ᠰᠤᠷᠪᠤᠯᠵᠢᠯᠠᠬᠴᠢ ᠤᠢᠷ᠎ᠠ ᠳ᠋ᠤ ᠬᠥᠬᠡᠡᠡᠣᠲᠠ ᠶᠢᠨ ᠴᠡᠷᠢᠭ ᠦᠨ ᠠᠯᠪᠠ᠎ᠡᠴᠡ ᠬᠠᠯᠠᠭᠳᠠᠭᠰᠠᠳ ᠤᠨ ᠶᠠᠪᠤᠳᠠᠯ᠎ᠤᠨ ᠲᠣᠪᠴᠢᠶ᠎ᠠ᠂ ᠬᠥᠬᠡᠡᠡᠣᠲᠠ᠎ᠶᠢᠨ ᠰᠡᠷᠭᠡᠢᠯᠡᠯᠲᠡ᠎ᠶᠢᠨ ᠲᠣᠭᠣᠷᠢᠭ᠋ ᠤᠨ ᠤᠯᠤᠰ ᠲᠥᠷᠥ᠎ᠶᠢᠨ ᠠᠵᠢᠯ᠎ᠤᠨ ᠭᠠᠵᠠᠷ᠂ ᠬᠥᠬᠡᠡᠡᠣᠲᠠ᠎ᠶᠢᠨ ᠨᠠᠮ᠎ᠤᠨ ᠬᠣᠷᠢᠶ᠎ᠠ ᠵᠢᠨ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ ᠪᠠ ᠬᠣᠶᠠᠷ᠎ᠢ ᠬᠦᠷᠢᠶᠡᠯᠡᠬᠦ ᠠᠵᠢᠯ᠎ᠤᠨ ᠤᠳᠤᠷᠢᠳᠬᠤ ᠳᠤᠭᠤᠢᠯᠠᠩ᠎ᠤᠨ ᠠᠯᠪᠠᠨ ᠭᠡᠷ ᠬᠠᠮᠳᠤᠷᠠᠨ ᠬᠥᠬᠡᠡᠡᠣᠲᠠ᠎ᠳᠤ 《ᠴᠡᠷᠢᠭ ᠠᠷᠠᠳ ᠰᠡᠳᠬᠢᠯ ᠨᠢᠭᠡᠳᠦᠨ ᠤᠮᠠᠷᠠᠲᠤ ᠬᠢᠯᠢ ᠶᠢ ᠬᠠᠮᠲᠤ ᠪᠠᠷ ᠪᠦᠲᠦᠭᠡᠨ ᠪᠠᠶ᠋ᠢᠭᠤᠯᠬᠤ》 ᠴᠡᠷᠢᠭ ᠪᠠᠢᠭᠤᠯᠤᠭᠳᠠᠭᠰᠠᠨ ᠪᠠᠶᠠᠷ᠎ᠤᠨ ᠲᠣᠬᠣᠨᠢᠭᠤᠯᠬᠤ ᠲᠣᠭᠯᠠᠯᠲᠠ ᠭᠠᠷᠭᠠᠪᠠ᠃
ᠲᠣᠭᠯᠠᠭ᠍ᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠ ᠭᠣᠢᠳᠠ ᠰᠠᠢᠬᠠᠨ ᠤᠷ᠎ᠠ ᠮᠡᠷᠭᠡᠵᠢᠯ᠎ᠢᠶᠡᠷ᠎ᠢᠶᠡᠨ ᠦᠨᠳᠦᠰᠦᠲᠡᠨ᠎ᠦ ᠣᠨᠴᠠᠯᠢᠭ᠋ ᠪᠠ ᠴᠡᠷᠢᠭ ᠢ ᠬᠦᠴᠦᠷᠬᠡᠭᠵᠢᠭᠦᠯᠬᠦ ᠬᠥᠭ ᠠᠶᠠᠰ᠎ᠢᠶᠠᠷ ᠪᠢᠯᠬᠠᠮ᠎ᠠ ᠲᠣᠭᠯᠠᠯᠲᠠᠭᠠᠷᠭᠠᠵᠦ᠂ ᠤᠮᠠᠷᠠᠲᠤ ᠬᠢᠯᠢ ᠶᠢ ᠰᠠᠬᠢᠨ ᠬᠠᠮᠠᠭᠠᠯᠠᠵᠤ ᠪᠠᠢᠭ᠎ᠠ ᠳᠠᠷᠤᠭ᠎ᠠ ᠪᠠᠢᠯᠳᠤᠭ᠍ᠴᠢᠳ᠎ᠲᠤ ᠰᠣᠶᠣᠯ ᠤᠨ ᠦᠪᠡᠳᠡᠭᠰᠢ ᠨᠠᠢᠷ ᠬᠦᠷᠭᠡᠪᠡ᠃ ᠲᠣᠭᠯᠠᠯᠲᠠ ᠨᠢ 《ᠥᠯᠵᠡᠢᠲᠦ ᠥᠪᠥᠷ ᠮᠣᠩᠭᠣᠯ 》 ᠭᠡᠬᠦ ᠪᠥᠵᠢᠭ᠎ᠢᠶᠡᠷ ᠬᠥᠰᠢᠭᠡ᠎ᠪᠡᠨ ᠰᠡᠬᠦᠵᠦ᠂ ᠲᠠᠯ᠎ᠠ ᠨᠤᠲᠤᠭ ᠤᠨ ᠠᠷᠠᠳ ᠲᠦᠮᠡᠨ᠎ᠦ ᠲᠠᠷᠤᠭ᠎ᠠ ᠪᠠᠢᠯᠳᠤᠬᠴᠢᠳ ᠲᠤ᠌ ᠬᠦᠷᠭᠡᠭᠰᠡᠨ ᠭᠦᠨ ᠵᠤᠵᠠᠭᠠᠨ ᠬᠦᠰᠡᠯ ᠵᠥᠩᠨᠡᠯ ᠢ ᠳᠠᠮᠵᠢᠭᠤᠯᠪᠠ; 《ᠲᠦᠮᠡᠨ ᠠᠭᠲᠠ᠎ᠶᠢᠨ ᠲᠦᠪᠡᠷᠭᠡᠨ》 ᠤ᠋ ᠰᠦᠷ ᠳᠠᠯᠠᠢᠴᠠᠲᠠᠢ ᠬᠦᠭ ᠠᠶᠠᠰ ᠨᠢ ᠤᠮᠠᠷᠠᠲᠤ ᠬᠢᠯᠢ᠎ᠶᠢᠨ ᠬᠥᠪᠡᠭᠦᠳ ᠥᠬᠢᠳ᠎ᠦᠨ ᠡᠷᠡᠮᠡᠬᠡᠢᠯᠡᠨ ᠤᠷᠤᠭᠰᠢᠯᠠᠬᠤ ᠬᠦᠴᠦᠨ ᠴᠢᠳᠠᠯ ᠢ ᠨᠢᠬᠳᠠᠷᠠᠭᠤᠯᠪᠠ; ᠳᠠᠭᠤᠤ 《 ᠤᠯᠠᠭᠠᠨ ᠲᠤᠭ ᠤ᠋ᠨ ᠨᠠᠮᠢᠷᠠᠭ᠎ᠠ》 ᠨᠢ ᠡᠬᠡ ᠤᠯᠤᠰ ᠵᠢᠡᠨ ᠬᠠᠢᠷᠠᠯᠠᠬᠤ ᠴᠢᠩ ᠦᠨᠡᠨᠴᠢ ᠰᠡᠳᠬᠢᠯᠭᠡ᠎ᠶᠢ ᠢᠯᠡᠳᠬᠡᠵᠦ᠂ ᠳᠠᠷᠤᠭ᠎ᠠ ᠪᠠᠢᠯᠳᠤᠭ᠍ᠴᠢᠳ᠎ᠤᠨ ᠬᠠᠯᠠᠭᠤᠨ ᠬᠦᠷᠢᠶᠡᠯᠡᠯ ᠢ᠋ ᠤᠯᠵᠠᠢ ᠁ ᠤᠯᠠᠨ ᠰᠠᠢᠬᠠᠨ ᠲᠤᠬᠯᠠᠯᠳᠠ ᠨᠢ ᠰᠢᠨ᠎ᠡ ᠴᠠᠭ ᠦᠶ᠎ᠡ᠎ᠶᠢᠨ ᠴᠡᠷᠢᠭ ᠬᠥᠮᠥᠨ᠎ᠦ ᠨᠠᠮ᠎ᠤᠨ ᠵᠢᠯᠣᠭᠣᠳᠤᠯᠭ᠎ᠠ᠎ᠶᠢ ᠳᠠᠭᠠᠬᠤ᠂ ᠵᠣᠷᠢᠭ᠍ᠲᠠᠢ ᠪᠠᠢᠯᠳᠤᠵᠦ ᠵᠠᠪᠠᠯ ᠢᠯᠠᠬᠤ ᠣᠮᠣᠭ ᠵᠣᠷᠢᠭ᠋᠎ᠢ ᠠᠮᠢᠳᠤᠯᠢᠭ᠋᠎ᠢᠶᠠᠷ ᠲᠠᠢᠯᠪᠤᠷᠢᠯᠠᠪᠠ᠃
ᠳᠠᠷᠤᠭ᠎ᠠ ᠪᠠᠢᠯᠳᠤᠭ᠍ᠴᠢᠳ᠂ ᠨᠠᠮ ᠵᠠᠰᠠᠭ ᠤ᠋ᠨ ᠬᠠᠢᠷ᠎ᠠ ᠬᠠᠯᠠᠮᠵᠢ ᠪᠠ ᠵᠣᠷᠢᠭ᠍ᠵᠢᠭᠤᠯᠤᠯ ᠢ ᠤᠮᠠᠷᠠᠲᠤ ᠬᠢᠯᠢ᠎ᠶᠢ ᠰᠠᠬᠢᠨ ᠬᠠᠮᠠᠭᠠᠯᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠴᠡᠷᠢᠭ᠎ᠢ ᠬᠦᠴᠦᠷᠬᠡᠭᠵᠢᠭᠦᠯᠬᠦ ᠦᠢᠯᠡᠳᠦᠯᠭᠡ᠎ᠳᠦ ᠣᠮᠣᠭ ᠲᠡᠭᠦᠯᠳᠡᠷ᠎ᠢᠶᠡᠷ ᠣᠷᠣᠯᠴᠠᠵᠤ᠂ ᠰᠠᠭᠤᠭ᠎ᠠ ᠭᠠᠵᠠᠷ᠎ᠤᠨ ᠠᠷᠠᠳ ᠲᠦᠮᠡᠨ᠎ᠲᠠᠢ ᠭᠠᠷ ᠬᠣᠯᠪᠣᠨ᠂ ᠰᠢᠨ᠎ᠡ ᠴᠠᠭ ᠦᠶ᠎ᠡ᠎ᠶᠢᠨ ᠬᠣᠶᠠᠷ᠎ᠢ ᠬᠦᠷᠢᠶᠡᠯᠡᠵᠦ ᠬᠠᠮᠲᠤ᠎ᠪᠠᠷ ᠪᠠᠶ᠋ᠢᠭᠤᠯᠬᠤ ᠰᠠᠢᠨ ᠰᠠᠢᠬᠠᠨ ᠪᠠᠢᠳᠠᠯ᠎ᠢ ᠲᠠᠰᠤᠷᠠᠯᠲᠠ ᠦᠭᠡᠢ ᠪᠡᠬᠢᠵᠢᠭᠦᠯᠵᠦ᠂ ᠡᠬᠡ ᠤᠯᠤᠰ᠎ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠲᠤ ᠴᠣᠭᠴᠠᠯᠠᠬᠤ᠎ᠳᠤ ᠨᠡᠩ ᠶᠡᠬᠡ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃