ᠤᠢᠷ᠎ᠠ ᠳ᠋ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠬᠠᠮ ᠵᠠᠭᠤᠴᠢᠯᠠᠭᠤᠷ᠎ᠤᠨ ᠲᠥᠪ᠎ᠡᠴᠡ ᠭᠣᠣᠯᠯᠠᠨ ᠡᠷᠬᠢᠯᠡᠭᠰᠡᠨ ᠪᠦᠬᠦ᠌ ᠣᠷᠣᠨ᠎ᠤ ᠳᠣᠯᠣᠳᠤᠭᠠᠷ ᠬᠤᠭᠤᠴᠠᠭᠠᠨ᠎ᠤ《ᠴᠣᠮᠣᠷᠯᠢᠭ ᠬᠤᠨᠳᠠᠭᠠᠲᠤ》ᠬᠡᠦᠬᠡᠳ᠎ᠦᠨ ᠥᠭᠦᠯᠡᠯᠭᠡ᠎ᠶᠢᠨ ᠤᠷᠤᠯᠳᠤᠭᠠᠨ᠎ᠤ ᠰᠢ᠌ᠳᠪᠦᠷᠢᠲᠦ᠍ ᠤᠷᠤᠯᠳᠤᠭᠠᠨ ᠬᠥᠬᠡᠬᠣᠲᠠ᠎ᠳᠤ ᠶᠠᠪᠤᠭᠳᠠᠪᠠ᠃
ᠤᠷᠤᠯᠳᠤᠭᠠᠨ ᠨᠢ ᠪᠦᠬᠦ᠌ ᠣᠷᠣᠨ᠎ᠤ ᠪᠠᠭᠠᠴᠤᠳ ᠬᠡᠦᠬᠡᠳ᠎ᠲᠦ᠍ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ ᠲᠠᠢ ᠰᠢᠯᠢᠳᠡᠭ ᠤᠳᠬ᠎ᠠ ᠵᠣᠬᠢᠶᠠᠯ᠎ᠤᠨ ᠪᠦᠲᠦᠭᠡᠯ ᠬᠠᠩᠭᠠᠬᠤ ᠪᠡᠷ ᠭᠤᠤᠯ ᠵᠤᠷᠢᠯᠲᠠ ᠪᠡᠨ ᠪᠤᠯᠭᠠᠵᠦ᠂ ᠡᠮᠦᠨᠡᠬᠢ ᠬᠤᠭᠤᠴᠠᠭᠠᠨ᠎ᠤ ᠱᠠᠲᠤ᠌ ᠱᠠᠲᠤ ᠪᠠᠷ ᠰᠢᠯᠢᠨ ᠰᠣᠩᠭᠣᠬᠤ᠎ᠪᠠᠷ ᠳᠡᠮᠵᠢᠨ ᠨᠡᠶ᠋ᠢᠲᠡ 35 ᠪᠦᠲᠦᠭᠡᠯ ᠢ ᠡᠴᠦᠰ᠎ᠦᠨ ᠰᠢᠯᠭᠠᠷᠠᠭᠤᠯᠤᠯᠲᠠ ᠳ᠋ᠦ ᠤᠷᠤᠯᠴᠠᠭᠤᠯᠵᠠᠢ᠃ ᠲᠤᠰᠬᠠᠢ ᠮᠡᠷᠭᠡᠵᠢᠯᠲᠡᠨ ᠦ ᠰᠢᠯᠭᠠᠷᠠᠭᠤᠯᠬᠤ ᠺᠣᠮᠢᠰ ᠡᠴᠡ ᠰᠢᠯᠭᠠᠷᠠᠭᠤᠯᠬᠤ ᠳᠦᠷᠢᠮ᠎ᠢ ᠦᠨᠳᠦᠰᠦᠯᠡᠨ ᠶᠡᠷᠦᠩᠬᠡᠶ᠋ᠢᠯᠡᠭᠰᠡᠨ ᠬᠤᠪᠢ ᠥᠭᠴᠦ᠍᠂ ᠬᠠᠮᠤᠭ᠎ᠤᠨ ᠡᠴᠦᠰ᠎ᠲᠦ᠍ ᠨᠢᠭᠡᠳᠦᠭᠡᠷ ᠳᠡᠰ᠎ᠤᠨ ᠱᠠᠩᠨᠠᠯ᠎ᠢ 1 ᠨᠡᠷ᠎ᠡ᠂ ᠬᠣᠶᠠᠳᠤᠭᠠᠷ ᠳᠡᠰ᠎ᠤᠨ ᠱᠠᠩᠨᠠᠯ᠎ᠢ 2 ᠨᠡᠷ᠎ᠡ᠂ ᠭᠤᠷᠪᠠᠳᠤᠭᠠᠷ ᠳᠡᠰ᠎ᠤᠨ ᠱᠠᠩᠨᠠᠯ ᠢ 3 ᠨᠡᠷ᠎ᠡ᠂ ᠰᠢᠯᠢᠳᠡᠭ ᠱᠠᠩᠨᠠᠯ᠎ᠢ 10 ᠨᠡᠷ᠎ᠡ ᠲᠣᠳᠤᠷᠠᠭᠤᠯᠪᠠ᠃
《ᠴᠣᠮᠣᠷᠯᠢᠭ ᠬᠤᠨᠳᠠᠭᠠᠲᠤ 》 ᠬᠡᠦᠬᠡᠳ᠎ᠦᠨ ᠥᠭᠦᠯᠡᠯᠭᠡ᠎ᠶᠢᠨ ᠤᠷᠤᠯᠳᠤᠭᠠᠨ ᠪᠣᠯ ᠡᠪ ᠬᠠᠮᠲᠤ᠌ ᠵᠠᠯᠠᠭᠤᠴᠤᠳ᠎ᠤᠨ ᠡᠪᠯᠡᠯ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠬᠣᠷᠢᠶ᠎ᠠ᠎ᠡᠴᠡ ᠭᠣᠣᠯᠯᠠᠨ ᠬᠠᠮᠢᠶᠠᠷᠴᠤ᠌ ᠪᠠᠶ᠋ᠢᠭ᠎ᠠ ᠪᠠᠭᠠᠴᠤᠳ᠎ᠤᠨ ᠬᠣᠰᠢᠭᠤᠴᠢ ᠠᠩᠭᠢ᠎ᠶᠢᠨ 《ᠴᠣᠮᠣᠷᠯᠢᠭ (ᠮᠣᠩᠭᠣᠯ ᠬᠡᠯᠡ)》 ᠰᠡᠳᠬᠦᠯ᠎ᠦᠨ ᠲᠦᠷᠦᠯ ᠲᠡᠮᠳᠡᠭᠲᠦ ᠤᠷᠤᠯᠳᠤᠭᠠᠨ ᠤ ᠨᠢᠭᠡ ᠪᠣᠯᠤᠨ᠎ᠠ᠃ 2013 ᠣᠨ᠎ᠳ᠋ᠤ ᠠᠩᠬᠠᠳᠤᠭᠠᠷ ᠬᠤᠭᠤᠴᠠᠭᠠᠨ ᠤ ᠤᠷᠤᠯᠳᠤᠭᠠᠨ ᠢ ᠡᠷᠬᠢᠯᠡᠭᠰᠡᠨ᠎ᠡᠴᠡ ᠨᠠᠭᠠᠰᠢ ᠪᠦᠬᠦ᠌ ᠣᠷᠣᠨ᠎ᠳᠤ ᠢᠯᠡ᠎ᠪᠡᠷ ᠵᠣᠬᠢᠶᠠᠯ ᠡᠯᠰᠡᠵᠦ᠍᠂ ᠣᠳᠣ ᠨᠢᠭᠡᠨᠲᠡ ᠳᠣᠯᠣᠭᠠᠨ ᠬᠤᠭᠤᠴᠠᠭ᠎ᠠ ᠠᠮᠵᠢᠯᠲᠠ᠎ᠲᠠᠶ ᠶᠠᠪᠤᠭᠳᠠᠵᠤ ᠪᠠᠢᠨ᠎ᠠ᠃ 《ᠴᠣᠮᠣᠷᠯᠢᠭ (ᠮᠣᠩᠭᠣᠯ ᠬᠡᠯᠡ)》 ᠰᠡᠳᠬᠦᠯ 1957 ᠣᠨ᠎ᠳᠤ ᠬᠡᠪᠯᠡᠯ ᠡᠬᠢᠯᠡᠵᠦ᠍᠂ ᠦᠨᠳᠦᠰᠦᠲᠡᠨ᠎ᠦ ᠣᠷᠣᠨ᠎ᠤ ᠠᠩᠬᠠᠳᠠᠭᠴᠢ ᠪᠠᠭᠠᠴᠤᠳ᠎ᠤᠨ ᠬᠣᠰᠢᠭᠤᠴᠢ ᠠᠩᠭᠢ᠎ᠶᠢᠨ ᠰᠡᠳᠬᠦᠯ ᠪᠤᠯᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠰᠤᠷᠭᠠᠨ ᠬᠥᠮᠦᠵᠢᠯ᠎ᠦᠨ ᠦᠢᠯᠡᠳᠦᠯᠭᠡ᠎ᠶᠢᠨ ᠥᠯᠥᠭᠡᠢ ᠪᠣᠯᠵᠠᠢ᠃
ᠮᠠᠨ᠎ᠤ ᠣᠷᠣᠨ ᠤ ᠬᠡᠦᠬᠡᠳ᠎ᠦᠨ ᠤᠳᠬ᠎ᠠ ᠵᠣᠬᠢᠶᠠᠯ ᠤᠨ ᠬᠦᠷᠢᠶᠡᠨ᠎ᠳᠡᠬᠢ ᠴᠢᠬᠤᠯᠠ ᠲᠥᠷᠥᠯ ᠲᠡᠮᠳᠡᠭᠲᠦ ᠠᠵᠢᠯᠯᠠᠭ᠎ᠠ ᠪᠣᠯᠤᠭᠰᠠᠨ᠎ᠤ ᠬᠤᠪᠢ᠎ᠳᠤ ᠲᠣᠰ ᠬᠤᠭᠤᠴᠠᠭᠠᠨ᠎ᠤ ᠤᠷᠤᠯᠳᠤᠭᠠᠨ᠎ᠨᠢ ᠲᠣᠰ ᠭᠠᠵᠠᠷ ᠤᠨ ᠵᠣᠬᠢᠶᠠᠨ ᠪᠦᠲᠦᠭᠡᠬᠦ᠌ ᠬᠦᠴᠦᠨ ᠢ ᠨᠢᠭᠲᠠᠷᠠᠭᠤᠯᠵᠤ᠂ ᠲᠤᠰᠬᠠᠶ ᠮᠡᠷᠭᠡᠵᠢᠯ ᠦᠨ ᠬᠢᠨᠠᠨ ᠲᠣᠭᠲᠠᠭᠠᠬᠤ ᠲᠣᠭᠲᠠᠴᠠ᠎ᠪᠠᠷ ᠰᠢᠯᠢᠳᠡᠭ ᠦᠭᠦᠯᠡᠯᠭᠡ ᠵᠢ ᠰᠢᠯᠢᠨ ᠰᠣᠩᠭᠣᠵᠤ᠂ ᠪᠥᠬᠥ᠌ ᠣᠷᠣᠨ᠎ᠤ ᠬᠡᠦᠬᠡᠳ᠎ᠦᠨ ᠤᠳᠬ᠎ᠠ ᠵᠣᠬᠢᠶᠠᠯ᠎ᠤᠨ ᠵᠣᠬᠢᠶᠠᠯᠴᠢᠳᠲᠤ᠌ ᠪᠦᠲᠦᠭᠡᠯ ᠵᠢᠡᠨ ᠳᠡᠯᠭᠡᠨ ᠦᠵᠡᠭᠦᠯᠬᠦ᠌ ᠪᠠ ᠵᠣᠬᠢᠶᠠᠨ ᠪᠦᠲᠦᠭᠡᠵᠦ᠍ ᠰᠣᠯᠢᠯᠴᠠᠬᠤ ᠬᠤᠤᠰ ᠲᠠᠪᠴᠠᠩ᠎ᠢ ᠪᠠᠶ᠋ᠢᠭᠤᠯᠵᠤ ᠥᠭᠴᠡᠶ᠃