ᠵᠠᠯᠠᠭᠤᠴᠤᠳ ᠪᠠᠭᠠᠴᠤᠳ ᠤ᠋ᠨ ᠦᠨᠳᠦᠰᠦᠲᠡᠨ ᠤ᠋ ᠬᠥᠭᠵᠢᠮ ᠤ᠋ᠨ ᠪᠦᠯᠬᠦᠮ ᠪᠠᠢᠭᠤᠯᠤᠭᠳᠠᠵᠠᠢ
2026-08-11 10:39:31
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠤᠷᠠᠯᠢᠭ᠋ ᠵᠦᠴᠦᠭᠡ ᠶ᠋ᠢᠨ ᠬᠦᠷᠢᠶᠡᠯᠡᠩ ᠤ᠋ᠨ ᠦᠨᠳᠦᠰᠦᠲᠡᠨ ᠤ᠋ ᠬᠥᠭᠵᠢᠮ ᠤ᠋ᠨ ᠪᠦᠯᠬᠦᠮ ᠤ᠋ᠨ ᠬᠠᠷᠢᠶᠠᠲᠤ ᠵᠠᠯᠠᠭᠤᠴᠤᠳ ᠪᠠᠭᠠᠴᠤᠳ ᠤ᠋ᠨ ᠦᠨᠳᠦᠰᠦᠲᠡᠨ ᠤ᠋ ᠬᠥᠭᠵᠢᠮ ᠤ᠋ᠨ ᠪᠦᠯᠬᠦᠮ ᠤ᠋ᠨ ᠰᠤᠷᠤᠯᠭ᠎ᠠ ᠡᠬᠢᠯᠡᠬᠦ ᠶᠣᠰᠣᠯᠠᠯ ᠲᠦᠷᠦᠬᠦᠬᠡᠨ ᠥᠪᠥᠷ ᠮᠣᠩᠭᠣᠯ ᠤ᠋ᠨ ᠤᠷᠠᠯᠢᠭ᠋ ᠵᠦᠴᠦᠭᠡ ᠶ᠋ᠢᠨ ᠬᠦᠷᠢᠶᠡᠯᠡᠩ ᠳ᠋ᠦ ᠶᠠᠪᠤᠭᠳᠠᠪᠠ᠃

ᠡᠬᠢᠯᠡᠯᠳᠡ ᠶ᠋ᠢᠨ ᠠᠵᠢᠯᠯᠠᠭ᠎ᠠ ᠨᠢ ᠰᠢᠨ᠎ᠠ ᠵᠢ ᠡᠬᠦᠳᠦᠭᠰᠡᠨ ᠳᠠᠭᠤᠤ ᠬᠥᠭᠵᠢᠮᠳᠦ ᠨᠠᠮ ᠤ᠋ᠨ ᠬᠢᠴᠢᠶᠡᠯ ᠢ᠋ᠶ᠋ᠡᠷ ᠡᠬᠢᠯᠡᠵᠦ᠂ ᠤᠷᠠᠯᠢᠭ᠋ ᠤ᠋ᠨ ᠰᠤᠷᠭᠠᠨ ᠬᠥᠮᠦᠵᠢᠯ ᠬᠢᠭᠡᠳ ᠥᠪᠥᠷ ᠮᠣᠩᠭᠣᠯ ᠤ᠋ᠨ ᠳᠠᠭᠤᠤ ᠬᠥᠭᠵᠢᠮ ᠤ᠋ᠨ ᠰᠣᠶᠣᠯ ᠢ᠋ ᠤᠯᠠᠮᠵᠢᠯᠠᠨ ᠵᠠᠯᠭᠠᠮᠵᠢᠯᠠᠬᠤ ᠵᠢ ᠭᠦᠨᠵᠡᠭᠡᠢ ᠠᠭᠤᠰᠤᠯᠴᠠᠭᠤᠯᠵᠤ᠂ ᠬᠥᠭᠵᠢᠮ ᠢ᠋ᠶ᠋ᠡᠷ ᠵᠠᠭᠤᠴᠢ ᠪᠣᠯᠭᠠᠨ᠂ ᠲᠠᠭᠤᠤ  ᠪᠡᠷ  ᠬᠠᠢᠷ᠎ᠠ ᠰᠡᠳᠬᠢᠯᠭᠡ ᠵᠢ ᠳᠠᠮᠵᠢᠭᠤᠯᠵᠤ᠂ ᠥᠪᠡᠷᠮᠢᠴᠡ ᠣᠨᠴᠠᠯᠢᠭ᠋᠎ᠲᠠᠢ ᠤᠷᠠᠯᠢᠭ᠋ ᠤ᠋ᠨ ᠰᠤᠷᠭᠠᠨ ᠬᠥᠮᠦᠵᠢᠯ ᠤ᠋ᠨ ᠬᠢᠴᠢᠶᠡᠯ ᠤᠷᠤᠵᠤ᠂ ᠥᠪᠥᠷ ᠮᠣᠩᠭᠣᠯ ᠤ᠋ᠨ ᠤᠷᠠᠯᠢᠭ᠋ ᠵᠦᠴᠦᠭᠡ ᠶ᠋ᠢᠨ ᠬᠦᠷᠢᠶᠡᠯᠡᠩ ᠤ᠋ᠨ ᠦᠨᠳᠦᠰᠦᠲᠡᠨ ᠤ᠋ ᠬᠥᠭᠵᠢᠮ ᠤ᠋ᠨ ᠪᠦᠯᠬᠦᠮ ᠤ᠋ᠨ ᠬᠠᠷᠢᠭᠤᠴᠠᠯᠭᠠᠳᠠᠨ ᠡᠴᠡ ᠬᠥᠭᠵᠢᠮ ᠤ᠋ᠨ ᠪᠦᠯᠬᠦᠮ ᠤ᠋ᠨ ᠲᠣᠢᠮᠣ᠌ ᠪᠠᠢᠳᠠᠯ ᠵᠢᠴᠢ ᠬᠠᠷᠢᠶᠠᠲᠤ ᠵᠠᠯᠠᠭᠤᠴᠤᠳ ᠪᠠᠭᠠᠴᠤᠳ ᠤ᠋ᠨ ᠦᠨᠳᠦᠰᠦᠲᠡᠨ ᠤ᠋ ᠬᠥᠭᠵᠢᠮ ᠤ᠋ᠨ ᠪᠦᠯᠬᠦᠮ ᠢ᠋ ᠪᠠᠢᠭᠤᠯᠤᠭᠰᠠᠨ ᠠᠬᠤᠢ ᠪᠠᠢᠳᠠᠯ᠂ ᠵᠣᠷᠢᠯᠲᠠ ᠬᠢᠭᠡᠳ ᠬᠥᠭᠵᠢᠯᠲᠡ ᠶ᠋ᠢᠨ ᠲᠥᠯᠦᠪᠵᠢᠭᠦᠯᠭᠡ ᠵᠢ ᠲᠠᠨᠢᠯᠴᠠᠭᠤᠯᠪᠠ᠃ ᠳᠠᠷᠠᠭ᠎ᠠ ᠨᠢ᠂ ᠬᠥᠭᠵᠢᠮ ᠤ᠋ᠨ ᠪᠦᠯᠬᠦᠮ ᠤ᠋ᠨ ᠪᠠᠭ᠍ᠰᠢ ᠶ᠋ᠢᠨ ᠪᠦᠯᠬᠦᠮ ᠲᠤᠬᠠᠢ ᠶ᠋ᠢᠨ ᠲᠠᠯᠠᠪᠠᠶ ᠶ᠋ᠢᠨ ᠦᠵᠡᠭᠴᠢᠳ ᠲᠦ᠍ ᠭᠤᠢᠳᠠ ᠰᠠᠢᠬᠠᠨ 3 ᠲᠤᠭᠯᠠᠯᠳᠠ ᠰᠤᠨᠢᠷᠬᠠᠭᠤᠯᠤᠭᠰᠠᠨ ᠪᠠ ᠬᠥᠭᠵᠢᠮ ᠤ᠋ᠨ ᠪᠦᠯᠬᠦᠮ ᠤ᠋ᠨ ᠪᠠᠭ᠍ᠰᠢ ᠡᠴᠡ ᠵᠠᠯᠠᠭᠤᠴᠤᠳ ᠪᠠᠭᠠᠴᠤᠳ ᠤ᠋ᠨ ᠪᠦᠯᠬᠦᠮ ᠤ᠋ᠨ ᠭᠡᠰᠢᠭᠦᠳ ᠲᠦ᠍ ᠮᠣᠷᠢᠨ ᠬᠤᠭᠤᠷ᠂ ᠬᠤᠪᠢᠰ᠂ ᠶᠠᠲᠤᠭ᠎ᠠ᠂ ᠪᠦᠷᠢᠶ᠎ᠡ᠂ ᠪᠢᠰᠭᠢᠭᠦᠷ ᠵᠡᠷᠭᠡ ᠤᠯᠠᠮᠵᠢᠯᠠᠯᠲᠤ ᠣᠨᠴᠠᠯᠢᠭ᠍ᠲᠤ ᠬᠥᠭᠵᠢᠮ ᠢ᠋ ᠳᠠᠢᠯᠪᠤᠷᠢᠯᠠᠵᠦ᠂ ᠬᠥᠭᠵᠢᠮ ᠨᠢᠭᠡ ᠪᠦᠷᠢ ᠶ᠋ᠢᠨ ᠥᠩᠭᠡ ᠠᠶᠠᠰ ᠪᠤᠯᠤᠨ ᠭᠦᠨ ᠵᠤᠵᠠᠭᠠᠨ ᠰᠣᠶᠣᠯ ᠤ᠋ᠨ ᠠᠭᠤᠯᠤᠭᠳᠠᠬᠤᠨ ᠢ᠋ ᠣᠢᠷ᠎ᠠ ᠵᠠᠢ ᠡᠴᠡ ᠮᠡᠳᠡᠷᠡᠭᠦᠯᠵᠠᠢ᠃ ᠦᠵᠡᠭᠦᠯᠭᠡ ᠶ᠋ᠢᠨ ᠭᠣᠭᠴᠣᠭ᠎ᠠ ᠳᠠᠭᠤᠰᠤᠭᠰᠠᠨ ᠤ᠋ ᠳᠠᠷᠠᠭ᠎ᠠ᠂ ᠥᠪᠥᠷ ᠮᠣᠩᠭᠣᠯ ᠤ᠋ᠨ ᠤᠷᠠᠯᠢᠭ᠋ ᠵᠦᠴᠦᠭᠡ ᠶ᠋ᠢᠨ ᠬᠦᠷᠢᠶᠡᠯᠡᠩ ᠤ᠋ᠨ ᠦᠨᠳᠦᠰᠦᠲᠡᠨ ᠤ᠋ ᠬᠥᠭᠵᠢᠮ ᠤ᠋ᠨ ᠪᠦᠯᠬᠦᠮ ᠤ᠋ᠨ ᠬᠠᠷᠢᠭᠤᠴᠠᠯᠭᠠᠳᠠᠨ ᠡᠴᠡ ᠥᠪᠥᠷ ᠮᠣᠩᠭᠣᠯ ᠤ᠋ᠨ ᠤᠷᠠᠯᠢᠭ᠋ ᠵᠦᠴᠦᠭᠡ ᠶ᠋ᠢᠨ ᠬᠦᠷᠢᠶᠡᠯᠡᠩ ᠤ᠋ᠨ ᠦᠨᠳᠦᠰᠦᠲᠡᠨ ᠤ᠋ ᠬᠥᠭᠵᠢᠮ ᠤ᠋ᠨ ᠪᠦᠯᠬᠦᠮ ᠤ᠋ᠨ ᠬᠠᠷᠢᠶᠠᠲᠤ ᠵᠠᠯᠠᠭᠤᠴᠤᠳ ᠪᠠᠭᠠᠴᠤᠳ ᠤ᠋ᠨ ᠦᠨᠳᠦᠰᠦᠲᠡᠨ ᠤ᠋ ᠬᠥᠭᠵᠢᠮ ᠤ᠋ᠨ ᠪᠦᠯᠬᠦᠮ ᠵᠢᠩᠬᠢᠨᠢ ᠪᠡᠷ ᠪᠠᠢᠭᠤᠯᠤᠭᠳᠠᠭᠰᠠᠨ ᠢ᠋ ᠵᠠᠷᠯᠠᠭᠰᠠᠨ ᠪᠥᠭᠡᠳ ᠬᠥᠭᠵᠢᠮ ᠤ᠋ᠨ ᠪᠦᠯᠬᠦᠮ ᠤ᠋ᠨ ᠵᠢᠯᠣᠭᠣᠳᠤᠭ᠍ᠴᠢ ᠵᠢ ᠲᠠᠨᠢᠯᠴᠠᠭᠤᠯᠵᠦ᠂ ᠬᠠᠷᠢᠶᠠᠲᠤ ᠵᠠᠯᠠᠭᠤᠴᠤᠳ ᠪᠠᠭᠠᠴᠤᠳ ᠤ᠋ᠨ ᠦᠨᠳᠦᠰᠦᠲᠡᠨ ᠤ᠋ ᠬᠥᠭᠵᠢᠮ ᠤ᠋ᠨ ᠪᠦᠯᠬᠦᠮ ᠤ᠋ᠨ ᠭᠡᠰᠢᠭᠦᠳ ᠬᠥᠭᠵᠢᠮ ᠤ᠋ᠨ ᠪᠦᠯᠬᠦᠮ ᠤ᠋ᠨ ᠳᠦᠷᠢᠮ ᠲᠣᠭᠲᠠᠭᠠᠯ ᠢ᠋ ᠨᠠᠷᠢᠨ ᠰᠤᠷᠤᠯᠴᠠᠪᠠ᠃ ᠥᠪᠥᠷ ᠮᠣᠩᠭᠣᠯ ᠤ᠋ᠨ ᠤᠷᠠᠯᠢᠭ᠋ ᠵᠦᠴᠦᠭᠡ ᠶ᠋ᠢᠨ ᠬᠦᠷᠢᠶᠡᠯᠡᠩ ᠤ᠋ᠨ ᠦᠨᠳᠦᠰᠦᠲᠡᠨ ᠤ᠋ ᠬᠥᠭᠵᠢᠮ ᠤ᠋ᠨ ᠪᠦᠯᠬᠦᠮ ᠤ᠋ᠨ ᠬᠠᠷᠢᠶᠠᠲᠤ ᠵᠠᠯᠠᠭᠤᠴᠤᠳ ᠪᠠᠭᠠᠴᠤᠳ ᠤ᠋ᠨ ᠦᠨᠳᠦᠰᠦᠲᠡᠨ ᠤ᠋ ᠬᠥᠭᠵᠢᠮ ᠤ᠋ᠨ ᠪᠦᠯᠬᠦᠮ ᠤ᠋ᠨ ᠠᠩᠬᠠᠨ ᠤ᠋ ᠡᠬᠡᠯᠵᠢ ᠳ᠋ᠤ 41 ᠬᠡᠥᠬᠡᠳ ᠰᠤᠩᠭᠤᠭᠳᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号