ᠰᠥᠨᠢᠳ ᠪᠠᠷᠠᠭᠤᠨ ᠬᠣᠰᠢᠭᠤ᠂ ᠤᠯᠤᠰ ᠤᠨ ᠭᠠᠵᠠᠷ ᠵᠦᠢ ᠶᠢᠨ ᠢᠯᠡᠷᠬᠡᠢᠯᠡᠯᠳᠤ ᠳᠠᠸᠠᠷ ᠤᠨ ᠪᠦᠳᠦᠬᠡᠭᠳᠡᠬᠦᠨ ᠪᠤᠯᠬᠤ ᠰᠦᠨᠢᠳ ᠬᠤᠨᠢᠨ ᠮᠢᠬ᠎ᠠ᠎ᠳᠤ ᠰᠠᠭᠤᠷᠢᠯᠡᠵᠦ᠂ ᠰᠦᠨᠢᠳ ᠬᠤᠨᠢᠨ ᠮᠢᠠᠬᠠ ᠤ ᠳᠦᠷᠦᠯ ᠲᠡᠮᠳᠡᠭ ᠤᠨ ᠳᠠᠪᠠᠭᠤᠯᠢᠭ᠋ ᠤᠨ ᠳᠠᠭᠠᠤ ᠴᠡᠪᠡᠷ ᠡᠭᠦᠯᠳᠡᠷ ᠢ᠋ᠰᠢᠯᠢᠳᠡᠭᠵᠢᠭᠦᠯᠬᠦ᠂ ᠶᠠᠰᠤ ᠴᠢᠨᠠᠷ ᠢ᠋ ᠳᠡᠭᠡᠭᠰᠢᠯᠡᠭᠦᠯᠬᠦ ᠠᠵᠢᠯ ᠢ ᠰᠠᠶ᠋ᠢᠲᠤᠷ ᠠᠳᠬᠤᠵᠤ᠂ ᠮᠠᠯ᠎ᠤᠨ ᠠᠰᠢᠭ᠋ ᠰᠢᠮ᠎ᠡ᠎ᠶᠢᠨ ᠨᠡᠷ᠎ᠡ ᠠᠯᠳᠠᠷ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠥᠨᠢᠳ ᠬᠣᠨᠢᠨ ᠮᠢᠬᠠᠨ ᠤ ᠪᠦᠲᠦᠭᠡᠭᠳᠡᠬᠦᠨ᠎ᠤ ᠴᠢᠨᠠᠷ ᠢ᠋ ᠪᠠᠳᠤᠯᠠᠨ ᠦᠨ᠎ᠠ ᠵᠢ ᠦᠰᠬᠡᠬᠦ᠎ᠶᠢ ᠪᠡᠶᠡᠯᠡᠭᠦᠯᠵᠦ᠂ ᠪᠦᠬᠦ ᠬᠣᠰᠢᠭᠤᠨ᠎ᠤ ᠰᠥᠨᠢᠳ ᠬᠣᠨᠢᠨ᠎ᠤ ᠠᠵᠤ ᠦᠢᠯᠡᠰ᠎ᠦᠨ ᠬᠡᠯᠬᠢᠶᠡᠵᠢᠯ᠎ᠢ ᠦᠷᠭᠦᠯᠵᠢᠯᠡᠨ ᠪᠤᠵᠠᠭᠠᠶ᠋ᠢᠷᠠᠭᠤᠯᠤᠨ ᠬᠦᠴᠦᠷᠬᠡᠭᠵᠢᠭᠦᠯᠵᠦ᠂ 《ᠰᠥᠨᠢᠳ ᠬᠤᠨᠢᠨ》 ᠤ ᠨᠡᠷ᠎ᠡ ᠠᠯᠳᠠᠷᠰᠢᠯ ᠢ᠋ ᠤᠯᠠᠮ ᠢ᠋ᠶ᠋ᠠᠷ ᠨᠡᠮᠡᠭᠳᠡᠬᠦᠯᠵᠦ ᠪᠠᠢᠨ᠎ᠠ᠃

ᠰᠥᠨᠢᠳ ᠪᠠᠷᠠᠭᠤᠨ ᠬᠣᠰᠢᠭᠤ ᠰᠥᠨᠢᠳ ᠬᠣᠨᠢᠨ᠎ᠤ ᠭᠣᠣᠯ ᠭᠠᠷᠤᠯᠲᠠ᠎ᠶᠢᠨ ᠣᠷᠣᠨ ᠤ ᠨᠢᠬᠡ ᠪᠣᠯᠤᠭᠰᠠᠨ᠎ᠤ ᠬᠤᠪᠢ᠎ᠳᠤ᠂ ᠣᠢᠷ᠎ᠠ᠎ᠶᠢᠨ ᠵᠢᠯ᠎ᠳᠦ ᠣᠷᠣᠨ ᠨᠤᠲᠤᠭ᠎ᠤᠨ ᠦᠷ᠎ᠡ ᠡᠳ᠋᠎ᠦᠨ ᠡᠬᠢ ᠪᠠᠶᠠᠯᠢᠭ᠋᠎ᠤᠨ ᠳᠠᠪᠠᠭᠤᠯᠢᠭ᠋᠎ᠲᠠᠭᠠᠨ ᠰᠠᠭᠤᠷᠢᠯᠠᠨ᠂ 《ᠭᠤᠷᠪᠠ᠎ᠶᠢ ᠰᠢᠯᠢᠳᠡᠭᠵᠢᠭᠦᠯᠵᠦ ᠨᠢᠭᠡ᠎ᠶᠢ ᠪᠠᠭᠤᠷᠠᠭᠤᠯᠤᠨ ᠲᠡᠭᠦᠯᠳᠡᠷᠵᠢᠭᠦᠯᠬᠦ》 ᠪᠡᠷ ᠬᠥᠭᠵᠢᠯᠲᠡ᠎ᠶᠢᠨ ᠰᠡᠳᠬᠢᠴᠡ ᠪᠣᠯᠭᠠᠵᠤ᠂ ᠰᠢᠯᠢᠳᠡᠭ ᠡᠬᠦᠯᠳᠡᠷ᠎ᠤᠨ ᠦᠷ᠎ᠡ᠎ᠶᠢᠨ ᠦᠢᠯᠡᠰ᠎ᠢ ᠬᠥᠭᠵᠢᠭᠦᠯᠦᠨ᠂ ᠪᠥᠬᠥ ᠬᠡᠯᠬᠢᠶᠡᠵᠢᠯ᠎ᠢ ᠲᠠᠰ ᠳᠡᠪᠰᠢᠭᠦᠯᠵᠦ᠂ ᠳᠦᠷᠦᠯ ᠲᠡᠮᠳᠡᠭ᠎ᠢ ᠪᠣᠶ ᠪᠣᠯᠭᠠᠬᠤ᠎ᠠᠴᠠ ᠠᠰᠢᠭ᠋ ᠤᠷᠤᠯᠭ᠎ᠠ᠎ᠶᠢᠨ ᠬᠣᠯᠪᠣᠭᠠᠰᠦᠶᠢ ᠪᠥᠬᠥ ᠲᠠᠯ᠎ᠠ᠎ᠪᠠᠷ ᠨᠢᠭᠳᠠᠷᠠᠭᠤᠯᠵᠦ᠂ ᠰᠥᠨᠢᠳ ᠬᠣᠨᠢᠨ᠎ᠤ ᠠᠵᠤ ᠦᠢᠯᠡᠰ᠎ᠢ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠳᠦᠷᠦᠯ ᠲᠡᠮᠳᠡᠭᠵᠢᠭᠦᠯᠬᠦ ᠴᠢᠨᠠᠷ ᠰᠠᠢᠲᠠᠢ᠎ᠪᠠᠷ ᠬᠥᠭᠵᠢᠭᠦᠯᠬᠦ᠎ᠶᠢ ᠠᠬᠢᠭᠤᠯᠵᠤ᠂ ᠲᠠᠯ᠎ᠠ ᠨᠤᠲᠤᠭ᠎ᠤᠨ ᠠᠮᠢ ᠠᠬᠤᠢ᠎ᠶᠢᠨ ᠳᠠᠪᠠᠭᠤᠯᠢᠭ᠋᠎ᠢ ᠦᠨᠡᠨ ᠪᠣᠳᠠᠲᠠᠢ ᠠᠵᠤ ᠠᠬᠤᠢ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠵᠤ᠂ ᠠᠮᠢ ᠠᠬᠤᠢ᠎ᠶᠢᠨ ᠬᠠᠮᠠᠭᠠᠯᠠᠯᠲᠠ ᠬᠢᠭᠡᠳ ᠮᠠᠯᠴᠢᠳ᠎ᠤᠨ ᠣᠷᠣᠯᠭ᠎ᠠ᠎ᠶᠢᠨ ᠨᠡᠮᠡᠭᠳᠡᠯ᠎ᠢ ᠬᠠᠮᠵᠢᠯᠴᠠᠭᠤᠯᠤᠨ ᠤᠷᠤᠭᠰᠢᠯᠠᠭᠤᠯᠤᠭᠰᠠᠨ ᠣᠨᠴᠠᠯᠢᠭ᠍ᠲᠤ ᠮᠠᠯ ᠠᠵᠤ ᠠᠬᠤᠢ᠎ᠶᠢᠨ ᠬᠥᠭᠵᠢᠯᠲᠡ᠎ᠶᠢᠨ ᠵᠠᠮ᠎ᠢᠶᠠᠷ ᠵᠠᠮᠨᠠᠵᠠᠢ᠃

ᠦᠷ᠎ᠡ᠎ᠶᠢᠨ ᠦᠢᠯᠡᠰ ᠪᠣᠯ ᠮᠠᠯ ᠠᠵᠤ ᠠᠬᠤᠢ᠎ᠶᠢᠨ ᠠᠨᠢᠰᠤ ᠪᠣᠯᠣᠨ᠎ᠠ᠃ ᠳᠤᠰ ᠬᠣᠰᠢᠭᠤ ᠦᠷ᠎ᠡ᠎ᠶᠢᠨ ᠡᠬᠢ ᠪᠠᠶᠠᠯᠢᠭ᠋᠎ᠤᠨ ᠬᠠᠮᠠᠭᠠᠯᠠᠯᠲᠠ ᠪᠣᠯᠣᠨ ᠡᠬᠦᠯᠳᠡᠷ ᠰᠠᠢᠵᠢᠷᠠᠭᠤᠯᠤᠯᠲᠠ᠎ᠶᠢ ᠢᠮᠠᠭᠲᠠ ᠠᠵᠤ ᠦᠢᠯᠡᠰ᠎ᠦᠨ ᠬᠥᠭᠵᠢᠯᠲᠡ᠎ᠶᠢᠨ ᠰᠠᠭᠤᠷᠢ ᠪᠣᠯᠭᠠᠭᠰᠠᠭᠠᠷ ᠢᠷᠡᠪᠡ᠃ ᠰᠥᠨᠢᠳ ᠬᠣᠨᠢᠨ᠎ᠤ ᠤᠯᠤᠰ᠎ᠤᠨ ᠲᠠᠰ᠎ᠤᠨ ᠭᠣᠣᠯᠯᠠᠬᠤ ᠡᠭᠦᠯᠳᠡᠷ ᠪᠣᠢᠵᠢᠭᠤᠯᠬᠤ ᠲᠠᠯᠠᠪᠤᠷ ᠪᠣᠯᠤᠭᠰᠠᠨ᠎ᠤ ᠬᠤᠪᠢ᠎ᠳᠤ᠂ ᠲᠣᠰ ᠬᠣᠰᠢᠭᠤ ᠨᠢᠭᠡᠨᠲᠡ 《ᠡᠭᠦᠯᠳᠡᠷ ᠪᠣᠢᠵᠢᠭᠤᠯᠬᠤ ᠭᠣᠣᠯ ᠴᠡᠭ — ᠡᠭᠦᠯᠳᠡᠷ ᠪᠣᠢᠵᠢᠭᠤᠯᠬᠤ ᠲᠠᠯᠠᠪᠠᠶ — ᠲᠡᠵᠢᠭᠡᠨ ᠦᠷᠡᠵᠢᠭᠦᠯᠬᠦ ᠰᠠᠭᠤᠷᠢᠨ》 ᠭᠡᠬᠦ ᠭᠤᠷᠪᠠᠨ ᠳᠡᠰ᠎ᠤᠨ ᠡᠭᠦᠯᠳᠡᠷ ᠪᠣᠢᠵᠢᠭᠤᠯᠬᠤ ᠰᠢᠰᠲᠧᠮ᠎ᠢ ᠪᠠᠢᠭᠤᠯᠵᠤ᠂ ᠪᠥᠬᠥ ᠬᠣᠰᠢᠭᠤᠨ᠎ᠤ ᠰᠥᠨᠢᠳ ᠬᠣᠨᠢᠨ᠎ᠤ ᠲᠣᠭ᠎ᠠ ᠲᠣᠯᠣᠭᠠᠢ ᠨᠢ 70 ᠲᠦᠮᠡ᠎ᠶᠢ ᠳᠠᠪᠠᠵᠠᠢ᠃ ᠴᠡᠪᠡᠷ ᠡᠬᠦᠯᠳᠡᠷ᠎ᠤᠨ ᠬᠤᠴᠠᠨᠤ ᠬᠢᠨᠠᠨ ᠲᠣᠭᠲᠠᠭᠠᠯᠲᠠ ᠵᠢ ᠴᠢᠩᠭ᠎ᠠ ᠥᠷᠨᠢᠭᠦᠯᠬᠦ᠎ᠪᠡᠷ ᠳᠠᠮᠵᠢᠨ᠂ ᠲᠤᠬᠠᠢ᠎ᠶᠢᠨ ᠭᠠᠵᠠᠷ᠎ᠤᠨ ᠰᠢᠯᠢᠳᠡᠭ ᠡᠬᠦᠯᠳᠡᠷ᠎ᠤᠨ ᠬᠤᠴᠠᠨᠤ ᠬᠢᠷᠢ ᠲᠡᠩᠴᠡᠭᠰᠡᠨ ᠨᠣᠷᠮ᠎ᠠ᠎ᠶᠢ 95%᠎ᠠᠴᠠ ᠳᠡᠭᠡᠭᠰᠢ ᠪᠠᠢᠯᠭᠠᠵᠤ᠂ ᠰᠥᠨᠢᠳ ᠬᠣᠨᠢᠨ᠎ᠤ ᠴᠡᠪᠡᠷ ᠡᠭᠦᠯᠳᠡᠷ᠎ᠢ ᠪᠣᠢᠵᠢᠭᠤᠯᠬᠤ ᠬᠣᠷᠢᠭ᠎ᠠ ᠱᠤᠭᠤᠮ᠎ᠢ ᠪᠠᠲᠤ ᠰᠠᠬᠢᠵᠡᠢ᠃ᠡᠭᠦᠨ᠎ᠦ ᠬᠠᠮᠲᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠨᠢ ᠦᠷ᠎ᠡ᠎ᠶᠢᠨ ᠦᠢᠯᠡᠰ᠎ᠲᠦ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠪᠡ᠃ ᠰᠦᠨᠢᠳ ᠪᠠᠷᠠᠭᠤᠨ ᠬᠤᠰᠢᠭᠤ ᠨᠢ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠲᠠᠯ᠎ᠠ ᠨᠤᠲᠤᠭ᠎ᠤᠨ ᠮᠠᠯ ᠲᠡᠵᠢᠭᠡᠪᠦᠷᠢ᠎ᠶᠢᠨ ᠦᠷᠡᠵᠢᠯ᠎ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠣᠢᠵᠢᠭᠤᠯᠬᠤ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ᠎ᠶᠢᠨ ᠲᠠᠰᠤᠭ᠎ᠲᠠᠢ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠭᠧᠨ᠎ᠢ ᠪᠠᠢᠴᠠᠭᠠᠨ ᠰᠢᠯᠭᠠᠬᠤ ᠮᠡᠷᠭᠡᠵᠢᠯ᠎ᠢᠶᠡᠷ ᠥᠨᠳᠥᠷ ᠦᠷᠡᠵᠢᠯᠲᠡ᠎ᠲᠠᠢ ᠰᠥᠨᠢᠳ ᠬᠣᠨᠢᠨ᠎ᠤ ᠰᠢᠨ᠎ᠡ ᠡᠭᠦᠯᠳᠡᠷ᠎ᠢ ᠰᠣᠩᠭᠣᠨ ᠪᠣᠢᠵᠢᠭᠤᠯᠵᠦ᠂ ᠡᠳᠦᠬᠡ ᠵᠢᠯ᠎ᠳᠦ 5000 ᠰᠢᠯᠢᠳᠡᠭ ᠬᠤᠴᠠ᠎ᠶᠢ ᠰᠣᠩᠭᠣᠨ ᠪᠣᠢᠵᠢᠭᠤᠯᠪᠠ᠃ ᠰᠡᠯᠭᠦᠨ ᠮᠠᠯᠵᠢᠬᠤ ᠵᠠᠩᠭᠢᠯᠠᠭ᠎ᠠ᠎ᠶᠢᠨ ᠬᠤᠭᠤᠴᠠᠭᠠᠨ᠎ᠳᠤ᠂ ᠬᠣᠰᠢᠭᠤᠨ᠎ᠠᠴᠠ 145 ᠭᠣᠣᠯᠳᠠᠯᠭ᠎ᠠ ᠳᠠᠢ ᠲᠡᠵᠢᠭᠡᠨ ᠦᠷᠡᠵᠢᠭᠦᠯᠬᠦ ᠡᠷᠦᠬᠡ᠎ᠳᠦ ᠵᠦᠷᠢᠶᠡᠴᠢᠯᠡᠨ ᠬᠠᠪᠰᠤᠷᠤᠨ ᠲᠡᠳᠬᠦᠬᠦ᠎ᠶᠢ ᠨᠠᠢᠳᠠᠪᠤᠷᠢᠵᠢᠭᠤᠯᠵᠤ᠂ 280 ᠲᠣᠨ ᠲᠤᠰᠬᠠᠢ ᠲᠦᠷᠦᠯ᠎ᠦᠨ ᠡᠪᠡᠰᠦ ᠪᠣᠷᠳᠣᠭ᠎ᠠ ᠲᠠᠷᠬᠠᠭᠠᠵᠤ᠂ ᠮᠠᠯᠴᠢᠳ᠎ᠤᠨ ᠪᠣᠷᠳᠣᠭᠠᠨ᠎ᠤ ᠳᠠᠷᠤᠭᠠᠰᠤ᠎ᠶᠢ ᠦᠨᠡᠨ ᠬᠦ᠌ ᠬᠥᠩᠭᠡᠷᠡᠭᠦᠯᠵᠦ᠂ ᠰᠠᠢᠨ ᠡᠭᠦᠯᠳᠡᠷ᠎ᠢ ᠪᠣᠢᠵᠢᠭᠤᠯᠬᠤ ᠦᠨᠳᠦᠰᠦᠨ ᠱᠠᠲᠤᠨ᠎ᠤ ᠰᠠᠭᠤᠷᠢ᠎ᠶᠢ ᠲᠣᠭᠲᠠᠪᠤᠷᠢᠵᠢᠭᠤᠯᠤᠭᠰᠠᠨ ᠪᠠᠢᠨ᠎ᠠ᠃
ᠠᠵᠦ ᠦᠢᠯᠡᠰ᠎ᠤᠨ ᠬᠦᠭᠵᠢᠯᠳᠡ ᠵᠢ ᠠᠬᠢᠭᠤᠯᠬᠤ᠎ᠳᠤ ᠠᠵᠦ ᠦᠢᠯᠡᠰ᠎ᠤᠨ ᠬᠡᠯᠬᠢᠶᠡᠵᠢᠯ᠎ᠢ ᠪᠦᠷᠢᠨᠰᠢᠬᠦᠯᠬᠦ ᠪᠤᠯ ᠮᠠᠰᠢ ᠵᠠᠩᠬᠢᠯᠠᠭ᠎ᠠ ᠵᠢᠨ ᠠᠰᠠᠭᠤᠳᠠᠯ᠃ ᠰᠥᠨᠢᠳ ᠪᠠᠷᠠᠭᠤᠨ ᠬᠣᠰᠢᠭᠤ ᠰᠥᠨᠢᠳ ᠬᠣᠨᠢᠨ᠎ᠤ ᠠᠵᠤ ᠦᠢᠯᠡᠰ᠎ᠦᠨ ᠬᠡᠯᠬᠢᠶᠡᠵᠢᠯ ᠢ ᠤᠷᠲᠤᠳᠬᠠᠨ᠂ ᠬᠡᠯᠬᠢᠶᠡᠵᠢᠯ᠎ᠢ ᠨᠥᠬᠥᠪᠦᠷᠢᠯᠡᠵᠦ᠂ ᠬᠡᠯᠬᠢᠶᠡᠵᠢᠯ᠎ᠢ ᠴᠢᠩᠭᠠᠳᠬᠠᠬᠤ᠎ᠶᠢᠨ ᠲᠣᠭᠣᠷᠢᠨ᠎ᠳᠤ᠂ 《ᠲᠡᠵᠢᠭᠡᠨ ᠦᠷᠡᠵᠢᠭᠦᠯᠬᠦ — ᠡᠳ᠋ᠰᠢᠭᠦᠯᠦᠨ ᠪᠣᠯᠪᠠᠰᠤᠷᠠᠭᠤᠯᠬᠤ — ᠬᠦᠯᠳᠡᠬᠡᠨ ᠬᠠᠳᠠᠭᠠᠯᠠᠬᠤ — ᠪᠣᠷᠣᠯᠠᠭᠤᠯᠬᠤ — ᠳᠦᠷᠦᠯ ᠳᠡᠮᠳᠡᠭ》ᠬᠡᠬᠦ ᠠᠵᠤ ᠦᠢᠯᠡᠰ ᠦᠨ ᠪᠦᠬᠦ ᠬᠡᠯᠬᠢᠶᠡᠨ᠎ᠦ ᠰᠢᠰᠲᠧᠮ᠎ᠢ ᠠᠯᠬᠤᠮ ᠠᠯᠬᠤᠮ᠎ᠢᠶᠠᠷ ᠴᠣᠭᠴᠠᠯᠠᠨ ᠪᠠᠢᠭᠤᠯᠪᠠ᠃ ᠣᠳᠣᠬᠠᠨ᠎ᠳᠤ᠂ ᠪᠦᠬᠦ ᠬᠣᠰᠢᠭᠤᠨ᠎ᠳᠤ ᠮᠠᠯ ᠨᠢᠲᠤᠯᠵᠤ ᠡᠳ᠋ᠰᠢᠭᠦᠯᠬᠦ ᠠᠵᠤ ᠠᠬᠤᠢᠯᠡᠯ 7 ᠪᠠᠢᠵᠤ᠂ ᠤᠯᠤᠰ᠎ᠤᠨ ᠬᠠᠩᠭᠠᠯᠭ᠎ᠠ᠎ᠶᠢᠨ ᠬᠡᠯᠬᠢᠶᠡᠨ᠎ᠦ ᠠᠵᠤ ᠠᠬᠤᠢᠯᠡᠯ 1 ᠪᠠᠢᠵᠤ᠂ ᠮᠠᠯ ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠬᠤ ᠨᠣᠷᠮ᠎ᠠ 78%᠎ᠶᠢ ᠳᠠᠪᠠᠪᠠ᠃ ᠲᠣᠰ ᠭᠠᠵᠠᠷ ᠣᠷᠣᠨ᠎ᠤ ᠳᠠᠭᠠᠭᠤᠯᠤᠭᠴᠢ ᠠᠵᠤ ᠠᠬᠤᠢᠯᠡᠯ 80 ᠭᠠᠷᠤᠢ ᠪᠠᠢᠵᠦ᠂ ᠡᠭᠦᠯᠳᠡᠷ᠎ᠦᠨ ᠬᠣᠨᠢᠨ ᠮᠢᠬ᠎ᠠ᠎ᠶᠢ ᠨᠠᠷᠢᠯᠢᠭ᠋ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠬᠦᠨ᠎ᠢ ᠨᠡᠭᠡᠭᠡᠨ ᠬᠥᠭᠵᠢᠭᠦᠯᠵᠦ᠂ ᠵᠢᠯ᠎ᠦᠨ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠨᠢ 50 ᠲᠦᠮᠡᠨ ᠲᠣᠯᠣᠭᠠᠢ᠎ᠳᠤ ᠬᠦᠷᠴᠦ᠂ ᠨᠠᠷᠢᠯᠢᠭ᠋ ᠬᠡᠰᠡᠭᠯᠡᠯᠳᠠᠡᠴᠡ ᠪᠤᠯᠭᠤᠭᠠᠭᠰᠠᠨ ᠢᠳᠡᠭᠡᠨ᠂ ᠤᠷᠢᠳᠴᠢᠯᠠᠨ ᠦᠢᠯᠡᠳᠦᠭᠰᠡᠨ ᠨᠣᠭᠣᠭ᠎ᠠ ᠬᠦᠷᠲᠡᠯ᠎ᠡ ᠬᠣᠨᠢᠨ ᠮᠢᠬᠠᠨ᠎ᠤ ᠪᠦᠲᠦᠭᠡᠭᠳᠡᠬᠦᠨ ᠦ ᠨᠡᠮᠡᠯᠲᠡ ᠥᠷᠲᠡᠭ ᠢ ᠲᠠᠰᠤᠷᠠᠯᠲᠠ ᠦᠭᠡᠢ ᠨᠡᠮᠡᠭᠳᠡᠬᠦᠯᠵᠤ ᠪᠠᠢᠨ᠎ᠠ᠃
ᠴᠢᠬᠤᠯᠠ ᠶᠡᠬᠡ ᠲᠥᠷᠥᠯ ᠵᠦᠢᠯ᠎ᠢ ᠨᠠᠢᠳᠠᠪᠤᠷᠢᠵᠢᠭᠤᠯᠬᠤ ᠨᠢ ᠨᠠᠩ ᠴᠤ᠌ ᠠᠵᠤ ᠦᠢᠯᠡᠰ᠎ᠦᠨ ᠲᠠᠰ ᠳᠡᠪᠰᠢᠬᠦ᠎ᠳᠦ ᠬᠦᠴᠦᠳᠡᠢ ᠲᠤᠯᠭᠠᠭᠤᠷᠢᠯᠠᠯ ᠬᠠᠩᠭᠠᠪᠠ᠃ 2026 ᠣᠨ᠎ᠳᠤ ᠥᠷᠭᠡᠨᠲᠠᠯ᠎ᠠ ᠪᠠᠯᠭᠠᠰᠤ ᠤᠯᠤᠰ᠎ᠤᠨ ᠲᠠᠰ᠎ᠤᠨ ᠲᠠᠷᠢᠶᠠᠯᠠᠩ᠎ᠤᠨ ᠠᠵᠤ ᠦᠢᠯᠡᠰ᠎ᠦᠨ ᠬᠦᠴᠦᠷᠬᠡᠭ ᠪᠠᠯᠭᠠᠰᠤᠨ᠎ᠤ ᠪᠦᠲᠦᠭᠡᠨ ᠪᠠᠢᠭᠤᠯᠤᠯᠲᠠ᠎ᠶᠢᠨ ᠨᠡᠷᠡᠰ᠎ᠲᠦ ᠣᠷᠣᠵᠤ᠂ ᠳᠡᠭᠡᠳᠦ ᠱᠠᠲᠤᠨ᠎ᠤ ᠲᠤᠰᠬᠠᠢ ᠲᠥᠷᠥᠯ᠎ᠦᠨ ᠲᠡᠳᠬᠦᠮᠵᠢ᠎ᠶᠢᠨ ᠪᠡᠯᠡ ᠮᠥᠩᠭᠥ 1000 ᠲᠦᠮᠡᠨ ᠲᠥᠭᠥᠷᠢᠭ ᠭᠥᠷᠳᠡᠵᠦ᠂ ᠭᠤᠷᠪᠠᠨ ᠵᠢᠯ᠎ᠦᠨ ᠪᠥᠬᠥ ᠪᠡᠯᠡ ᠣᠷᠣᠭᠤᠯᠤᠯᠲᠠ᠎ᠶᠢᠨ ᠲᠥᠯᠦᠪᠵᠢᠭᠦᠯᠭᠡ ᠨᠢ 4280 ᠲᠦᠮᠡᠨ ᠲᠥᠭᠥᠷᠢᠭ᠎ᠲᠦ ᠬᠦᠷᠴᠡᠢ᠃ ᠲᠥᠷᠥᠯ ᠵᠦᠢᠯ ᠨᠢ ᠰᠠᠢᠨ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ ᠰᠢᠰᠲᠧᠮ ᠢ ᠲᠠᠰ ᠳᠡᠪᠰᠢᠭᠦᠯᠬᠦ᠂ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢ ᠲᠠᠰ ᠳᠡᠪᠰᠢᠭᠦᠯᠬᠦ ᠬᠣᠶᠠᠷ ᠶᠡᠬᠡ ᠴᠢᠭᠯᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠨᠠᠢ᠍ᠮᠠᠨ ᠶᠡᠬᠡ ᠭᠣᠣᠯᠳᠠᠯᠭ᠎ᠠ᠎ᠲᠠᠢ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠪᠠᠢᠷᠢᠰᠢᠭᠤᠯᠵᠤ᠂ ᠲᠣᠰ ᠵᠢᠯ᠎ᠳᠦ 1200 ᠲᠦᠮᠡᠨ ᠲᠥᠭᠥᠷᠢᠭ᠎ᠦᠨ ᠪᠡᠯᠡ ᠣᠷᠣᠭᠤᠯᠤᠨ ᠭᠠᠴᠠᠭᠠᠨ᠎ᠤ ᠠᠵᠤ ᠦᠢᠯᠡᠰ᠎ᠢ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠂ ᠬᠣᠯᠪᠤᠭᠠᠯᠠᠨ ᠡᠭᠦᠯᠳᠡᠷ ᠪᠣᠢᠵᠢᠭᠤᠯᠬᠤ ᠴᠢᠳᠠᠪᠤᠷᠢ᠎ᠶᠢ ᠳᠡᠭᠡᠭᠰᠢᠯᠡᠭᠦᠯᠬᠦ᠂ ᠪᠠᠷᠢᠮᠵᠢᠶᠠᠵᠢᠭ᠍ᠰᠠᠨ ᠲᠡᠵᠢᠭᠡᠨ ᠦᠷᠡᠵᠢᠭᠦᠯᠬᠦ ᠰᠠᠭᠤᠷᠢᠨ᠎ᠢ ᠢᠵᠢ ᠪᠦᠷᠢᠳᠦᠭᠦᠯᠬᠦ ᠵᠡᠷᠭᠡ ᠠᠵᠢᠯ᠎ᠢ ᠠᠬᠢᠭᠤᠯᠵᠤ᠂ ᠮᠢᠬᠠᠨ᠎ᠤ ᠬᠤᠨᠢᠨ ᠤ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠪᠠᠲᠤ ᠪᠡᠬᠢ ᠰᠠᠭᠤᠷᠢ ᠴᠣᠭᠴᠠᠯᠠᠪᠠ᠃ ᠡᠭᠦᠨ᠎ᠡᠴᠡ ᠭᠠᠳᠠᠨ᠎ᠠ᠂ ᠪᠦᠬᠦ ᠬᠣᠰᠢᠭᠤᠨ᠎ᠳᠤ 13 ᠬᠣᠯᠢᠮᠠᠭ ᠪᠤᠷᠳᠤᠭᠠᠨᠦ ᠰᠠᠭᠤᠷᠢᠨ᠎ᠢ ᠪᠠᠢᠭᠤᠯᠵᠤ᠂ ᠵᠢᠯ ᠦᠨ ᠦᠢᠯᠡᠳᠪᠦᠷᠢᠯᠡᠯ᠎ᠦᠨ ᠴᠢᠳᠠᠪᠬᠢ 6 ᠲᠦᠮᠡᠨ ᠲᠣᠨ᠎ᠳᠤ ᠬᠦᠷᠴᠦ᠂ ᠲᠡᠵᠢᠭᠡᠯ ᠡᠪᠡᠰᠦᠨ ᠦ ᠥᠪᠡᠷ᠎ᠢ᠎ᠪᠡᠨ ᠬᠠᠩᠭᠠᠬᠤ ᠨᠣᠷᠮ᠎ᠠ ᠲᠣᠭᠲᠠᠭᠤᠨ᠎ᠢᠶᠠᠷ ᠳᠡᠭᠡᠭᠰᠢᠯᠡᠵᠦ᠂ ᠲᠥᠬᠥᠭᠡᠷᠦᠮᠵᠢᠲᠦ ᠮᠠᠯ ᠠᠵᠤ ᠠᠬᠤᠢ᠎ᠶᠢᠨ ᠲᠡᠵᠢᠭᠡᠨ ᠦᠷᠡᠵᠢᠭᠦᠯᠬᠦ ᠬᠠᠷᠢᠴᠠᠯ 78%᠎ᠳᠤ ᠬᠦᠷᠴᠦ᠂ ᠮᠠᠯᠴᠢᠳ᠎ᠤᠨ ᠲᠡᠵᠢᠭᠡᠨ ᠦᠷᠡᠵᠢᠭᠦᠯᠬᠦ ᠥᠪᠡᠷ᠎ᠦᠨ ᠥᠷᠲᠡᠭ᠎ᠢ ᠪᠦᠲᠦᠮᠵᠢᠲᠡᠢ ᠪᠠᠭᠤᠷᠠᠭᠤᠯᠪᠠ᠃
ᠳᠦᠷᠦᠯ ᠳᠡᠮᠳᠡᠭ ᠤᠨ ᠨᠡᠷ᠎ᠠ ᠨᠦᠯᠦᠬᠡ ᠨᠡᠨᠭ ᠦᠷᠬᠡᠵᠢᠪᠡ᠃ ᠰᠥᠨᠢᠳ ᠪᠠᠷᠠᠭᠤᠨ ᠬᠣᠰᠢᠭᠤ ᠳᠦᠷᠦᠯ ᠳᠡᠮᠳᠡᠭ ᠤᠨ ᠦᠨ᠎ᠡ ᠥᠷᠲᠡᠭ ᠢ ᠳᠡᠭᠡᠭᠰᠢᠯᠡᠭᠦᠯᠬᠦ᠎ᠶᠢ ᠪᠠᠷᠢᠮᠲᠠᠯᠠᠵᠤ᠂ ᠰᠥᠨᠢᠳ ᠬᠣᠨᠢᠨ᠎ᠤ ᠤᠯᠤᠰ ᠤᠨ ᠭᠠᠵᠠᠷ ᠵᠦᠢ ᠶᠢᠨ ᠢᠯᠡᠷᠬᠡᠢᠯᠡᠯᠳᠤ ᠳᠠᠸᠠᠷ᠎ᠤᠨ ᠪᠦᠲᠦᠭᠡᠭᠳᠡᠬᠦᠨ᠎ᠦ ᠠᠯᠲᠠᠨ ᠦᠰᠦᠭᠲᠦ ᠫᠠᠢᠰᠠ᠎ᠶᠢ ᠦᠷᠭᠦᠯᠵᠢᠯᠡᠨ ᠭᠢᠯᠠᠷᠠᠭᠤᠯᠵᠦ ᠶᠠᠪᠤᠨ᠎ᠠ᠃ ᠲᠤᠬᠠᠢ᠎ᠶᠢᠨ ᠭᠠᠵᠠᠷ᠎ᠤᠨ ᠬᠢᠨ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠳᠦᠷᠦᠯ ᠳᠡᠮᠳᠡᠭ ᠬᠢᠭᠡᠳ ᠠᠵᠤ ᠠᠬᠤᠢᠯᠡᠯ᠎ᠤᠨ ᠳᠦᠷᠦᠯ ᠳᠡᠮᠳᠡᠭ᠎ᠤᠨ ᠬᠤᠯᠪᠤᠭᠠᠯᠠᠯ᠎ᠦᠨ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠵᠦ᠂ ᠥᠪᠥᠷ ᠮᠣᠩᠭᠣᠯ᠎ᠤᠨ ᠮᠢᠬᠠᠨ᠎ᠤ ᠦᠢᠯᠡᠰ᠂ ᠠᠨᠳᠠ ᠮᠢᠬᠠᠨ᠎ᠤ ᠦᠢᠯᠡᠰ ᠵᠡᠷᠭᠡ ᠲᠣᠰ ᠭᠠᠵᠠᠷ᠎ᠤᠨ 5 ᠳᠠᠭᠠᠭᠤᠯᠤᠭᠴᠢ ᠠᠵᠤ ᠠᠬᠤᠢᠯᠡᠯ᠎ᠤᠨ 《ᠰᠢᠯᠢ᠎ᠶᠢᠨ ᠭᠣᠣᠯ᠎ᠤᠨ ᠬᠣᠨᠢ》᠎ᠶᠢᠨ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠳᠦᠷᠦᠯ ᠲᠡᠮᠳᠡᠭ᠎ᠤᠨ ᠡᠷᠬᠡ ᠣᠯᠭᠣᠯᠲᠠ᠎ᠶᠢᠨ ᠠᠵᠢᠯ ᠢ ᠲᠦᠯᠬᠢᠨ ᠠᠬᠢᠭᠤᠯᠵᠤ᠂ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠬᠤ ᠪᠠᠷᠢᠮᠵᠢᠶᠠᠵᠢᠭᠤᠯᠤᠯᠲᠠ ᠪᠠ ᠪᠦᠲᠦᠭᠡᠭᠳᠡᠬᠦᠨ᠎ᠦ ᠪᠥᠬᠥ ᠶᠠᠪᠤᠴᠠ᠎ᠶᠢ ᠮᠥᠷᠳᠡᠵᠦ ᠪᠣᠯᠬᠤ ᠬᠠᠮᠢᠶᠠᠷᠤᠯᠲᠠ᠎ᠶᠢ ᠪᠥᠬᠥ ᠲᠠᠯ᠎ᠠ᠎ᠪᠠᠷ ᠬᠡᠷᠡᠭᠵᠢᠭᠦᠯᠵᠦ ᠡᠵᠡᠮᠳᠡᠨ ᠬᠠᠮᠠᠭᠠᠯᠠᠪᠠ᠃
ᠠᠵᠤ ᠦᠢᠯᠡᠰ᠎ᠦᠨ ᠬᠥᠭᠵᠢᠯᠲᠡ᠎ᠶᠢᠨ ᠡᠴᠦᠰ᠎ᠦᠨ ᠵᠤᠷᠢᠯᠳᠠ ᠪᠣᠯ ᠮᠠᠯᠴᠢᠳ᠎ᠤᠨ ᠣᠷᠣᠯᠭ᠎ᠠ᠎ᠶᠢ ᠨᠡᠮᠡᠭᠳᠡᠭᠦᠯᠬᠦ ᠶᠠᠪᠤᠳᠠᠯ ᠪᠣᠯᠣᠨ᠎ᠠ᠃ ᠰᠥᠨᠢᠳ ᠪᠠᠷᠠᠭᠤᠨ ᠬᠣᠰᠢᠭᠤ ᠬᠣᠯᠪᠤᠭᠠᠯᠠᠨ ᠮᠠᠯᠵᠢᠬᠤ᠎ᠶᠢ ᠳᠠᠶ᠋ᠢᠴᠢᠯᠠᠨ ᠮᠠᠯᠴᠢᠳ᠎ᠢ ᠪᠠᠶᠠᠵᠢᠭᠤᠯᠬᠤ ᠲᠣᠭᠲᠠᠴᠠ᠎ᠶᠢ ᠲᠠᠰᠤᠷᠠᠯᠲᠠ ᠦᠭᠡᠢ ᠪᠦᠷᠢᠨᠰᠢᠭᠦᠯᠵᠦ᠂ 《ᠲᠠᠭᠠᠭᠤᠯᠤᠭᠴᠢ ᠠᠵᠤ ᠠᠬᠤᠢᠯᠡᠯ + ᠲᠡᠵᠢᠭᠡᠨ ᠦᠷᠡᠵᠢᠭᠦᠯᠬᠦ ᠰᠠᠭᠤᠷᠢᠨ + ᠮᠠᠯᠴᠢᠨ ᠡᠷᠦᠬᠡ》᠎ᠶᠢᠨ ᠪᠢᠲᠡᠭᠦᠮᠵᠢᠯᠡᠭᠰᠡᠨ ᠬᠥᠭᠵᠢᠯᠲᠡ᠎ᠶᠢᠨ ᠵᠠᠭᠪᠤᠷ᠎ᠢ ᠡᠭᠦᠳᠦᠨ ᠪᠠᠢᠭᠤᠯᠵᠤ᠂ ᠵᠠᠬᠢᠶᠠᠯᠠᠭᠠᠬᠤᠳᠠᠯᠳᠤᠭᠠ ᠪᠡᠷ ᠳᠠᠮᠵᠢᠨ ᠰᠢᠯᠢᠳᠡᠭ ᠬᠣᠨᠢ᠎ᠶᠢ ᠦᠨᠳᠦᠷ ᠦᠨ᠎ᠡ᠎ᠪᠡᠷ ᠬᠤᠳᠠᠯᠳᠤᠨ ᠭᠠᠷᠭᠠᠪᠠ᠃ ᠣᠳᠣᠬᠠᠨ ᠳᠤ ᠪᠥᠬᠥ ᠬᠣᠰᠢᠭᠤᠨ᠎ᠤ ᠮᠢᠬᠠᠨ᠎ᠤ ᠬᠤᠨᠢᠨ᠎ᠤ ᠵᠠᠬᠢᠶᠠᠯᠠᠭ᠎ᠠ᠎ᠶᠢᠨ ᠭᠡᠷ᠎ᠡ ᠲᠣᠭᠲᠠᠭᠰᠠᠨ ᠬᠡᠮᠵᠢᠶ᠎ᠡ 13 ᠲᠦᠮᠡᠨ ᠲᠣᠯᠣᠭᠠᠢ᠎ᠳᠤ ᠬᠦᠷᠴᠦ᠂ ᠮᠢᠬᠠᠨ᠎ᠤ ᠬᠤᠨᠢ ᠪᠦᠷᠢ ᠵᠢᠨ ᠪᠣᠷᠣᠯᠠᠭᠤᠯᠤᠯᠲᠠ᠎ᠶᠢᠨ ᠦᠨ᠎ᠡ᠎ᠶᠢ ᠥᠰᠬᠡᠨ 10 ᠲᠥᠭᠥᠷᠢᠭ᠎ᠡᠴᠡ ᠳᠡᠭᠡᠭᠰᠢ ᠨᠡᠮᠡᠭᠳᠡᠭᠦᠯᠵᠦ᠂ 3 ᠭᠣᠣᠯᠳᠠᠯᠭᠠᠲᠤ ᠠᠵᠤ ᠠᠬᠤᠢᠯᠡᠯ 400 ᠭᠠᠷᠤᠢ ᠮᠠᠯᠴᠢᠨ᠎ᠲᠠᠢ ᠰᠢᠯᠢᠳᠡᠭ ᠬᠣᠨᠢᠨ᠎ᠤ ᠢᠷᠡᠯᠲᠡ ᠵᠢ ᠪᠠᠳᠤᠯᠠᠬᠤ ᠡᠬᠦᠳᠡᠨ ᠡᠴᠡ 6.7 ᠲᠦᠮᠡ᠎ᠵᠢᠨ ᠬᠡᠷ᠎ᠠ ᠲᠣᠭᠲᠠᠭᠠᠵᠤ᠂ ᠵᠠᠷᠢᠮ ᠰᠤᠮᠤ ᠪᠠᠯᠭᠠᠰᠤᠨ᠎ᠤ ᠬᠢᠨ ᠪᠠᠲᠤᠯᠠᠭᠠᠲᠤ ᠦᠨ᠎ᠡ᠎ᠪᠡᠷ ᠬᠤᠳᠠᠯᠳᠤᠨ ᠠᠪᠬᠤ ᠬᠡᠯᠡᠯᠴᠡᠭᠡᠷ᠎ᠢᠶᠡᠷ ᠳᠠᠮᠵᠢᠨ᠂ ᠵᠢᠩ ᠪᠦᠷᠢ᠎ᠶᠢᠨ ᠬᠤᠳᠠᠯᠳᠤᠨ ᠠᠪᠬᠤ ᠦᠨ᠎ᠡ᠎ᠶᠢ ᠵᠠᠬ᠎ᠠ ᠳᠡᠯᠭᠡᠭᠦᠷ᠎ᠦᠨ ᠦᠨ᠎ᠡ᠎ᠡᠴᠡ 1 ᠲᠥᠭᠥᠷᠢᠭ ᠥᠨᠳᠥᠷ ᠪᠠᠢᠯᠭᠠᠵᠦ᠂ᠬᠣᠨᠢ ᠨᠢᠬᠡᠪᠦᠷᠢ ᠵᠢᠨ ᠣᠷᠣᠯᠭ᠎ᠠ ᠳᠤᠮᠳᠠᠴᠢ᠎ᠪᠠᠷ 30 ᠲᠥᠭᠥᠷᠢᠭ ᠣᠷᠴᠢᠮ ᠨᠡᠮᠡᠭᠳᠡᠪᠡ᠃ ᠮᠠᠯᠴᠢᠳ ᠭᠡᠷ᠎ᠦᠨ᠎ᠢᠶᠡᠨ ᠡᠭᠦᠳᠡᠨ᠎ᠳᠦ ᠪᠣᠷᠣᠯᠠᠭᠤᠯᠭ᠎ᠠ ᠠᠷᠠᠯᠵᠢᠶ᠎ᠠ᠎ᠪᠠᠨ ᠪᠡᠶᠡᠯᠡᠭᠦᠯᠵᠦ᠂ ᠥᠪᠡᠷ ᠦᠨ ᠥᠷᠲᠡᠭ᠎ᠢᠶᠡᠨ ᠠᠷᠪᠢᠯᠠᠭᠰᠠᠨ᠎ᠢᠶᠠᠷ ᠪᠠᠷᠠᠬᠤ ᠦᠭᠡᠢ ᠪᠠᠰᠠ ᠠᠵᠤ ᠦᠢᠯᠡᠰ᠎ᠦᠨ ᠥᠷᠲᠡᠭ ᠦᠨ ᠨᠡᠮᠡᠭᠳᠡᠯ᠎ᠳᠦ ᠲᠣᠭᠲᠠᠭᠤᠨ᠎ᠢᠶᠠᠷ ᠠᠰᠢᠭ᠋ ᠬᠦᠷᠲᠡᠭᠡᠭᠰᠡᠨ ᠪᠠᠢᠨ᠎ᠠ᠃
ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠠᠷ᠂ 2025 ᠣᠨ᠎ᠳᠤ ᠰᠥᠨᠢᠳ ᠪᠠᠷᠠᠭᠤᠨ ᠬᠣᠰᠢᠭᠤᠨ᠎ᠤ ᠨᠢᠭᠡᠳᠦᠭᠡᠷ ᠠᠵᠤ ᠦᠢᠯᠡᠰ᠎ᠦᠨ ᠨᠡᠮᠡᠭᠳᠡᠯ ᠦᠷᠳᠡᠭ 10.4 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 5.3%ᠨᠡᠮᠡᠭᠳᠡᠵᠦ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠡᠢ᠃ ᠮᠠᠯᠵᠢᠬᠤ ᠲᠠᠷᠢᠶᠠᠯᠠᠬᠤ ᠣᠷᠣᠨ᠎ᠤ ᠪᠠᠢᠩᠭᠤ ᠰᠠᠭᠤᠭ᠎ᠠ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ᠎ᠤ ᠬᠢ᠎ᠡᠴᠡ 6.2%᠎ᠢᠶᠠᠷ ᠨᠡᠮᠡᠭᠳᠡᠵᠦ᠂ ᠨᠡᠮᠡᠭᠳᠡᠯ᠎ᠦᠨ ᠬᠤᠷᠳᠤᠴᠠ ᠨᠢ ᠪᠥᠬᠥ ᠠᠢᠮᠠᠭ᠎ᠲᠤ ᠲᠡᠷᠢᠭᠦᠯᠡᠪᠡ᠃ ᠲᠠᠷᠠᠭᠠᠴᠢ᠎ᠶᠢᠨ ᠠᠯᠬᠤᠮ᠎ᠳᠤ᠂ ᠳᠤᠰ ᠬᠣᠰᠢᠭᠤ ᠰᠦᠨᠢᠳ ᠬᠤᠨᠢᠨ᠎ᠤ ᠠᠵᠦ ᠦᠢᠯᠡᠰ᠎ᠤᠨ ᠰᠢᠨ᠎ᠡ᠎ᠶᠢ ᠡᠭᠦᠳᠬᠦ᠎ᠶᠢ ᠦᠷᠭᠦᠯᠵᠢᠯᠡᠨ ᠪᠣᠳᠠᠲᠠᠢ ᠠᠳᠬᠤᠵᠤ᠂ ᠪᠥᠬᠥ ᠠᠵᠤ ᠦᠢᠯᠡᠰ᠎ᠦᠨ ᠬᠡᠯᠬᠢᠶᠡᠵᠢᠯ ᠤᠨ ᠲᠠᠰ ᠳᠡᠪᠰᠢᠬᠦ᠎ᠶᠢ ᠭᠦᠨᠵᠡᠭᠡᠢᠷᠡᠭᠦᠯᠦᠨ᠂ ᠵᠠᠬ᠎ᠠ ᠳᠡᠯᠭᠡᠭᠦᠷ᠎ᠦᠨ ᠪᠣᠷᠤᠯᠠᠭᠤᠯᠭ᠎ᠠ᠎ᠶᠢᠨ ᠠᠷᠭ᠎ᠠ ᠵᠠᠮ ᠢ ᠥᠷᠭᠡᠳᠬᠡᠬᠦ ᠪᠤᠯᠤᠨ᠎ᠠ᠃ᠳᠤᠬᠠᠢᠯᠡᠪᠡᠯ᠂ ᠦᠷ᠎ᠡ᠎ᠶᠢᠨ ᠦᠢᠯᠡᠰ᠎ᠦᠨ ᠭᠣᠣᠯ ᠰᠠᠭᠤᠷᠢ ᠶᠢ ᠪᠡᠬᠢᠵᠢᠭᠦᠯᠬᠦ ᠭᠤᠷᠪᠠᠨ ᠱᠠᠲᠤᠨ᠎ᠤ ᠦᠷ᠎ᠡ ᠪᠣᠢᠵᠢᠭᠤᠯᠬᠤ ᠲᠣᠭᠲᠠᠯᠴᠠᠭ᠎ᠠ᠎ᠶᠢ ᠳᠡᠬᠦᠯᠳᠡᠷᠵᠢᠬᠦᠯᠵᠦ᠂ ᠴᠡᠪᠡᠷ ᠡᠬᠦᠯᠳᠡᠷ᠎ᠤᠨ ᠬᠤᠴᠠᠨᠤ ᠬᠢᠷᠢ ᠲᠡᠩᠴᠡᠬᠰᠡᠨ ᠨᠣᠷᠮ᠎ᠠ᠎ᠶᠢ ᠦᠷᠬᠦᠯᠵᠢᠯᠡᠨ 95%᠎ᠠᠴᠠ ᠳᠡᠭᠡᠭᠰᠢ᠎ᠳᠦ ᠲᠣᠭᠲᠠᠪᠤᠷᠢᠵᠢᠭᠤᠯᠤᠨ᠂ ᠶᠡᠬᠡ ᠳᠡᠬᠡᠳᠦ ᠰᠤᠷᠭᠠᠭᠤᠯᠢ ᠪᠠ ᠠᠵᠤ ᠠᠬᠤᠢᠯᠠᠯ᠎ᠤᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠭᠧᠨ᠎ᠢ ᠪᠠᠢᠴᠠᠭᠠᠨ ᠬᠡᠮᠵᠢᠬᠦ ᠪᠠ ᠣᠯᠠᠨ ᠬᠦᠪᠦᠷᠡᠯᠪᠦᠬᠦᠢ ᠰᠢᠨ᠎ᠡ ᠡᠬᠦᠯᠳᠡᠷ᠎ᠤᠨ ᠰᠢᠰᠲᠧᠮ᠎ᠢ ᠰᠣᠩᠭᠣᠨ ᠪᠣᠢᠵᠢᠭᠤᠯᠬᠤ᠎ᠶᠢ ᠠᠬᠢᠭᠤᠯᠵᠤ᠂ ᠴᠡᠪᠡᠷ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠡᠭᠦᠨ᠎ᠦ ᠬᠠᠮᠲᠤ ᠰᠠᠢᠨ ᠡᠭᠦᠯᠳᠡᠷ᠎ᠦᠨ ᠬᠠᠩᠭᠠᠯᠭ᠎ᠠ᠂ ᠮᠢᠬᠠᠨ᠎ᠤ ᠬᠣᠨᠢᠨ᠎ᠤ ᠦᠢᠯᠡᠳᠪᠦᠷᠢᠯᠡᠯ᠂ ᠥᠨᠳᠥᠷ ᠪᠦᠲᠦᠮᠵᠢᠲᠡᠶ᠎ᠪᠡᠷ ᠪᠣᠷᠳᠣᠨ ᠲᠠᠷᠭᠤᠯᠠᠭᠤᠯᠬᠤ ᠭᠤᠷᠪᠠᠨ ᠶᠡᠬᠡ ᠴᠢᠳᠠᠮᠵᠢ᠎ᠶᠢᠨ ᠣᠷᠣᠨ ᠬᠤᠪᠢᠶᠠᠨ ᠲᠣᠭᠲᠠᠭᠠᠵᠤ᠂ ᠲᠣᠭᠣᠷᠢᠭ᠋ ᠬᠤᠪᠢᠶᠠᠨ ᠲᠥᠷᠥ᠎ᠶᠢᠨ ᠪᠣᠳᠣᠯᠭ᠎ᠠ ᠬᠡᠷᠡᠭᠵᠢᠭᠦᠯᠬᠦ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠎ᠶᠢ ᠠᠬᠢᠭᠤᠯᠬᠤ ᠵᠢᠨ ᠳᠦᠯᠦᠬᠡ ᠲᠤᠬᠠᠢ᠎ᠶᠢᠨ ᠭᠠᠵᠠᠷ ᠤᠨ ᠬᠢᠨ ᠪᠠᠰᠠ ᠬᠡᠯᠬᠢᠶᠡᠵᠢᠯ᠎ᠢ ᠤᠷᠲᠤᠳᠬᠠᠨ ᠨᠥᠬᠥᠪᠦᠷᠢᠯᠡᠬᠦ᠎ᠪᠡᠷ ᠵᠡᠷᠭᠡ ᠬᠦᠴᠦᠯᠡᠵᠦ᠂ ᠬᠣᠨᠢᠨ ᠮᠢᠬ᠎ᠠ ᠶᠢ ᠨᠠᠷᠢᠯᠢᠭ᠋ ᠡᠳ᠋ᠰᠢᠭᠦᠯᠦᠨ ᠦᠢᠯᠡᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠬᠦ ᠪᠤᠯᠤᠨ᠎ᠠ᠃ ᠪᠠᠰᠠ ᠬᠦᠢᠲᠡᠨ ᠬᠡᠯᠬᠢᠶᠡᠲᠦ ᠪᠠᠷᠠᠭᠠᠨ᠎ᠤ ᠭᠦᠢᠯᠭᠡᠭᠡᠨ᠎ᠦ ᠲᠣᠣᠷ᠎ᠢ ᠲᠡᠭᠦᠯᠳᠡᠷᠵᠢᠭᠦᠯᠵᠦ᠂ ᠭᠠᠵᠠᠷ ᠵᠦᠢ ᠶᠢᠨ ᠢᠯᠡᠷᠬᠡᠢᠯᠡᠯᠳᠦ ᠳᠠᠸᠠᠷ᠎ᠤᠨ ᠪᠦᠳᠦᠬᠡᠭᠳᠡᠬᠦᠨ ᠢ ᠰᠢᠯᠢᠳᠡᠭᠵᠢᠭᠦᠯᠦᠨ᠂ ᠵᠠᠬᠢᠶᠠᠯᠠᠭ᠎ᠠ᠎ᠪᠠᠷ ᠦᠨ᠎ᠡ ᠵᠢ ᠪᠠᠲᠤᠯᠠᠨ ᠬᠣᠯᠪᠤᠭᠠᠯᠠᠨ ᠮᠠᠯᠵᠢᠬᠤ ᠲᠣᠭᠲᠠᠴᠠ ᠶᠢ ᠪᠦᠷᠢᠨᠰᠢᠭᠦᠯᠵᠦ᠂ ᠴᠢᠨᠠᠷ ᠰᠠᠢᠲᠠᠢ ᠬᠣᠨᠢᠨ ᠤ ᠢᠷᠡᠯᠲᠡ᠎ᠶᠢᠨ ᠦᠨ᠎ᠡ᠎ᠶᠢ ᠰᠢᠯᠢᠳᠡᠭᠵᠢᠭᠦᠯᠬᠦ᠎ᠶᠢ ᠠᠬᠢᠭᠤᠯᠤᠨ᠎ᠠ᠃