ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠰᠠᠢᠨ ᠳᠤᠷᠠᠴᠤᠳ᠎ᠡᠴᠡ ᠰᠠᠢᠨ ᠳᠤᠷ᠎ᠠ᠎ᠶᠢᠨ ᠦᠢᠯᠡᠴᠢᠯᠡᠭᠡ ᠬᠢᠵᠦ ᠪᠠᠢᠨ᠎ᠡ
2026-08-12 10:58:57
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


QQ20260812-094156.png



ᠤᠷᠤᠯᠳᠤᠭᠠᠨ᠎ᠤ ᠠᠮᠤᠷ ᠲᠦᠪᠰᠢᠨ᠂ ᠡᠮᠬᠢ ᠵᠢᠷᠤᠮ᠎ᠲᠠᠢ᠂ ᠥᠨᠳᠥᠷ ᠪᠦᠲᠦᠮᠵᠢᠲᠡᠶ ᠶᠠᠪᠤᠭᠳᠠᠬᠤ᠎ᠶᠢ ᠪᠥᠬᠥ ᠬᠦᠴᠦᠨ᠎ᠢᠶᠡᠷ᠎ᠢᠶᠡᠨ ᠪᠠᠲᠤᠯᠠᠬᠤ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠡᠴᠡ ᠨᠡᠶ᠋ᠢᠲᠡ 1900 ᠰᠠᠢᠨ ᠲᠤᠷᠠᠴᠤᠳ᠎ᠢ ᠰᠣᠩᠭᠣᠨ ᠲᠣᠮᠢᠯᠠᠵᠤ ᠪᠥᠬᠥ ᠲᠠᠯ᠎ᠠ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢᠨ ᠠᠵᠢᠯ᠎ᠳᠤ ᠣᠷᠣᠯᠴᠠᠭᠤᠯᠵᠤ᠂ ᠰᠠᠢᠨ ᠲᠤᠷᠠᠴᠤᠳ᠎ᠢ ᠴᠥᠮ ᠪᠤᠭᠤᠲᠤ᠎ᠶᠢᠨ ᠲᠣᠰ ᠭᠠᠵᠠᠷ᠎ᠤᠨ ᠶᠡᠬᠡ ᠳᠡᠭᠡᠳᠦ ᠰᠤᠷᠭᠠᠭᠤᠯᠢ᠎ᠡᠴᠡ ᠰᠢᠯᠢᠳᠡᠭ᠎ᠢ ᠨᠢ ᠰᠤᠩᠭᠤᠵᠥ ᠳᠤᠬᠢᠷᠠᠭᠤᠯᠪᠠ᠃ ᠤᠷᠤᠯᠳᠤᠭᠠᠨ᠎ᠤ ᠬᠤᠭᠤᠴᠠᠭᠠᠨ᠎ᠳᠤ᠂ ᠰᠠᠢᠨ ᠲᠤᠷᠠᠴᠤᠳ ᠡᠬᠢᠯᠡᠬᠦ ᠪᠠ ᠲᠡᠭᠦᠰᠬᠦ ᠶᠣᠰᠣᠯᠠᠯ᠎ᠤᠨ ᠪᠠᠲᠤᠯᠠᠭ᠎ᠠ᠂ ᠤᠷᠤᠯᠳᠤᠭᠠᠨ᠎ᠤ ᠶᠠᠪᠤᠳᠠᠯ᠎ᠤᠨ ᠬᠠᠮᠵᠢᠯᠴᠠᠭ᠎ᠠ᠂ ᠬᠦᠨᠳᠦᠲᠦ ᠵᠣᠴᠢᠳ᠎ᠢ ᠭᠥᠯᠢᠶᠡᠨ ᠠᠪᠬᠤ᠂ ᠵᠠᠭᠤᠴᠢᠯᠠᠭᠤᠷ᠎ᠤᠨ ᠠᠵᠢᠯᠯᠠᠭᠠᠨ᠂ ᠦᠵᠡᠭᠴᠢᠳ᠎ᠢ ᠬᠥᠲᠥᠯᠥᠨ ᠵᠢᠯᠤᠭᠣᠳᠬᠤ᠂ ᠡᠮᠬᠢ ᠵᠢᠷᠤᠮ᠎ᠢ ᠬᠠᠮᠠᠭᠠᠯᠠᠬᠤ ᠵᠡᠷᠭᠡ ᠠᠵᠢᠯ᠎ᠢ ᠪᠥᠬᠥ ᠲᠠᠯ᠎ᠠ᠎ᠪᠠᠷ ᠡᠭᠦᠷᠭᠡᠯᠡᠵᠦ᠂ ᠡᠯ᠎ᠡ ᠵᠦᠢᠯ᠎ᠦᠨ ᠤᠷᠤᠯᠳᠤᠭᠠᠨ᠎ᠢ ᠲᠣᠭᠲᠠᠭᠤᠨ ᠪᠥᠭᠡᠳ ᠡᠮᠬᠢ ᠵᠢᠷᠤᠮ᠎ᠲᠠᠢ ᠥᠷᠨᠢᠭᠦᠯᠬᠦ᠎ᠵᠢ ᠪᠥᠬᠥ ᠬᠦᠴᠦᠨ᠎ᠢᠶᠡᠷ᠎ᠢᠶᠡᠨ ᠬᠠᠮᠠᠭᠠᠯᠠᠨ᠎ᠠ᠃ ᠵᠢᠷᠤᠭ ᠪᠤᠯ 8 ᠰᠠᠷ᠎ᠠ᠎ᠶᠢᠨ 10 ᠎ᠤ᠋ ᠡᠳᠦᠷ᠂ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠰᠠᠢᠨ ᠳᠤᠷᠠᠴᠤᠳ᠎ᠡᠴᠡ ᠰᠠᠢᠨ ᠳᠤᠷ᠎ᠠ᠎ᠶᠢᠨ ᠦᠢᠯᠡᠴᠢᠯᠡᠭᠡ ᠬᠢᠵᠦ ᠪᠠᠢᠭ᠎ᠠ ᠨᠢ᠃

ᠲᠤᠰ ᠰᠣᠨᠢᠨ᠎ᠤ ᠰᠤᠷᠪᠤᠯᠵᠢᠯᠠᠭ᠍ᠴᠢ ᠮᠥᠩᠬᠡᠴᠢᠯᠠᠭᠤ ᠰᠡᠭᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号