8 ᠰᠠᠷ᠎ᠠ᠎ᠶᠢᠨ 12᠎ᠤᠨ ᠡᠳᠦᠷ᠂ 《ᠤᠯᠠᠭᠠᠨᠬᠤᠲᠠ ᠵᠢᠨ
ᠡᠮᠦᠨᠡᠲᠦ ᠬᠡᠰᠡᠭ᠎ᠦᠨ ᠵᠢᠵᠢᠭ ᠰᠠᠪᠠ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ
ᠲᠥᠷᠥᠯ ᠵᠦᠢᠯ》᠎ᠤᠨ ᠬᠥᠷᠥᠰᠥ ᠰᠢᠷᠣᠢ᠎ᠶᠢ ᠬᠠᠮᠠᠭᠠᠯᠠᠬᠤ ᠠᠮᠢ ᠠᠬᠤᠢ᠎ᠶᠢᠨ ᠦᠢᠯᠡᠳᠭᠦᠨ᠎ᠦ ᠥᠷᠲᠡᠭ᠎ᠢ ᠬᠤᠪᠢᠷᠠᠭᠤᠯᠬᠤ
ᠠᠷᠠᠯᠵᠢᠶ᠎ᠠ ᠬᠢᠩᠭᠠᠨ ᠠᠢᠮᠠᠭ᠎ᠤᠨ ᠤᠯᠠᠭᠠᠨᠬᠣᠲᠠ᠎ᠳᠤ ᠭᠡᠷ᠎ᠡ ᠲᠣᠭᠲᠠᠵᠤ᠂ ᠠᠷᠠᠯᠵᠢᠶ᠎ᠠ ᠪᠦᠲᠦᠭᠰᠡᠨ ᠵᠣᠭᠣᠰ᠎ᠤᠨ
ᠲᠣᠭ᠎ᠠ 1008
ᠲᠦᠮᠡᠨ
ᠲᠥᠭᠥᠷᠢᠭ᠎ᠲᠦ ᠬᠦᠷᠴᠡᠢ᠃ ᠡᠨᠡ ᠪᠣᠯ ᠥᠪᠥᠷ ᠮᠣᠩᠭᠣᠯ᠎ᠤᠨ ᠠᠩᠬᠠᠳᠠᠭ᠍ᠴᠢ ᠮᠢᠩᠭᠠᠨ ᠲᠦᠮᠡᠨ ᠲᠥᠭᠥᠷᠢᠭ᠎ᠦᠨ ᠲᠠᠰ᠎ᠤᠨ
ᠬᠥᠷᠥᠰᠥ ᠰᠢᠷᠣᠢ᠎ᠶᠢ ᠬᠠᠮᠠᠭᠠᠯᠠᠬᠤ ᠠᠮᠢ ᠠᠬᠤᠢ᠎ᠶᠢᠨ ᠦᠢᠯᠡᠳᠬᠦᠨ᠎ᠦ ᠥᠷᠲᠡᠭ᠎ᠢ ᠬᠤᠪᠢᠷᠠᠭᠤᠯᠤᠨ ᠠᠷᠠᠯᠵᠢᠶᠠᠯᠠᠬᠤ
ᠠᠷᠠᠯᠵᠢᠶ᠎ᠠ ᠪᠣᠯᠣᠨ᠎ᠠ᠃

ᠲᠣᠰ ᠠᠷᠠᠯᠵᠢᠶᠠᠨ᠎ᠤ ᠰᠢᠯᠵᠢᠭᠦᠯᠦᠨ ᠬᠤᠳᠠᠯᠳᠤᠭᠴᠢ
ᠲᠠᠯ᠎ᠠ ᠪᠤᠯᠬᠤ ᠤᠯᠠᠭᠠᠨᠬᠣᠲᠠ᠎ᠶᠢᠨ ᠭᠡᠭᠡᠨᠰᠦ᠋ᠮ᠎ᠡ ᠪᠠᠯᠭᠠᠰᠤᠨ᠎ᠤ ᠨᠥᠬᠥᠷᠯᠡᠯ ᠭᠠᠴᠠᠭ᠎ᠠ ᠵᠢᠨ ᠲᠣᠰᠬᠣᠨ᠎ᠤ
ᠵᠥᠪᠯᠡᠯ ᠪᠣᠯᠣᠨ ᠬᠤᠳᠠᠯᠳᠤᠨ ᠠᠪᠤᠭ᠍ᠴᠢ ᠲᠠᠯᠠᠪᠤᠯᠬᠤ ᠥᠪᠥᠷ ᠮᠣᠩᠭᠣᠯ᠎ᠤᠨ ᠰᠧᠨ ᠢ ᠴᠡᠴᠡᠷᠯᠢᠭ᠎ᠦᠨ ᠨᠣᠭᠣᠭᠠᠷᠠᠭᠤᠯᠤᠯᠲᠠ᠎ᠶᠢᠨ
ᠬᠢᠵᠠᠭᠠᠷᠲᠤ ᠺᠣᠮᠫᠠᠨᠢ 15.61 ᠲᠡᠭᠰᠢ ᠳᠥᠷᠪᠡᠯᠵᠢᠨ ᠺᠢᠯᠣᠮᠧᠲᠷ᠎ᠦᠨ ᠵᠢᠵᠢᠭ ᠰᠠᠪᠠ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ
ᠦᠷ᠎ᠡ ᠠᠰᠢᠭ᠋᠎ᠢ ᠨᠡᠮᠡᠭᠳᠡᠭᠦᠯᠬᠦ ᠲᠥᠷᠥᠯ ᠵᠦᠢᠯ᠎ᠦᠨ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ
ᠪᠦᠲᠦᠭᠡᠯ᠎ᠦᠨ 10
ᠵᠢᠯ᠎ᠦᠨ
ᠡᠵᠡᠩᠨᠡᠯᠲᠡ᠎ᠶᠢᠨ ᠡᠷᠬᠡ᠎ᠶᠢ ᠠᠮᠵᠢᠯᠲᠠ᠎ᠲᠠᠢ ᠠᠷᠠᠯᠵᠢᠶᠠᠯᠠᠪᠠ᠃ ᠲᠤᠰᠬᠠᠢ ᠮᠡᠷᠭᠡᠵᠢᠯ᠎ᠤᠨ ᠲᠣᠭᠠᠴᠠᠭ᠎ᠠ
ᠬᠢᠬᠦ᠎ᠪᠡᠷ ᠳᠡᠮᠵᠢᠨ᠂ ᠲᠣᠰ ᠭᠠᠵᠠᠷ ᠣᠷᠣᠨ᠎ᠤ ᠬᠥᠷᠥᠰᠥ ᠰᠢᠷᠣᠢ᠎ᠶᠢ ᠬᠠᠮᠠᠭᠠᠯᠠᠬᠤ ᠠᠮᠢ ᠠᠬᠤᠢ᠎ᠶᠢᠨ
ᠦᠢᠯᠡᠳᠭᠦᠨ᠎ᠦ ᠶᠡᠷᠦᠩᠬᠡᠢ ᠥᠷᠲᠡᠭ ᠨᠢ 384.53 ᠲᠦᠮᠡᠨ ᠲᠥᠭᠥᠷᠢᠭ᠎ᠲᠦ ᠬᠦᠷᠴᠦ᠂ ᠠᠷᠠᠯᠵᠢᠶᠠᠨ᠎ᠤ ᠠᠭᠤᠯᠭ᠎ᠠ ᠨᠢ ᠰᠢᠳ
ᠭᠦᠢᠯᠡᠰᠦ᠂ ᠤᠯᠠᠭᠠᠨ ᠴᠠᠨ᠎ᠠ᠂ ᠴᠢᠨᠦ᠎ᠠ᠎ᠶᠢᠨ ᠬᠠᠯᠲᠠᠷ ᠵᠡᠷᠭᠡ ᠠᠵᠤ ᠠᠬᠤᠢ᠎ᠶᠢᠨ ᠣᠶ ᠬᠢᠭᠡᠳ ᠬᠢᠲᠠᠳ ᠡᠮ᠎ᠦᠨ
ᠮᠠᠲᠧᠷᠢᠶᠠᠯ᠎ᠤᠨ ᠬᠠᠩᠭᠠᠯᠭ᠎ᠠ᠎ᠶᠢᠨ ᠦᠢᠯᠡᠳᠬᠦᠨ ᠵᠢᠴᠢ ᠬᠡᠭᠡᠷ᠎ᠡ ᠪᠠᠭᠤᠳᠠᠯᠯᠠᠵᠤ ᠰᠡᠯᠡᠭᠦᠴᠡᠨ ᠵᠢᠭᠤᠯᠴᠢᠯᠠᠬᠤ᠂
ᠠᠮᠢ ᠠᠬᠤᠢ᠎ᠶᠢᠨ ᠵᠢᠭᠤᠯᠴᠢᠯᠠᠯ ᠵᠡᠷᠭᠡ ᠰᠣᠶᠣᠯ ᠵᠢᠭᠤᠯᠴᠢᠯᠠᠯ᠎ᠤᠨ ᠦᠢᠯᠡᠴᠢᠯᠡᠭᠡᠨ᠎ᠦ ᠲᠥᠷᠥᠯ᠎ᠦᠨ ᠠᠮᠢ ᠠᠬᠤᠢ᠎ᠶᠢᠨ
ᠦᠢᠯᠡᠳᠬᠦᠨ᠎ᠢ ᠬᠠᠮᠤᠷᠴᠤ᠂ 278 ᠡᠷᠦᠬᠡ᠎ᠶᠢᠨ 687 ᠬᠥᠮᠥᠨ᠎ᠳᠦ ᠠᠰᠢᠭ᠋ ᠬᠦᠷᠲᠡᠭᠡᠪᠡ᠃

ᠬᠢᠩᠭᠠᠨ ᠠᠢᠮᠠᠭ᠎ᠤᠨ ᠤᠯᠠᠭᠠᠨᠬᠣᠲᠠ᠎ᠶᠢᠨ
ᠭᠡᠭᠡᠨᠰᠦ᠋ᠮ᠎ᠡ ᠪᠠᠯᠭᠠᠰᠤᠨ᠎ᠤ ᠨᠥᠬᠥᠷᠯᠡᠯ ᠭᠠᠴᠠᠭᠠᠨ᠎ᠤ ᠨᠠᠮ᠎ᠤᠨ ᠡᠭᠦᠷ᠎ᠦᠨ ᠱᠦᠵᠢ ᠪᠠᠭᠠᠲᠤᠷ᠄ 《ᠡᠨᠡ
ᠤᠳᠠᠭᠠᠨ᠎ᠤ ᠠᠷᠠᠯᠵᠢᠶ᠎ᠠ ᠪᠡᠷ ᠳᠠᠮᠵᠢᠨ᠂ ᠭᠠᠴᠠᠭ᠎ᠠ᠎ᠶᠢᠨ ᠠᠮᠢ ᠠᠬᠤᠢ᠎ᠶᠢᠨ ᠡᠬᠢ ᠪᠠᠶᠠᠯᠢᠭ᠋᠎ᠢ ᠳᠦᠷᠢᠮᠵᠢᠭᠦᠯᠦᠨ
ᠡᠷᠭᠢᠯᠳᠦᠭᠦᠯᠬᠦ᠎ᠶᠢ ᠪᠡᠶᠡᠯᠡᠭᠦᠯᠵᠦ᠂ ᠭᠠᠴᠠᠭᠠᠨ᠎ᠤ ᠬᠠᠮᠲᠤ᠎ᠶᠢᠨ ᠠᠵᠤ ᠠᠬᠤᠢ᠎ᠶᠢ ᠪᠤᠵᠠᠭᠠᠢᠷᠠᠭᠤᠯᠪᠠ》 ᠭᠡᠵᠦ
ᠢᠯᠡᠳᠬᠡᠪᠡ᠃

ᠲᠣᠰ ᠤᠳᠠᠭᠠᠨ᠎ᠤ ᠭᠡᠷ᠎ᠡ ᠲᠣᠭᠲᠠᠭᠰᠠᠨ
ᠲᠥᠷᠥᠯ ᠵᠦᠢᠯ ᠨᠢ ᠪᠣᠳᠠᠰ᠎ᠤᠨ ᠬᠠᠩᠭᠠᠯᠭ᠎ᠠ᠂ ᠰᠣᠶᠣᠯ᠎ᠤᠨ ᠦᠢᠯᠡᠴᠢᠯᠡᠭᠡ᠎ᠶᠢ ᠬᠠᠷᠢᠯᠴᠠᠨ ᠤᠶᠠᠯᠳᠤᠭᠤᠯᠵᠤ᠂ ᠥᠷᠲᠡᠭ᠎ᠢ ᠲᠣᠭᠠᠴᠠᠭᠠᠯᠠᠬᠤ᠂ ᠬᠡᠮᠵᠢᠶᠡᠵᠢᠭᠦᠯᠦᠨ ᠦᠨᠡᠯᠡᠨ ᠵᠢᠱ᠌ᠢᠬᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ
ᠪᠠᠷ ᠳᠡᠮᠵᠢᠨ᠂ ᠤᠰᠤᠨ᠎ᠤ ᠠᠮᠢ ᠠᠬᠤᠢ᠎ᠶᠢᠨ ᠪᠦᠲᠦᠭᠡᠨ ᠪᠠᠢᠭᠤᠯᠤᠯᠲᠠ ᠬᠢᠭᠡᠳ ᠣᠯᠠᠨ ᠲᠦᠮᠡᠨ᠎ᠦ ᠣᠷᠣᠯᠭ᠎ᠠ᠎ᠶᠢ
ᠨᠡᠮᠡᠭᠳᠡᠭᠦᠯᠬᠦ᠂ ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ᠋᠎ᠢᠶᠠᠷ ᠤᠶᠠᠯᠳᠤᠭᠤᠯᠬᠤ
ᠪᠠ ᠬᠠᠮᠲᠤ᠎ᠪᠠᠷ ᠪᠠᠢᠭᠤᠯᠵᠤ ᠬᠠᠮᠲᠤ᠎ᠪᠠᠷ ᠠᠰᠢᠭ᠋ ᠭᠥᠷᠳᠡᠬᠦ᠎ᠶᠢ ᠪᠡᠶᠡᠯᠡᠭᠦᠯᠪᠡ᠃
