴᠢᠯᠠᠨ ᠮᠡᠳᠡᠭᠡᠯᠡᠭᠴᠢ ᠹᠠᠩ ᠴᠦᠩ᠂ 《ᠴᠠᠭᠠᠨ ᠭᠠᠬᠠᠢ ᠬᠠᠯᠢᠮᠤ》᠎ᠶ᠋ᠢᠨ ᠨᠥᠯᠥᠭᠡ᠎ᠪᠡᠷ 9 ᠡᠴᠡ 12᠎ᠤ᠋ᠨ ᠡᠳᠦᠷ ᠪᠣᠯᠲᠠᠯ᠎ᠠ᠂ ᠵᠢᠱ᠌ᠢᠯᠲᠡ᠎ᠪᠡᠷ ᠹᠦᠵᠢᠶᠠᠨ᠎ᠤ ᠬᠣᠢᠲᠤ ᠬᠡᠰᠡᠭ᠂ ᠵᠧᠵᠢᠶᠠᠩ᠂ ᠱᠠᠩᠬᠠᠢ᠂ ᠵᠢᠶᠠᠩᠰᠢ᠎ᠶᠢᠨ ᠬᠣᠢᠲᠤ ᠬᠡᠰᠡᠭ᠂ ᠵᠢᠶᠠᠩᠰᠥ᠂ ᠠᠨᠾᠦ᠋ᠢ᠂ ᠬᠤᠪᠧᠢ ᠵᠢᠨ ᠬᠣᠢᠲᠤ ᠬᠡᠰᠡᠭ ᠪᠠ ᠳᠤᠮᠳᠠ ᠵᠡᠭᠦᠨ ᠬᠡᠰᠡᠭ᠂ ᠾᠧᠨᠠᠨ᠎ᠤ ᠳᠤᠮᠳᠠ ᠵᠡᠭᠦᠨ ᠬᠡᠰᠡᠭ᠂ ᠱᠠᠨᠳᠦ᠋ᠩ᠎ᠦᠨ ᠳᠤᠮᠳᠠ ᠪᠠᠷᠠᠭᠤᠨ ᠬᠡᠰᠡᠭ ᠵᠢᠴᠢ ᠾᠧᠪᠧᠢ ᠵᠢᠨ ᠶᠡᠬᠡᠩᠬᠢ ᠬᠡᠰᠡᠭ᠂ ᠪᠡᠭᠡᠵᠢᠩ᠂ ᠲᠢᠶᠠᠨᠵᠢᠨ ᠵᠡᠷᠭᠡ ᠭᠠᠵᠠᠷ᠎ᠲᠤ ᠤᠷᠢᠳ ᠬᠣᠵᠢᠳ ᠠᠭᠠᠳᠠᠷ ᠪᠣᠷᠣᠭᠠᠨ᠂ ᠶᠡᠬᠡ ᠠᠭᠠᠳᠠᠷ ᠪᠣᠷᠣᠭᠠᠨ ᠣᠷᠣᠨ᠎ᠠ᠃ ᠡᠭᠦᠨ᠎ᠳᠦ ᠵᠧᠵᠢᠶᠠᠩ᠎ᠤᠨ ᠵᠡᠭᠦᠨ ᠬᠡᠰᠡᠭ ᠪᠠ ᠬᠣᠢᠲᠤ ᠬᠡᠰᠡᠭ᠂ ᠠᠨᠾᠦ᠋ᠢ ᠵᠢᠨ ᠬᠤᠸᠠᠩᠱᠠᠨ ᠠᠭᠤᠯᠠ ᠪᠠ ᠳᠠ ᠪᠢᠶᠸ ᠱᠠᠨ ᠣᠷᠣᠨ᠂ ᠾᠧᠨᠠᠨ᠎ᠤ ᠬᠣᠢᠲᠤ ᠬᠡᠰᠡᠭ᠂ ᠾᠧᠪᠧᠢ ᠵᠢᠨ ᠡᠮᠦᠨᠡᠲᠦ ᠬᠡᠰᠡᠭ ᠵᠡᠷᠭᠡ ᠭᠠᠵᠠᠷ ᠣᠷᠣᠨ᠎ᠳᠤ ᠣᠨᠴᠠ ᠶᠡᠬᠡ ᠠᠭᠠᠳᠠᠷ ᠪᠣᠷᠣᠭᠠᠨ ᠣᠷᠣᠬᠤ ᠪᠣᠯᠣᠨ᠎ᠠ᠃ ᠡᠭᠦᠨ᠎ᠦ ᠬᠠᠮᠲᠤ᠂ ᠳᠡᠭᠡᠷ᠎ᠡ ᠳᠤᠷᠠᠳᠤᠭᠰᠠᠨ ᠭᠠᠵᠠᠷ ᠣᠷᠣᠨ᠎ᠳᠤ ᠣᠬᠣᠷᠬᠠᠨ ᠬᠤᠭᠤᠴᠠᠭᠠᠨ᠎ᠳᠤ ᠰᠢᠷᠦᠭᠦᠨ ᠪᠣᠷᠣᠭᠠᠨ ᠣᠷᠣᠵᠤ᠂ ᠬᠡᠰᠡᠭ ᠭᠠᠵᠠᠷ ᠣᠷᠣᠨ᠎ᠳᠤ ᠠᠶᠤᠩᠭᠠᠲᠤ ᠪᠣᠷᠣᠭᠠᠨ ᠣᠷᠣᠵᠤ ᠶᠡᠬᠡ ᠰᠠᠯᠬᠢ ᠰᠠᠯᠬᠢᠯᠠᠨ᠎ᠠ᠃ ᠪᠦᠬᠦᠶ᠋ᠢᠯᠡ ᠲᠤᠨᠳᠠᠰᠤᠨ᠎ᠤ ᠶᠠᠪᠤᠴᠠ ᠡᠴᠡ ᠦᠵᠡᠪᠡᠯ᠂ ᠵᠢᠱ᠌ᠢᠯᠲᠡ᠎ᠪᠡᠷ 9 ᠡᠴᠡ 10᠎ᠤ᠋ ᠡᠳᠦᠷ ᠪᠣᠯᠲᠠᠯᠠᠬᠢ ᠠᠭᠠᠳᠠᠷ ᠪᠣᠷᠣᠭᠠᠨ ᠭᠣᠣᠯᠳᠠᠭᠤ ᠬᠠᠲᠤᠨ ᠭᠣᠣᠯ ᠬᠤᠸᠠᠢᠾᠧ ᠭᠣᠣᠯ᠎ᠤᠨ ᠡᠮᠦᠨᠡᠲᠦ ᠬᠡᠰᠡᠭ ᠵᠢᠴᠢ ᠡᠮᠦᠨᠡᠰᠢᠬᠢ ᠭᠠᠵᠠᠷ ᠣᠷᠣᠨ᠎ᠳᠤ ᠣᠷᠣᠵᠤ᠂ 11 ᠡᠴᠡ 12᠎ᠤ᠋ᠨ ᠡᠳᠦᠷ ᠪᠣᠯᠲᠠᠯ᠎ᠠ ᠠᠭᠠᠵᠢᠮ᠎ᠢᠶᠠᠷ ᠤᠮᠠᠷᠠᠰᠢ ᠬᠠᠲᠤᠨ ᠭᠣᠣᠯ ᠬᠤᠸᠠᠢᠾᠧ ᠭᠣᠣᠯ᠎ᠤᠨ ᠶᠡᠬᠡᠩᠬᠢ ᠬᠡᠰᠡᠭ ᠪᠠ ᠤᠮᠠᠷᠠᠲᠤ ᠣᠷᠣᠨ᠎ᠤ ᠡᠮᠦᠨᠡᠲᠦ ᠬᠡᠰᠡᠭ᠎ᠢ ᠨᠥᠯᠥᠭᠡᠯᠡᠬᠦ ᠪᠣᠯᠣᠨ᠎ᠠ ᠭᠡᠵᠦ ᠢᠯᠡᠳᠬᠡᠪᠡ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 8 ᠰᠠᠷ᠎ᠠ᠎ᠶᠢᠨ 9 ᠤ᠋ ᠴᠠᠬᠢᠯᠭᠠᠨ ᠮᠡᠳᠡᠭᠡ)