ᠬᠡᠭᠡᠷ᠎ᠡ ᠪᠠᠭᠤᠳᠠᠯᠯᠠᠬᠤ ᠵᠢᠭᠤᠯᠴᠢᠯᠠᠯ ᠡᠷᠴᠢᠮᠳᠠᠢ ᠬᠦᠭᠵᠢᠵᠦ ᠬᠡᠷᠡᠭᠯᠡᠭᠡ ᠵᠢ ᠲᠠᠢᠴᠢᠯᠠᠬᠤ ᠰᠢᠨ᠎ᠠ ᠬᠦᠴᠦᠨ ᠪᠤᠯᠵᠠᠢ
2026-08-12 09:51:41
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

— 《ᠰᠢᠵᠢᠷ ᠠᠯᠳᠠᠨ ᠤᠯᠠᠷᠢᠯ ᠳ᠋ᠦ ᠦᠪᠦᠷ ᠮᠤᠨᠭᠭᠤᠯ ᠢ᠋ᠶ᠋ᠡᠷ ᠳᠠᠪᠠᠳᠠᠢ ᠵᠢᠭᠤᠯᠴᠢᠯᠠᠬᠤ》 ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠶ᠋ᠢᠨ ᠲᠤᠬᠠᠢ ᠮᠡᠳᠡᠭᠡᠯᠡᠯ


ᠳᠡᠯᠭᠡᠷ ᠵᠤᠨ ᠤ᠋ ᠤᠯᠠᠷᠢᠯ ᠳ᠋ᠤ ᠨᠠᠷᠠ ᠬᠤᠷ᠎ᠠ ᠲᠡᠩᠴᠡᠵᠦ᠂ ᠨᠠᠪᠴᠢ ᠨᠤᠭᠤᠭ᠎ᠠ ᠶ᠋ᠢᠨ ᠦᠨᠦᠷ ᠰᠡᠩᠬᠢ ᠳᠠᠳᠠᠨ᠎ᠠ᠃ ᠡᠷᠪᠡᠬᠡᠢ ᠳᠠᠭᠤᠵᠦ᠂ ᠦᠷᠦᠮ᠎ᠠ ᠶ᠋ᠢᠨ ᠬᠤᠯᠠᠭᠠᠢᠴᠢ ᠵᠢ ᠱᠤᠬᠤᠭᠤᠷᠬᠠᠭᠰᠠᠨ ᠵᠢᠭᠠᠯ ᠤ᠋ᠳ ᠬᠦᠬᠡᠷᠦᠯᠳᠦᠨ ᠬᠦᠶᠦᠯᠳᠤᠵᠦ᠂ ᠲᠤᠮᠤᠴᠤᠤᠯ ᠨᠢ ᠮᠠᠢᠬᠠᠨ ᠪᠤᠰᠬᠠᠨ᠂ ᠬᠤᠭᠤᠯᠠ ᠤᠮᠳᠠ ᠪᠡᠯᠡᠳᠴᠦ᠂ ᠬᠦᠳᠡᠭᠡ ᠬᠡᠬᠡᠷ᠎ᠠ ᠪᠠᠭᠤᠳᠠᠯᠯᠠᠬᠤ ᠶ᠋ᠢᠨ ᠰᠡᠯᠡᠬᠦᠨ ᠵᠢᠷᠭᠠᠯ ᠢ᠋ ᠡᠳ᠋ᠯᠡᠨ᠎ᠠ᠃

ᠵᠤᠨ ᠤ᠋ ᠰᠦᠨᠢ ᠶ᠋ᠢᠨ ᠣᠳᠣᠳᠦ ᠣᠭᠲᠠᠷᠭᠤᠢ ᠵᠢ ᠰᠤᠨᠢᠷᠬᠠᠬᠤ ᠵᠢᠭᠤᠯᠴᠢᠯᠠᠯ᠂ ᠭᠠᠷᠠᠭ ᠤ᠋ᠨ ᠴᠢᠯᠦᠬᠡᠨ ᠤ᠋ ᠵᠢᠭᠤᠯᠴᠢᠯᠠᠯ᠂ ᠣᠢᠷ᠎ᠠ ᠲᠡᠭᠦᠷᠭᠡ ᠶ᠋ᠢᠨ ᠵᠢᠭᠤᠯᠴᠢᠯᠠᠯ ᠨᠢ ᠨᠢᠬᠡᠨᠳᠡ ᠦᠪᠦᠷ ᠮᠤᠨᠭᠭᠤᠯ ᠤ᠋ᠨ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠰᠢᠨ᠎ᠠ ᠡᠵᠡᠩᠨᠡᠯᠳᠡ ᠪᠤᠯᠵᠦ᠂ ᠬᠡᠷᠡᠭᠯᠡᠭᠡ ᠵᠢ ᠲᠠᠢᠴᠢᠯᠠᠬᠤ ᠰᠢᠨ᠎ᠠ ᠬᠦᠴᠦᠨ ᠪᠤᠯᠵᠠᠢ᠃


QQ20260812-094652.png


   ᠭᠡᠭᠡᠷ᠎ᠠ  ᠪᠠᠭᠤᠳᠠᠯᠯᠠᠬᠤ ᠰᠠᠭᠤᠷᠢᠨ


ᠬᠦᠳᠡᠭᠡ ᠭᠡᠭᠡᠷ᠎ᠠ ᠤᠴᠢᠵᠦ ᠴᠡᠪᠡᠷ ᠠᠭᠠᠷ ᠢ᠋ ᠠᠮᠢᠰᠬᠤᠯᠯᠠᠬᠤ᠂ ᠰᠡᠷᠢᠬᠦᠨ ᠳᠠᠭᠠᠳᠠᠢ ᠬᠡᠪᠳᠡᠬᠦ᠂ ᠴᠢᠯᠦᠭᠡᠳᠡᠢ ᠶᠠᠷᠢᠯᠳᠤᠨ ᠬᠦᠬᠡᠷᠦᠯᠳᠦᠬᠦ ᠨᠢ ᠤᠯᠠᠮ ᠠ᠋ᠴᠠ ᠤᠯᠠᠮ ᠵᠢᠭᠤᠯᠴᠢᠯᠠᠭᠰᠠᠳ ᠤ᠋ᠨ ᠲᠡᠷᠢᠭᠦᠨ ᠰᠣᠩᠭᠣᠯᠲᠠ ᠪᠣᠯᠵᠤ ᠪᠠᠢᠨ᠎ᠠ᠃ ᠬᠥᠬᠡᠬᠣᠲᠠ ᠶ᠋ᠢᠨ ᠴᠡᠯᠡᠭᠡᠷ ᠲᠠᠯ᠎ᠠ ᠶ᠋ᠢᠨ ᠬᠡᠭᠡᠷ᠎ᠡ ᠪᠠᠭᠤᠳᠠᠯᠯᠠᠬᠤ ᠦᠵᠡᠮᠵᠢ ᠶ᠋ᠢᠨ ᠣᠷᠣᠨ ᠳ᠋ᠦ ᠡᠩᠨᠡᠷᠡᠭᠦᠯᠦᠨ ᠪᠠᠷᠢᠭᠰᠠᠨ ᠮᠠᠢᠬᠠᠨ ᠨᠢ ᠦᠩᠭᠡ ᠠᠯᠠᠭᠯᠠᠨ ᠳᠠᠯ᠎ᠠ ᠵᠢ ᠴᠢᠮᠡᠵᠦ᠂ ᠮᠣᠩᠭᠣᠯ ᠦᠨᠳᠦᠰᠦᠲᠡᠨ ᠤ᠋ ᠬᠤᠪᠴᠠᠰᠤ ᠵᠠᠰᠠᠯ ᠢ᠋ᠶ᠋ᠡᠷ ᠭᠤᠶᠤᠯᠠᠬᠤ᠂ ᠪᠣᠳᠠᠰ ᠤ᠋ᠨ ᠪᠤᠰᠤ ᠰᠣᠶᠣᠯ ᠤ᠋ᠨ ᠥᠪ ᠪᠤᠯᠬᠤ ᠴᠠᠭᠠᠨ ᠢᠳᠡᠭᠡᠨ ᠬᠢᠬᠦ ᠳ᠋ᠤ ᠪᠡᠶᠡᠴᠢᠯᠡᠨ ᠤᠷᠤᠯᠴᠠᠬᠤ᠂ ᠰᠦᠨᠢ ᠶ᠋ᠢᠨ ᠲᠦᠳᠡᠭ ᠭᠠᠯ ᠤ᠋ᠨ ᠨᠠᠢᠷ ᠲᠦ᠍ ᠤᠷᠤᠯᠴᠠᠬᠤ ᠵᠡᠷᠭᠡ ᠣᠨᠴᠠᠯᠢᠭᠲᠤ ᠠᠵᠢᠯᠯᠠᠭ᠎ᠠ ᠭᠣᠢᠳᠠ ᠰᠠᠢᠬᠠᠨ ᠶᠠᠪᠤᠭᠳᠠᠵᠤ᠂ ᠣᠢᠷ᠎ᠠ ᠵᠠᠭᠤᠷ᠎ᠠ ᠶ᠋ᠢᠨ ᠠᠮᠠᠷᠠᠯᠲᠠ ᠵᠢᠨ ᠵᠢᠭᠤᠯᠴᠢᠯᠠᠯ ᠪᠠ ᠪᠡᠶᠡᠴᠢ ᠤᠢᠯᠠᠭᠠᠯᠳᠠ ᠨᠢ ᠦᠨᠳᠦᠰᠦᠲᠡᠨ ᠤ᠋ ᠵᠠᠩ ᠦᠢᠯᠡ ᠵᠢ ᠠᠮᠢᠳᠤᠯᠢᠭ ᠳᠠᠨᠢᠭᠤᠯᠤᠨ᠎ᠠ᠃

︽ᠤᠯᠠᠮᠵᠢᠯᠠᠯᠲᠤ ᠵᠢᠭᠤᠯᠴᠢᠯᠠᠯ ᠤ᠋ᠨ ᠣᠯᠠᠩᠬᠢ ᠨᠢ ᠮᠣᠷᠢᠨ ᠳᠠᠪᠬᠢᠭ᠎ᠠ ᠪᠠᠷ ᠴᠡᠴᠡᠭ ᠰᠣᠨᠢᠷᠬᠠᠵᠤ᠂ ᠦᠵᠡᠭᠡᠳ ᠯᠡ ᠦᠩᠭᠡᠷᠡᠴᠢᠬᠡᠳᠡᠭ ᠶᠤᠮ᠃ ᠬᠡᠭᠡᠷ᠎ᠡ ᠪᠠᠭᠤᠳᠠᠯᠯᠠᠬᠤ ᠨᠢ ᠳᠠᠢᠪᠤᠭᠤ ᠲᠤᠭᠳᠠᠭᠤᠨ ᠪᠦᠬᠡᠳ ᠪᠡᠶᠡᠴᠢ ᠤᠢᠯᠠᠭᠠᠯᠳᠠ ᠨᠢ ᠪᠠᠶᠠᠯᠢᠭ ᠪᠠᠢᠵᠤ᠂ ᠪᠠᠢᠭᠠᠯᠢ ᠳ᠋ᠠᠭᠠᠨ ᠵᠤᠭᠠᠯᠠᠵᠦ ᠪᠤᠯᠬᠤ ᠮᠥᠷᠲᠡᠭᠡᠨ ᠪᠠᠰᠠ ᠦᠨᠳᠦᠰᠦᠲᠡᠨ ᠤ᠋ ᠵᠠᠩ ᠦᠢᠯᠡ ᠰᠣᠶᠣᠯ ᠢ᠋ ᠣᠢᠯᠠᠭᠠᠴᠢᠬᠠᠨ᠎ᠠ᠂ ᠶᠡᠬᠡ ᠰᠠᠢᠨ!》 ᠭᠡᠵᠦ ᠾᠧᠪᠧᠢ ᠮᠣᠵᠢ ᠠ᠋ᠴᠠ ᠢᠷᠡᠭᠰᠡᠨ ᠵᠢᠭᠤᠯᠴᠢᠯᠠᠭᠴᠢ ᠸᠠᠩ ᠠᠪᠠᠬᠠᠢ ᠬᠡᠯᠡᠨ᠎ᠠ᠃ ᠲᠡᠷᠡ ᠡᠨᠡ ᠤᠳᠠᠭ᠎ᠠ᠎ᠦᠪᠦᠷ ᠮᠤᠨᠭᠭᠤᠯ ᠳ᠋ᠦ ᠢᠷᠡᠵᠦ ᠬᠡᠭᠡᠷ᠎ᠡ ᠪᠠᠭᠤᠳᠠᠯᠯᠠᠨ᠂ ᠪᠤᠷᠴᠠ ᠪᠠ ᠬᠤᠷᠤᠳ ᠵᠡᠷᠭᠡ ᠲᠠᠯ᠎ᠠ ᠨᠤᠲᠤᠭ ᠤ᠋ᠨ ᠣᠨᠴᠠᠯᠢᠭᠲᠤ ᠪᠦᠳᠦᠭᠡᠭᠳᠡᠬᠦᠨ ᠢ᠋ ᠬᠤᠳᠠᠯᠳᠤᠨ ᠠᠪᠴᠤ᠂ ᠦᠪᠦᠷ ᠮᠤᠨᠭᠭᠤᠯ ᠤ᠋ᠨ ᠰᠡᠷᠢᠬᠦᠨ ᠳᠠᠭᠠᠯᠠᠮᠵᠢᠳᠠᠢ ᠤᠷᠴᠢᠨ ᠳ᠋ᠤ ᠵᠤᠨ ᠤ᠋ ᠠᠮᠠᠷᠠᠯᠳᠠ ᠵᠢᠨ ᠵᠢᠭᠤᠯᠴᠢᠯᠠᠯ ᠵᠢᠡᠨ ᠬᠢᠵᠠᠢ᠃

ᠬᠡᠬᠡᠷ᠎ᠠ ᠪᠠᠭᠤᠳᠠᠯᠯᠠᠬᠤ ᠵᠢᠭᠤᠯᠴᠢᠯᠠᠯ ᠤ᠋ᠨ ᠬᠠᠯᠠᠮᠰᠢᠯ ᠦᠷᠭᠦᠯᠵᠢᠯᠡᠨ ᠨᠡᠮᠡᠭᠳᠡᠭᠰᠡᠨ ᠤ᠋ ᠠᠷᠤ ᠳ᠋ᠦ ᠡᠯ᠎ᠡ ᠭᠠᠵᠠᠷ ᠤ᠋ᠨ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤ᠋ᠨ ᠡᠵᠡᠩᠨᠡᠯᠲᠡ ᠶ᠋ᠢ ᠳᠡᠰ ᠲᠠᠪᠰᠢᠬᠦᠯᠬᠦ᠂ ᠬᠦᠳᠡᠭᠡ ᠲᠤᠰᠬᠤᠨ ᠢ᠋ ᠬᠦᠭᠵᠢᠬᠦᠯᠦᠨ ᠮᠠᠨᠳᠤᠭᠤᠯᠵᠦ᠂ ᠠᠷᠠᠳ ᠲᠦᠮᠡᠨ ᠤ᠋ ᠣᠷᠣᠯᠭ᠎ᠠ ᠵᠢ ᠨᠡᠮᠡᠭᠳᠡᠭᠦᠯᠬᠦ ᠪᠦᠳᠦᠮᠵᠢᠳᠡᠢ ᠦᠢᠯᠡᠳᠦᠯᠭᠡ ᠶ᠋ᠢᠨ ᠲᠤᠷᠰᠢᠯᠭ᠎ᠠ ᠨᠢᠭᠤᠭᠳᠠᠵᠤ ᠪᠤᠢ᠃

ᠰᠢᠯᠢᠩᠬᠣᠲᠠ ᠪᠠᠢᠭᠠᠯᠢ ᠵᠢᠨ ᠡᠬᠢ ᠪᠠᠶᠠᠯᠢᠭ ᠲᠠᠭᠠᠨ ᠰᠠᠭᠤᠷᠢᠯᠠᠨ᠂ ᠲᠤᠬᠠᠢ ᠶ᠋ᠢᠨ ᠭᠠᠵᠠᠷ ᠤ᠋ᠨ ᠪᠠᠢᠳᠠᠯ ᠳ᠋ᠠᠭᠠᠨ ᠲᠣᠬᠢᠷᠠᠭᠤᠯᠵᠤ ᠪᠠᠢᠭᠠᠳ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤ᠋ᠨ ᠲᠥᠷᠥᠯ ᠵᠦᠢᠯ ᠢ᠋ ᠪᠠᠢᠭᠤᠯᠵᠤ᠂ ᠬᠠᠮᠲᠤ ᠶ᠋ᠢᠨ ᠠᠵᠤ ᠠᠬᠤᠢ ᠵᠢ ᠢᠳᠡᠪᠬᠢᠳᠠᠢ ᠬᠦᠭᠵᠢᠬᠦᠯᠵᠤ ᠪᠠᠢᠨ᠎ᠠ᠃ ᠰᠢᠯᠢᠩᠬᠤᠳᠠ ᠶ᠋ᠢᠨ ᠪᠤᠯᠠᠭᠠᠨ ᠰᠤᠮᠤ ᠶ᠋ᠢᠨ ᠰᠢᠷᠠᠲᠠᠯ᠎ᠠ ᠭᠠᠴᠠᠭᠠᠨ ᠤ᠋ ᠰᠢᠨ᠎ᠡ ᠪᠡᠷ ᠪᠠᠢᠭᠤᠯᠤᠭᠰᠠᠨ ᠲᠠᠯ᠎ᠠ ᠨᠤᠲᠤᠭ ᠤ᠋ᠨ ᠬᠡᠭᠡᠷ᠎ᠡ ᠪᠠᠭᠤᠳᠠᠯᠯᠠᠬᠤ ᠰᠠᠭᠤᠷᠢᠨ ᠨᠢ ᠰᠠᠭᠤᠷᠢ ᠲᠥᠬᠥᠭᠡᠷᠦᠮᠵᠢ ᠪᠠᠨ ᠪᠦᠬᠦ ᠲᠠᠯ᠎ᠠ ᠪᠠᠷ ᠰᠢᠯᠢᠳᠡᠭᠵᠢᠭᠦᠯᠦᠭᠰᠡᠨ ᠢ᠋ᠶ᠋ᠡᠷ ᠪᠠᠷᠠᠬᠤ ᠦᠭᠡᠢ ᠪᠠᠰᠠ 100 ᠭᠠᠷᠤᠢ ᠬᠥᠮᠦᠨ ᠤ᠋ ᠰᠡᠯᠡᠭᠦᠴᠡᠨ ᠵᠤᠭᠠᠯᠠᠬᠤ ᠤᠷᠤᠨ ᠵᠠᠢ ᠵᠢ ᠴᠤᠭᠴᠠᠯᠠᠪᠠ᠃ ᠡᠨᠡ ᠬᠦ᠌ ᠬᠡᠬᠡᠷ᠎ᠠ ᠪᠠᠭᠤᠳᠠᠯᠯᠠᠬᠤ ᠵᠢᠭᠤᠯᠴᠢᠯᠠᠯ ᠤ᠋ᠨ ᠭᠠᠵᠠᠷ ᠠᠰᠢᠭᠯᠠᠯᠳᠠ ᠳ᠋ᠤ ᠤᠷᠤᠭᠰᠠᠨ ᠠ᠋ᠴᠠ ᠨᠡᠭᠠᠰᠢ ᠡᠳᠡᠬᠡᠳ ᠭᠤᠶᠤ ᠪᠠᠢᠭᠠᠯᠢ ᠵᠢᠨ ᠦᠩᠬᠡ ᠦᠵᠡᠮᠵᠢ ᠪᠣᠯᠤᠨ ᠦᠪᠡᠷᠮᠢᠴᠡ ᠣᠨᠴᠠᠯᠢᠭᠲᠤ ᠲᠠᠯ᠎ᠠ ᠨᠤᠲᠤᠭ ᠤ᠋ᠨ ᠢᠳᠡᠭᠡᠨ ᠤᠮᠳᠠᠭᠠᠨ ᠨᠢ ᠵᠢᠭᠤᠯᠴᠢᠯᠠᠭᠰᠠᠳ ᠤ᠋ᠨ ᠠᠩᠠᠬᠷᠤᠯ ᠢ᠋ ᠶᠡᠬᠡᠳᠡ ᠳᠠᠳᠠᠵᠦ᠂ ᠭᠠᠷᠠᠭ ᠤ᠋ᠨ ᠴᠢᠯᠦᠬᠡ ᠪᠠ ᠵᠤᠨ ᠤ᠋ ᠠᠮᠠᠷᠠᠯᠲᠠ ᠶ᠋ᠢᠨ ᠬᠤᠭᠤᠴᠠᠭᠠᠨ ᠳ᠋ᠦ ᠵᠢᠭᠤᠯᠴᠢᠯᠠᠭᠰᠠᠳ ᠢᠯᠡᠷᠬᠡᠢ ᠨᠡᠮᠡᠭᠳᠡᠵᠡᠢ᠃︽ᠬᠡᠭᠡᠷ᠎ᠡ ᠬᠣᠨᠣᠭᠯᠠᠬᠤ ᠵᠢᠭᠤᠯᠴᠢᠯᠠᠭᠰᠠᠳ ᠠᠷᠪᠢᠨ᠂ ᠣᠯᠠᠩᠬᠢ ᠵᠢᠭᠤᠯᠴᠢᠯᠠᠭᠴᠢ ᠪᠦᠷ ᠭᠡᠷ ᠲᠦ᠍ ᠬᠦᠷᠴᠦ ᠰᠢᠬᠦᠰᠤ ᠵᠤᠭᠤᠭᠯᠠᠨ᠂ ᠰᠢᠨ᠎ᠡ ᠰᠣᠷᠭᠣᠭ ᠣᠨᠴᠠ ᠭᠠᠷᠤᠯᠲᠠ ᠵᠢ ᠬᠤᠳᠠᠯᠳᠤᠨ ᠠᠪᠴᠤ ᠪᠠᠢᠨ᠎ᠠ᠂ ᠡᠨᠡ ᠵᠢᠯ ᠤ᠋ᠨ ᠡᠵᠡᠩᠨᠡᠯᠲᠡ ᠶ᠋ᠢᠨ ᠪᠠᠢᠳᠠᠯ ᠮᠡᠳᠡᠭᠳᠡᠮ᠎ᠡ ᠰᠠᠢᠨ ᠪᠠᠢᠨ᠎ᠠ 》 ᠬᠡᠵᠦ ᠰᠢᠷᠠᠲᠠᠯ᠎ᠠ ᠭᠠᠴᠠᠭᠠᠨ ᠤ᠋ ᠮᠠᠯᠴᠢᠨ ᠣᠶᠤᠨ ᠪᠠᠶᠠᠷᠳᠠᠢ ᠬᠡᠯᠡᠨ᠎ᠠ᠃

ᠦᠪᠤᠷ ᠮᠤᠩᠭᠤᠯ ᠤ᠋ᠨ ᠬᠣᠲᠠ ᠶ᠋ᠢᠨ ᠣᠢᠷ᠎ᠠ ᠲᠡᠭᠦᠷᠭᠡ ᠡᠴᠡ ᠲᠠᠯ᠎ᠠ ᠨᠤᠲᠤᠭ ᠤ᠋ᠨ ᠬᠦᠨ ᠦᠷᠦᠴᠡ ᠬᠦᠷᠲᠡᠯ᠎ᠡ ᠬᠡᠬᠡᠷ᠎ᠠ ᠪᠠᠭᠤᠳᠠᠯᠯᠠᠬᠤ ᠵᠢᠭᠤᠯᠴᠢᠯᠠᠯ ᠤ᠋ᠨ ᠵᠦᠷᠢᠶᠡᠴᠢᠯᠡᠭᠰᠡᠨ ᠣᠨᠴᠠᠯᠢᠭᠳᠦ ᠡᠵᠡᠩᠨᠡᠯᠲᠡ ᠪᠤᠢ ᠪᠣᠯᠵᠤ᠂ ᠪᠦᠬᠦ ᠣᠷᠣᠨ ᠤ᠋ ᠪᠦᠬᠦ ᠣᠷᠣᠨ ᠪᠦᠰᠡ ᠶ᠋ᠢᠨ ᠰᠣᠶᠣᠯ ᠵᠢᠭᠤᠯᠴᠢᠯᠠᠯ ᠤ᠋ᠨ ᠬᠡᠷᠡᠭᠯᠡᠭᠡ ᠵᠢ ᠦᠷᠭᠦᠯᠵᠢᠯᠡᠨ ᠬᠦᠭᠵᠢᠬᠡᠵᠤ ᠪᠠᠢᠨ᠎ᠠ᠃ ᠬᠤᠯᠠ ᠤᠢᠷ᠎ᠠ ᠳ᠋ᠠᠭᠠᠨ ᠨᠡᠷᠡᠳᠡᠢ ᠰᠡᠷᠢᠭᠦᠨ ᠲᠠᠭᠠᠯᠠᠮᠵᠢᠲᠠᠢ ᠠᠭᠤᠷ ᠠᠮᠢᠰᠬᠤᠯ ᠳ᠋ᠦ ᠰᠠᠭᠤᠷᠢᠯᠠᠨ ᠪᠠᠢᠭᠤᠯᠤᠭᠰᠠᠨ ᠤᠯᠠᠭᠠᠨᠴᠠᠪ  ᠤ᠋ᠨ ᠭᠠᠯᠲᠤ ᠠᠭᠤᠯᠠ ᠶ᠋ᠢᠨ ᠲᠠᠯ᠎ᠠ ᠨᠤᠲᠤᠭ ᠤ᠋ᠨ ᠭᠡᠷᠳᠦ ᠲᠡᠷᠭᠡ ᠶ᠋ᠢᠨ ᠬᠡᠭᠡᠷ᠎ᠡ ᠪᠠᠭᠤᠳᠠᠯᠯᠠᠬᠤ ᠭᠠᠵᠠᠷ ᠨᠢ ᠲᠦᠷᠪᠡᠨ ᠵᠦᠭ ᠨᠠᠢ᠍ᠮᠠᠨ ᠵᠤᠪᠬᠢᠰ ᠤ᠋ᠨ ᠵᠢᠭᠤᠯᠴᠢᠯᠠᠭᠰᠠᠳ ᠤ᠋ᠨ ᠪᠠᠬ᠎ᠠ ᠵᠢ ᠳᠠᠳᠠᠵᠦ᠂ ᠢᠵᠢ ᠪᠦᠷᠢᠨ ᠡᠳ᠋ ᠪᠤᠳᠠᠰ ᠤ᠋ᠨ ᠬᠠᠩᠭᠠᠯᠭ᠎ᠠ ᠲᠠᠢ ᠪᠠᠢᠵᠤ᠂ ᠭᠠᠳᠠᠷ ᠣᠷᠣᠨ ᠤ᠋ ᠮᠠᠰᠢ ᠤᠯᠠᠨ ᠵᠢᠭᠤᠯᠴᠢᠯᠠᠭᠰᠠᠳ ᠡᠨᠳᠡᠬᠢ ᠵᠢᠨ ᠦᠶᠦᠭ ᠲᠠᠭᠠᠯᠠᠮᠵᠢᠲᠠᠢ ᠣᠷᠴᠢᠨ ᠨᠦᠬᠦᠴᠡᠯ ᠢ᠋ ᠨᠢ ᠵᠤᠷᠢᠵᠦ ᠵᠢᠭᠤᠯᠴᠢᠯᠠᠨ ᠰᠠᠭᠤᠷᠢᠰᠢᠬᠤ ᠪᠡᠷ ᠢᠷᠡᠵᠡᠬᠡᠨ᠎ᠠ᠃ ︽ᠡᠨᠳᠡᠬᠢ ᠠᠭᠤᠷ ᠠᠮᠢᠰᠬᠤᠯ ᠲᠠᠭᠠᠯᠠᠮᠵᠢᠲᠠᠢ᠂ ᠡᠳ᠋ ᠪᠤᠳᠠᠰ ᠤ᠋ᠨ ᠬᠠᠩᠭᠠᠯᠭ᠎ᠠ ᠪᠦᠷᠢᠨ᠂ ᠤᠷᠲᠤ ᠬᠤᠭᠤᠴᠠᠭ᠎ᠠ ᠪᠠᠷ ᠵᠤᠰᠠᠵᠦ ᠰᠡᠯᠡᠭᠦᠴᠡᠬᠦ ᠳ᠋ᠤ᠌ ᠲᠣᠬᠢᠷᠠᠮᠵᠢᠲᠠᠢ ᠶᠤᠮ᠂ ᠴᠢᠨᠠᠷ ᠰᠠᠢᠲᠠᠢ ᠦᠢᠯᠡᠴᠢᠯᠡᠬᠡ ᠨᠢ ᠨᠠᠳᠠ ᠳ᠋ᠦ ᠬᠦᠨ ᠰᠠᠭᠤᠭᠳᠠᠯ ᠦᠯᠡᠳᠡᠭᠡᠪᠡ ︾ ᠭᠡᠵᠦ ᠰᠢᠨᠵᠢᠶᠠᠩ ᠡᠴᠡ ᠢᠷᠡᠭᠰᠡᠨ ᠵᠢᠭᠤᠯᠴᠢᠯᠠᠭᠴᠢ ᠭᠧᠩ ᠬᠤᠸᠠ ᠱᠠᠨ ᠬᠡᠯᠡᠨ᠎ᠠ᠃ ᠬᠤᠯᠠ ᠭᠠᠵᠠᠷ ᠤ᠋ᠨ ᠵᠢᠭᠤᠯᠴᠢᠯᠠᠭᠰᠠᠳ ᠤᠯᠠᠰᠢᠷᠠᠭᠰᠠᠨ ᠡᠴᠡ ᠲᠤᠬᠠᠢ ᠶ᠋ᠢᠨ ᠭᠠᠵᠠᠷ ᠤ᠋ᠨ ᠢᠳᠡᠭᠡᠨ ᠤᠮᠳᠠᠭᠠᠨ᠂ ᠵᠢᠵᠢᠭᠯᠡᠨ ᠪᠣᠷᠣᠯᠠᠭᠤᠯᠬᠤ ᠵᠡᠷᠬᠡ ᠠᠮᠢᠳᠤᠷᠠᠯ ᠤ᠋ᠨ ᠦᠢᠯᠡᠴᠢᠯᠡᠭᠡᠨ ᠤ᠋ ᠠᠵᠤ ᠦᠢᠯᠡᠰ ᠢ᠋ ᠪᠦᠲᠦᠮᠵᠢᠲᠡᠢ ᠳᠠᠢᠴᠢᠯᠠᠨ ᠬᠥᠭᠵᠢᠭᠦᠯᠵᠠᠢ᠃

ᠦᠪᠤᠷ ᠮᠤᠩᠭᠤᠯ ᠤ᠋ᠨ ᠣᠢᠷ᠎ᠠ ᠲᠡᠭᠦᠷᠭᠡ ᠶ᠋ᠢᠨ ᠵᠢᠭᠤᠯᠴᠢᠯᠠᠯ᠂ ᠤᠬᠤᠷ ᠬᠤᠭᠤᠴᠠᠭᠠᠨ ᠤ᠋ ᠠᠮᠠᠷᠠᠯᠲᠠ ᠵᠢᠨ ᠵᠢᠭᠤᠯᠴᠢᠯᠠᠯ ᠨᠢ ᠪᠠᠰᠠ ᠬᠣᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠣᠨ ᠤ᠋ ᠰᠣᠶᠣᠯ ᠵᠢᠭᠤᠯᠴᠢᠯᠠᠯ ᠤ᠋ᠨ ᠬᠡᠷᠡᠭᠯᠡᠭᠡᠨ ᠤ᠋ ᠳᠠᠯᠳᠠ ᠬᠦᠴᠦᠨ ᠢ᠋ ᠬᠦᠭᠵᠢᠬᠡᠵᠤ ᠪᠠᠢᠨ᠎ᠠ᠃ ᠡᠨᠡ ᠵᠢᠯ ᠪᠤᠭᠤᠲᠤ ᠬᠣᠲᠠ ᠶ᠋ᠢᠨ ᠲᠦᠮᠡᠳ ᠪᠠᠷᠠᠭᠤᠨ ᠬᠣᠰᠢᠭᠤ ᠬᠡᠭᠡᠷ᠎ᠡ ᠪᠠᠭᠤᠳᠠᠯᠯᠠᠬᠤ ᠴᠡᠭ ᠤ᠋ᠨ ᠪᠠᠢᠷᠢᠰᠢᠯ ᠢ᠋ ᠤᠯᠠᠮ ᠰᠢᠯᠢᠳᠡᠭᠵᠢᠭᠦᠯᠵᠦ᠂ ᠣᠢᠷ᠎ᠠ ᠵᠠᠮ ᠤ᠋ᠨ ᠣᠬᠢ ᠰᠠᠢᠨ ᠠᠮᠠᠷᠠᠯᠲᠠ ᠶ᠋ᠢᠨ ᠵᠠᠮ ᠱᠤᠭᠤᠮ ᠭᠠᠷᠭᠠᠨ᠂ ᠬᠣᠲᠠ ᠶ᠋ᠢᠨ ᠠᠷᠠᠳ ᠤ᠋ᠨ ᠭᠠᠷᠠᠭ ᠤ᠋ᠨ ᠴᠢᠯᠦᠬᠡ ᠪᠡᠷ ᠵᠢᠭᠤᠯᠴᠢᠯᠠᠬᠤ ᠬᠡᠷᠡᠭᠴᠡᠬᠡ ᠱᠠᠭᠠᠷᠳᠠᠯᠭ᠎ᠠ ᠳ᠋ᠦ ᠵᠣᠬᠢᠴᠠᠭᠤᠯᠤᠨ᠂ ᠬᠥᠳᠡᠭᠡ ᠳ᠋ᠤ ᠢᠳᠡᠰᠢᠨ ᠨᠤᠭᠤᠭ᠎ᠠ ᠵᠢᠮᠢᠰ ᠲᠡᠭᠦᠬᠦ᠂ ᠲᠠᠷᠢᠶᠠᠴᠢᠨ ᠠᠢᠯ ᠤ᠋ᠨ ᠠᠮᠲᠠᠲᠤ ᠢᠳᠡᠭᠡᠨ᠂ ᠠᠭᠤᠯᠠ ᠲᠠᠯ᠎ᠠ ᠪᠠᠷ ᠲᠣᠭᠣᠷᠢᠨ ᠵᠢᠭᠤᠯᠴᠢᠯᠠᠬᠤ ᠣᠯᠠᠨ ᠡᠰᠢᠲᠦ ᠦᠢᠯᠡᠴᠢᠯᠡᠬᠡ ᠵᠢ ᠪᠦᠷᠢᠨᠰᠢᠬᠦᠯᠵᠦ᠂ ︽ᠭᠠᠭᠴᠠ ᠵᠢᠭᠤᠯᠴᠢᠯᠠᠯ ᠤ᠋ᠨ ᠦᠢᠯᠡᠰ ᠢ᠋ᠶ᠋ᠡᠷ ᠣᠯᠠᠨ ᠦᠢᠯᠡᠰ ᠢ᠋ ᠳᠠᠢᠴᠢᠯᠠᠬᠤ ︾ ᠦᠷᠨᠢᠯ ᠬᠥᠭᠵᠢᠯ ᠤ᠋ᠨ ᠪᠠᠢᠳᠠᠯ ᠢ᠋ ᠪᠣᠢ ᠪᠣᠯᠭᠠᠵᠠᠢ᠃ ᠪᠤᠭᠤᠲᠤ ᠬᠣᠲᠠ ᠶ᠋ᠢᠨ ᠰᠤᠶᠤᠯ ᠪᠠ ᠵᠢᠭᠤᠯᠴᠢᠯᠠᠯ ᠤ᠋ᠨ ᠲᠤᠪᠴᠢᠶ᠎ᠠ ᠵᠢᠨ ᠨᠡᠢᠳᠡᠯᠡᠭᠰᠡᠨ ᠲᠤᠭ᠎ᠠ ᠪᠠᠷᠢᠮᠳᠠ ᠵᠢ ᠦᠨᠳᠦᠰᠦᠯᠡᠪᠡᠯ᠂ ᠡᠨᠡ ᠵᠢᠯ ᠤ᠋ᠨ ᠲᠠᠪᠤᠨ ᠰᠠᠷ᠎ᠠ ᠶ᠋ᠢᠨ ᠨᠢᠭᠡᠨ ᠤ᠋ ᠠᠮᠠᠷᠠᠯᠲᠠ ᠳ᠋ᠦ ᠲᠤᠬᠠᠢ ᠶ᠋ᠢᠨ ᠭᠠᠵᠠᠷ ᠤ᠋ᠨ ᠬᠡᠭᠡᠷ᠎ᠡ ᠪᠠᠭᠤᠳᠠᠯᠯᠠᠬᠤ ᠰᠠᠭᠤᠷᠢᠨ ᠨᠢ 6000 ᠰᠢᠬᠠᠮ ᠵᠢᠭᠤᠯᠴᠢᠯᠠᠭᠴᠢ ᠵᠢ ᠬᠦᠯᠢᠶᠡᠨ ᠠᠪᠴᠤ᠂ ᠬᠥᠳᠡᠭᠡ ᠲᠣᠰᠬᠣᠨ ᠤ᠋ ᠰᠤᠯᠠ ᠳᠠᠯᠪᠢᠭᠳᠠᠵᠦ ᠪᠠᠢᠭᠰᠠᠨ ᠡᠬᠢ ᠪᠠᠶᠠᠯᠢᠭ ᠢ᠋ ᠪᠦᠲᠦᠮᠵᠢᠲᠡᠢ ᠠᠰᠢᠭᠯᠠᠵᠦ᠂ ᠰᠢᠶᠠᠨ ᠤ᠋ ᠬᠡᠪᠴᠢᠶᠡᠨ ᠤ᠋ ᠬᠡᠷᠡᠭᠯᠡᠭᠡᠨ ᠤ᠋ ᠵᠠᠬ᠎ᠠ ᠳᠡᠯᠭᠡᠭᠦᠷ ᠢ᠋ ᠪᠦᠳᠦᠮᠵᠢᠳᠠᠢ ᠬᠥᠭᠵᠢᠭᠡᠭᠰᠡᠨ ᠪᠠᠢᠨ᠎ᠠ᠃

ᠦᠪᠤᠷ ᠮᠤᠩᠭᠤᠯ ᠤ᠋ᠨ ᠣᠯᠠᠨ ᠭᠠᠵᠠᠷ ᠲᠦ᠍ ᠳᠡᠯᠭᠡᠷᠡᠭᠰᠡᠨ ᠰᠤᠶᠤᠯ ᠵᠢᠭᠤᠯᠴᠢᠯᠠᠯ ᠤ᠋ᠨ ᠰᠢᠨ᠎ᠡ ᠡᠵᠡᠩᠨᠡᠯᠳᠡ ᠨᠢ ᠰᠣᠶᠣᠯ ᠵᠢᠭᠤᠯᠴᠢᠯᠠᠯ ᠢ᠋ᠶ᠋ᠡᠷ ᠡᠳ᠋ ᠤ᠋ᠨ ᠵᠠᠰᠠᠭ ᠤ᠋ᠨ ᠨᠡᠮᠡᠭᠳᠡᠯ ᠢ᠋ ᠳᠠᠢᠴᠢᠯᠠᠬᠤ ᠴᠢᠬᠤᠯᠠ ᠬᠥᠳᠡᠯᠭᠡᠭᠦᠷ ᠪᠣᠯᠵᠠᠢ᠃ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠤ᠋ᠨ ᠬᠠᠮᠤᠭ ᠤ᠋ᠨ ᠰᠢᠨ᠎ᠡ ᠲᠣᠭ᠎ᠠ ᠪᠦᠷᠢᠳᠬᠡᠯ ᠢ᠋ ᠦᠨᠳᠦᠰᠦᠯᠡᠪᠡᠯ᠂ ᠡᠨᠡ ᠵᠢᠯ ᠤ᠋ᠨ ᠲᠠᠪᠤᠨ ᠰᠠᠷ᠎ᠠ ᠶ᠋ᠢᠨ ᠨᠢᠭᠡᠨ ᠤ᠋ ᠠᠮᠠᠷᠠᠯᠲᠠ ᠳ᠋ᠦ ᠪᠦᠬᠦ ᠣᠷᠣᠨ ᠵᠢᠡᠷ ᠵᠢᠡᠨ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭᠰᠠᠳ ᠢ᠋ ᠨᠡᠢᠲᠡ 1775.99 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠲᠠᠯ᠎ᠠ ᠨᠤᠲᠤᠭ ᠲᠤ᠌ ᠪᠠᠭᠤᠳᠠᠯᠯᠠᠬᠤ᠂ ᠣᠳᠣᠳᠦ ᠣᠭᠲᠠᠷᠭᠤᠢ ᠶ᠋ᠢᠨ ᠠᠶᠠᠯᠠᠯ ᠵᠡᠷᠬᠡ ᠨᠢ ᠵᠢᠭᠤᠯᠴᠢᠯᠠᠭᠰᠠᠳ ᠤ᠋ᠨ ᠬᠠᠯᠠᠮᠰᠢᠯ ᠰᠤᠩᠭᠤᠯᠳᠠ ᠪᠤᠯᠵᠠᠢ; 6 ᠰᠠᠷ᠎ᠠ ᠵᠢᠨ ᠰᠡᠬᠦᠯᠴᠢ ᠪᠤᠯᠬᠤ ᠳ᠋ᠤ ᠪᠦᠬᠦ ᠣᠷᠣᠨ ᠤ᠋ ᠪᠠᠷᠢᠮᠵᠢᠶᠠᠵᠢᠭᠤᠯᠤᠭᠰᠠᠨ ᠥᠪᠡᠷ ᠵᠢᠡᠨ ᠮᠠᠰᠢᠨ ᠪᠠᠷᠢᠵᠤ ᠬᠡᠭᠡᠷ᠎ᠡ ᠪᠠᠭᠤᠳᠠᠯᠯᠠᠬᠤ ᠭᠠᠵᠠᠷ 262 ᠪᠤᠯᠵᠦ ᠨᠡᠮᠡᠭᠳᠡᠨ᠂ ᠬᠡᠪᠴᠢᠶᠡᠵᠢᠭᠰᠡᠨ ᠵᠢᠷᠤᠮᠵᠢᠭᠰᠠᠨ ᠬᠥᠭᠵᠢᠯᠲᠡ ᠶ᠋ᠢᠨ ᠪᠠᠢᠷᠢᠰᠢᠯ ᠢ᠋ ᠦᠨᠳᠦᠰᠦᠨ ᠳ᠋ᠡᠭᠡᠨ ᠪᠦᠷᠢᠯᠳᠦᠬᠦᠯᠪᠡ᠃

ᠤᠳᠤ ᠥᠪᠥᠷ ᠮᠣᠩᠭᠣᠯ ᠤ᠋ᠨ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠨᠢ ᠨᠢᠬᠡᠨᠳᠡ ᠳᠠᠩ ᠭᠠᠭᠴᠠ ᠬᠡᠬᠡᠷ᠎ᠠ ᠬᠤᠭᠤᠯᠠᠯᠠᠵᠦ ᠬᠡᠬᠡᠷ᠎ᠠ ᠬᠣᠨᠣᠭᠯᠠᠬᠤ ᠡᠵᠡᠩᠨᠡᠯᠳᠡ ᠵᠢᠨ ᠵᠠᠭᠪᠤᠷ ᠠ᠋ᠴᠠ ᠰᠠᠯᠵᠦ᠂ ︽ᠬᠡᠭᠡᠷ᠎ᠡ ᠪᠠᠭᠤᠳᠠᠯᠯᠠᠬᠤ + ᠠᠷᠠᠳ ᠤ᠋ᠨ ᠵᠠᠩ ᠦᠢᠯᠡ᠂ ᠬᠡᠭᠡᠷ᠎ᠡ ᠪᠠᠭᠤᠳᠠᠯᠯᠠᠬᠤ + ᠰᠤᠳᠤᠯᠤᠨ ᠰᠤᠷᠤᠯᠴᠠᠬᠤ᠂ ᠬᠡᠭᠡᠷ᠎ᠡ ᠪᠠᠭᠤᠳᠠᠯᠯᠠᠬᠤ + ᠤᠷᠤᠯᠳᠤᠭᠠᠨ ︾ ᠵᠡᠷᠭᠡ ᠣᠯᠠᠨ ᠡᠰᠢᠲᠦ ᠠᠭᠤᠰᠤᠯᠴᠠᠯ ᠲᠡᠢᠰᠢ ᠠᠯᠬᠤᠮ ᠳᠠᠷᠠᠭ᠎ᠠ ᠲᠠᠢ᠂ ᠡᠮᠬᠢ ᠵᠢᠷᠤᠮ ᠲᠠᠢ ᠪᠡᠷ ᠳᠡᠰ ᠲᠠᠪᠰᠢᠵᠤ᠂ ᠲᠠᠯ᠎ᠠ ᠨᠤᠲᠤᠭ ᠤ᠋ᠨ ᠵᠠᠩ ᠦᠢᠯᠡ ᠶ᠋ᠢᠨ ᠡᠬᠢ ᠪᠠᠶᠠᠯᠢᠭ ᠢ᠋ ᠭᠦᠨᠵᠡᠬᠡᠢ ᠠᠭᠤᠳᠠᠯᠤᠨ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠣᠢᠯᠠᠭᠠᠬᠤ᠂ ᠲᠠᠯ᠎ᠠ ᠨᠤᠲᠤᠭ ᠤ᠋ᠨ ᠨᠠᠭᠠᠳᠤᠮ ᠳ᠋ᠤ ᠤᠷᠤᠯᠴᠠᠬᠤ᠂ ᠥᠪᠡᠷ ᠢ᠋ᠶ᠋ᠡᠨ ᠮᠠᠰᠢᠨ ᠪᠠᠷᠢᠵᠤ ᠬᠡᠭᠡᠷ᠎ᠡ ᠪᠠᠭᠤᠳᠠᠯᠯᠠᠬᠤ ᠬᠠᠮ ᠦᠵᠡᠮᠵᠢ ᠶ᠋ᠢᠨ ᠣᠷᠣᠨ ᠪᠣᠯᠵᠤ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠠᠮᠢᠵᠢᠷᠠᠯ ᠤ᠋ᠨ ᠬᠦᠴᠦᠨ ᠵᠢᠡᠷ ᠪᠢᠯᠬᠠᠨ᠎ᠠ᠃

《ᠳᠠᠷᠠᠭᠠᠴᠢ ᠪᠡᠷ ᠪᠢᠳᠡ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤ᠋ᠨ ᠰᠠᠭᠤᠷᠢ ᠲᠥᠬᠥᠭᠡᠷᠦᠮᠵᠢ ᠶ᠋ᠢᠨ ᠳᠤᠲᠠᠭᠳᠠᠯ ᠢ᠋ ᠦᠷᠭᠦᠯᠵᠢᠯᠡᠨ ᠨᠥᠬᠥᠪᠥᠷᠢᠯᠡᠵᠦ᠂ ᠰᠥᠨᠢ ᠶ᠋ᠢᠨ ᠬᠡᠷᠡᠭᠯᠡᠭᠡᠨ ᠤ᠋ ᠡᠵᠡᠩᠨᠡᠯᠲᠡ ᠶ᠋ᠢᠨ ᠪᠠᠢᠳᠠᠯ ᠢ᠋ ᠦᠷᠭᠦᠯᠵᠢᠯᠡᠨ ᠪᠠᠶᠠᠯᠢᠭᠵᠢᠭᠤᠯᠵᠤ᠂ ᠠᠵᠢᠯ ᠲᠥᠷᠥᠯ ᠤ᠋ᠨ ᠦᠢᠯᠡᠴᠢᠯᠡᠭᠡᠨ ᠤ᠋ ᠪᠠᠷᠢᠮᠵᠢᠶ᠎ᠠ ᠵᠢ ᠳᠦᠷᠢᠮᠵᠢᠭᠦᠯᠤᠨ᠂ 〈 ᠬᠡᠭᠡᠷ᠎ᠡ ᠪᠠᠭᠤᠳᠠᠯᠯᠠᠬᠤ +〉 ᠵᠢᠨ ᠳᠠᠢᠴᠢᠯᠠᠬᠤ ᠦᠢᠯᠡᠳᠦᠯ ᠢ᠋ ᠦᠷᠬᠡᠳᠬᠡᠵᠤ᠂ ᠠᠮᠢ ᠠᠬᠤᠢ ᠶ᠋ᠢᠨ ᠡᠬᠢ ᠪᠠᠶᠠᠯᠢᠭ ᠢ᠋ ᠠᠵᠤ ᠦᠢᠯᠡᠰ ᠤ᠋ᠨ ᠳᠠᠪᠠᠭᠤᠯᠢᠭ ᠪᠣᠯᠭᠠᠨ ᠬᠤᠪᠢᠷᠠᠭᠤᠯᠵᠤ᠂ ᠰᠣᠶᠣᠯ ᠵᠢᠭᠤᠯᠴᠢᠯᠠᠯ ᠤ᠋ᠨ ᠴᠢᠨᠠᠷ ᠰᠠᠢᠲᠠᠢ ᠬᠥᠭᠵᠢᠯᠲᠡ ᠳ᠋ᠤ ᠲᠠᠭᠠᠭᠠᠮᠠᠭᠠᠢ ᠬᠦᠴᠦᠨ ᠣᠯᠭᠣᠨ᠎ᠠ 》 ᠭᠡᠵᠦ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ  ᠤ᠋ᠨ ᠬᠠᠷᠢᠭᠤᠴᠠᠯᠭᠠᠳᠠᠨ ᠬᠡᠯᠡᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号