《ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ ᠬᠤᠨᠳᠠᠭᠠᠲᠤ》 ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠤᠷᠤᠯᠳᠤᠭᠠᠨ ᠶᠠᠪᠤᠭᠳᠠᠯ᠎ᠠ
2026-08-13 09:50:47
ᠵᠣᠬᠢᠶᠠᠭ᠍ᠴᠢ᠄
ᠴᠸᠨ ᠨᠠᠷᠠᠨᠳᠤᠨᠭᠭᠠᠯᠠᠭ ᠨᠠᠮᠤᠭ ᠠᠯᠤᠰ ᠸ·ᠭᠡᠷᠡᠯᠳᠦ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 11 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ 《ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ ᠬᠤᠨᠳᠠᠭᠠᠲᠤ》 ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠤᠷᠤᠯᠳᠤᠭᠠᠨ ᠪᠤᠭᠤᠲᠤ ᠬᠣᠲᠠ᠎ᠶᠢᠨ ᠣᠯᠢᠮᠫᠢᠺ᠎ᠤᠨ ᠲᠠᠮᠢᠷ᠎ᠤᠨ ᠲᠥᠪ᠎ᠲᠤ ᠡᠬᠢᠯᠡᠪᠡ᠃

ᠲᠤᠰ ᠤᠷᠤᠯᠳᠤᠭᠠᠨ᠎ᠢ ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠠ᠋ᠴᠠ ᠭᠣᠣᠯᠯᠠᠨ ᠡᠷᠭᠢᠯᠡᠵᠦ᠂ 5 ᠡᠳᠦᠷ᠎ᠤᠨ ᠬᠤᠭᠤᠴᠠᠭ᠎ᠠ ᠳᠠᠢ ᠶᠠᠪᠤᠭᠳᠠᠨ᠎ᠠ᠃ ᠲᠤᠰ ᠤᠷᠤᠯᠳᠤᠭᠠᠨ᠎ᠳᠦ ᠡᠷᠡᠭᠲᠠᠢ ᠡᠮᠡᠭᠲᠡᠢ᠎ᠶᠢᠨ ᠬᠥᠬᠡ ᠬᠥᠬᠡᠭᠴᠢᠨ ᠤᠯᠠᠭᠠᠨ 6 ᠳᠤᠭᠤᠢᠯᠠᠩ᠎ᠤᠨ 104  ᠪᠠᠭ᠎ᠠ ᠲᠦᠷᠦᠯ ᠵᠦᠢᠯ᠎ᠢ ᠲᠣᠬᠢᠷᠠᠭᠤᠯᠵᠤ᠂ ᠪᠦᠬᠦ ᠣᠷᠣᠨ᠎ᠤ 11 ᠠᠢᠮᠠᠭ ᠬᠤᠳᠠ᠎ᠶᠢᠨ 1550 ᠭᠠᠷᠤᠢ ᠲᠠᠮᠢᠷᠴᠢᠨ ᠪᠠ ᠲᠠᠰᠬᠠᠯᠵᠢᠭᠤᠯᠤᠭᠴᠢ ᠤᠷᠤᠯᠳᠤᠭᠠᠨ᠎ᠳᠤ ᠣᠷᠣᠯᠴᠠᠨ᠎ᠠ᠃ ᠤᠷᠤᠯᠳᠤᠭᠠᠨ᠎ᠳᠦ ᠤᠷᠤᠯᠴᠠᠭᠰᠠᠨ ᠲᠠᠮᠢᠷᠴᠢᠳ ᠡᠷᠡᠯᠬᠡᠭᠯᠡᠨ ᠲᠡᠮᠡᠴᠡᠵᠦ᠂ ᠪᠦᠬᠦ ᠣᠷᠣᠨ᠎ᠤ ᠵᠠᠯᠠᠭᠤᠴᠤᠳ ᠪᠠᠭᠠᠴᠤᠳ᠎ᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠪᠡᠶ᠎ᠡ᠎ᠶᠢᠨ ᠲᠠᠮᠢᠷ᠎ᠤᠨ ᠴᠤᠭ ᠵᠢᠪᠬᠤᠭ᠎ᠠ᠎ᠶᠢ ᠭᠠᠢᠬᠠᠭᠤᠯᠬᠤ ᠪᠤᠯᠤᠨ᠎ᠠ᠃

ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ ᠤᠷᠤᠯᠳᠤᠭᠠᠨ ᠡᠷᠭᠢᠯᠡᠬᠦ ᠱᠠᠭᠠᠷᠳᠠᠯᠭ᠎ᠠ ᠵᠢ ᠥᠨᠳᠥᠷ ᠪᠠᠷᠢᠮᠵᠢᠶ᠎ᠠ᠎ᠪᠠᠷ ᠨᠠᠢᠳᠠᠪᠤᠷᠢᠵᠢᠭᠤᠯᠤᠨ᠂ ᠪᠤᠭᠤᠳᠦ ᠬᠤᠲᠠ᠎ᠶᠢᠨ ᠣᠯᠢᠮᠫᠢᠺ᠎ᠤᠨ ᠲᠠᠮᠢᠷ᠎ᠤᠨ ᠲᠥᠪ᠎ᠦᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠤᠷᠤᠯᠳᠤᠭᠠᠨ᠎ᠤ ᠲᠠᠯᠠᠪᠠᠢ᠎ᠶᠢ ᠪᠦᠬᠦ ᠲᠠᠯ᠎ᠠ᠎ᠪᠠᠷ ᠳᠡᠰ ᠳᠡᠪᠰᠢᠭᠦᠯᠦᠨ ᠰᠢᠨᠡᠳᠭᠡᠵᠦ᠂ ᠤᠷᠤᠯᠳᠤᠭᠠᠨ᠎ᠤ ᠤᠷᠤᠭᠰᠢᠲᠠᠢ ᠶᠠᠪᠤᠭᠳᠠᠬᠤ ᠳ᠋ᠤ ᠪᠠᠳᠤᠯᠠᠭ᠎ᠠ ᠬᠠᠡᠭᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号