ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ 8 ᠰᠠᠷ᠎ᠠ ᠢ᠋ᠢᠨ 10 ᠤ᠋ ᠡᠳᠦᠷ ᠤ᠋ᠨ 12 ᠴᠠᠭ ᠲᠤ᠌ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠦᠶᠡᠷ ᠢ᠋ ᠰᠡᠷᠭᠡᠶ᠋ᠢᠯᠡᠵᠦ᠍ ᠭᠠᠩ ᠬᠠᠭᠰᠠᠷᠠᠭᠠᠨ ᠲᠠᠢ ᠲᠡᠮᠡᠴᠡᠬᠦ᠌ ᠵᠢᠯᠣᠭᠣᠳᠬᠤ ᠭᠠᠵᠠᠷ ᠪᠤᠯᠤᠨ ᠬᠥᠮᠦᠨ ᠤ᠋ ᠬᠦᠴᠦ ᠪᠡᠷ ᠴᠠᠭ ᠠᠭᠤᠷ ᠢ᠋ ᠨᠥᠯᠥᠭᠡᠯᠡᠬᠦ᠌ ᠵᠢᠴᠢ ᠴᠠᠭ ᠠᠭᠤᠷ ᠤ᠋ᠨ ᠭᠠᠮᠰᠢᠭ ᠢ᠋ ᠰᠡᠷᠭᠡᠶ᠋ᠢᠯᠡᠨ ᠡᠵᠡᠮᠳᠡᠬᠦ᠌ ᠬᠠᠮᠢᠶᠠᠷᠤᠯᠲᠠ ᠢ᠋ᠢᠨ ᠵᠢᠯᠣᠭᠣᠳᠬᠤ ᠭᠠᠵᠠᠷ ᠤ᠋ᠨ ᠠᠯᠪᠠᠨ ᠬᠡᠷ ᠬᠠᠮᠲᠤᠷᠠᠨ ᠦᠶᠡᠷ ᠢ᠋ ᠰᠡᠷᠭᠡᠶ᠋ᠢᠯᠡᠬᠦ᠌ ᠳᠥᠷᠪᠡᠳᠦᠭᠡᠷ ᠳᠡᠰ ᠪᠤᠯᠤᠨ ᠰᠢᠷᠦᠭᠦᠨ ᠪᠣᠷᠣᠭᠠᠨ ᠤ᠋ ᠴᠠᠭ ᠠᠭᠤᠷ ᠤ᠋ᠨ ᠭᠠᠮᠰᠢᠭ ᠤ᠋ᠨ IV ᠳᠡᠰ ᠤ᠋ᠨ ᠪᠠᠴᠢᠮ ᠪᠠᠶ᠋ᠢᠳᠠᠯ ᠢ᠋ ᠠᠷᠭᠠᠴᠠᠭᠠᠬᠤ ᠠᠷᠭ᠎ᠠ ᠬᠡᠮᠵᠢᠶ᠎ᠠ ᠢ᠋ᠢ ᠡᠬᠢᠯᠡᠭᠦᠯᠵᠦ᠍᠂ ᠣᠷᠣᠨ ᠪᠦᠰᠡ ᠢ᠋ᠢᠨ ᠴᠢᠨᠠᠷᠲᠠᠶ ᠰᠢᠷᠦᠭᠦᠨ ᠪᠣᠷᠣᠭᠠᠨ ᠢ᠋ ᠰᠡᠷᠭᠡᠶ᠋ᠢᠯᠡᠨ ᠠᠷᠭᠠᠴᠠᠭᠠᠬᠤ ᠠᠵᠢᠯ ᠢ᠋ ᠨᠢᠭᠡᠳᠦᠯᠲᠡᠶ ᠲᠥᠯᠥᠪᠵᠢᠭᠦᠯᠦᠨ ᠪᠠᠶ᠋ᠢᠷᠢᠯᠠᠭᠤᠯᠪᠠ᠃
ᠣᠳᠣ ᠦᠪᠤᠷ ᠮᠤᠩᠭᠤᠯ ᠶᠠᠭ ᠨᠠᠶ᠋ᠮᠠᠨ ᠰᠠᠷ᠎ᠠ ᠢ᠋ᠢᠨ ᠡᠬᠢᠨ ᠤ᠋ ᠦᠶᠡᠷ ᠢ᠋ ᠰᠡᠷᠭᠡᠶ᠋ᠢᠯᠡᠬᠦ᠌ ᠵᠠᠩᠭᠢᠯᠠᠭ᠎ᠠ ᠢ᠋ᠢᠨ ᠬᠤᠭᠤᠴᠠᠭᠠᠨ ᠳ᠋ᠤ ᠣᠷᠣᠰᠢᠵᠤ᠂ ᠴᠠᠭ ᠠᠭᠤᠷ ᠤ᠋ᠨ ᠤᠷᠢᠳᠴᠢᠯᠠᠭᠰᠠᠨ ᠮᠡᠳᠡᠭᠡ ᠢ᠋ᠢ ᠦᠨᠳᠦᠰᠦᠯᠡᠪᠡᠯ᠂ 8 ᠰᠠᠷ᠎ᠠ ᠢ᠋ᠢᠨ 10 ᠤ᠋ ᠡᠳᠦᠷ ᠡᠴᠡ ᠡᠬᠢᠯᠡᠨ ᠦᠪᠦᠷ ᠮᠤᠡᠭᠭᠤᠯ ᠳ᠋ᠤ ᠨᠡᠢᠳᠡᠮ ᠪᠤᠷᠤᠭᠠᠨ ᠤᠷᠤᠵᠤ᠂ ᠪᠦᠬᠦ ᠤᠷᠤᠨ ᠤ᠋ ᠶᠡᠬᠡᠩᠬᠢ ᠭᠠᠵᠠᠷ ᠲᠦ᠍ ᠲᠤᠮᠳᠠ ᠡᠴᠡ ᠶᠡᠬᠡ ᠪᠤᠷᠤᠭᠠᠨ ᠤᠷᠤᠵᠤ᠂ ᠤᠯᠠᠨ ᠭᠠᠵᠠᠷ ᠲᠦ᠍ ᠰᠢᠷᠦᠭᠦᠨ ᠪᠣᠷᠣᠭᠠᠨ ᠤᠷᠤᠵᠤ᠂ ᠬᠡᠰᠡᠭ ᠭᠠᠵᠠᠷ ᠲᠤ᠌ ᠶᠡᠬᠡ ᠰᠢᠷᠤᠭᠦᠨ ᠪᠣᠷᠣᠭᠠᠨ ᠤᠷᠤᠵᠤ᠂ ᠬᠠᠮᠤᠭ ᠤ᠋ᠨ ᠶᠡᠬᠡ ᠬᠤᠷ᠎ᠠ ᠲᠤᠨᠳᠠᠰᠤᠨ ᠤ᠋ ᠬᠤᠷᠠᠮᠳᠤᠯ ᠤ᠋ᠨ ᠬᠡᠮᠵᠢᠶ᠎ᠡ 50 —120 ᠮᠢᠯᠢᠮᠧᠲ᠋ᠷ ᠬᠦᠷᠴᠦ᠍᠂ ᠬᠡᠰᠡᠭ ᠭᠠᠵᠠᠷ ᠲᠤ᠌ 150 ᠮᠢᠯᠢᠮᠧᠲ᠋ᠷ ᠢ᠋ ᠳᠠᠪᠠᠨ᠎ᠠ᠃
ᠥᠪᠡᠷᠲᠡᠭᠡᠨ ᠵᠠᠰᠠᠬᠤ ᠣᠷᠣᠨ ᠤ᠋ ᠦᠶᠡᠷ ᠢ᠋ ᠰᠡᠷᠭᠡᠶ᠋ᠢᠯᠡᠵᠦ᠍ ᠭᠠᠩ ᠬᠠᠭᠰᠠᠷᠠᠭᠠᠨ ᠲᠠᠢ ᠲᠡᠮᠡᠴᠡᠬᠦ᠌ ᠵᠢᠯᠣᠭᠣᠳᠬᠤ ᠭᠠᠵᠠᠷ ᠪᠤᠯᠤᠨ ᠬᠥᠮᠦᠨ ᠤ᠋ ᠬᠦᠴᠦ ᠪᠡᠷ ᠴᠠᠭ ᠠᠭᠤᠷ ᠢ᠋ ᠨᠥᠯᠥᠭᠡᠯᠡᠬᠦ᠌ ᠵᠢᠴᠢ ᠴᠠᠭ ᠠᠭᠤᠷ ᠤ᠋ᠨ ᠭᠠᠮᠰᠢᠭ ᠢ᠋ ᠰᠡᠷᠭᠡᠶ᠋ᠢᠯᠡᠨ ᠡᠵᠡᠮᠳᠡᠬᠦ᠌ ᠬᠠᠮᠢᠶᠠᠷᠤᠯᠲᠠ ᠢ᠋ᠢᠨ ᠵᠢᠯᠣᠭᠣᠳᠬᠤ ᠭᠠᠵᠠᠷ ᠡᠴᠡ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤ᠋ᠨ ᠬᠢᠨ ᠡᠷᠬᠡᠪᠰᠢ ᠦᠶᠡᠷ ᠢ᠋ ᠰᠡᠷᠭᠡᠶ᠋ᠢᠯᠡᠵᠦ᠍ ᠭᠠᠮᠰᠢᠭ ᠢ᠋ ᠪᠠᠭᠠᠰᠬᠠᠬᠤ ᠬᠠᠷᠢᠭᠤᠴᠠᠯᠭ᠎ᠠ ᠢ᠋ᠢ ᠴᠢᠩᠭᠠᠳᠬᠠᠨ ᠪᠣᠳᠠᠲᠠᠶ᠋ᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ᠋ ᠤᠷᠢᠳᠴᠢᠯᠠᠨ ᠰᠡᠷᠭᠡᠶ᠋ᠢᠯᠡᠬᠦ᠌ ᠡᠯ᠎ᠡ ᠪᠦᠷᠢᠯᠳᠦᠬᠦᠨ ᠨᠢᠭᠡᠴᠢ ᠢ᠋ᠢᠨ ᠬᠢᠨ《ᠭᠤᠷᠪᠠ ᠢ᠋ᠢ ᠬᠠᠮᠢᠶᠠᠷᠴᠤ ᠭᠤᠷᠪᠠ ᠢ᠋ᠢ ᠡᠷᠬᠡᠪᠰᠢ ᠬᠡᠷᠡᠭᠵᠢᠭᠦᠯᠬᠦ》ᠱᠠᠭᠠᠷᠳᠠᠯᠭ᠎ᠠ ᠶᠣᠰᠣᠭᠠᠷ ᠦᠶᠡᠷ ᠢ᠋ ᠰᠡᠷᠭᠡᠶ᠋ᠢᠯᠡᠵᠦ᠍ ᠦᠶᠡᠷ ᠲᠡᠶ ᠲᠡᠮᠡᠴᠡᠵᠦ᠍ ᠭᠠᠮᠰᠢᠭ ᠡᠴᠡ ᠠᠪᠤᠷᠠᠬᠤ ᠠᠵᠢᠯ ᠢ᠋ ᠥᠷᠨᠢᠭᠦᠯᠵᠦ᠍᠂ ᠦᠶᠡᠷ ᠢ᠋ ᠰᠡᠷᠭᠡᠶ᠋ᠢᠯᠡᠬᠦ᠌ ᠬᠠᠷᠢᠭᠤᠴᠠᠯᠭᠠᠲᠠᠨ ᠨᠠᠷ ᠳᠠᠷᠤᠶ ᠲᠦᠷᠭᠡᠨ ᠠᠵᠢᠯ ᠤ᠋ᠨ ᠪᠠᠶ᠋ᠢᠷᠢ ᠳ᠋ᠠᠭᠠᠨ ᠬᠦᠷᠴᠦ᠍ ᠤᠷᠢᠳᠴᠢᠯᠠᠨ ᠵᠢᠯᠣᠭᠣᠳᠬᠤ ᠬᠡᠷᠡᠭᠲᠡᠶ; ᠴᠢᠬᠤᠯᠠ ᠪᠠᠷᠢᠯᠭ᠎ᠠ᠂ ᠭᠣᠣᠯᠳᠠᠯᠭ᠎ᠠ ᠲᠠᠢ ᠬᠡᠰᠡᠭ ᠤ᠋ᠨ ᠲᠦᠭᠰᠢᠭᠦᠷᠢ ᠢ᠋ᠢᠨ ᠭᠡᠮ ᠰᠤᠭᠤᠭ ᠢ᠋ ᠰᠠᠢᠲᠤᠷ ᠠᠩᠬᠠᠷᠴᠤ᠌᠂ ᠦᠶᠡᠷ ᠢ᠋ ᠰᠡᠷᠭᠡᠶ᠋ᠢᠯᠡᠬᠦ᠌ ᠭᠡᠮ ᠰᠤᠭᠤᠭ ᠢ᠋ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠢ᠋ᠢ ᠱᠠᠯᠠᠪᠳᠠᠭᠤᠯᠬᠤ ᠬᠡᠷᠡᠭᠲᠡᠶ; ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠲᠡᠮᠦᠷ ᠵᠠᠮ᠂ ᠴᠠᠬᠢᠯᠭᠠᠨ ᠬᠦᠴᠦᠨ᠂ ᠴᠢᠮᠡᠭᠡ ᠬᠣᠯᠪᠣᠭ᠎ᠠ ᠵᠡᠷᠭᠡ ᠴᠢᠬᠤᠯᠠ ᠰᠠᠭᠤᠷᠢ ᠲᠦᠬᠦᠭᠡᠷᠦᠮᠵᠢ ᠢ᠋ᠢ ᠲᠣᠭᠣᠷᠢᠨ ᠪᠠᠶ᠋ᠢᠴᠠᠭᠠᠵᠤ ᠰᠡᠷᠭᠡᠶ᠋ᠢᠯᠡᠨ ᠬᠠᠮᠠᠭᠠᠯᠠᠬᠤ ᠢ᠋ᠢ ᠴᠢᠡᠭᠭᠠᠳᠬᠠᠵᠤ᠂ ᠠᠭᠤᠯᠠᠨ ᠦᠶᠡᠷ ᠤ᠋ᠨ ᠭᠠᠮᠰᠢᠭ ᠬᠢᠯᠪᠠᠷᠬᠠᠨ ᠡᠭᠦᠰᠬᠦ᠌ ᠣᠷᠣᠨ᠂ ᠭᠠᠵᠠᠷ ᠤ᠋ᠨ ᠭᠠᠮᠰᠢᠭ ᠤ᠋ᠨ ᠠᠶᠤᠯᠲᠤ᠌ ᠣᠷᠣᠨ᠂ ᠵᠢᠭᠤᠯᠴᠢᠯᠠᠯ ᠤ᠋ᠨ ᠦᠵᠡᠮᠵᠢ ᠢ᠋ᠢᠨ ᠣᠷᠣᠨ᠂ ᠪᠦᠳᠦᠬᠡᠨ ᠪᠠᠶ᠋ᠢᠭᠤᠯᠵᠤ ᠪᠠᠶ᠋ᠢᠭ᠎ᠠ ᠪᠠᠷᠢᠯᠭ᠎ᠠ ᠢ᠋ᠢᠨ ᠭᠠᠵᠠᠷ᠂ ᠠᠮᠠᠷᠬᠠᠨ ᠦᠶᠡᠷ ᠪᠤᠯᠵᠤ ᠮᠡᠳᠡᠬᠦ ᠬᠤᠲᠤᠭᠤᠷ ᠣᠷᠣᠨ ᠵᠡᠷᠭᠡ ᠭᠣᠣᠯᠳᠠᠯᠭ᠎ᠠ ᠲᠠᠢ ᠣᠷᠣᠨ ᠪᠠᠶ᠋ᠢᠷᠢ ᠢ᠋ᠢᠨ ᠰᠡᠷᠭᠡᠶ᠋ᠢᠯᠡᠬᠦ᠌ ᠠᠷᠭ᠎ᠠ ᠬᠡᠮᠵᠢᠶ᠎ᠡ ᠢ᠋ᠢ ᠴᠢᠡᠭᠭᠠᠳᠬᠠᠵᠤ᠂ ᠳᠤᠮᠳᠠ ᠪᠠᠭ᠎ᠠ ᠭᠣᠣᠯ ᠮᠥᠷᠡᠨ ᠤ᠋ ᠦᠶᠡᠷ᠂ ᠤᠰᠤ ᠥᠩᠭᠡᠷᠡᠬᠦ᠌ ᠵᠠᠮ᠂ ᠬᠣᠲᠠ ᠢ᠋ᠢᠨ ᠦᠶᠡᠷ ᠵᠠᠯᠠᠬᠤ ᠲᠦᠬᠦᠭᠡᠷᠦᠮᠵᠢ ᠪᠣᠯᠤᠨ ᠡᠯ᠎ᠡ ᠲᠥᠷᠥᠯ ᠤ᠋ᠨ ᠦᠶᠡᠷ ᠶᠠᠪᠤᠭᠤᠯᠬᠤ ᠵᠠᠮ ᠢ᠋ ᠲᠣᠭᠣᠷᠢᠨ ᠪᠠᠶ᠋ᠢᠴᠠᠭᠠᠵᠤ ᠰᠡᠷᠭᠡᠶ᠋ᠢᠯᠡᠨ ᠬᠠᠮᠠᠭᠠᠯᠠᠬᠤ ᠢ᠋ᠢ ᠴᠢᠩᠭᠠᠳᠬᠠᠨ᠂ ᠤᠰᠤᠨ ᠴᠥᠭᠥᠷᠥᠮ᠂ ᠬᠠᠰᠢᠯᠭ᠎ᠠ ᠳᠠᠯᠠᠩ᠂ ᠨᠦᠯᠦᠮᠡᠯ ᠭᠠᠵᠠᠷ ᠤ᠋ᠨ ᠬᠠᠰᠢᠯᠭ᠎ᠠ ᠵᠡᠷᠭᠡ ᠪᠠᠷᠢᠯᠭ᠎ᠠ ᠢ᠋ᠢ ᠲᠣᠬᠢᠷᠠᠭᠤᠯᠤᠨ ᠬᠠᠮᠢᠶᠠᠷᠬᠤᠠᠵᠢᠯ ᠢ᠋ ᠰᠠᠶ᠋ᠢᠲᠤᠷ ᠬᠢᠵᠦ᠍᠂ ᠭᠡᠨᠡᠳᠲᠡ ᠢ᠋ᠢᠨ ᠲᠦᠭᠰᠢᠭᠦᠷᠢᠲᠦ᠍ ᠪᠠᠶ᠋ᠢᠳᠠᠯ ᠢ᠋ ᠴᠠᠭ ᠲᠤᠬᠠᠶ ᠳ᠋ᠤᠨᠢ ᠰᠢᠢᠳᠪᠦᠷᠢᠯᠡᠬᠦ ᠬᠡᠷᠡᠭᠲᠡᠶ;《ᠬᠡᠨ ᠢ᠋ ᠰᠢᠯᠵᠢᠭᠦᠯᠬᠦ᠌᠂ ᠬᠡᠨ ᠵᠣᠬᠢᠶᠠᠨ ᠪᠠᠶ᠋ᠢᠭᠤᠯᠬᠤ᠂ ᠬᠡᠵᠢᠶ᠎ᠡ ᠰᠢᠯᠵᠢᠭᠦᠯᠬᠦ᠌᠂ ᠬᠠᠮᠢᠭ᠎ᠠ ᠰᠢᠯᠵᠢᠭᠦᠯᠬᠦ᠌᠂ ᠬᠡᠷᠬᠢᠨ ᠬᠠᠮᠢᠶᠠᠷᠬᠤ》ᠲᠠᠪᠤᠨ ᠵᠠᠩᠭᠢᠯᠠᠭ᠎ᠠ ᠢ᠋ᠢᠨ ᠭᠣᠭᠴᠣᠭ᠎ᠠ ᠢ᠋ᠢ ᠪᠠᠲᠤ᠌ ᠡᠵᠡᠮᠳᠡᠵᠦ᠍᠂ 《ᠬᠠᠭᠠᠬᠤ᠂ ᠵᠣᠭᠰᠣᠭᠠᠬᠤ᠂ ᠪᠤᠴᠠᠭᠠᠬᠤ᠂ ᠰᠢᠯᠵᠢᠭᠦᠯᠬᠦ᠌》ᠪᠠ ᠠᠶᠤᠯ ᠡᠴᠡ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠢ᠋ᠢ ᠴᠢᠩᠭ᠎ᠠ ᠨᠠᠶ᠋ᠢᠳᠠᠪᠤᠷᠢᠵᠢᠭᠤᠯᠬᠤ ᠵᠢᠨ ᠬᠠᠮᠳᠤ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ᠌ ᠪᠠ ᠵᠢᠵᠢᠭᠦᠷᠯᠡᠨ ᠰᠠᠬᠢᠬᠤ ᠢ᠋ᠢ ᠴᠢᠩᠭᠠᠳᠬᠠᠬᠤ ᠬᠡᠷᠡᠭᠲᠡᠶ ᠭᠡᠵᠤ ᠱᠠᠭᠠᠷᠳᠠᠪᠠ᠃