8 ᠰᠠᠷ᠎ᠠ᠎ᠶᠢᠨ 12᠎ᠤ᠋ᠨ ᠡᠳᠦᠷ᠂ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ᠎ᠤ
ᠤᠮᠪᠠᠯᠲᠠ᠎ᠶᠢᠨ ᠲᠦᠷᠦᠯ ᠵᠦᠢᠯ᠎ᠤᠨ ᠤᠷᠤᠯᠳᠤᠭᠠᠨ ᠥᠨᠳᠥᠷᠯᠡᠵᠦ᠂ 20 ᠵᠦᠢᠯ᠎ᠦᠨ ᠤᠷᠤᠯᠳᠤᠭᠠᠨ᠎ᠤ ᠲᠡᠮᠳᠡᠭᠯᠡᠯ᠎ᠢ
ᠰᠢᠨᠠᠳᠭᠡᠪᠡ᠃

ᠤᠷᠤᠯᠳᠤᠭᠠᠨ ᠬᠤᠷᠴᠠ ᠰᠢᠷᠦᠭᠦᠨ ᠶᠠᠪᠤᠬᠳᠠᠵᠤ᠂
ᠬᠥᠬᠡ ᠬᠥᠬᠡᠭᠴᠢᠨ ᠳᠤᠭᠤᠢᠯᠠᠩ᠎ᠤᠨ ᠲᠠᠩᠭᠠᠢᠮᠠᠯ ᠤᠮᠪᠠᠯᠲᠠ᠂ ᠮᠡᠯᠡᠬᠡᠢ ᠤᠮᠪᠠᠯᠲᠠ᠂ ᠡᠷᠪᠡᠬᠡᠢ ᠤᠮᠪᠠᠯᠲᠠ ᠵᠡᠷᠭᠡ
13 ᠵᠦᠢᠯ᠎ᠦᠨ ᠰᠢᠢᠳᠪᠦᠷᠢᠲᠦ ᠤᠷᠤᠯᠳᠤᠭᠠᠨ᠎ᠢ ᠶᠠᠪᠤᠭᠤᠯᠵᠠᠢ᠃

ᠤᠢᠯᠠᠭᠠᠭᠰᠠᠨ ᠵᠢᠡᠷ᠂ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ᠎ᠤ ᠤᠮᠪᠠᠯᠲᠠ᠎ᠶᠢᠨ
ᠲᠦᠷᠦᠯ ᠵᠦᠢᠯ᠎ᠤᠨ ᠤᠷᠤᠯᠳᠤᠭᠠᠨ ᠨᠡᠢᠳᠡ 4 ᠡᠳᠦᠷ ᠶᠠᠪᠤᠭᠳᠠᠵᠤ᠂ ᠡᠷᠡᠭᠲᠡᠢ ᠡᠮᠡᠭᠲᠡᠢ᠎ᠶᠢᠨ ᠬᠥᠬᠡ᠂ ᠬᠥᠬᠡᠭᠴᠢᠨ᠂
ᠤᠯᠠᠭᠠᠨ ᠬᠡᠭᠦ ᠵᠢᠷᠭᠤᠭᠠᠨ ᠳᠤᠭᠤᠢᠯᠠᠩ ᠭᠠᠷᠭᠠᠵᠦ᠂
57 ᠤᠷᠤᠯᠳᠤᠭᠠᠨ᠎ᠤ ᠵᠦᠢᠯ᠎ᠢ ᠲᠣᠬᠢᠷᠠᠭᠤᠯᠵᠤ᠂ ᠪᠥᠬᠥ ᠣᠷᠣᠨ᠎ᠤ 10 ᠠᠢᠮᠠᠭ ᠬᠣᠲᠠ᠎ᠶᠢᠨ 300 ᠭᠠᠷᠤᠢ ᠲᠠᠮᠢᠷᠴᠢᠨ
ᠣᠷᠣᠯᠴᠠᠪᠠ᠃ ᠪᠦᠬᠦᠢᠯᠡ ᠤᠷᠤᠯᠳᠤᠭᠠᠨ᠎ᠤ ᠶᠠᠪᠤᠴᠠ ᠳ᠋ᠤ ᠲᠠᠮᠢᠷᠴᠢᠳ ᠡᠷᠡᠯᠬᠡᠭᠯᠡᠨ ᠲᠡᠮᠡᠴᠡᠵᠦ᠂ ᠪᠦᠬᠦ ᠬᠦᠴᠦᠨ᠎ᠢᠶᠡᠷ᠎ᠢᠶᠡᠨ
ᠴᠢᠷᠮᠠᠢᠵᠤ᠂ ᠡᠮᠡᠭᠳᠡᠢ ᠵᠢᠨ ᠬᠦᠭᠡᠭᠴᠢᠨ ᠲᠤᠭᠤᠢᠯᠠᠩ᠎ᠤᠨ 100 ᠮᠸᠲ᠋ᠷ᠎ᠤᠨ ᠮᠡᠯᠡᠭᠡᠢ ᠤᠮᠪᠠᠯᠳᠠ᠂ ᠡᠷᠡᠭᠳᠡᠢ
ᠵᠢᠨ ᠬᠦᠭᠡᠭᠴᠢᠨ ᠲᠤᠭᠤᠢᠯᠠᠩ᠎ᠤᠨ 200 ᠮᠸᠲ᠋ᠷ᠎ᠤᠨ ᠮᠡᠯᠡᠭᠡᠢ ᠤᠮᠪᠠᠯᠳᠠ ᠵᠡᠷᠭᠡ 20 ᠲᠦᠷᠦᠯ ᠵᠦᠢᠯ ᠳ᠋ᠤ ᠥᠪᠡᠷᠲᠡᠭᠡᠨ
ᠵᠠᠰᠠᠬᠤ ᠣᠷᠣᠨ᠎ᠤ ᠤᠷᠤᠯᠳᠤᠭᠠᠨ᠎ᠤ ᠲᠡᠮᠳᠡᠭᠯᠡᠯ᠎ᠢ ᠰᠢᠨᠠᠳᠭᠡᠪᠡ᠃ ᠡᠨᠡᠬᠦ ᠬᠢᠯᠡᠯᠵᠠᠭᠰᠠᠨ ᠠᠮᠵᠢᠯᠲᠠ ᠪᠦᠲᠦᠮᠵᠢ
ᠨᠢ ᠮᠠᠨ᠎ᠤ ᠣᠷᠣᠨ᠎ᠤ ᠤᠮᠪᠠᠯᠲᠠ᠎ᠶᠢᠨ ᠲᠠᠮᠢᠷᠴᠢᠳ᠎ᠤᠨ ᠯᠠᠪᠳᠠᠭᠤᠨ ᠪᠠᠲᠤᠲᠠᠢ ᠮᠡᠷᠭᠡᠵᠢᠯ᠎ᠦᠨ ᠰᠠᠭᠤᠷᠢ ᠪᠠ
ᠰᠠᠢᠨ ᠰᠠᠢᠬᠠᠨ ᠥᠷᠢᠰᠦᠯᠳᠦᠭᠡᠨ᠎ᠦ ᠪᠠᠢᠳᠠᠯ᠎ᠢ ᠭᠦᠢᠴᠡᠳ ᠬᠠᠷᠠᠭᠤᠯᠤᠬᠰᠠᠨ ᠵᠢᠡᠷ ᠪᠠᠷᠠᠬᠤ ᠦᠭᠡᠢ ᠡᠯ᠎ᠡ ᠭᠠᠵᠠᠷ᠎ᠤᠨ
ᠵᠠᠯᠠᠭᠤᠴᠤᠳ ᠪᠠᠭᠠᠴᠤᠳ᠎ᠤᠨ ᠤᠮᠪᠠᠯᠲᠠ᠎ᠶᠢᠨ ᠪᠡᠯᠡᠳᠬᠡᠯ ᠴᠢᠳᠠᠪᠤᠷᠢᠲᠠᠨ᠎ᠤ ᠪᠣᠯᠪᠠᠰᠤᠷᠠᠯ᠎ᠤᠨ ᠦᠷ᠎ᠡ ᠪᠦᠲᠦᠭᠡᠯ᠎ᠢ
ᠪᠦᠳᠦᠮᠵᠢᠳᠡᠢ ᠰᠢᠯᠭᠠᠨ ᠪᠠᠢᠴᠠᠭᠠᠵᠤ᠂ ᠪᠦᠬᠦ ᠣᠷᠣᠨ᠎ᠤ ᠪᠡᠶ᠎ᠡ᠎ᠶᠢᠨ ᠲᠠᠮᠢᠷ᠎ᠤᠨ ᠦᠢᠯᠡᠰ᠎ᠦᠨ ᠬᠥᠭᠵᠢᠯᠲᠡ᠎ᠳᠦ
ᠬᠦᠴᠦᠨ ᠨᠡᠮᠡᠷᠢᠯᠡᠪᠠ᠃

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号