ᠦᠪᠤᠷ ᠮᠤᠨᠭᠭᠤᠯ 2311 ᠲᠦᠮᠡ ᠭᠠᠷᠤᠢ ᠲᠥᠭᠥᠷᠢᠭ᠎ᠦᠨ ᠪᠡᠯᠡ ᠮᠦᠨᠭᠬᠦ ᠎ᠵᠢ ᠨᠠᠢᠳᠠᠪᠤᠷᠢᠵᠢᠭᠤᠯᠵᠤ ᠦᠪᠡᠳᠡᠭᠰᠢ ᠴᠤᠭᠯᠠᠭᠠᠨ ᠳ᠋ᠤ᠌ ᠡᠳ᠋ ᠤ᠋ᠨ ᠵᠠᠰᠠᠭ ᠤ᠋ᠨ ᠪᠠᠳᠤᠯᠠᠭ᠎ᠠ ᠬᠠᠨᠭᠭᠠᠪᠠ
2026-08-13 09:41:09
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠡᠴᠡ 《ᠨᠢᠭᠡᠳᠦᠯᠲᠡᠶ ᠲᠥᠯᠥᠪᠵᠢᠭᠦᠯᠬᠦ᠌᠂ ᠭᠤᠤᠯᠳᠠᠯᠭ᠎ᠠ᠎ᠶᠢ ᠳᠣᠪᠣᠶ᠋ᠢᠯᠭᠠᠬᠤ᠂ ᠠᠵᠢᠯ᠎ᠤᠨ ᠠᠮᠵᠢᠯᠲᠠ ᠪᠦᠲᠦᠮᠵᠢ᠎ᠶᠢ ᠴᠢᠬᠤᠯᠠᠴᠢᠯᠠᠬᠤ》 ᠵᠠᠷᠴᠢᠮ᠎ᠢ ᠪᠠᠷᠢᠮᠲᠠᠯᠠᠵᠤ᠂ 2311.6 ᠲᠦᠮᠡᠨ ᠲᠥᠭᠥᠷᠢᠭ᠎ᠦᠨ ᠲᠤᠰᠬᠠᠢ ᠪᠡᠯᠡ ᠮᠦᠨᠭᠬᠦ ᠢ᠋ᠢ ᠨᠠᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ᠋ ᠠᠷᠪᠡᠨ ᠵᠢᠷᠭᠤᠳᠤᠭᠠᠷ ᠬᠤᠭᠤᠴᠠᠭᠠᠨ ᠤ᠋ ᠪᠡᠶ᠎ᠡ ᠢ᠋ᠢᠨ ᠲᠠᠮᠢᠷ ᠤ᠋ᠨ ᠴᠤᠭᠯᠠᠭᠠᠨ ᠳ᠋ᠤ᠌ ᠡᠳ᠋ ᠤ᠋ᠨ ᠵᠠᠰᠠᠭ ᠤ᠋ᠨ ᠪᠠᠳᠤᠯᠠᠭ᠎ᠠ ᠬᠠᠨᠭᠭᠠᠪᠠ᠃

ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ ᠪᠡᠶ᠎ᠡ᠎ᠶᠢᠨ ᠲᠠᠮᠢᠷ᠎ᠤᠨ ᠱᠠᠩᠨᠠᠯᠲᠤ᠌ ᠰᠤᠭᠤᠯᠤᠭ᠎ᠠ᠎ᠶᠢᠨ ᠨᠡᠶ᠋ᠢᠲᠡ᠎ᠶᠢᠨ ᠠᠰᠠᠷᠠᠮᠵᠢ᠎ᠶᠢᠨ 2000 ᠲᠦᠮᠡᠨ ᠲᠥᠭᠥᠷᠢᠭ ᠤ᠋ᠨ ᠪᠡᠯᠡ ᠮᠥᠩᠭᠥ᠎ᠶᠢ ᠪᠤᠭᠤᠳᠤ ᠬᠤᠳᠠ ᠳ᠋ᠤ᠌ ᠪᠠᠭᠤᠯᠭᠠᠵᠤ᠂ ᠤᠷᠤᠯᠳᠤᠭᠠᠨ᠎ᠤ ᠪᠡᠯᠡᠳᠬᠡᠯ ᠠᠵᠢᠯ ᠪᠠ ᠵᠣᠬᠢᠶᠠᠨ ᠪᠠᠶ᠋ᠢᠭᠤᠯᠤᠯᠲᠠ᠎ᠳᠤ ᠲᠤᠰᠬᠠᠶ ᠬᠡᠷᠡᠭᠯᠡᠪᠡ᠃ ᠪᠠᠯᠠ ᠮᠥᠩᠭᠥ᠎ᠶᠢ ᠤᠷᠤᠯᠳᠤᠭᠠᠨ᠎ᠤ ᠲᠠᠯᠠᠪᠤᠷ ᠣᠷᠳᠣᠨ᠎ᠢ ᠰᠠᠯᠪᠢᠨ ᠵᠠᠰᠠᠵᠤ ᠦᠬᠡᠷᠡᠴᠢᠯᠡᠬᠦ᠂ ᠤᠷᠤᠯᠳᠤᠭᠠᠨ ᠤ᠋ ᠠᠵᠢᠯᠯᠠᠭ᠎ᠠ ᠵᠢᠴᠢ ᠲᠠᠮᠢᠷᠴᠢᠳ᠎ᠤᠨ ᠪᠣᠯᠪᠠᠰᠤᠷᠠᠯ᠎ᠤᠨ ᠪᠠᠲᠤᠯᠠᠭ᠎ᠠ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠳᠤ ᠭᠤᠤᠯᠳᠠᠯᠭ᠎ᠠ᠎ᠲᠠᠶ ᠵᠠᠷᠤᠴᠠᠭᠤᠯᠪᠠ᠃ ᠡᠳ᠋᠎ᠦᠨ ᠵᠠᠰᠠᠭ᠎ᠤᠨ ᠪᠠᠯᠠ ᠮᠥᠩᠭᠥ᠎ᠶᠢᠨ ᠬᠥᠰᠢᠭᠦᠷᠭᠡ  ᠳᠤᠤᠷ᠎ᠠ᠂ ᠪᠤᠭᠤᠲᠤ᠌ ᠬᠣᠲᠠ ᠨᠢᠭᠡᠨᠲᠡ 2500 ᠲᠦᠮᠡᠨ ᠲᠥᠭᠥᠷᠢᠭ ᠢ᠋ ᠨᠢᠭᠡᠳᠦᠯᠲᠡᠶ ᠲᠦᠯᠦᠪᠵᠢᠬᠦᠯᠦᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠲᠥᠪ᠂ ᠪᠡᠶ᠎ᠡ᠎ᠶᠢᠨ ᠲᠠᠮᠢᠷ᠎ᠤᠨ ᠲᠥᠪ᠎ᠦᠨ ᠰᠠᠭᠤᠷᠢ ᠲᠦᠬᠦᠬᠡᠷᠤᠮᠵᠢ᠎ᠶᠢ ᠲᠠᠰ ᠲᠡᠪᠰᠢᠬᠦᠯᠬᠦ ᠳ᠋ᠤ᠌ ᠬᠡᠷᠡᠭᠯᠡᠪᠡ᠃ ᠣᠳᠣᠬᠠᠨ᠎ᠳᠤ᠂ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠲᠥᠪ᠎ᠦᠨ ᠲᠠᠯᠠᠪᠤᠷ ᠣᠷᠳᠣᠨ᠎ᠢ ᠰᠡᠯᠪᠢᠨ ᠵᠠᠰᠠᠬᠤ ᠵᠢᠴᠢ ᠲᠥᠬᠥᠭᠡᠷᠦᠮᠵᠢ᠎ᠶᠢ ᠰᠢᠨᠡᠳᠬᠡᠬᠦ᠌ ᠠᠵᠢᠯ ᠪᠦᠬᠦᠨ᠎ᠢᠶᠡᠷ᠎ᠢᠶᠡᠨ ᠳᠠᠭᠤᠰᠴᠤ᠌᠂ ᠪᠡᠶ᠎ᠡ᠎ᠶᠢᠨ ᠲᠠᠮᠢᠷ᠎ᠤᠨ ᠲᠠᠯᠠᠪᠤᠷ᠎ᠤᠨ ᠭᠦᠶᠦᠯᠲᠡ᠎ᠶᠢᠨ ᠵᠠᠮ᠎ᠨᠢ ᠳᠤᠮᠳᠠᠳᠤ ᠤᠯᠤᠰ᠎ᠤᠨ ᠬᠦᠨᠳᠦ ᠬᠥᠩᠭᠡᠨ ᠪᠡᠶ᠎ᠡ ᠢ᠋ᠢᠨ ᠲᠠᠮᠢᠷ᠎ᠤᠨ ᠨᠡᠶ᠋ᠢᠭᠡᠮᠯᠢᠭ᠎ᠦᠨ ᠨᠢᠭᠡᠳᠦᠭᠡᠷ ᠲᠥᠷᠥᠯ᠎ᠦᠨ ᠲᠠᠯᠠᠪᠤᠷ ᠭᠠᠵᠠᠷ᠎ᠤᠨ ᠭᠡᠷᠡᠴᠢᠯᠡᠯ᠎ᠢ ᠥᠩᠭᠡᠷᠡᠭᠡᠵᠦ᠍᠂ ᠲᠠᠮᠢᠷᠴᠢᠳ᠎ᠲᠤ᠌ ᠲᠡᠷᠢᠭᠦᠨ ᠵᠡᠷᠭᠡ᠎ᠶᠢᠨ ᠤᠷᠤᠯᠳᠤᠭᠠᠨ᠎ᠤ ᠲᠠᠪᠴᠠᠩ᠎ᠢ ᠪᠠᠶ᠋ᠢᠭᠤᠯᠵᠤ ᠥᠭᠴᠡᠶ᠃

ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ ᠪᠤᠯᠤᠨ ᠥᠪᠥᠷ ᠮᠣᠩᠭᠣᠯ᠎ᠤᠨ ᠷᠠᠳᠢᠣ᠋ ᠲᠧᠯᠸᠢᠰ᠎ᠤᠨ ᠬᠣᠷᠢᠶ᠎ᠠ ᠳ᠋ᠤ᠌ 311.6 ᠲᠦᠮᠡᠨ ᠲᠥᠭᠥᠷᠢᠭ ᠪᠠᠭᠤᠯᠭᠠᠵᠤ᠂ ᠲᠧᠯᠸᠢᠰ ᠰᠢᠭᠤᠳ ᠨᠡᠪᠲᠡᠷᠡᠭᠦᠯᠭᠡ᠂ ᠤᠬᠠᠭᠤᠯᠭ᠎ᠠ᠎ᠶᠢᠨ ᠹᠢᠯᠢᠮ ᠤᠢᠯᠡᠳᠬᠦ ᠵᠡᠷᠭᠡ ᠤᠬᠠᠭᠤᠯᠭ᠎ᠠ᠎ᠶᠢᠨ ᠠᠵᠢᠯ᠎ᠢ ᠳᠡᠮᠵᠢᠪᠡ᠃ ᠡᠳ᠋ ᠤ᠋ᠨ ᠵᠠᠰᠠᠭ ᠤ᠋ᠨ ᠲᠡᠮᠵᠢᠯᠬᠡ ᠢ᠋ᠢᠨ ᠡᠷᠴᠢᠮ ᠢ᠋ᠢᠡᠷ ᠥᠪᠥᠷ ᠮᠣᠩᠭᠣᠯ᠎ᠤᠨ ᠥᠯᠢᠭᠡᠷ᠂ ᠪᠡᠶ᠎ᠡ᠎ᠶᠢᠨ ᠲᠠᠮᠢᠷ᠎ᠤᠨ ᠵᠣᠷᠢᠭ ᠰᠠᠨᠠᠭ᠎ᠠ᠎ᠶᠢ ᠤᠯᠠᠨ ᠲᠦᠮᠡᠨ ᠳ᠋ᠤ᠌ ᠲᠠᠮᠵᠢᠭᠤᠯᠵᠤ᠂ ᠦᠪᠡᠷᠳᠡᠬᠡᠨ ᠵᠠᠰᠠᠬᠤ ᠤᠷᠤᠨ ᠤ᠋ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ ᠳ᠋ᠤ ᠭᠦᠨ ᠵᠤᠵᠠᠭᠠᠨ ᠶᠠᠷᠢᠶ᠎ᠠ ᠬᠡᠯᠡᠯᠴᠡᠭᠡᠨ᠎ᠦ ᠠᠭᠤᠷ ᠠᠮᠢᠰᠬᠤᠯ᠎ᠢ ᠪᠦᠷᠢᠯᠳᠦᠬᠦᠯᠦᠨ ᠦᠭᠪᠡ᠃

ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠪᠤᠭᠤᠲᠤ᠌ ᠬᠣᠲᠠ᠎ᠶᠢᠨ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠢ ᠪᠠᠯᠠ ᠮᠥᠩᠭᠥ᠎ᠶᠢᠨ ᠬᠠᠮᠢᠶᠠᠷᠤᠯᠲᠠ᠎ᠪᠠᠨ ᠴᠢᠩᠭᠠᠳᠬᠠᠵᠤ᠂ ᠲᠤᠰᠬᠠᠶ ᠪᠡᠯᠡ ᠮᠦᠨᠭᠬᠦ ᠢ᠋ᠢ ᠲᠤᠰᠬᠠᠶ ᠵᠦᠢᠯ᠎ᠳ᠋ᠤ᠌ ᠬᠡᠷᠡᠭᠯᠡᠬᠦ᠌᠎ᠶᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ᠍ ᠱᠠᠭᠠᠷᠳᠠᠪᠠ᠃ ᠪᠤᠭᠤᠲᠤ᠌ ᠬᠣᠲᠠ᠎ᠶᠢᠨ ᠡᠳ᠋᠎ᠦᠨ ᠵᠠᠰᠠᠭ᠎ᠤᠨ ᠲᠣᠪᠴᠢᠶ᠎ᠠ ᠪᠠᠯᠠ ᠮᠥᠩᠭᠥ᠎ᠶᠢᠨ ᠬᠠᠮᠢᠶᠠᠷᠤᠯᠲᠠ᠎ᠶᠢᠨ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠪᠠᠯᠠ ᠮᠥᠩᠭᠥ᠎ᠶᠢᠨ ᠬᠠᠮᠢᠶᠠᠷᠤᠯᠲᠠ᠎ᠶᠢᠨ ᠠᠵᠢᠯ᠎ᠤᠨ ᠲᠥᠰᠦᠯ᠎ᠢ ᠨᠡᠶ᠋ᠢᠲᠡᠯᠡᠵᠦ᠍᠂ ᠡᠷᠬᠡ ᠬᠠᠷᠢᠭᠤᠴᠠᠯᠭ᠎ᠠ ᠲᠣᠳᠣᠷᠬᠠᠶ᠂ ᠡᠷᠭᠢᠯᠲᠡ᠎ᠤᠷᠤᠭᠰᠢᠲᠠᠶ᠂ ᠰᠠᠢᠳᠤᠷ ᠬᠠᠮᠵᠢᠯᠴᠠᠨ ᠥᠨᠳᠥᠷ ᠪᠦᠲᠦᠮᠵᠢᠲᠡᠶ ᠪᠠᠶ᠋ᠢᠬᠤ ᠪᠢᠳᠡᠬᠦᠮᠵᠢᠯᠡᠭᠰᠡᠨ ᠬᠠᠮᠢᠶᠠᠷᠤᠯᠲᠠ᠎ᠶᠢᠨ ᠰᠢᠰᠲ᠋ᠧᠮ᠎ᠢ᠋ ᠪᠠᠶ᠋ᠢᠭᠤᠯᠪᠠ᠃ ᠪᠤᠭᠤᠲᠤ᠌ ᠬᠣᠲᠠ 《ᠲᠥᠰᠦᠪ ᠲᠣᠭᠲᠠᠭᠠᠬᠤ᠂ ᠬᠥᠮᠥᠷᠭᠡ᠎ᠳᠦ ᠣᠷᠣᠭᠤᠯᠬᠤ᠂ ᠰᠠᠯᠭᠠᠨ ᠥᠭᠬᠦ᠌》 ᠭᠤᠤᠯ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠣᠨᠴᠠᠭᠠᠶ ᠤᠴᠢᠷ᠎ᠢ ᠣᠨᠴᠠᠭᠠᠶ᠎ᠪᠠᠷ ᠰᠢᠢᠳᠪᠦᠷᠢᠯᠡᠬᠦ᠌᠂ ᠳᠠᠷᠤᠶ ᠬᠢᠨᠠᠨ ᠵᠥᠪᠰᠢᠶᠡᠷᠡᠬᠦ᠌》᠎ᠢ᠋ᠢ ᠴᠢᠩᠭ᠎ᠠ ᠬᠡᠷᠡᠭᠵᠢᠭᠦᠯᠵᠦ᠍᠂ ᠲᠣᠭᠲᠠᠭᠠᠯ᠎ᠳᠤ ᠨᠡᠶ᠋ᠢᠴᠡᠬᠦ᠌ ᠲᠥᠷᠥᠯ ᠵᠦᠢᠯ᠎ᠳᠦ ᠴᠠᠭ ᠲᠤᠬᠠᠶ᠎ᠳᠤᠨᠢ ᠪᠡᠯᠡ ᠮᠦᠨᠭᠬᠦ ᠰᠠᠯᠭᠠᠨ ᠥᠭᠬᠦ᠌᠎ᠶᠢ ᠬᠡᠷᠡᠭᠵᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号