《ᠬᠣᠶᠠᠷ᠎ᠢ ᠬᠦᠩᠭᠡᠷᠡᠭᠦᠯᠬᠦ》 ᠲᠥᠷᠥ ᠶᠢᠨ
ᠪᠣᠳᠣᠯᠭ᠎ᠠ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠤᠯᠠᠮ ᠨᠢᠭᠡ ᠠᠯᠬᠤᠮ ᠠᠬᠢᠭᠤᠯᠬᠤ᠎ᠶᠢᠨ
ᠲᠥᠯᠥᠭᠡ᠂ ᠣᠢᠷ᠎ᠠ᠎ᠶᠢᠨ ᠡᠳᠦᠷ᠎ᠦᠳ᠎ᠲᠦ ᠬᠥᠬᠡᠬᠣᠲᠠ ᠵᠤᠨ᠎ᠤ ᠠᠮᠠᠷᠠᠯᠲᠠ᠎ᠶᠢᠨ ᠬᠤᠭᠤᠴᠠᠭᠠᠨ᠎ᠤ ᠰᠤᠷᠭᠠᠭᠤᠯᠢ᠎ᠶᠢᠨ
ᠭᠠᠳᠠᠨᠠᠬᠢ ᠪᠣᠯᠪᠠᠰᠤᠷᠠᠯ᠎ᠢ ᠲᠤᠰᠬᠠᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ
ᠥᠷᠨᠢᠭᠦᠯᠵᠦ᠂ ᠡᠯ᠎ᠡ ᠲᠥᠷᠥᠯ᠎ᠦᠨ ᠲᠣᠭᠲᠠᠭᠠᠯ᠎ᠠᠴᠠ ᠵᠥᠷᠢᠴᠡᠨ ᠰᠤᠷᠭᠠᠭᠤᠯᠢ ᠡᠷᠭᠢᠯᠡᠭᠰᠡᠨ ᠪᠡᠶᠡᠴᠢ ᠴᠣᠭᠴᠠ᠎ᠶᠢ ᠴᠢᠩᠭ᠎ᠠ ᠬᠠᠷᠭᠤᠭᠤᠯᠤᠨ ᠪᠠᠢᠴᠠᠭᠠᠵᠤ ᠰᠢᠢᠳᠪᠦᠷᠢᠯᠡᠨ᠂ ᠦᠨᠡᠮᠯᠡᠯ ᠦᠭᠡᠢ᠎ᠪᠡᠷ ᠰᠤᠷᠭᠠᠭᠤᠯᠢ ᠡᠷᠭᠢᠯᠡᠬᠦ᠂
ᠨᠢᠭᠤᠬᠳᠠᠮᠠᠯ ᠣᠨᠳᠣᠣᠰᠢᠬᠰᠠᠨ ᠰᠢᠨᠵᠢᠯᠡᠭᠡᠨ᠎ᠦ ᠲᠦᠷᠦᠯ᠎ᠤᠨ ᠪᠣᠯᠪᠠᠰᠤᠷᠠᠯ ᠦᠷᠨᠢᠭᠦᠯᠭᠦ ᠵᠡᠷᠭᠡ ᠡᠷᠦᠢ ᠬᠤᠷᠤᠢ
ᠦᠭᠡᠢ ᠦᠵᠡᠭᠳᠡᠯ᠎ᠢ ᠴᠢᠩᠭ᠎ᠠ ᠴᠡᠭᠴᠡᠯᠡᠨ ᠵᠠᠰᠠᠵᠤ ᠪᠠᠢᠨ᠎ᠠ᠃ 8 ᠰᠠᠷ᠎ᠠ᠎ᠶᠢᠨ 12᠎ᠤᠨ ᠡᠳᠦᠷ ᠨᠢᠭᠡ ᠪᠦᠯᠦᠭ
ᠲᠣᠭᠲᠠᠭᠠᠯ᠎ᠠᠴᠠ ᠵᠥᠷᠢᠴᠡᠨ ᠰᠢᠨᠵᠢᠯᠡᠭᠡᠨ᠎ᠦ ᠲᠥᠷᠥᠯ᠎ᠦᠨ ᠪᠣᠯᠪᠠᠰᠤᠷᠠᠯ ᠥᠷᠨᠢᠭᠦᠯᠦᠭᠰᠡᠨ ᠪᠠᠢᠭᠤᠯᠤᠮᠵᠢ᠎ᠶᠢᠨ
ᠬᠠᠷ᠎ᠠ ᠲᠠᠩᠰᠠ᠎ᠶᠢ ᠲᠥᠪᠯᠡᠷᠡᠭᠦᠯᠦᠨ ᠨᠡᠢᠲᠡᠯᠡᠪᠡ᠂ ᠡᠭᠦᠨ᠎ᠦ ᠵᠣᠷᠢᠯᠭ᠎ᠠ ᠨᠢ ᠰᠡᠷᠡᠮᠵᠢᠯᠡᠭᠦᠯᠦᠨ ᠰᠦᠷᠳᠡᠭᠦᠯᠵᠦ᠂
ᠰᠤᠷᠤᠭ᠍ᠴᠢᠳ᠎ᠤᠨ ᠡᠷᠡᠭᠦᠯ ᠪᠥᠭᠡᠳ ᠡᠮᠬᠢ ᠵᠢᠷᠤᠮ᠎ᠲᠠᠢ᠎ᠪᠠᠷ ᠦᠰᠦᠨ ᠪᠣᠢᠵᠢᠬᠤ ᠣᠷᠴᠢᠨ ᠨᠥᠬᠥᠴᠡᠯ ᠢ ᠬᠠᠮᠠᠭᠠᠯᠠᠬᠤ᠎ᠶᠢᠨ
ᠲᠥᠯᠥᠭᠡ ᠶᠤᠮ᠃

ᠲᠣᠰ ᠤᠳᠠᠭ᠎ᠠ ᠨᠡᠢᠲᠡᠯᠡᠭᠰᠡᠨ ᠪᠠᠢᠭᠤᠯᠤᠮᠵᠢ᠎ᠳᠤ
ᠴᠥᠮ ᠰᠤᠷᠭᠠᠭᠤᠯᠢ ᠡᠷᠭᠢᠯᠡᠬᠦ ᠵᠥᠪᠰᠢᠶᠡᠷᠡᠯ ᠦᠭᠡᠢ᠂ ᠬᠤᠪᠢ᠎ᠪᠠᠷ᠎ᠢᠶᠠᠨ ᠲᠠᠯᠠᠪᠤᠷ ᠭᠠᠷᠭᠠᠵᠤ ᠰᠣᠶᠣᠯ᠎ᠤᠨ ᠬᠢᠴᠢᠶᠡᠯ
ᠨᠥᠬᠥᠵᠦ ᠰᠤᠷᠬᠤ᠂ ᠰᠢᠨᠵᠢᠯᠡᠭᠡᠨ᠎ᠤ ᠲᠥᠷᠥᠯ᠎ᠦᠨ ᠪᠤᠰᠤ ᠪᠠᠢᠭᠤᠯᠤᠮᠵᠢ ᠲᠣᠭᠲᠠᠭᠠᠯ᠎ᠠᠴᠠ ᠵᠥᠷᠢᠴᠡᠨ ᠳᠤᠮᠳᠠᠳᠤ
ᠪᠠᠭ᠎ᠠ ᠰᠤᠷᠭᠠᠭᠤᠯᠢ᠎ᠶᠢᠨ ᠰᠣᠶᠣᠯ᠎ᠤᠨ ᠬᠢᠴᠢᠶᠡᠯ ᠵᠢᠭᠠᠬᠤ᠂ ᠭᠠᠯ ᠤᠨᠲᠠᠷᠠᠭᠠᠬᠤ ᠲᠥᠬᠦᠭᠡᠷᠦᠮᠵᠢ ᠪᠠᠷᠢᠮᠵᠢᠶ᠎ᠠ᠎ᠳᠤ
ᠬᠦᠷᠬᠦ ᠦᠭᠡᠢ᠂ ᠤᠷᠢᠳᠴᠢᠯᠠᠨ ᠰᠦᠢᠳᠬᠡᠯ ᠬᠤᠷᠢᠶᠠᠵᠤ ᠬᠠᠮᠢᠶᠠᠷᠤᠯᠲᠠ ᠡᠵᠡᠮᠳᠡᠯ ᠳᠤᠲᠠᠭᠳᠠᠵᠤ ᠪᠠᠢᠬᠤ ᠵᠡᠷᠭᠡ
ᠠᠰᠠᠭᠤᠳᠠᠯ ᠣᠷᠣᠰᠢᠵᠤ᠂ ᠨᠡᠢᠳᠡᠮ᠎ᠳᠡᠭᠡᠨ ᠰᠦᠢᠳᠬᠡᠯ ᠪᠤᠴᠠᠭᠠᠬᠤ᠎ᠳᠤ ᠬᠦᠴᠢᠷᠲᠡᠢ᠂ ᠠᠮᠤᠷ ᠲᠦᠪᠰᠢᠨ᠎ᠦ ᠬᠡᠮ
ᠰᠤᠭᠤᠬ ᠶᠡᠬᠡ᠂ ᠵᠢᠭᠠᠨ ᠰᠤᠷᠭᠠᠯᠲᠠ ᠪᠠᠲᠤᠯᠠᠭ᠎ᠠ ᠦᠭᠡᠢ ᠵᠡᠷᠭᠡ ᠣᠯᠠᠨ ᠳᠠᠪᠬᠤᠷ ᠠᠶᠤᠯ ᠲᠦᠭᠰᠢᠭᠦᠷᠢ ᠨᠢᠭᠤᠬᠳᠠᠵᠤ
ᠪᠠᠢᠨ᠎ᠠ᠃ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ ᠬᠣᠯᠪᠣᠭᠳᠠᠯ ᠪᠦᠬᠦᠢ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ᠎ᠶᠢᠨ
ᠰᠠᠯᠠᠭ᠎ᠠ ᠮᠥᠴᠢᠷ᠎ᠲᠠᠢ ᠬᠠᠮᠲᠤᠷᠠᠨ ᠬᠡᠪ᠎ᠦᠨ ᠲᠣᠭᠣᠷᠢᠨ ᠪᠠᠢᠴᠠᠭᠠᠯᠲᠠ ᠬᠢᠬᠦ᠂ ᠴᠤᠬᠤᠶ᠋ᠢᠪᠠᠯ ᠴᠣᠬᠢᠯᠲᠠ ᠥᠭᠬᠦ᠂
ᠪᠠᠢᠴᠠᠭᠠᠨ ᠰᠢᠢᠳᠪᠦᠷᠢᠯᠡᠪᠡᠯ ᠳᠠᠷᠤᠢ ᠢᠯᠡ ᠨᠡᠢᠲᠡᠯᠡᠬᠦ᠎ᠶᠢ ᠪᠠᠷᠢᠮᠲᠠᠯᠠᠵᠤ᠂ ᠣᠯᠠᠨᠲᠠ ᠰᠤᠷᠭᠠᠪᠠᠴᠤ ᠥᠯᠥ
ᠵᠠᠰᠠᠷᠠᠬᠤ ᠪᠠᠢᠭᠤᠯᠤᠮᠵᠢ᠎ᠶᠢ ᠬᠠᠤᠯᠢ ᠶᠣᠰᠣᠭᠠᠷ ᠬᠠᠭᠠᠵᠤ ᠵᠣᠭᠰᠤᠭᠠᠬᠤ᠂ ᠰᠦᠢᠳᠬᠡᠯ᠎ᠢ ᠨᠢ ᠪᠤᠴᠠᠭᠠᠯᠭᠠᠬᠤ᠂
ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ ᠥᠭᠴᠦ᠂ ᠲᠣᠭᠲᠠᠭᠠᠯ᠎ᠠᠴᠠ ᠵᠥᠷᠢᠴᠡᠭᠰᠡᠨ ᠪᠣᠯᠪᠠᠰᠤᠷᠠᠯ᠎ᠤᠨ ᠬᠡᠯᠬᠢᠶ᠎ᠡ᠎ᠶᠢ
ᠡᠷᠡᠰ ᠲᠠᠰᠤᠯᠤᠨ᠎ᠠ᠃
ᠲᠤᠰ ᠵᠣᠨ᠎ᠤ ᠠᠮᠠᠷᠠᠯᠲᠠ᠎ᠳᠤ᠂ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠵᠠᠬ᠎ᠠ ᠳᠡᠯᠭᠡᠭᠦᠷ᠎ᠦᠨ ᠬᠢᠨᠠᠯᠲᠠ
ᠬᠠᠮᠢᠶᠠᠷᠤᠯᠲᠠ᠎ᠶᠢᠨ ᠲᠣᠪᠴᠢᠶ᠎ᠠ ᠵᠡᠷᠭᠡ 7 ᠰᠠᠯᠠᠭ᠎ᠠ ᠮᠥᠴᠢᠷ ᠪᠠᠰᠠ ᠬᠠᠮᠳᠤᠷᠠᠨ ᠪᠥᠬᠥ ᠣᠷᠣᠨ᠎ᠤ ᠰᠤᠷᠭᠠᠭᠤᠯᠢ᠎ᠶᠢᠨ
ᠭᠠᠳᠠᠨᠠᠬᠢ ᠪᠣᠯᠪᠠᠰᠤᠷᠠᠯ᠎ᠤᠨ ᠠᠶᠤᠯᠭᠦᠢ ᠦᠢᠯᠡᠳᠪᠦᠷᠢᠯᠡᠯ᠎ᠦᠨ ᠪᠠᠢᠴᠠᠭᠠᠯᠲᠠ᠎ᠶᠢ ᠥᠷᠨᠢᠭᠦᠯᠵᠦ᠂ ᠰᠤᠷᠭᠠᠭᠤᠯᠢ᠎ᠶᠢᠨ
ᠭᠠᠳᠠᠨᠠᠬᠢ ᠪᠣᠯᠪᠠᠰᠤᠷᠠᠯ᠎ᠤᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠪᠠ᠃
ᠥᠪᠥᠷ ᠮᠣᠩᠭᠣᠯ᠎ᠤᠨ ᠡᠯ᠎ᠡ ᠭᠠᠵᠠᠷ᠎ᠤᠨ
ᠬᠢᠨ ᠣᠯᠠᠨ ᠰᠠᠯᠠᠭ᠎ᠠ ᠮᠥᠴᠢᠷ ᠨᠢᠭᠡᠴᠢ ᠬᠠᠮᠲᠤᠷᠠᠨ ᠬᠥᠳᠡᠯᠦᠯᠴᠡᠭᠰᠡᠨ ᠬᠠᠮᠵᠢᠯᠴᠠᠬᠤ ᠠᠵᠢᠯ᠎ᠤᠨ ᠲᠣᠭᠲᠠᠴᠠ᠎ᠶᠢ
ᠪᠠᠢᠭᠤᠯᠵᠤ᠂ ᠬᠠᠷᠢᠶ᠎ᠠ ᠣᠷᠣᠨ᠎ᠤ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠡᠬᠡ
ᠲᠠᠩᠰᠠ᠂ ᠠᠰᠠᠭᠤᠳᠠᠯ ᠲᠠᠢ ᠪᠠᠢᠭᠤᠯᠤᠮᠵᠢ᠎ᠶᠢ ᠴᠡᠭᠴᠡᠯᠡᠨ ᠰᠠᠢᠵᠢᠷᠠᠭᠤᠯᠤᠭᠰᠠᠨ ᠡᠬᠡ ᠲᠠᠩᠰᠠ ᠵᠡᠷᠭᠡ᠎ᠶᠢ ᠪᠠᠢᠭᠤᠯᠵᠤ᠂
ᠨᠡᠢᠭᠡᠮ ᠳᠠᠶᠠᠭᠠᠷ ᠬᠠᠮᠲᠤ᠎ᠪᠠᠷ ᠬᠢᠨᠠᠯᠲᠠ ᠲᠠᠯᠪᠢᠬᠤ᠂ ᠬᠠᠮᠲᠤ᠎ᠪᠠᠷ ᠵᠠᠰᠠᠬᠤ ᠰᠠᠢᠨ ᠰᠠᠢᠬᠠᠨ ᠠᠭᠤᠷ ᠠᠮᠢᠰᠬᠤᠯ᠎ᠢ
ᠪᠣᠶ ᠪᠣᠯᠭᠠᠪᠠ᠃
ᠢᠷᠡᠯᠲᠡ᠄ ᠲᠠᠯ᠎ᠠ ᠨᠤᠲᠤᠭ᠎ᠤᠨ ᠡᠭᠦᠯᠡ ᠰᠢᠯᠵᠢᠶ᠎ᠡ