8 ᠰᠠᠷ᠎ᠠ᠎ᠶᠢᠨ 10 ᠤ᠋ ᠡᠳᠦᠷ᠂ ᠦᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ 《ᠤᠯᠤᠰ᠎ᠤᠨ ᠡᠨᠧᠷᠭᠢ᠎ᠶᠢᠨ ᠪᠦᠯᠦᠭᠯᠡᠯ ᠬᠤᠨᠳᠠᠭᠠᠲᠤ》 ᠲᠦᠷᠭᠡᠨ ᠲᠡᠰᠢᠯᠲᠡ᠎ᠶᠢᠨ ᠲᠥᠷᠥᠯ ᠵᠦᠢᠯ᠎ᠦᠨ ᠤᠷᠤᠯᠳᠤᠭᠠᠨ ᠪᠤᠭᠤᠲᠤ ᠬᠣᠲᠠ᠎ᠶᠢᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠲᠥᠪ᠎ᠲᠤ ᠡᠬᠢᠯᠡᠪᠡ᠃
ᠲᠤᠰ ᠤᠳᠠᠭ᠎ᠠ ᠵᠢᠨ ᠲᠦᠷᠭᠡᠨ ᠲᠡᠰᠢᠯᠲᠡ᠎ᠶᠢᠨ ᠲᠥᠷᠥᠯ ᠵᠦᠢᠯ᠎ᠦᠨ ᠤᠷᠤᠯᠳᠤᠭᠠᠨ᠎ᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠡᠴᠡ ᠭᠣᠣᠯᠯᠠᠨ ᠡᠷᠭᠢᠯᠡᠪᠠ᠃ ᠤᠷᠤᠯᠳᠤᠭᠠᠨ᠎ᠤ ᠬᠤᠭᠤᠴᠠᠭ᠎ᠠ ᠨᠢ 3 ᠡᠳᠦᠷ ᠪᠠᠢᠵᠤ᠂ ᠡᠷᠡᠭᠲᠡᠢ᠂ ᠡᠮᠡᠭᠲᠡᠢ᠎ᠶᠢᠨ ᠬᠥᠬᠡ ᠬᠥᠬᠡᠭᠴᠢᠨ ᠤᠯᠠᠭᠠᠨ ᠨᠡᠢᠳᠡ 6 ᠳᠤᠭᠤᠢᠯᠠᠩ᠎ᠤᠨ 22 ᠵᠢᠵᠢᠭ ᠤᠷᠤᠯᠳᠤᠭᠠᠨ᠎ᠤ ᠵᠦᠢᠯ᠎ᠢ ᠲᠣᠬᠢᠷᠠᠭᠤᠯᠵᠤ᠂ ᠪᠦᠬᠦ ᠣᠷᠣᠨ᠎ᠤ 10 ᠠᠢᠮᠠᠭ ᠬᠣᠲᠠ᠎ᠶᠢᠨ 190 ᠭᠠᠷᠤᠢ ᠲᠠᠰᠬᠠᠯᠵᠢᠭᠤᠯᠤᠭᠴᠢ᠂ ᠲᠠᠮᠢᠷᠴᠢᠨ ᠤᠷᠤᠯᠳᠤᠭᠠᠨ᠎ᠳᠤ ᠣᠷᠣᠯᠴᠠᠪᠠ᠃
ᠤᠷᠤᠯᠳᠤᠭᠠᠨ ᠡᠬᠢᠯᠡᠭᠰᠡᠨ ᠠᠩᠬᠠᠨ᠎ᠤ ᠡᠳᠦᠷ ᠪᠤᠭᠤᠲᠤ᠎ᠶᠢᠨ ᠲᠥᠯᠥᠭᠡᠯᠡᠭᠴᠢᠳ᠎ᠦᠨ ᠠᠩᠭᠢ ᠭᠠᠷᠮᠠᠭᠠᠢ ᠢᠯᠡᠷᠡᠯᠶ᠋ᠢᠡᠷ10 ᠠᠯᠲᠠᠨ ᠮᠧᠳᠠᠯ᠂ 5 ᠮᠥᠩᠭᠥᠨ ᠮᠧᠳᠠᠯ᠂ 2 ᠬᠦᠷᠡᠯ ᠮᠧᠳᠠᠯ᠂ ᠭᠠᠷᠳᠠᠭᠰᠠᠨ ᠰᠢᠯᠢᠳᠡᠭ ᠬᠢᠷᠢ ᠪᠦᠲᠦᠮᠵᠢᠣᠯᠪᠠ᠃
ᠲᠤᠰᠬᠠᠢ ᠮᠡᠷᠭᠡᠵᠢᠯ᠎ᠦᠨ᠂ ᠵᠢᠷᠤᠮᠵᠢᠯ᠎ᠲᠠᠢ᠂ ᠭᠣᠢᠳᠠ ᠰᠠᠢᠬᠠᠨ ᠲᠦᠷᠭᠡᠨ ᠲᠡᠰᠢᠯᠲᠡ᠎ᠶᠢᠨ ᠤᠷᠤᠯᠳᠤᠭᠠᠨ᠎ᠢ ᠡᠷᠬᠢᠯᠡᠬᠦ᠎ᠶᠢᠨ ᠲᠥᠯᠥᠭᠡ ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ ᠠ᠋ᠴᠠ ᠪᠤᠭᠤᠳᠦ ᠬᠤᠲᠠ᠎ᠶᠢᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠲᠥᠪ᠎ᠦᠨ ᠤᠤᠯ᠎ᠤᠨ ᠰᠢᠩᠭᠡᠯᠢᠭ ᠮᠠᠶᠢᠭ᠋᠎ᠤᠨ ᠬᠥᠯ ᠪᠥᠮᠪᠥᠭᠡ᠎ᠶᠢᠨ ᠲᠠᠯᠠᠪᠤᠷ᠎ᠲᠤ ᠥᠭᠡᠷᠡᠴᠢᠯᠡᠯᠲᠡ ᠬᠢᠵᠦ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ ᠲᠠᠰ᠎ᠤᠨ ᠲᠦᠷᠭᠡᠨ ᠲᠡᠰᠢᠯᠲᠡ᠎ᠶᠢᠨ ᠤᠷᠤᠯᠳᠤᠭᠠᠨ᠎ᠤ ᠲᠠᠯᠠᠪᠤᠷ᠎ᠢ ᠪᠠᠢᠭᠤᠯᠪᠠ᠃ ᠲᠤᠰᠬᠠᠢ ᠮᠡᠷᠭᠡᠵᠢᠯ᠎ᠦᠨ ᠪᠠᠷᠢᠮᠵᠢᠶ᠎ᠠ ᠶᠣᠰᠣᠭᠠᠷ ᠤᠷᠤᠯᠳᠤᠭᠠᠨ᠎ᠤ ᠵᠠᠮ᠂ ᠲᠠᠯᠠᠪᠤᠷᠭᠠᠵᠠᠷ᠂ ᠲᠦᠭᠦᠭᠡᠷᠦᠮᠵᠢ᠎ᠶᠢ ᠴᠥᠮ ᠮᠤᠵᠢ᠎ᠶᠢᠨ ᠱᠠᠲᠤᠨ᠎ᠤ ᠪᠠ ᠪᠥᠬᠥ ᠤᠯᠤᠰ᠎ᠤᠨ ᠵᠠᠯᠠᠭᠤᠴᠤᠳ ᠪᠠᠭᠠᠴᠤᠳ᠎ᠤᠨ ᠲᠦᠷᠭᠡᠨ ᠲᠡᠰᠢᠯᠲᠡ᠎ᠶᠢᠨ ᠤᠷᠤᠯᠳᠤᠭᠠᠨ᠎ᠤ ᠪᠠᠷᠢᠮᠵᠢᠶ᠎ᠠ᠎ᠳᠤ ᠬᠦᠷᠭᠡᠵᠦ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ᠎ᠤ ᠲᠦᠷᠭᠡᠨ ᠲᠡᠰᠢᠯᠲᠡ᠎ᠶᠢᠨ ᠲᠥᠷᠥᠯ ᠵᠦᠢᠯ᠎ᠦᠨ ᠤᠷᠤᠯᠳᠤᠭᠠᠨ᠎ᠤ ᠤᠷᠤᠭᠰᠢᠲᠠᠢ ᠶᠠᠪᠤᠭᠳᠠᠬᠤ᠎ᠶᠢ ᠪᠥᠬᠥ ᠬᠦᠴᠦᠨ᠎ᠢᠶᠡᠷ᠎ᠢᠶᠡᠨ ᠪᠠᠲᠤᠯᠠᠵᠤ ᠪᠤᠢ᠃