ᠥᠪᠥᠷ ᠮᠣᠩᠭᠣᠯ ᠨᠠᠮ ᠎ᠤᠨ ᠰᠢᠨ᠎ᠡ ᠡᠭᠦᠳᠦᠯᠲᠡ᠎ᠵᠢᠨ ᠣᠨᠣᠯ᠎ᠵᠢᠡᠷ ᠪᠠᠭ᠍ᠰᠢ ᠰᠤᠷᠤᠭ᠍ᠴᠢᠳ᠎ᠤᠨ ᠲᠠᠷᠢᠬᠢ ᠲᠣᠯᠣᠭᠠᠢ ᠎ᠵᠢ ᠵᠡᠪᠰᠡᠭᠯᠡᠵᠦ ᠪᠤᠢ
2026-08-12 10:15:57
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ᠎ᠤ ᠰᠤᠷᠭᠠᠨ ᠬᠦᠮᠦᠵᠢᠯ ᠎ᠤᠨ ᠲᠢᠩᠬᠢᠮ ᠡᠴᠡ ᠤᠢᠯᠠᠭᠠᠭᠰᠠᠨ ᠵᠢᠡᠷ᠂  ᠤᠢᠷ᠎ᠠ ᠳ᠋ᠤ ᠲᠠᠪᠤᠳᠤᠭᠠᠷ ᠬᠤᠭᠤᠴᠠᠭᠠᠨ ᠎ᠤ 《ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠵᠢᠭᠠᠬᠤ ᠮᠠᠲᠧᠷᠢᠶᠠᠯ᠎ᠳᠤ ᠣᠷᠣᠭᠤᠯᠬᠤ ᠬᠢᠴᠢᠶᠡᠯ᠎ᠦᠨ ᠲᠠᠩᠬᠢᠮ᠎ᠳᠤ ᠣᠷᠣᠭᠤᠯᠬᠤ 》  ᠵᠢ ᠠᠬᠢᠭᠤᠯᠬᠤ ᠬᠤᠷᠠᠯ ᠶᠠᠪᠤᠭᠳᠠᠪᠠ᠃

ᠬᠤᠷᠠᠯ  ᠲᠡᠭᠡᠷ᠎ᠡ  3  ᠲᠤᠰᠬᠠᠢ ᠮᠡᠷᠭᠡᠵᠢᠯᠲᠡᠨ ᠲᠤᠰ ᠲᠤᠰ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠲᠤᠬᠠᠢ ᠦᠵᠡᠯ ᠰᠠᠨᠠᠭᠠᠨ᠎ᠤ ᠠᠭᠤᠯᠭ᠎ᠠ᠎ᠶᠢᠨ ᠰᠢᠰᠲᠧᠮ᠂ ᠳᠤᠮᠳᠠᠳᠤ ᠤᠯᠤᠰ ᠎ᠤᠨ ᠡᠪ ᠬᠠᠮᠲᠤ ᠨᠠᠮ᠎ᠤᠨ ᠠᠮᠵᠢᠯᠲᠠ᠎ᠤᠯᠤᠭᠰᠠᠨ᠎ᠤ ᠤᠨᠤᠯ᠎ᠤᠨ ᠲᠠᠢᠯᠪᠤᠷᠢᠯᠠᠯ᠂ ᠰᠢᠨ᠎ᠡ ᠴᠠᠭ ᠦᠶ᠎ᠡ᠎ᠶᠢᠨ ᠮᠠᠷᠺᠰ᠎ᠤᠨ ᠦᠵᠡᠯ᠎ᠤᠨ ᠨᠠᠮ ᠪᠠᠶ᠋ᠢᠭᠤᠯᠬᠤ ᠰᠤᠷᠭᠠᠯ᠎ᠵᠡᠷᠭᠡ  ᠴᠢᠬᠤᠯᠠ ᠶᠡᠬᠡ ᠰᠡᠳᠦᠪ᠎ᠦᠨ ᠲᠣᠭᠣᠷᠢᠨ᠎ᠳᠤ ᠭᠣᠣᠯ ᠵᠣᠷᠢᠯᠲᠠᠳᠤ ᠮᠡᠳᠡᠭᠦᠯᠦᠯᠲᠡ ᠬᠢᠵᠡᠢ᠃ 11 ᠲᠤᠰᠬᠠᠢ ᠮᠡᠷᠭᠡᠵᠢᠯᠲᠡᠨ ᠲᠣᠰ ᠲᠣᠰ 《ᠦᠵᠡᠯ ᠰᠠᠨᠠᠭ᠎ᠠ ᠤᠯᠤᠰ ᠲᠥᠷᠥ᠎ᠶᠢᠨ ᠬᠠᠮ ᠬᠢᠴᠢᠶᠡᠯ 》 ᠤ᠋ᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠨᠢᠳᠦᠨ ᠳ᠋ᠤ ᠦᠵᠡᠭᠳᠡᠮ᠎ᠡ ᠰᠡᠳᠬᠢᠯ ᠳ᠋ᠤ ᠰᠠᠭᠤᠭᠳᠠᠮ᠎ᠠ ᠴᠤᠭᠴᠠᠯᠠᠬᠤ᠂ ᠦᠵᠡᠯ ᠰᠠᠨᠠᠭ᠎ᠠ ᠤᠯᠤᠰ ᠲᠥᠷᠥ ᠎ᠶᠢᠨ   ᠬᠥᠮᠥᠨ ᠎ᠢ ᠬᠥᠮᠥᠵᠢᠭᠦᠯᠬᠦ ᠵᠠᠭᠪᠤᠷ᠎ᠤᠨ ᠰᠢᠨ᠎ᠡ᠎ᠶᠢ ᠡᠭᠦᠳᠬᠦ ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠬᠤᠷᠠᠯ᠎ᠤᠨ ᠬᠤᠭᠤᠴᠠᠭᠠᠨ ᠎ᠳᠤ  ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠪᠠᠰᠠ 《ᠬᠥᠬᠡᠮᠳᠦᠭ ᠠᠭᠤᠯᠠ ᠬᠡᠷᠡᠴᠢᠯᠡᠨᠡᠮ 》 ᠭᠡᠬᠦ   ᠨᠠᠮ ᠎ᠤᠨ ᠬᠢᠴᠢᠶᠡᠯ ᠎ᠢ  ᠰᠣᠨᠢᠷᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠳᠤᠷᠠᠰᠬᠠᠯ ᠎ᠤᠨ  ᠣᠷᠳᠣᠨ᠂ ᠨᠠᠮ᠎ᠤᠨ ᠵᠠᠭᠤᠨ ᠵᠢᠯ᠎ᠦᠨ ᠦᠨᠳᠦᠰᠦᠲᠡᠨ ᠎ᠦ ᠠᠵᠢᠯ ᠎ᠤᠨ ᠲᠣᠮᠣ᠌ ᠬᠡᠷᠡᠭ ᠶᠠᠪᠤᠳᠠᠯ᠎ᠤᠨ ᠦᠵᠡᠰᠬᠦᠯᠡᠩ᠎ᠢ ᠲᠣᠭᠣᠷᠢᠨ ᠦᠵᠡᠪᠡ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ  ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠵᠢᠭᠠᠬᠤ ᠮᠠᠲᠧᠷᠢᠶᠠᠯ᠎ᠳᠤ ᠣᠷᠣᠭᠤᠯᠬᠤ᠂ ᠬᠢᠴᠢᠶᠡᠯ᠎ᠦᠨ ᠲᠠᠩᠬᠢᠮ᠎ᠳᠤ ᠣᠷᠣᠭᠤᠯᠬᠤ᠂ ᠲᠠᠷᠢᠬᠢ ᠲᠣᠯᠣᠭᠠᠢ᠎ᠵᠢ ᠵᠡᠪᠰᠡᠭᠯᠡᠬᠦ ᠠᠵᠢᠯ ᠎ᠢ ᠦᠷᠭᠦᠯᠵᠢᠯᠡᠨ ᠭᠦᠨᠵᠡᠭᠡᠢᠷᠡᠭᠦᠯᠬᠦ ᠬᠡᠷᠡᠭᠲᠡᠢ᠃ ᠨᠠᠮ᠎ᠤᠨ ᠰᠢᠨ᠎ᠡ᠎ᠡᠭᠦᠳᠦᠯᠲᠡ᠎ᠵᠢᠨ ᠤᠨᠤᠯ᠎ᠢᠶᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠰᠢᠨ᠎ᠡ ᠡᠭᠦᠳᠦᠯᠲᠡ᠎ᠵᠢᠨ ᠤᠨᠤᠯ᠎ᠤᠨ ᠰᠢᠰᠲ᠋ᠧᠮᠳᠤ ᠰᠤᠳᠤᠯᠭᠠᠨ ᠢ᠋ ᠦᠷᠭᠦᠯᠵᠢᠯᠡᠨ ᠭᠦᠨᠵᠡᠭᠡᠢ ᠠᠬᠢᠭᠤᠯᠬᠤ ᠬᠡᠷᠡᠭᠲᠡᠢ; ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ᠎ᠪᠡᠷ ᠦᠨᠳᠦᠰᠦ ᠪᠣᠯᠭᠠᠵᠤ᠂ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ ᠪᠣᠯᠣᠨ ᠬᠢᠴᠢᠶᠡᠯ ᠲᠦᠷᠦᠯ᠎ᠤᠨ ᠦᠵᠡᠯ ᠰᠠᠨᠠᠭ᠎ᠠ ᠤᠯᠤᠰ ᠲᠦᠷᠦ᠎ᠶᠢ ᠵᠡᠷᠭᠡ ᠪᠡᠷ ᠬᠥᠭᠵᠢᠭᠦᠯᠬᠦ᠎ᠶᠢ ᠪᠠᠷᠢᠮᠲᠠᠯᠠᠬᠤ ᠬᠡᠷᠡᠭᠲᠡᠢ; ᠰᠢᠨ᠎ᠡ ᠴᠠᠭ ᠦᠶ᠎ᠡ᠎ᠶᠢᠨ ᠦᠢᠯᠡᠳᠦᠯᠭᠡ᠎ᠶᠢᠨ 《ᠪᠠᠶᠠᠨ ᠠᠭᠤᠷᠬᠠᠢ 》 ᠶ᠋ᠢ ᠠᠭᠤᠳᠠᠯᠬᠤ᠎ᠪᠠᠷ ᠬᠥᠳᠡᠯᠭᠡᠬᠦ ᠬᠦᠴᠦᠨ ᠪᠣᠯᠭᠠᠵᠤ᠂ ᠰᠢ᠎ᠶᠢᠨ ᠫᠢᠩ ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ᠎ᠶᠢ ᠱᠤᠭᠤᠵᠤ ᠬᠥᠮᠥᠨ᠎ᠢ ᠬᠥᠮᠥᠵᠢᠭᠦᠯᠬᠦ᠎ᠶᠢ ᠴᠥᠬᠥᠷᠡᠰᠢ ᠦᠭᠡᠢ ᠪᠠᠷᠢᠮᠲᠠᠯᠠᠬᠤ ᠬᠡᠷᠡᠭᠲᠡᠢ; ᠨᠠᠮ ᠎ᠤᠨ ᠤᠳᠤᠷᠢᠳᠤᠯᠭ᠎ᠠ᠎ᠶᠢ ᠪᠦᠬᠦ ᠲᠠᠯ᠎ᠠ᠎ᠪᠠᠷ ᠴᠢᠩᠭᠠᠳᠬᠠᠬᠤ᠎ᠪᠠᠷ ᠦᠨᠳᠦᠰᠦ ᠪᠣᠯᠭᠠᠵᠤ᠂ ᠬᠥᠮᠥᠨ ᠎ᠢ ᠬᠥᠮᠥᠵᠢᠭᠦᠯᠬᠦ ᠬᠦᠴᠦᠷᠬᠡᠭ ᠶᠡᠬᠡ ᠬᠠᠮᠲᠤᠷᠠᠯ ᠬᠦᠴᠦᠨ ᠎ᠢ  ᠨᠢᠭ᠍ᠲᠠᠷᠠᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃

ᠪᠦᠬᠦ ᠣᠷᠣᠨ ᠎ᠤ ᠡᠯ᠎ᠡ ᠶᠡᠬᠡ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠮᠠᠷᠺᠰ ᠎ᠤᠨ ᠦᠵᠡᠯ ᠎ᠦᠨ ᠳᠡᠭᠡᠳᠦ ᠰᠤᠷᠭᠠᠭᠤᠯᠢ᠎ᠶᠢᠨ ᠬᠠᠷᠢᠭᠤᠴᠠᠯᠭᠠᠲᠠᠨ᠂ ᠦᠵᠡᠯ ᠰᠠᠨᠠᠭ᠎ᠠ ᠤᠯᠤᠰ ᠲᠦᠷᠦ ᠎ᠶᠢᠨ ᠬᠢᠴᠢᠶᠡᠯ ᠎ᠦᠨ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠵᠡᠷᠭᠡ 140 ᠭᠠᠷᠤᠢ ᠬᠥᠮᠥᠨ ᠬᠤᠷᠠᠯ᠎ᠳᠤ ᠣᠷᠣᠯᠴᠠᠵᠤ᠂ ᠪᠦᠬᠦ ᠣᠷᠣᠨ᠎ᠤ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ 2 ᠲᠦᠮᠡ ᠭᠠᠷᠤᠢ ᠪᠠᠭ᠍ᠰᠢ ᠰᠦᠯᠵᠢᠶᠡᠨ ᠳᠡᠭᠡᠷ᠎ᠡ ᠰᠤᠷᠤᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号