8 ᠰᠠᠷ᠎ᠠ᠎ᠶᠢᠨ 12 ᠤ᠋ᠨ ᠡᠳᠦᠷ᠂ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ
ᠲᠠᠮᠢᠷ᠎ᠤᠨ ᠴᠤᠭᠯᠠᠭᠠᠨ᠎ᠤ ᠰᠠᠭᠰᠤᠨ ᠪᠥᠮᠪᠥᠭᠡ᠎ᠶᠢᠨ ᠲᠦᠷᠦᠯ ᠵᠦᠢᠯ᠎ᠤᠨ ᠤᠷᠤᠯᠳᠤᠭᠠᠨ ᠦᠨᠳᠦᠷᠯᠡᠪᠡ᠃
ᠪᠤᠭᠤᠳᠦ ᠬᠤᠲᠠ᠎ᠶᠢᠨ ᠰᠠᠭᠰᠤᠨ ᠪᠥᠮᠪᠥᠭᠡ᠎ᠶᠢᠨ ᠲᠠᠮᠢᠷᠴᠢᠳ ᠡᠷᠡᠯᠬᠡᠭᠯᠡᠨ ᠲᠡᠮᠡᠴᠡᠵᠦ᠂ ᠯᠠᠪᠳᠠᠭᠤᠨ
ᠪᠠᠲᠤᠲᠠᠢ ᠮᠡᠷᠭᠡᠵᠢᠯ ᠵᠢᠡᠷ ᠵᠢᠡᠨ ᠨᠡᠢ᠍ᠢᠲᠡ 20 ᠠᠯᠳᠠᠨ ᠮᠧᠳᠠᠯ ᠭᠠᠷᠳᠠᠵᠦ᠂ ᠪᠤᠭᠤᠳᠦ ᠬᠤᠲᠠᠶᠢᠨᠰᠠᠭᠰᠤᠨ
ᠪᠥᠮᠪᠥᠭᠡ᠎ᠶᠢᠨ ᠪᠦᠬᠦᠯᠢ ᠴᠣᠭᠴᠠ᠎ᠶᠢᠨ ᠬᠦᠴᠦᠨ᠎ᠢ ᠭᠠᠢᠬᠠᠭᠤᠯᠪᠠ᠃

ᠲᠣᠰ ᠬᠤᠭᠤᠴᠠᠭᠠᠨ᠎ᠤ ᠪᠥᠬᠥ ᠣᠷᠣᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ
ᠰᠠᠭᠰᠤᠨ ᠪᠥᠮᠪᠥᠭᠡ᠎ᠶᠢᠨ ᠤᠷᠤᠯᠳᠤᠭᠠᠨ᠎ᠳᠦ ᠡᠯ᠎ᠡ ᠠᠢᠮᠠᠭ ᠬᠣᠲᠠ᠎ᠶᠢᠨ ᠲᠥᠯᠥᠭᠡᠯᠡᠭᠴᠢᠳ᠎ᠦᠨ ᠠᠩᠭᠢ
ᠰᠢᠷᠦᠭᠦᠨ ᠦᠷᠢᠰᠦᠯᠳᠦᠪᠡ᠃ ᠰᠢᠢᠳᠪᠦᠷᠢᠳᠦ ᠤᠷᠤᠯᠳᠤᠭᠠᠨ᠎ᠳᠦ ᠪᠤᠭᠤᠳᠤ ᠬᠤᠲᠠ᠎ᠶᠢᠨ ᠲᠦᠯᠦᠭᠡᠯᠡᠭᠴᠢᠳ᠎ᠤᠨ
ᠠᠨᠭᠭᠢ᠎ᠶᠢᠨ ᠡᠷᠡᠭᠲᠡᠢ᠎ᠶᠢᠨ ᠬᠥᠬᠡ ᠳᠤᠭᠤᠢᠯᠠᠩ ᠪᠠᠶᠠᠨᠨᠠᠭᠤᠷ ᠬᠤᠳᠠ ᠵᠢᠨ ᠲᠦᠯᠦᠭᠡᠯᠡᠭᠴᠢᠳ᠎ᠤᠨ ᠠᠩᠭᠢ᠎ᠶᠢ
ᠤᠭᠲᠤᠨ ᠪᠠᠢᠯᠳᠤᠵᠤ᠂ ᠠᠩᠭᠢ᠎ᠶᠢᠨ ᠭᠡᠰᠢᠭᠦᠳ᠎ᠦᠨ ᠳᠠᠭᠠᠷᠢᠯᠲᠠ ᠰᠡᠷᠭᠡᠢᠯᠡᠯᠲᠡ ᠡᠮᠬᠢ ᠵᠢᠷᠤᠮ᠎ᠲᠠᠢ
ᠶᠠᠪᠤᠬᠳᠠᠵᠤ᠂ ᠡᠴᠦᠰ᠎ᠲᠡᠬᠡᠨ 95᠄ 65 ᠪᠡᠷ ᠥᠷᠢᠰᠦᠯᠳᠦᠭᠴᠢ ᠡᠳᠡᠭᠡᠳᠶ᠋ᠢᠡᠨ ᠢᠯᠠᠵᠤ ᠮᠠᠩᠯᠠᠢᠯᠠᠪᠠ; ᠡᠮᠡᠭᠲᠡᠢ᠎ᠶᠢᠨ
ᠬᠥᠬᠡ ᠳᠤᠭᠤᠢᠯᠠᠩ ᠨᠢ ᠣᠷᠳᠣᠰᠬᠤᠲᠠᠶᠢᠨ ᠲᠦᠯᠦᠭᠡᠯᠡᠭᠴᠢᠳ ᠤ᠋ᠨ ᠠᠩᠭᠢ᠎ᠲᠠᠢ ᠤᠷᠤᠯᠳᠤᠵᠦ᠂ 52᠄ 44 ᠪᠡᠷ ᠮᠠᠩᠯᠠᠢᠯᠠᠪᠠ᠃

ᠲᠣᠰ ᠤᠳᠠᠭᠠᠨ᠎ᠤ ᠰᠠᠭᠰᠤᠨ ᠪᠥᠮᠪᠥᠭᠡ᠎ᠶᠢᠨ
ᠤᠷᠤᠯᠳᠤᠭᠠᠨ᠎ᠢ ᠲᠠᠪᠤᠨ ᠬᠥᠮᠥᠨ᠎ᠦ ᠳᠦᠷᠢᠮ᠎ᠳᠦ ᠤᠷᠤᠯᠳᠤᠭᠠᠨ᠂ ᠭᠤᠷᠪᠠᠨ ᠬᠥᠮᠥᠨ᠎ᠦ ᠳᠦᠷᠢᠮ᠎ᠳᠦ ᠤᠷᠤᠯᠳᠤᠭᠠᠨ
ᠭᠡᠵᠦ ᠬᠣᠶᠠᠷ ᠶᠡᠬᠡ ᠲᠥᠷᠥᠯ᠎ᠳᠦ ᠬᠤᠪᠢᠶᠠᠵᠤ᠂ ᠪᠥᠬᠥ ᠣᠷᠣᠨ᠎ᠤ ᠵᠠᠯᠠᠭᠤᠴᠤᠳ ᠪᠠᠭᠠᠴᠤᠳ᠎ᠤᠨ ᠰᠠᠭᠰᠤᠨ
ᠪᠥᠮᠪᠥᠭᠡ᠎ᠶᠢᠨ ᠪᠣᠯᠪᠠᠰᠤᠷᠠᠯ᠎ᠤᠨ ᠦᠷ᠎ᠡ ᠪᠦᠲᠦᠭᠡᠯ᠎ᠢ ᠪᠥᠬᠥ ᠲᠠᠯ᠎ᠠ᠎ᠪᠠᠷ ᠰᠢᠯᠭᠠᠨ ᠪᠠᠢᠴᠠᠭᠠᠵᠠᠢ᠃
ᠪᠤᠭᠤᠲᠤ᠎ᠬᠤᠲᠠ ᠶ᠋ᠢᠨ ᠰᠠᠭᠰᠤᠨ ᠪᠥᠮᠪᠥᠭᠡ᠎ᠶᠢᠨ ᠲᠥᠯᠥᠭᠡᠯᠡᠭᠴᠢᠳ᠎ᠦᠨ ᠠᠩᠭᠢ᠎ᠶᠢᠨ ᠡᠯ᠎ᠡ ᠡᠩᠨᠡᠭᠡ᠎ᠶᠢᠨ
ᠭᠡᠰᠢᠭᠦᠳ᠎ᠤᠨ ᠰᠢᠯᠢᠳᠡᠭ ᠬᠢᠷᠢ ᠪᠦᠲᠦᠮᠵᠢ ᠤᠯᠤᠭᠰᠠᠨ ᠨᠢ ᠪᠤᠭᠤᠲᠤ ᠬᠤᠲᠠ᠎ᠶᠢᠨ ᠵᠠᠯᠠᠭᠤ ᠪᠠᠭ᠎ᠠ ᠲᠠᠮᠢᠷᠴᠢᠳ᠎ᠤᠨ
ᠰᠢᠷᠭᠠᠭᠤ ᠬᠠᠲᠠᠭᠤᠵᠢᠯᠲᠠᠢ ᠲᠡᠮᠡᠴᠡᠬᠦ᠂ ᠥᠪᠡᠷ᠎ᠢ ᠪᠠᠨ ᠢᠯᠡᠨ ᠳᠠᠪᠠᠬᠤ ᠪᠡᠶ᠎ᠡ᠎ᠶᠢᠨ ᠲᠠᠮᠢᠷ᠎ᠤᠨ ᠵᠣᠷᠢᠭ᠋
ᠰᠠᠨᠠᠭ᠎ᠠ᠎ᠶᠢ ᠭᠦᠢᠴᠡᠳ ᠢᠯᠡᠷᠡᠭᠦᠯᠦᠭᠰᠡᠨ ᠪᠠᠢᠨ᠎ᠠ᠃ ᠮᠦᠨᠴᠦ ᠪᠤᠭᠤᠲᠤ᠎ᠬᠤᠲᠠ ᠶ᠋ᠢᠨ ᠵᠠᠯᠠᠭᠤᠴᠤᠳ
ᠪᠠᠭᠠᠴᠤᠳ᠎ᠤᠨ ᠰᠠᠭᠰᠤᠨ ᠪᠥᠮᠪᠥᠭᠡ᠎ᠶᠢᠨ ᠤᠷᠤᠯᠳᠤᠭᠠᠨ᠎ᠤ ᠬᠢᠷᠢ ᠲᠦᠪᠰᠢᠨ᠎ᠢ ᠨᠤᠲᠠᠯᠠᠭᠰᠠᠨ ᠮᠥᠷᠲᠡᠭᠡᠨ
ᠪᠤᠭᠤᠳᠦ ᠬᠣᠲᠠ᠎ᠶᠢᠨ ᠰᠤᠷᠭᠠᠭᠤᠯᠢ᠎ᠶᠢᠨ ᠬᠦᠷᠢᠶᠡᠨ᠎ᠦ ᠰᠠᠭᠰᠤᠨ ᠪᠥᠮᠪᠥᠭᠡ᠂ ᠵᠠᠯᠠᠭᠤᠴᠤᠳ ᠪᠠᠭᠠᠴᠤᠳ᠎ᠤᠨ
ᠠᠵᠢᠯ᠎ᠤᠨ ᠴᠢᠯᠦᠭᠡᠨ᠎ᠦ ᠰᠠᠭᠰᠤᠨ ᠪᠥᠮᠪᠥᠭᠡ᠎ᠶᠢᠨ ᠡᠩᠨᠡᠭᠡ᠎ᠶᠢᠨ ᠪᠠᠢᠭᠤᠯᠤᠯᠲᠠ᠎ᠶᠢᠨ ᠯᠠᠪᠳᠠᠭᠤᠨ ᠪᠠᠲᠤᠲᠠᠢ
ᠦᠷ᠎ᠡ ᠪᠦᠲᠦᠮᠵᠢ᠎ᠶᠢ ᠬᠠᠷᠠᠭᠤᠯᠵᠤ᠂ ᠪᠥᠬᠥ ᠬᠣᠲᠠ᠎ᠶᠢᠨ ᠰᠠᠭᠰᠤᠨ ᠪᠥᠮᠪᠥᠭᠡ᠎ᠶᠢᠨ ᠬᠥᠳᠡᠯᠭᠡᠭᠡᠨ᠎ᠢ
ᠲᠦᠭᠡᠮᠡᠯᠵᠢᠭᠦᠯᠦᠨ ᠳᠡᠯᠭᠡᠷᠡᠭᠦᠯᠬᠦ ᠪᠠ ᠪᠡᠯᠡᠳᠬᠡᠯ ᠴᠢᠳᠠᠪᠤᠷᠢᠲᠠᠨ᠎ᠢ ᠨᠥᠭᠡᠴᠡᠯᠡᠬᠦ᠎ᠳᠦ ᠬᠥᠳᠡᠯᠭᠡᠬᠦ
ᠬᠦᠴᠦᠨ ᠨᠡᠮᠡᠷᠢᠯᠡᠪᠡ᠃

