ᠦᠪᠦᠷ ᠮᠤᠩᠭᠤᠯ᠎ᠤᠨ ᠳᠤᠮᠳᠠ ᠳᠡᠭᠡᠳᠦ ᠵᠡᠷᠭᠡ ᠎ᠶᠢᠨ ᠠᠵᠢᠯ ᠮᠡᠷᠭᠡᠵᠢᠯ ᠎ᠦᠨ ᠰᠤᠷᠭᠠᠭᠤᠯᠢ᠎ᠶᠢᠨ 151 ᠪᠠᠭ᠍ᠰᠢ ᠤᠷ᠎ᠠ ᠴᠢᠳᠠᠪᠤᠷᠢ᠎ᠪᠠᠨ ᠮᠦᠷᠦᠢᠴᠡᠪᠡ
2026-08-14 11:13:25
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ 2026 ᠣᠨ᠎ᠤ ᠦᠪᠦᠷ ᠮᠤᠩᠭᠤᠯ ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠪᠠᠭ᠍ᠰᠢ᠎ᠶᠢᠨ ᠮᠡᠷᠭᠡᠵᠢᠯ ᠴᠢᠳᠠᠪᠤᠷᠢ ᠎ᠶᠢᠨ ᠤᠷᠤᠯᠳᠤᠭᠠᠨ ᠎ᠤ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠦᠵᠡᠯ ᠰᠠᠨᠠᠭ᠎ᠠ ᠤᠯᠤᠰ ᠲᠥᠷᠥ ᠎ᠶᠢᠨ ᠬᠥᠮᠦᠵᠢᠯ ᠎ᠦᠨ  ᠵᠢᠭᠠᠨ ᠰᠤᠷᠭᠠᠯᠲᠠ᠎ᠶᠢᠨ ᠴᠢᠳᠠᠪᠤᠷᠢ᠂ ᠠᠩᠭᠢ᠎ᠶᠢᠨ ᠡᠷᠬᠢᠯᠡᠭᠴᠢ᠎ᠶᠢᠨ ᠴᠢᠳᠠᠪᠤᠷᠢ᠂ ᠬᠠᠮᠤᠭ᠎ᠤᠨ ᠭᠣᠶᠣ᠌ ᠠᠩᠭᠢ᠎ᠶᠢᠨ ᠡᠷᠬᠢᠯᠡᠭᠴᠢ᠎ᠶᠢᠨ ᠴᠢᠳᠠᠪᠤᠷᠢ ᠪᠠ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠬᠢᠴᠢᠶᠡᠯ ᠲᠦᠷᠦᠯ᠎ᠦᠨ ᠦᠵᠡᠯ ᠰᠠᠨᠠᠭ᠎ᠠ ᠤᠯᠤᠰ ᠲᠥᠷᠥ᠎ᠶᠢᠨ ᠵᠢᠭᠠᠨ ᠰᠤᠷᠭᠠᠯᠲᠠ᠎ᠶᠢᠨ ᠴᠢᠳᠠᠪᠤᠷᠢ ᠵᠡᠷᠭᠡ ᠳᠥᠷᠪᠡᠨ ᠵᠦᠢᠯ᠎ᠦᠨ ᠲᠤᠬᠠᠢ᠎ᠶᠢᠨ ᠲᠠᠯᠠᠪᠤᠷ᠎ᠤᠨ ᠤᠷᠤᠯᠳᠤᠭᠠᠨ ᠬᠥᠬᠡᠬᠣᠲᠠ ᠎ᠳᠤ ᠠᠮᠵᠢᠯᠳᠠ ᠳᠠᠢ  ᠶᠠᠪᠤᠭᠳᠠᠵᠠᠢ᠃ ᠲᠣᠰ ᠤᠳᠠᠭᠠᠨ᠎ᠤ ᠤᠷᠤᠯᠳᠤᠭᠠᠨ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭᠠᠨ ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠭᠢᠯᠡᠵᠦ᠂ ᠪᠥᠬᠥ ᠣᠷᠣᠨ ᠎ᠤ ᠳᠤᠮᠳᠠ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠨᠡᠶ᠋ᠢᠲᠡ 151 ᠤᠷᠤᠯᠴᠠᠭᠴᠢ ᠤᠷᠤᠯᠳᠤᠭᠠᠨ᠎ᠳᠤ ᠣᠷᠣᠯᠴᠠᠵᠠᠢ᠃

ᠤᠷᠤᠯᠳᠤᠭᠠᠨ᠎ᠳᠤ ᠣᠷᠣᠯᠴᠠᠭᠰᠠᠨ ᠪᠠᠭ᠍ᠰᠢ ᠨᠠᠷ ᠦᠵᠡᠯ ᠰᠠᠨᠠᠭ᠎ᠠ ᠤᠯᠤᠰ ᠲᠥᠷᠥ᠎ᠪᠡᠷ ᠭᠣᠣᠯ ᠤᠳᠤᠷᠢᠳᠤᠮᠵᠢ ᠪᠣᠯᠭᠠᠵᠤ᠂ ᠲᠣᠭᠠᠴᠢᠯᠠᠭᠰᠠᠨ ᠵᠢᠭᠠᠨ ᠰᠤᠷᠭᠠᠯᠲᠠ᠎ᠶᠢᠨ ᠠᠷᠭ᠎ᠠ ᠪᠠᠷᠢᠯ ᠪᠠ ᠠᠵᠤ ᠦᠢᠯᠡᠰ᠎ᠦᠨ ᠬᠥᠮᠥᠨ ᠢ᠋ ᠬᠥᠮᠥᠵᠢᠭᠦᠯᠬᠦ ᠦᠯᠢᠭᠡᠷ ᠵᠢᠱ᠌ᠢᠶ᠎ᠡ ᠵᠢᠴᠢ ᠠᠩᠭᠢ᠎ᠶᠢᠨ ᠬᠠᠮᠢᠶᠠᠷᠤᠯᠲᠠ᠎ᠶᠢᠨ ᠵᠠᠭᠪᠤᠷ᠎ᠤᠨ ᠰᠢᠨ᠎ᠡ᠎ᠶᠢ ᠡᠭᠦᠳᠬᠦ ᠵᠢ ᠠᠭᠤᠰᠤᠯᠴᠠᠭᠤᠯᠵᠤ᠂ ᠬᠢᠴᠢᠶᠡᠯ᠎ᠦᠨ ᠲᠠᠩᠬᠢᠮ᠎ᠳᠤ ᠬᠢᠴᠢᠶᠡᠯ ᠵᠢᠭᠠᠬᠤ᠂ ᠵᠢᠭᠠᠨ ᠰᠤᠷᠭᠠᠯᠲᠠ᠎ᠶᠢᠨ ᠮᠡᠳᠡᠭᠦᠯᠦᠯᠲᠡ ᠬᠢᠬᠦ᠂ ᠲᠤᠬᠠᠢ᠎ᠶᠢᠨ ᠲᠠᠯᠠᠪᠤᠷ᠎ᠲᠤ ᠨᠣᠮ ᠬᠠᠶᠠᠯᠴᠠᠬᠤ᠂ ᠦᠯᠢᠭᠡᠷ ᠵᠢᠱ᠌ᠢᠶ᠎ᠡ᠎ᠶᠢ ᠬᠤᠪᠢᠶᠠᠯᠴᠠᠬᠤ ᠵᠡᠷᠭᠡ ᠣᠯᠠᠨ ᠵᠦᠢᠯ᠎ᠦᠨ ᠬᠡᠯᠪᠡᠷᠢ᠎ᠪᠡᠷ  ᠪᠥᠬᠥ ᠣᠷᠣᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠪᠠᠭ᠍ᠰᠢ᠎ᠨᠠᠷ᠎ᠤᠨ   ᠬᠥᠮᠥᠨ ᠢ᠋ ᠬᠥᠮᠥᠵᠢᠭᠦᠯᠬᠦ ᠦᠨᠳᠦᠰᠦᠨ ᠴᠢᠳᠠᠪᠤᠷᠢ᠎ᠶᠢ ᠢᠯᠡᠷᠡᠬᠦᠯᠪᠡ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠤᠨ ᠬᠢᠨ  ᠲᠤᠰ ᠤᠳᠠᠭᠠᠨ᠎ᠤ ᠤᠷᠤᠯᠳᠤᠭᠠᠨ ᠎ᠤ  ᠦᠷ᠎ᠡ ᠪᠦᠲᠦᠭᠡᠯ ᠎ᠢ ᠪᠦᠬᠦ ᠣᠷᠣᠨ᠎ᠤ ᠪᠠᠭ᠍ᠰᠢ᠎ᠶᠢᠨ ᠡᠩᠨᠡᠭᠡ᠎ᠶᠢᠨ ᠪᠠᠢᠭᠤᠯᠤᠯᠲᠠ ᠳ᠋ᠤ ᠦᠢᠯᠡᠳᠦᠯᠭᠡᠵᠢᠬᠦᠯᠵᠦ᠂ ᠰᠤᠷᠭᠠᠨ ᠬᠥᠮᠦᠵᠢᠯ᠎ᠦᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ ᠬᠢᠭᠡᠳ ᠠᠵᠤ ᠦᠢᠯᠡᠰ᠎ᠦᠨ ᠬᠡᠯᠬᠢᠶ᠎ᠡ᠎ᠶᠢᠨ ᠭᠦᠨᠵᠡᠭᠡᠢ ᠠᠭᠤᠰᠤᠯᠴᠠᠯ ᠎ᠢ ᠭᠦᠨᠵᠡᠭᠡᠢᠷᠡᠭᠦᠯᠵᠦ᠂ ᠣᠲᠣ᠌ ᠦᠶ᠎ᠡ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠎ᠦᠨ ᠰᠢᠰᠲᠧᠮ᠎ᠤᠨ ᠪᠠᠢᠭᠤᠯᠤᠯᠲᠠ ᠥᠭᠡᠷᠡᠴᠢᠯᠡᠯᠲᠡ᠎ᠶᠢ  ᠢᠳᠡᠪᠬᠢᠲᠡᠢ  ᠠᠬᠢᠭᠤᠯᠬᠤ  ᠪᠤᠯᠤᠨ᠎ᠠ ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号