ᠪᠠᠲᠦ ᠴᠢᠩᠭ᠎ᠠ ᠬᠠᠷᠢᠭᠤᠴᠠᠯᠭ᠎ᠠ᠎ᠡᠭᠦᠷᠭᠡᠯᠡᠯ ᠵᠢᠡᠷ ᠰᠡᠷᠭᠦᠨ ᠮᠠᠨᠳᠤᠯᠲᠠ᠎ᠶᠢᠨ ᠬᠦᠨᠳᠦ ᠡᠭᠦᠷᠭᠡ᠎ᠶᠢ ᠵᠣᠷᠢᠭ᠍ᠲᠠᠢ ᠡᠭᠦᠷᠭᠡᠯᠡᠬᠦ ᠬᠡᠷᠡᠭᠳᠡᠢ
2026-08-14 11:31:02
ᠵᠣᠬᠢᠶᠠᠭ᠍ᠴᠢ᠄
ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ
ᠣᠩᠱᠢᠭ᠍ᠰᠠᠨ ᠣᠳᠠᠭ᠎ᠠ᠄
★★★☆☆

ᠰᠢ᠎ᠶᠢᠨ ᠫᠢᠩ ᠎ᠤᠨ ᠨᠠᠮ ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠵᠢᠨ ᠤᠨᠤᠯ ᠎ᠤᠨ ᠬᠡᠪ ᠴᠢᠨᠠᠷ᠎ᠤᠨ ᠲᠤᠬᠠᠢ ᠰᠢᠷᠢᠰ ᠬᠦᠦᠷᠨᠢᠯ ᠰᠢᠭᠦᠮᠵᠢ  (ᠳᠥᠷᠪᠡ)


ᠳᠤᠮᠳᠠᠳᠤ ᠤᠯᠤᠰ ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠵᠦ᠂ ᠳᠤᠮᠳᠠᠳᠤ ᠎ᠶᠢᠨ ᠦᠨᠳᠦᠰᠦᠲᠡᠨ ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠨᠠᠮ ᠮᠥᠨ᠃ ᠪᠠᠲᠦ ᠴᠢᠩᠭ᠎ᠠ ᠬᠠᠷᠢᠭᠤᠴᠠᠯᠭ᠎ᠠ ᠡᠭᠦᠷᠭᠡᠯᠡᠯ ᠪᠣᠯ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠵᠢᠨ ᠢᠯᠡ ᠲᠣᠳᠣ᠌ ᠤᠨᠤᠯ᠎ᠤᠨ ᠬᠡᠪ ᠴᠢᠨᠠᠷ᠎ᠤᠨ ᠨᠢᠭᠡ ᠨᠢ ᠪᠤᠯᠤᠨ᠎ᠠ᠃

ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠨᠢ ᠳᠡᠯᠡᠬᠡᠢ᠎ᠶᠢᠨ ᠨᠡᠢᠭᠡᠮ ᠵᠢᠷᠤᠮ᠎ᠤᠨ ᠬᠥᠭᠵᠢᠯᠲᠡ᠎ᠶᠢᠨ ᠲᠡᠦᠬᠡ᠂ ᠳᠤᠮᠳᠠᠳᠤ᠎ᠶᠢᠨ ᠪᠣᠯᠪᠠᠰᠤᠨ᠎ᠤ ᠲᠡᠦᠬᠡ᠂ ᠨᠠᠮ᠎ᠡᠴᠡ ᠬᠤᠪᠢᠰᠬᠠᠯ ᠪᠦᠲᠦᠭᠡᠨ ᠪᠠᠢᠭᠤᠯᠤᠯᠲᠠ ᠥᠭᠡᠷᠡᠴᠢᠯᠡᠯᠲᠡ᠎ᠶᠢ ᠤᠳᠤᠷᠢᠳᠤᠭᠰᠠᠨ ᠲᠡᠦᠬᠡ᠎ᠲᠠᠢ ᠬᠣᠯᠪᠣᠭᠳᠠᠵᠤ᠂ ᠠᠭᠤᠤ ᠶᠡᠬᠡ ᠢᠨᠵᠧᠨᠧᠷᠢᠩ ᠎ᠦᠨ《ᠲᠦᠷᠪᠡᠨ ᠠᠭᠤᠤ ᠶᠡᠬᠡ》ᠳ᠋ᠡᠬᠢ ᠰᠢᠢᠳᠪᠦᠷᠢᠯᠡᠭᠴᠢ ᠴᠢᠨᠠᠷᠲᠠᠢ ᠦᠢᠯᠡᠳᠦᠯ᠎ᠢ ᠵᠢᠭᠠᠨ ᠭᠠᠷᠭᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ《ᠲᠦᠷᠪᠡᠨ ᠪᠦᠬᠦ ᠲᠠᠯ᠎ᠠ》ᠶ᠋ᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠳᠤ ᠣᠷᠣᠭᠤᠯᠵᠤ᠂ ᠮᠠᠨ᠎ᠤ ᠨᠠᠮ ᠎ᠢ ᠤᠭ ᠰᠠᠨᠠᠭ᠎ᠠ᠎ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠂ ᠲᠡᠦᠬᠡ᠎ᠶᠢᠨ ᠪᠤᠤᠬᠢᠶ᠎ᠠ ᠶ᠋ᠢ ᠵᠠᠯᠭᠠᠮᠵᠢᠯᠠᠨ ᠲᠤᠰᠬᠤ ᠵᠢ ᠵᠢᠯᠤᠭᠤᠳᠴᠦ᠂ ᠳᠤᠮᠳᠠᠳᠤ ᠤᠯᠤᠰ ᠎ᠤᠨ ᠮᠠᠶᠢᠭ᠋᠎ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ ᠎ᠢ ᠪᠦᠬᠦ ᠲᠠᠯ᠎ᠠ᠎ᠪᠠᠷ ᠠᠬᠢᠭᠤᠯᠪᠠ᠃

ᠰᠢ ᠵᠢᠨ ᠫᠢᠩ ᠎ᠤᠨ ᠨᠠᠮ ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠳ᠋ᠤ ᠡᠷᠬᠡᠪᠰᠢ ᠢᠲᠡᠭᠡᠯ ᠵᠣᠷᠢᠭ᠋᠎ᠢᠶᠠᠨ ᠪᠠᠲᠤᠳᠬᠠᠨ᠂ ᠡᠷᠡᠯᠬᠡᠭᠯᠡᠨ ᠤᠷᠤᠭᠰᠢᠯᠠᠵᠤ᠂ ᠪᠠᠲᠦ ᠴᠢᠩᠭ᠎ᠠ ᠬᠠᠷᠢᠭᠤᠴᠠᠯᠭ᠎ᠠ ᠡᠭᠦᠷᠭᠡᠯᠡᠯ ᠵᠢᠡᠷ ᠰᠡᠷᠭᠦᠨ ᠮᠠᠨᠳᠤᠯᠲᠠ ᠎ᠶᠢᠨ ᠬᠦᠨᠳᠦ ᠡᠭᠦᠷᠭᠡ᠎ᠶᠢ ᠵᠣᠷᠢᠭ᠍ᠲᠠᠢ ᠡᠭᠦᠷᠭᠡᠯᠡᠵᠦ᠂ ᠡᠨᠡ ᠬᠦ᠌ ᠦᠵᠡᠯ ᠰᠠᠨᠠᠭ᠎ᠠ᠎ᠶᠢ ᠠᠵᠢᠯ ᠬᠢᠵᠦ ᠦᠢᠯᠡᠰ ᠪᠣᠰᠬᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠠᠭᠤᠤ ᠶᠡᠬᠡ ᠦᠢᠯᠡᠳᠦᠯᠭᠡ᠎ᠶᠢᠨ ᠳᠤᠮᠳᠠ ᠬᠦᠴᠢᠷ᠎ᠢ ᠲᠤᠭᠤᠯᠵᠤ ᠪᠡᠷᠬᠡ᠎ᠶᠢ ᠳᠠᠪᠠᠨ᠂ ᠵᠠᠮ ᠨᠡᠭᠡᠭᠡᠨ ᠤᠷᠤᠭᠰᠢᠯᠠᠵᠤ᠂ ᠨᠡᠩ ᠶᠡᠬᠡ ᠰᠢᠨ᠎ᠡ ᠵᠢᠳᠬᠦᠯ ᠴᠢᠷᠮᠠᠢᠯᠭ᠎ᠠ᠎ᠭᠠᠷᠭᠠᠬᠤ ᠬᠡᠷᠡᠭᠲᠡᠢ᠃

ᠠᠭᠤᠤ ᠶᠡᠬᠡ ᠢᠨᠵᠧᠨᠧᠷᠢᠩ᠎ᠦᠨ《ᠳᠥᠷᠪᠡᠨ ᠠᠭᠤᠤ ᠶᠡᠬᠡ》 ᠶ᠋ᠢᠨ ᠳᠤᠮᠳᠠᠬᠢ ᠰᠢᠢᠳᠪᠦᠷᠢᠯᠡᠭᠴᠢ ᠴᠢᠨᠠᠷᠲᠠᠢ ᠦᠢᠯᠡᠳᠦᠯ᠎ᠢ ᠪᠠᠳᠠᠷᠠᠭᠤᠯᠪᠠ

5300 ᠭᠠᠷᠤᠢ ᠠᠰᠠᠷ ᠲᠠᠭᠲᠤ ᠰᠦᠨᠳᠡᠷᠯᠡᠨ ᠪᠣᠰᠴᠤ᠂ ᠬᠡᠳᠦᠨ ᠵᠠᠭᠤᠨ ᠳᠡᠭᠡᠳᠦ ᠰᠢᠨ᠎ᠡ ᠮᠡᠷᠭᠡᠵᠢᠯ ᠎ᠦᠨ ᠠᠵᠤ ᠠᠬᠤᠢᠯᠠᠯ ᠬᠤᠷᠠᠨ ᠴᠤᠭᠯᠠᠷᠠᠵᠤ᠂ 15 ᠮᠢᠨᠦ᠋ᠲ᠎ᠦᠨ ᠠᠮᠢᠳᠤᠷᠠᠯ᠎ᠤᠨ ᠲᠤᠭᠤᠷᠢᠭ ᠠᠯᠬᠤᠮ ᠠᠯᠬᠤᠮ᠎ᠢᠶᠠᠷ ᠪᠦᠷᠢᠯᠳᠦᠪᠡ ᠁ 9 ᠵᠢᠯ ᠭᠠᠷᠤᠢ᠎ᠶᠢᠨ ᠲᠤᠷᠰᠢ᠂ ᠡᡁᠸᠪᠸᠢ᠎ᠶᠢᠨ ᠰᠢᠶᠦᠢ᠍ᠩ ᠠᠨ ᠰᠢᠨ᠎ᠡ ᠲᠣᠭᠣᠷᠢᠭ᠋ ᠵᠢᠷᠤᠭ ᠲᠥᠰᠥᠪ᠎ᠡᠴᠡ᠎ᠪᠡᠨ ᠪᠣᠳᠠᠲᠤ ᠦᠵᠡᠮᠵᠢ ᠪᠤᠯᠤᠨ ᠬᠤᠪᠢᠷᠠᠵᠤ᠂ ᠠᠯᠬᠤᠮ ᠠᠯᠬᠤᠮ᠎ᠢᠶᠠᠷ ᠬᠦᠭᠵᠢᠨ ᠪᠤᠵᠠᠭᠠᠢᠷᠠᠪᠠ᠃

2026 ᠣᠨ᠎ᠤ 3 ᠰᠠᠷ᠎ᠠ᠎ᠶᠢᠨ 23 ᠎ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ ᠡᡁᠸᠪᠸᠢ᠎ᠶᠢᠨ ᠰᠢᠶᠦᠢ᠍ᠩ ᠠᠨ ᠰᠢᠨ᠎ᠡ ᠲᠣᠭᠣᠷᠢᠭ᠋᠎ᠲᠤ ᠰᠢᠨᠵᠢᠯᠡᠨ ᠪᠠᠢᠴᠠᠭᠠᠬᠤ᠎ᠳᠠᠭᠠᠨ᠂《ᠬᠥᠭᠵᠢᠯ ᠴᠡᠴᠡᠭᠯᠡᠯ ᠲᠡᠢ》᠂《ᠠᠮᠢᠵᠢᠷᠠᠯ᠎ᠤᠨ ᠬᠦᠴᠦᠨ ᠲᠡᠢ》 ᠭᠡᠳᠡᠭ᠎ᠢᠶᠡᠷ ᠡᠨᠡ ᠬᠦ᠌《ᠢᠷᠡᠭᠡᠳᠦᠢ᠎ᠶᠢᠨ ᠬᠤᠳᠠ》ᠶ᠋ᠢ ᠳᠦᠷᠰᠦᠯᠡᠵᠦ᠂《ᠨᠠᠮ᠎ᠤᠨ ᠲᠥᠪ ᠬᠣᠷᠢᠶ᠎ᠡ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠲᠠᠯ᠎ᠠ᠎ᠶᠢᠨ ᠬᠢᠨ᠎ᠦ ᠬᠠᠮᠲᠤ᠎ᠶᠢᠨ ᠴᠢᠷᠮᠠᠢᠯᠭ᠎ᠠ᠎ᠪᠠᠷ᠂ ᠰᠢᠶᠦᠢ᠍ᠩ ᠠᠨ ᠰᠢᠨ᠎ᠡ ᠲᠣᠭᠣᠷᠢᠭ᠋᠎ᠤᠨ ᠪᠦᠲᠦᠭᠡᠨ ᠪᠠᠢᠭᠤᠯᠤᠯᠲᠠ ᠪᠠ ᠬᠥᠭᠵᠢᠯᠲᠡ ᠴᠢᠬᠤᠯᠠ ᠶᠡᠬᠡ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ》 ᠭᠡᠵᠦ ᠴᠢᠬᠤᠯᠠᠴᠢᠯᠠᠪᠠ᠃

《ᠮᠢᠩᠭᠠᠨ ᠣᠨ᠎ᠤ ᠶᠡᠬᠡ ᠪᠣᠳᠣᠯᠭ᠎ᠠ》 ᠵᠢᠨ ᠲᠣᠭᠲᠠᠯ ᠬᠦᠴᠦᠨ ᠪᠣᠯᠣᠨ ᠥᠷᠯᠥᠭᠡ ᠦᠳᠡᠰᠢ᠎ᠶᠢ ᠲᠡᠮᠡᠴᠡᠬᠦ ᠡᠷᠴᠢ ᠵᠣᠷᠢᠭ᠋᠎ᠢᠶᠡᠷ ᠴᠢᠷᠮᠠᠢᠨ ᠵᠢᠳᠬᠦᠵᠤ ᠨᠠᠢᠳᠠᠪᠤᠷᠢᠵᠢᠭᠤᠯᠤᠯᠲᠠ᠎ᠶᠢ ᠠᠳᠬᠤᠵᠤ᠂ ᠰᠢᠶᠦᠢ᠍ᠩ ᠠᠨ ᠰᠢᠨ᠎ᠡ ᠲᠣᠭᠣᠷᠢᠭ᠋᠎ᠤᠨ ᠪᠦᠲᠦᠭᠡᠨ ᠪᠠᠢᠭᠤᠯᠤᠯᠲᠠ ᠪᠣᠯ ᠮᠠᠨ᠎ᠤ ᠨᠠᠮ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠠᠭᠤᠤ ᠶᠡᠬᠡ ᠲᠡᠮᠡᠴᠡᠯ ᠬᠢᠬᠦ᠂ ᠠᠭᠤᠤ ᠶᠡᠬᠡ ᠦᠢᠯᠡᠰ᠎ᠢ ᠠᠬᠢᠭᠤᠯᠬᠤ᠂ ᠠᠭᠤᠤ ᠶᠡᠬᠡ ᠬᠦᠰᠡᠯ ᠵᠡᠭᠦᠳᠦ᠎ᠶᠢ ᠲᠡᠷᠭᠡᠯᠰᠢᠭᠦᠯᠬᠦ᠎ᠶᠢᠨ ᠠᠮᠢᠳᠤᠯᠢᠭ᠋ ᠵᠢᠷᠤᠭᠯᠠᠯ ᠪᠠᠢᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ ᠎ᠦᠨ 《ᠲᠦᠷᠪᠡᠨ ᠠᠭᠤᠤ ᠶᠡᠬᠡ》 ᠳ᠋ᠡᠬᠢ ᠰᠢᠢᠳᠪᠦᠷᠢᠯᠡᠭᠴᠢ ᠴᠢᠨᠠᠷᠲᠠᠢ ᠦᠢᠯᠡᠳᠦᠯ᠎ᠢ ᠬᠠᠷᠠᠭᠤᠯᠵᠠᠢ᠃

ᠰᠢᠨ᠎ᠡ ᠴᠠᠭ ᠦᠶ᠎ᠡ᠎ᠡᠴᠡ ᠨᠠᠭᠠᠰᠢ᠂ ᠰᠢᠨ᠎ᠡ ᠪᠠᠢᠳᠠᠯ ᠰᠢᠨ᠎ᠡ ᠥᠷᠢᠰᠦᠯᠳᠦᠭᠡᠨ᠎ᠳᠦ ᠰᠠᠭᠤᠷᠢᠯᠠᠵᠤ᠂ ᠰᠢ᠎ᠶᠢᠨ ᠫᠢᠩ ᠎ᠤᠨ ᠨᠠᠮ ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠨᠢ ᠠᠭᠤᠤ ᠶᠡᠬᠡ ᠲᠡᠮᠡᠴᠡᠯ᠂ ᠠᠭᠤᠤ ᠶᠡᠬᠡ ᠢᠨᠵᠧᠨᠧᠷᠢᠩ᠂ ᠠᠭᠤᠤ ᠶᠡᠬᠡ ᠦᠢᠯᠡᠰ᠂ ᠠᠭᠤᠤ ᠶᠡᠬᠡ ᠬᠦᠰᠡᠯ ᠵᠡᠭᠦᠳᠦ ᠪᠣᠯ ᠨᠢᠭ᠍ᠲᠠ ᠬᠣᠯᠪᠣᠯᠳᠤᠭᠰᠠᠨ᠂ ᠬᠠᠷᠢᠯᠴᠠᠨ ᠨᠡᠪᠲᠡᠷᠡᠯᠴᠡᠭᠰᠡᠨ᠂ ᠬᠠᠷᠢᠯᠴᠠᠨ ᠦᠢᠯᠡᠳᠦᠯᠴᠡᠭᠰᠡᠨ᠂ ᠣᠷᠭᠠᠨᠢᠭ᠋᠎ᠢᠶᠠᠷ ᠨᠢᠭᠡᠳᠦᠭᠰᠡᠨ ᠪᠦᠬᠦᠯᠢ ᠴᠣᠭᠴᠠ ᠪᠠᠢᠵᠤ᠂ ᠡᠭᠦᠨ᠎ᠳᠦ ᠰᠢᠢᠳᠪᠦᠷᠢᠯᠡᠭᠴᠢ ᠴᠢᠨᠠᠷᠲᠠᠢ ᠦᠢᠯᠡᠳᠦᠯ ᠦᠵᠡᠭᠦᠯᠵᠦ ᠪᠠᠢᠭ᠎ᠠ ᠨᠢ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ ᠪᠣᠯᠬᠤ ᠵᠢ ᠳᠤᠷᠠᠳᠴᠦ᠂《ᠲᠦᠷᠪᠡᠨ ᠠᠭᠤᠤ ᠶᠡᠬᠡ》 ᠵᠢᠨ ᠳᠣᠲᠣᠭᠠᠳᠤ ᠯᠣᠭᠢᠭ᠋ ᠪᠣᠯᠣᠨ ᠬᠣᠭᠣᠷᠣᠨᠳᠣᠬᠢ ᠬᠠᠷᠢᠴᠠᠭ᠎ᠠ᠎ᠶᠢ ᠰᠢᠨᠵᠢᠯᠡᠬᠦ ᠤᠬᠠᠭᠠᠨᠴᠢ ᠎ᠪᠠᠷ ᠲᠠᠢᠯᠪᠤᠷᠢᠯᠠᠵᠤ᠂ ᠳᠡᠭᠡᠳᠦ ᠬᠡᠮᠵᠢᠶᠡᠨ᠎ᠦ ᠲᠡᠦᠬᠡ᠎ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠪᠠᠲᠦ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠦᠭᠰᠡᠨ ᠪᠠᠢᠨ᠎ᠠ᠃

ᠶᠡᠷᠦᠩᠬᠡᠢ ᠱᠦᠵᠢ ᠰᠢ᠎ᠶᠢᠨ ᠫᠢᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ᠋ ᠮᠦᠨ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠬᠠᠮᠤᠭ᠎ᠤᠨ ᠶᠡᠬᠡ ᠳᠠᠪᠠᠭᠤᠯᠢᠭ᠋ ᠮᠦᠨ᠂ ᠨᠠᠮ ᠪᠣᠯᠣᠨ ᠤᠯᠤᠰ᠎ᠤᠨ ᠦᠨᠳᠦᠰᠦ᠂ ᠠᠮᠢᠨ ᠰᠤᠳᠠᠰᠤ ᠮᠦᠨ᠂ ᠪᠦᠬᠦ ᠤᠯᠤᠰ᠎ᠤᠨ ᠦᠨᠳᠦᠰᠦᠲᠡᠨ᠎ᠨᠦᠭᠦᠳ ᠎ᠦᠨ ᠠᠷᠠᠳ ᠲᠦᠮᠡᠨ᠎ᠦ ᠠᠰᠢᠭ᠋ ᠲᠤᠰᠠ ᠳ᠋ᠦ ᠬᠤᠯᠪᠤᠭᠳᠠᠵᠤ᠂ ᠬᠤᠪᠢ ᠵᠠᠶᠠᠭᠠᠨ ᠳ᠋ᠦ ᠬᠤᠯᠪᠤᠭᠳᠠᠵᠤ ᠪᠠᠢᠳᠠᠭ ᠭᠡᠵᠤ ᠴᠢᠬᠤᠯᠠᠴᠢᠯᠠᠪᠠ᠃

ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠵᠤ᠂ ᠲᠡᠭᠦᠨ᠎ᠦ ᠰᠢᠢᠳᠪᠦᠷᠢᠯᠡᠭᠴᠢ ᠴᠢᠨᠠᠷᠲᠠᠢ ᠦᠢᠯᠡᠳᠦᠯ᠎ᠢ ᠪᠠᠳᠠᠷᠠᠭᠤᠯᠬᠤ ᠪᠣᠯ ᠳᠠᠷᠤᠢ ᠮᠠᠨ᠎ᠤ ᠨᠠᠮ᠎ᠢᠶᠠᠨ ᠨᠡᠩ ᠪᠠᠲᠤ ᠴᠢᠩᠭ᠎ᠠ ᠬᠦᠴᠦᠨ᠎ᠲᠠᠢ ᠪᠣᠯᠭᠠᠨ ᠪᠠᠢᠭᠤᠯᠵᠤ᠂ ᠢᠮᠠᠭᠲᠠ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠶᠠᠪᠤᠬᠤ᠂ ᠠᠷᠠᠳ ᠲᠦᠮᠡᠨ ᠴᠢᠩ ᠰᠡᠳᠬᠢᠯ᠎ᠡᠴᠡ᠎ᠪᠡᠨ ᠬᠦᠷᠢᠶᠡᠯᠡᠬᠦ᠂ ᠵᠣᠷᠢᠭ᠍ᠲᠠᠢ ᠎ᠪᠠᠷ ᠥᠪᠡᠷ ᠪᠡᠶ᠎ᠡ ᠵᠢᠨ ᠬᠤᠪᠢᠰᠬᠠᠯ ᠬᠢᠬᠦ᠂ ᠡᠯ᠎ᠡ ᠵᠦᠢᠯ᠎ᠦᠨ ᠰᠠᠯᠬᠢ ᠳᠠᠪᠠᠯᠭᠠᠨ ᠎ᠤ ᠰᠢᠯᠭᠠᠯᠲᠠ᠎ᠶᠢ ᠳᠠᠭᠠᠭᠠᠵᠤ ᠴᠢᠳᠠᠬᠤ᠂ ᠴᠤᠭ ᠪᠠᠳᠠᠷᠠᠩᠭᠤᠢ ᠮᠠᠷᠺᠰ᠎ᠤᠨ ᠦᠵᠡᠯ ᠎ᠦᠨ ᠲᠦᠷᠦ ᠪᠠᠷᠢᠭ᠍ᠴᠢ ᠨᠠᠮ ᠪᠣᠯᠭᠠᠨ ᠪᠠᠶ᠋ᠢᠭᠤᠯᠬᠤ ᠶᠠᠪᠤᠳᠠᠯ ᠮᠦᠨ —  ᠲᠡᠮᠡᠴᠡᠯ ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠲᠡᠮᠡᠴᠡᠯ ᠎ᠦᠨ ᠴᠢᠭᠯᠡᠯ ᠎ᠢ ᠡᠵᠡᠮᠳᠡᠵᠦ᠂ ᠲᠡᠮᠡᠴᠡᠯ ᠎ᠦᠨ ᠵᠢᠮ᠎ᠡ ᠶᠣᠰᠣ᠌᠎ᠶᠢ ᠡᠵᠡᠮᠰᠢᠵᠦ᠂ ᠲᠡᠮᠡᠴᠡᠯ᠎ᠦᠨ ᠴᠢᠳᠠᠪᠤᠷᠢ᠎ᠪᠠᠨ ᠨᠡᠮᠡᠭᠳᠡᠭᠦᠯᠵᠤ᠂ ᠬᠦᠨᠳᠦ ᠶᠡᠬᠡ ᠥᠷᠢᠰᠦᠯᠳᠦᠭᠡᠨ᠎ᠢ ᠪᠦᠲᠦᠮᠵᠢᠲᠡᠶ ᠠᠷᠭᠠᠴᠠᠭᠠᠵᠤ᠂ ᠬᠦᠨᠳᠦ ᠶᠡᠬᠡ ᠠᠶᠤᠯ ᠲᠦᠭᠰᠢᠭᠦᠷᠢ᠎ᠶᠢ ᠡᠰᠡᠷᠭᠦᠴᠡᠨ ᠬᠣᠷᠢᠭ᠍ᠯᠠᠵᠤ᠂ ᠬᠦᠨᠳᠦ ᠶᠡᠬᠡ ᠬᠠᠷᠰᠢ ᠰᠠᠭᠠᠳ᠎ᠢ ᠢᠯᠠᠨ ᠳᠠᠪᠠᠵᠤ᠂ ᠬᠦᠨᠳᠦ ᠶᠡᠬᠡ ᠵᠥᠷᠢᠴᠡᠯ᠎ᠢ ᠰᠢᠢᠳᠪᠦᠷᠢᠯᠡᠵᠦ᠂ ᠮᠠᠰᠢ ᠤᠯᠠᠨ ᠰᠢᠨ᠎ᠡ ᠲᠡᠦᠬᠡᠨ ᠣᠨᠴᠠᠯᠢᠭ᠋ ᠪᠦᠬᠦᠢ ᠠᠭᠤᠤ ᠶᠡᠬᠡ ᠲᠡᠮᠡᠴᠡᠯ᠎ᠢ ᠶᠠᠪᠤᠭᠤᠯᠬᠤ ᠬᠡᠷᠡᠭᠳᠡᠢ;

ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ᠎ᠢᠶᠡᠨ ᠨᠡᠩ ᠤᠬᠠᠮᠰᠠᠷ᠎ᠡᠴᠡ᠎ᠪᠠᠨ ᠴᠢᠩᠭᠠᠳᠬᠠᠵᠤ᠂ ᠲᠦᠭᠵᠢᠮᠡᠯ ᠬᠦᠰᠢᠭᠦᠨ ᠬᠠᠭᠤᠴᠢᠨ ᠵᠠᠮ᠎ᠢᠶᠠᠷ ᠶᠠᠪᠤᠬᠤ ᠦᠭᠡᠢ ᠪᠦᠭᠡᠳ ᠲᠤᠭ ᠲᠡᠮᠳᠡᠭ᠎ᠢᠶᠡᠨ ᠬᠠᠯᠠᠬᠤ ᠭᠠᠵᠢᠭᠤ ᠵᠠᠮ᠎ᠢᠶᠠᠷ ᠶᠠᠪᠤᠬᠤ ᠦᠭᠡᠢ᠂ ᠤᠯᠤᠰ ᠲᠦᠷᠦ᠎ᠶᠢᠨ ᠲᠤᠭᠲᠠᠯ ᠬᠦᠴᠦᠨ᠎ᠢᠶᠡᠨ ᠪᠠᠲᠤᠯᠠᠵᠤ᠂ ᠪᠣᠳᠠᠲᠠᠢ ᠠᠵᠢᠯᠯᠠᠵᠤ ᠤᠯᠤᠰ ᠣᠷᠣᠨ᠎ᠢᠶᠠᠨ ᠮᠠᠨᠳᠤᠭᠤᠯᠬᠤ᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠡᠨᠡ ᠬᠦ᠌ ᠠᠭᠤᠤ ᠶᠡᠬᠡ ᠦᠢᠯᠡᠰ᠎ᠢ ᠢᠮᠠᠭᠲᠠ ᠪᠠᠷᠢᠮᠲᠠᠯᠠᠨ ᠬᠥᠭᠵᠢᠭᠦᠯᠬᠦ ᠬᠡᠷᠡᠭᠳᠡᠢ;

ᠥᠴᠥᠭᠡᠳᠦᠷ ᠎ᠦᠨ ᠭᠠᠢ ᠵᠣᠪᠠᠯᠠᠩ ᠪᠠ ᠭᠢᠯᠠᠯᠵᠠᠮ᠎ᠠ ᠠᠮᠵᠢᠯᠲᠠ ᠪᠡᠨ ᠮᠠᠷᠳᠠᠬᠤ ᠦᠭᠡᠢ᠂ ᠥᠨᠥᠳᠥᠷ ᠎ᠦᠨ ᠬᠠᠷᠢᠭᠤᠴᠠᠯᠭ᠎ᠠ᠎ᠡᠭᠦᠷᠭᠡᠯᠡᠯ᠎ᠳᠡᠭᠡᠨ ᠣᠰᠣᠯᠳᠠᠬᠤ ᠦᠭᠡᠢ᠂ ᠮᠠᠷᠭᠠᠰᠢ᠎ᠶᠢᠨ ᠠᠭᠤᠤ ᠶᠡᠬᠡ ᠬᠦᠰᠡᠯ ᠵᠡᠭᠦᠳᠦ᠎ᠪᠡᠨ ᠬᠥᠰᠡᠷᠳᠡᠭᠦᠯᠬᠦ ᠦᠭᠡᠢ᠂ ᠲᠡᠦᠬᠡ᠎ᠪᠡᠷ ᠲᠣᠯᠢ ᠪᠣᠯᠭᠠᠨ᠂ ᠢᠷᠡᠭᠡᠳᠦᠢ ᠎ᠪᠡᠨ ᠨᠡᠭᠡᠭᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠡᠷᠡᠯᠬᠡᠭᠯᠡᠨ ᠤᠷᠤᠭᠰᠢᠯᠠᠵᠤ᠂ ᠪᠦᠬᠦ ᠤᠯᠤᠰ ᠎ᠤᠨ ᠦᠨᠳᠦᠰᠦᠲᠡᠨ᠎ᠨᠦᠭᠦᠳ ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠣᠶᠠᠳᠤᠭᠠᠷ ᠵᠠᠭᠤᠨ ᠵᠢᠯ ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠬᠦ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠬᠦ ᠬᠡᠷᠡᠭᠳᠡᠢ᠃

《ᠲᠦᠷᠪᠡᠨ ᠠᠭᠤᠤ ᠶᠡᠬᠡ》ᠶ᠋ᠢ ᠶᠡᠷᠦᠩᠬᠡᠢᠯᠡᠨ ᠡᠵᠡᠮᠳᠡᠬᠦ᠎ᠳᠦ᠂ ᠡᠷᠬᠡᠪᠰᠢ ᠰᠢᠢᠳᠪᠦᠷᠢᠯᠡᠭᠴᠢ ᠴᠢᠨᠠᠷᠲᠠᠢ ᠦᠢᠯᠡᠳᠦᠯ ᠦᠵᠡᠭᠦᠯᠬᠦ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠠᠳᠬᠤᠬᠤ ᠬᠡᠷᠡᠭᠲᠡᠢ᠂ ᠡᠨᠡ ᠬᠦ᠌ ᠠᠭᠤᠤ ᠶᠡᠬᠡ ᠢᠨᠵᠧᠨᠧᠷᠢᠩ᠎ᠢ ᠰᠠᠢᠲᠤᠷ ᠠᠳᠬᠤᠬᠤ ᠦᠭᠡᠢ ᠪᠣᠯ ᠪᠤᠰᠤᠳ ᠭᠤᠷᠪᠡᠨ 《ᠠᠭᠤᠤ ᠶᠡᠬᠡ》 ᠨᠢ ᠠᠮᠵᠢᠯᠲᠠ ᠣᠯᠵᠤ ᠴᠢᠳᠠᠬᠤ ᠦᠭᠡᠢ ᠶᠤᠮ᠃ ᠡᠨᠡ ᠪᠣᠯ ᠲᠡᠦᠬᠡ᠎ᠶᠢᠨ ᠤᠯᠠᠮᠵᠢᠯᠠᠯ᠂ ᠪᠣᠳᠠᠲᠤ ᠡᠭᠦᠷᠭᠡ᠂ ᠢᠷᠡᠭᠡᠳᠦᠢ᠎ᠶᠢᠨ ᠴᠢᠭᠯᠡᠯ᠎ᠦᠨ ᠳᠡᠭᠡᠳᠦ ᠬᠡᠮᠵᠢᠶᠡᠨ ᠎ᠦ ᠨᠢᠭᠡᠳᠦᠯ ᠮᠥᠨ᠂ ᠡᠨᠡ ᠪᠣᠯ ᠨᠠᠮ᠂ ᠤᠯᠤᠰ᠂ ᠦᠨᠳᠦᠰᠦᠲᠡᠨ᠎ᠦ ᠢᠷᠡᠭᠡᠳᠦᠢ ᠬᠤᠪᠢ ᠵᠠᠶᠠᠭ᠎ᠠ ᠎ᠶᠢᠨ ᠳᠡᠭᠡᠳᠦ ᠬᠡᠮᠵᠢᠶᠡᠨ᠎ᠦ ᠨᠢᠭᠡᠳᠦᠯ ᠮᠥᠨ᠂ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ ᠎ᠶᠢᠨ ᠦᠵᠡᠯ ᠰᠠᠨᠠᠭ᠎ᠠ ᠵᠢᠨ ᠡᠭᠦᠷᠭᠡᠯᠡᠵᠦ ᠪᠠᠢᠭ᠎ᠠ ᠲᠡᠦᠬᠡᠲᠦ ᠡᠭᠦᠷᠭᠡ ᠪᠣᠯᠣᠨ ᠬᠠᠷᠢᠭᠤᠴᠠᠯᠭ᠎ᠠ ᠡᠭᠦᠷᠭᠡᠯᠡᠯ᠎ᠦᠨ ᠬᠦᠴᠦᠲᠡᠢ ᠲᠠᠢᠯᠪᠤᠷᠢᠯᠠᠯᠲᠠ ᠮᠥᠨ᠃

ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠬᠤ᠎ᠶᠢᠨ ᠲᠣᠭᠣᠷᠢᠨ᠎ᠳᠤ᠂ ᠰᠢ ᠎ᠶᠢᠨ ᠫᠢᠩ ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠨᠢ ᠰᠢᠨ᠎ᠡ ᠴᠠᠭ ᠦᠶ᠎ᠡ᠎ᠶᠢᠨ ᠨᠠᠮ ᠎ᠢ ᠬᠠᠮᠢᠶᠠᠷᠴᠤ ᠨᠠᠮ᠎ᠢ ᠵᠠᠰᠠᠬᠤ᠎ᠶᠢ ᠶᠠᠭᠠᠬᠢᠵᠤ ᠬᠢᠬᠦ᠂ ᠬᠡᠷᠬᠢᠨ ᠬᠢᠬᠦ ᠲᠤᠬᠠᠢ ᠠᠯᠢ ᠤᠯᠠᠨ ᠴᠢᠬᠤᠯᠠ ᠶᠡᠬᠡ ᠠᠰᠠᠭᠤᠳᠠᠯ᠎ᠳᠤ ᠰᠢᠰᠲᠧᠮ᠎ᠲᠠᠢ ᠬᠠᠷᠢᠭᠤᠯᠲᠠ ᠥᠭᠴᠦ᠂ ᠨᠠᠮ ᠎ᠢ ᠨᠡᠩ ᠪᠠᠲᠤ ᠴᠢᠩᠭ᠎ᠠ ᠬᠦᠴᠦᠨ᠎ᠲᠠᠢ ᠪᠣᠯᠭᠠᠨ ᠪᠠᠶ᠋ᠢᠭᠤᠯᠬᠤ᠎ᠶᠢ ᠲᠦᠯᠬᠢᠨ ᠠᠬᠢᠭᠤᠯᠪᠠ᠃

ᠪᠦᠬᠦ ᠲᠠᠯ᠎ᠠ᠎ᠶᠢ ᠶᠡᠷᠦᠩᠬᠡᠢᠯᠡᠨ ᠡᠵᠡᠮᠳᠡᠬᠦ᠂ ᠡᠯ᠎ᠡ ᠲᠠᠯ᠎ᠠ᠎ᠶᠢ ᠵᠣᠬᠢᠴᠠᠭᠤᠯᠬᠤ ᠨᠠᠮ᠎ᠤᠨ ᠤᠳᠤᠷᠢᠳᠬᠤ ᠪᠠᠢᠭᠤᠯᠤᠯ᠎ᠦᠨ ᠰᠢᠰᠲᠧᠮ᠎ᠢ ᠪᠦᠷᠢᠨᠰᠢᠭᠦᠯᠵᠦ᠂ ᠨᠠᠮ᠎ᠤᠨ ᠲᠥᠪ ᠬᠣᠷᠢᠶ᠎ᠡ ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ ᠲᠣᠭᠲᠡᠴᠡ᠎ᠶᠢ ᠲᠡᠭᠦᠯᠳᠡᠷᠵᠢᠭᠦᠯᠪᠡ;

ᠨᠠᠮ᠎ᠤᠨ ᠦᠵᠡᠯ ᠰᠠᠨᠠᠭᠠᠨ᠎ᠤ ᠪᠠᠢᠭᠤᠯᠤᠯᠲᠠ᠎ᠶᠢ ᠪᠦᠬᠦ ᠲᠠᠯ᠎ᠠ᠎ᠪᠠᠷ ᠴᠢᠩᠭᠠᠳᠬᠠᠵᠤ᠂ ᠨᠠᠮ᠎ᠤᠨ ᠰᠢᠨ᠎ᠡ ᠡᠭᠦᠳᠦᠯᠲᠡ ᠵᠢᠨ ᠤᠨᠤᠯ ᠵᠢᠡᠷ ᠰᠡᠳᠬᠢᠯ ᠎ᠢ ᠨᠢᠭ᠍ᠲᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠪᠠᠷᠢᠮᠲᠠᠯᠠᠵᠤ᠂ ᠦᠵᠡᠯ ᠰᠠᠨᠠᠭ᠎ᠠ᠎ᠪᠠᠨ ᠨᠢᠭᠡᠳᠬᠡᠵᠦ᠂ ᠢᠲᠡᠭᠡᠯ ᠵᠤᠷᠢᠭ ᠵᠢᠡᠨ ᠨᠢᠭᠡᠳᠬᠡᠨ᠂ ᠦᠢᠯᠡ ᠠᠵᠢᠯᠯᠠᠭ᠎ᠠ᠎ᠪᠠᠨ ᠨᠢᠭᠡᠳᠬᠡᠪᠡ;

ᠪᠠᠢᠭᠤᠯᠤᠯ᠎ᠢᠶᠡᠷ ᠨᠠᠮ᠎ᠢ ᠵᠠᠰᠠᠬᠤ᠂ ᠲᠣᠭᠲᠠᠭᠠᠯ᠎ᠢᠶᠠᠷ ᠨᠠᠮ᠎ᠢ ᠵᠠᠰᠠᠬᠤ᠎ᠶᠢ ᠪᠠᠷᠢᠮᠲᠠᠯᠠᠵᠤ᠂ ᠨᠠᠮ᠎ᠤᠨ ᠳᠦᠷᠢᠮ᠎ᠢᠶᠡᠷ ᠦᠨᠳᠦᠰᠦ ᠪᠣᠯᠭᠠᠵᠤ᠂ ᠠᠷᠠᠳᠴᠢᠯᠠᠯ ᠲᠥᠪᠯᠡᠷᠡᠯ᠎ᠦᠨ ᠶᠣᠰᠣ᠌᠎ᠪᠠᠷ ᠭᠣᠣᠯ ᠪᠣᠯᠭᠠᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠳᠦᠷᠢᠮ᠎ᠦᠨ ᠰᠢᠰᠲᠧᠮ᠎ᠢ ᠲᠡᠭᠦᠯᠳᠡᠷᠵᠢᠭᠦᠯᠪᠡ;

ᠨᠠᠮ᠎ᠡᠴᠡ ᠺᠠᠳ᠋ᠷ ᠎ᠢ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠮᠤᠷᠠᠯ ᠴᠢᠳᠠᠪᠤᠷᠢ᠎ᠶᠢ ᠬᠣᠣᠰᠯᠠᠭᠤᠯᠬᠤ᠂ ᠮᠤᠷᠠᠯ ᠎ᠢ ᠲᠡᠷᠢᠭᠦᠨ᠎ᠳᠦ ᠲᠠᠯᠪᠢᠬᠤ᠂ ᠭᠠᠵᠠᠷ ᠤᠷᠤᠨ ᠢᠯᠭᠠᠯ ᠦᠭᠡᠢ᠂ ᠡᠷᠳᠡᠮᠲᠡᠨ ᠮᠡᠷᠭᠡᠳ᠎ᠢ ᠦᠷᠭᠡᠨ ᠵᠢᠡᠷ ᠬᠡᠷᠡᠭᠯᠡᠬᠦ᠎ᠶᠢ ᠪᠠᠷᠢᠮᠲᠠᠯᠠᠵᠤ᠂ ᠰᠢᠨ᠎ᠡ ᠴᠠᠭ ᠦᠶ᠎ᠡ᠎ᠶᠢᠨ ᠰᠠᠢᠨ ᠺᠠᠳ᠋ᠷ᠎ᠤᠨ ᠪᠠᠷᠢᠮᠵᠢᠶ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠪᠠ;

᠁ ᠁

ᠪᠠᠲᠤ ᠴᠢᠩᠭ᠎ᠠ ᠬᠠᠷᠢᠭᠤᠴᠠᠯᠭ᠎ᠠ᠎ᠡᠭᠦᠷᠭᠡᠯᠡᠯ᠎ᠢ ᠪᠠᠷᠢᠮᠲᠠᠯᠠᠵᠤ᠂ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠳᠤᠮᠳᠠᠳᠤ ᠤᠯᠤᠰ᠎ᠤᠨ ᠡᠪ ᠬᠠᠮᠲᠤᠴᠤᠳ᠎ᠢ ᠵᠢᠯᠣᠭᠣᠳᠤᠨ ᠰᠢᠨ᠎ᠡ ᠴᠠᠭ ᠦᠶ᠎ᠡ ᠎ᠶᠢᠨ ᠨᠠᠮ ᠎ᠤᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠨᠠᠮ ᠎ᠤᠨ ᠤᠯᠤᠰ ᠲᠦᠷᠦ ᠎ᠶᠢᠨ ᠤᠳᠤᠷᠢᠳᠬᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ ᠎ᠢ  ᠵᠣᠬᠢᠶᠠᠨ ᠪᠠᠶ᠋ᠢᠭᠤᠯᠬᠤ ᠬᠦᠴᠦᠨ᠂ ᠨᠡᠢᠭᠡᠮ᠎ᠦᠨ ᠤᠷᠢᠶᠠᠯᠠᠬᠤ ᠬᠦᠴᠦᠨ᠎ᠢ ᠲᠠᠰᠤᠷᠠᠯᠲᠠ ᠦᠭᠡᠢ ᠴᠢᠩᠭᠠᠳᠬᠠᠵᠤ᠂ ᠨᠠᠮ᠎ᠤᠨ ᠰᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠲᠡᠦᠬᠡᠨ ᠶᠠᠪᠤᠴᠠ᠎ᠳᠤ ᠢᠮᠠᠭᠲᠠ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠦᠨᠡᠨ ᠬᠦ᠌ ᠪᠠᠲᠤᠯᠠᠵᠤ᠂ ᠳᠤᠮᠳᠠᠳᠤ᠎ᠶᠢᠨ ᠰᠡᠷᠭᠦᠨ ᠮᠠᠨᠳᠤᠯᠲᠠ ᠨᠡᠷᠡᠮᠵᠢᠲᠦ ᠲᠣᠮᠣ᠌ ᠬᠥᠯᠭᠡ ᠣᠩᠭᠣᠴᠠ᠎ᠶᠢᠨ ᠳᠠᠪᠠᠯᠭᠠᠨ ᠵᠦᠰᠦᠨ ᠤᠷᠤᠭᠰᠢᠯᠠᠵᠤ᠂ ᠯᠠᠪᠳᠠᠭᠤᠨ᠎ᠢᠶᠠᠷ ᠬᠤᠯᠠ ᠠᠶᠠᠯᠠᠬᠤ᠎ᠶᠢ ᠬᠥᠲᠥᠯᠥᠨ ᠳᠠᠭᠠᠭᠤᠯᠵᠤ ᠪᠠᠲᠤᠯᠠᠭ᠎ᠠ ᠪᠤᠯᠪᠠ᠃

ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ《ᠳᠦᠷᠪᠡᠨ ᠪᠦᠬᠦ ᠲᠠᠯ᠎ᠠ》ᠵᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠳᠤ ᠣᠷᠣᠭᠤᠯᠪᠠ

ᠤᠯᠤᠰ᠎ᠢ ᠵᠠᠰᠠᠬᠤ᠎ᠳᠤ ᠡᠷᠬᠡᠪᠰᠢ ᠤᠷᠢᠳ ᠵᠢᠡᠷ ᠨᠠᠮ᠎ᠢ ᠵᠠᠰᠠᠬᠤ ᠬᠡᠷᠡᠭᠲᠡᠢ᠂ ᠨᠠᠮ᠎ᠢ ᠵᠠᠰᠠᠬᠤ᠎ᠳᠤ ᠡᠷᠬᠡᠪᠰᠢ ᠴᠢᠩᠭ᠎ᠠ ᠵᠠᠰᠠᠬᠤ ᠬᠡᠷᠡᠭᠲᠡᠢ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠲᠦᠷᠦ᠎ᠶᠢ ᠵᠠᠰᠠᠬᠤ ᠵᠢᠨ ᠢᠯᠡ ᠲᠣᠳᠣ᠌ ᠣᠨᠴᠠᠯᠢᠭ᠋ ᠮᠦᠨ᠃

2014 ᠣᠨ᠎ᠤ 12 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠵᠢᠶᠠᠩᠰᠤ᠎ᠳᠦ ᠰᠢᠨᠵᠢᠯᠡᠨ ᠪᠠᠢᠴᠠᠭᠠᠬᠤ᠎ᠳᠠᠭᠠᠨ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ》 ᠶ᠋ᠢ ᠲᠣᠳᠣᠷᠬᠠᠢ ᠳᠤᠷᠠᠳᠤᠭᠰᠠᠨ ᠪᠥᠭᠡᠳ ᠲᠡᠭᠦᠨ᠎ᠢ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠲᠠᠢ ᠵᠡᠷᠭᠡᠴᠡᠭᠦᠯᠵᠦ᠂《ᠳᠦᠷᠪᠡᠨ ᠪᠦᠬᠦ ᠲᠠᠯ᠎ᠠ》 ᠵᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠶᠢ ᠪᠦᠷᠢᠯᠳᠦᠭᠦᠯᠪᠡ᠃

ᠡᠨᠡ ᠪᠣᠯ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠪᠠᠲᠤ ᠴᠢᠨᠭᠭ᠎ᠠ ᠲᠡᠦᠬᠡᠨ ᠬᠠᠷᠢᠭᠤᠴᠠᠯᠭ᠎ᠠ ᠪᠠ ᠡᠷᠡᠰ ᠬᠠᠲᠠᠭᠤ ᠢᠲᠡᠭᠡᠯ ᠵᠤᠷᠢᠭ ᠵᠠᠩ ᠴᠢᠨᠠᠷ᠎ᠢᠶᠠᠷ᠂ ᠰᠢᠨ᠎ᠡ ᠲᠡᠦᠬᠡᠨ ᠨᠥᠬᠥᠴᠡᠯ ᠳᠣᠣᠷᠠᠬᠢ ᠨᠠᠮ᠎ᠤᠨ ᠪᠠᠢᠭᠤᠯᠤᠯᠲᠠ᠎ᠳᠤ ᠲᠤᠯᠭᠠᠷᠠᠵᠤ ᠪᠠᠢᠭ᠎ᠠ ᠰᠢᠨ᠎ᠡ ᠪᠠᠢᠳᠠᠯ ᠪᠠ ᠰᠢᠨ᠎ᠡ ᠠᠰᠠᠭᠤᠳᠠᠯ᠎ᠢ ᠦᠨᠳᠦᠰᠦᠯᠡᠵᠤ᠂ ᠲᠡᠦᠬᠡᠨ ᠳᠡᠭᠡᠷᠡᠬᠢ ᠨᠠᠮ᠎ᠤᠨ ᠪᠠᠢᠭᠤᠯᠤᠯᠲᠠ᠎ᠶᠢᠨ ᠲᠤᠷᠰᠢᠯᠭ᠎ᠠ᠎ᠶᠢ ᠭᠦᠨᠵᠡᠭᠡᠢ ᠳ᠋ᠦᠩᠨᠡᠵᠦ᠂ ᠨᠠᠮ᠎ᠢ ᠬᠠᠮᠢᠶᠠᠷᠴᠤ ᠨᠠᠮ᠎ᠢ ᠵᠠᠰᠠᠬᠤ ᠲᠠᠯ᠎ᠠ᠎ᠪᠠᠷ ᠬᠢᠭᠰᠡᠨ ᠴᠢᠬᠤᠯᠠ ᠶᠡᠬᠡ ᠪᠠᠢᠷᠢᠯᠠᠭᠤᠯᠤᠯᠲᠠ ᠪᠣᠯᠣᠨ᠎ᠠ᠃

ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠵᠤ᠂ ᠨᠠᠮ ᠎ᠤᠨ ᠲᠡᠷᠢᠭᠦᠨ ᠎ᠦ ᠴᠢᠨᠠᠷ ᠪᠠ ᠴᠡᠪᠡᠷ ᠴᠢᠨᠠᠷ᠎ᠢ ᠪᠠᠲᠤᠯᠠᠬᠤ ᠵᠢ ᠠᠩᠬᠠᠷᠴᠤ᠂ ᠳᠤᠮᠳᠠᠳᠤ ᠤᠯᠤᠰ ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ᠎ᠶᠢ ᠳᠠᠪᠲᠠᠨ ᠪᠣᠯᠪᠠᠰᠤᠷᠠᠭᠤᠯᠬᠤ ᠪᠣᠯ ᠮᠠᠨ ᠎ᠤ ᠨᠠᠮ ᠎ᠤᠨ ᠲᠦᠷᠦ ᠪᠠᠷᠢᠬᠤ ᠴᠢᠳᠠᠪᠤᠷᠢ᠎ᠪᠠᠨ ᠳᠡᠭᠡᠭᠰᠢᠯᠡᠭᠦᠯᠬᠦ᠂ ᠲᠦᠷᠦ ᠪᠠᠷᠢᠬᠤ ᠡᠭᠦᠷᠭᠡ᠎ᠪᠡᠨ ᠪᠡᠶᠡᠯᠡᠭᠦᠯᠬᠦ᠎ᠶᠢᠨ ᠲᠤᠯᠭᠠᠮ ᠱᠠᠭᠠᠷᠳᠠᠯᠭ᠎ᠠ ᠪᠠᠢᠵᠤ᠂ ᠴᠢᠨᠡᠭᠡᠯᠢᠭ ᠨᠡᠢᠭᠡᠮ᠎ᠢ ᠪᠦᠬᠦ ᠲᠠᠯ᠎ᠠ ᠎ᠪᠠᠷ ᠪᠡᠶᠡᠯᠡᠭᠦᠯᠬᠦ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠂ ᠪᠦᠬᠦ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠳᠤ ᠦᠨᠳᠦᠰᠦᠨ ᠪᠠᠲᠤᠯᠠᠭ᠎ᠠ ᠬᠠᠩᠭᠠᠪᠠ᠃

ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠎ᠶᠢᠨ ᠵᠠᠩᠭᠢᠯᠠᠭ᠎ᠠ ᠨᠢ ᠨᠠᠮ᠎ᠳᠤ ᠪᠤᠢ᠂ ᠵᠠᠩᠭᠢᠯᠠᠭ᠎ᠠ ᠨᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠪᠤᠢ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠮᠠᠨ᠎ᠤ ᠨᠠᠮ ᠲᠦᠭ ᠲᠦᠮᠡᠨ ᠠᠷᠠᠳ ᠲᠦᠮᠡᠨ ᠎ᠢ ᠤᠳᠤᠷᠢᠳᠴᠤ᠂ ᠲᠤᠢᠯ᠎ᠤᠨ ᠶᠠᠳᠠᠭᠤ ᠬᠦᠴᠢᠷᠳᠡᠯ᠎ᠦᠨ ᠠᠰᠠᠭᠤᠳᠠᠯ᠎ᠢ ᠲᠡᠦᠬᠡᠲᠦ ᠴᠢᠨᠠᠷᠲᠠᠢ ᠎ᠪᠠᠷ ᠰᠢᠢᠳᠪᠦᠷᠢᠯᠡᠵᠦ᠂ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠬᠥᠮᠥᠨ ᠲᠥᠷᠥᠯᠬᠢᠲᠡᠨ᠎ᠦ ᠬᠥᠭᠵᠢᠯᠲᠡ᠎ᠶᠢᠨ ᠶᠠᠪᠤᠴᠠ᠎ᠳᠠᠬᠢ ᠠᠭᠤᠤ ᠶᠡᠬᠡ ᠭᠠᠢᠬᠠᠮᠰᠢᠭ᠋᠎ᠢ ᠡᠭᠦᠳᠴᠡᠢ᠃ 25.5 ᠲᠦᠮᠡᠨ ᠲᠣᠰᠬᠣᠨ᠎ᠳᠤ ᠰᠠᠭᠤᠭ᠎ᠠ ᠠᠵᠢᠯᠯᠠᠬᠤ ᠠᠩᠭᠢ᠂ 300 ᠭᠠᠷᠤᠢ ᠲᠦᠮᠡᠨ ᠨᠡᠷᠡᠰ ᠨᠢᠭᠡᠳᠦᠭᠡᠷ ᠱᠦᠵᠢ ᠪᠣᠯᠣᠨ ᠲᠣᠰᠬᠣᠨ᠎ᠳᠤ ᠰᠠᠭᠤᠭ᠎ᠠ ᠺᠠᠳ᠋ᠷ ᠡᠨᠡ ᠤᠳᠠᠭ᠎ᠠ᠎ᠶᠢᠨ ᠶᠠᠳᠠᠭᠤ ᠬᠦᠴᠢᠷᠳᠡᠯ᠎ᠢ ᠢᠯᠠᠨ ᠳᠠᠪᠠᠬᠤ ᠲᠡᠮᠡᠴᠡᠯ᠎ᠦᠨ ᠰᠢᠢᠳᠪᠦᠷᠢᠲᠦ ᠳᠠᠢᠯᠠᠯᠳᠤᠭᠠᠨ᠎ᠳᠤ ᠬᠣᠰᠢᠭᠤᠴᠢ ᠵᠢᠱ᠌ᠢᠶᠡᠴᠢ ᠦᠢᠯᠡᠳᠦᠯ ᠦᠵᠡᠭᠦᠯᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠲᠠᠢ᠍ᠢᠴᠢᠨ ᠪᠡᠬᠢᠯᠡᠯᠲᠡ ᠎ᠶᠢᠨ ᠦᠢᠯᠡᠳᠦᠯ ᠎ᠢᠶᠡᠨ ᠪᠠᠳᠠᠷᠠᠭᠤᠯᠪᠠ᠃

ᠣᠳᠣᠬᠠᠨ᠎ᠳᠤ᠂ ᠮᠠᠨ᠎ᠤ ᠤᠯᠤᠰ ᠶᠠᠭ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠵᠠᠩᠭᠢᠯᠠᠭ᠎ᠠ᠎ᠶᠢᠨ ᠴᠠᠭ ᠦᠶ᠎ᠡ᠎ᠳᠦ ᠣᠷᠣᠰᠢᠵᠤ᠂ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ ᠪᠠ ᠠᠶᠤᠯ ᠲᠦᠭᠰᠢᠭᠦᠷᠢ ᠥᠷᠢᠰᠦᠯᠳᠦᠭᠡᠨ ᠵᠡᠷᠭᠡᠪᠡᠷ ᠣᠷᠣᠰᠢᠵᠤ᠂ ᠲᠣᠭᠲᠠᠭᠠᠯᠲᠤ ᠪᠤᠰᠤ ᠵᠢᠱ᠌ᠢᠵᠦ ᠮᠡᠳᠡᠬᠦᠶ᠎ᠡ ᠪᠡᠷᠬᠡ ᠬᠦᠴᠦᠨ ᠵᠦᠢᠯ ᠨᠡᠮᠡᠭᠳᠡᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠢᠮᠠᠭᠲᠠ ᠲᠤᠭᠤᠰᠢᠯᠠᠭᠤᠯᠵᠤ᠂ ᠨᠠᠮ᠎ᠤᠨ ᠡᠭᠦᠷᠢᠳᠡ ᠴᠢᠨᠠᠷ ᠬᠤᠪᠢᠷᠠᠬᠤ ᠦᠭᠡᠢ ᠦᠩᠭᠡ ᠬᠤᠪᠢᠷᠠᠬᠤ ᠦᠭᠡᠢ ᠰᠤᠷᠳᠠᠯ ᠬᠤᠪᠢᠷᠠᠬᠤ ᠦᠭᠡᠢ᠂ ᠢᠮᠠᠭᠲᠠ ᠬᠦᠴᠦᠷᠬᠡᠭ ᠶᠡᠬᠡ ᠪᠦᠲᠦᠭᠡᠯᠴᠢ ᠬᠦᠴᠦᠨ ᠨᠢᠭ᠍ᠲᠠᠷᠠᠯ᠎ᠤᠨ ᠬᠦᠴᠦᠨ ᠲᠠᠢ᠍ᠢᠴᠢᠨ ᠬᠦᠴᠦᠨ᠎ᠲᠠᠢ ᠪᠠᠢᠬᠤ᠎ᠶᠢ ᠪᠠᠲᠤᠯᠠᠬᠤ ᠨᠢ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ ᠪᠠᠢᠭ᠎ᠠ ᠪᠦᠭᠡᠳ ᠦᠷᠬᠦᠯᠵᠢᠯᠡᠨ ᠬᠠᠩᠭᠠᠬᠤ ᠪᠤᠯᠤᠨ᠎ᠠ᠃

ᠦᠢᠯᠡᠳᠦᠯᠭᠡ ᠭᠦᠢᠴᠡᠳ ᠭᠡᠷᠡᠴᠢᠯᠡᠭᠰᠡᠨ ᠨᠢ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠵᠤ᠂ ᠨᠠᠮ᠎ᠤᠨ ᠪᠠᠢᠭᠤᠯᠤᠯᠲᠠ᠎ᠶᠢ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠶᠡᠬᠡ ᠲᠠᠯ᠎ᠠ᠎ᠳᠤ ᠠᠭᠤᠰᠤᠯᠴᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠰᠠᠯᠲᠠ᠎ᠪᠠᠷ ᠳᠤᠮᠳᠠᠳᠤ ᠤᠯᠤᠰ᠎ᠤᠨ ᠵᠠᠰᠠᠯᠲᠠ᠎ᠶᠢ ᠡᠭᠦᠳᠬᠦ ᠪᠣᠯ ᠨᠠᠮ ᠢᠮᠠᠭᠲᠠ ᠳᠤᠮᠳᠠᠳᠤ ᠤᠯᠤᠰ᠎ᠤᠨ ᠠᠷᠠᠳ ᠲᠦᠮᠡᠨ ᠪᠣᠯᠣᠨ ᠳᠤᠮᠳᠠᠳᠤ᠎ᠶᠢᠨ ᠦᠨᠳᠦᠰᠦᠲᠡᠨ᠎ᠦ ᠬᠠᠮᠤᠭ᠎ᠤᠨ ᠨᠠᠢᠳᠠᠪᠤᠷᠢᠲᠠᠢ ᠲᠦᠰᠢᠭ ᠲᠤᠯᠭᠠᠭᠤᠷᠢ ᠪᠣᠯᠵᠤ᠂ ᠳᠤᠮᠳᠠᠳᠤ ᠤᠯᠤᠰ ᠎ᠤᠨ ᠭᠠᠢᠬᠠᠮᠰᠢᠭ᠋ ᠎ᠤᠨ ᠰᠢᠨ᠎ᠡ ᠬᠠᠭᠤᠳᠠᠰᠤ᠎ᠶᠢ ᠲᠠᠰᠤᠷᠠᠯᠳᠠ ᠦᠭᠡᠢ ᠪᠢᠴᠢᠭᠯᠡᠬᠦ᠎ᠶᠢᠨ ᠢᠯᠠᠯᠲᠠ ᠣᠯᠬᠤ ᠵᠠᠮ ᠮᠥᠨ᠃

ᠥᠭᠡᠷᠡᠴᠢᠯᠡᠯᠲᠡ ᠨᠢ ᠪᠡᠷᠬᠡ᠎ᠶᠢ ᠲᠠᠪᠠᠬᠤ ᠬᠤᠭᠤᠴᠠᠭ᠎ᠠ ᠪᠠ ᠲᠦᠭᠰᠢᠭᠦᠷᠢ᠎ᠶᠢ ᠲᠤᠭᠤᠯᠬᠤ ᠦᠶ᠎ᠡ᠎ᠳᠦ ᠣᠷᠣᠭᠠᠳ ᠪᠠᠢᠨ᠎ᠠ᠂ ᠪᠡᠷᠬᠡ ᠰᠡᠳᠦᠪ᠎ᠢ ᠰᠢᠢᠳᠪᠦᠷᠢᠯᠡᠬᠦ᠎ᠳᠦ ᠡᠷᠬᠡᠪᠰᠢ ᠠᠰᠢᠭ᠋ ᠲᠤᠰᠠ ᠎ᠶᠢᠨ ᠲᠣᠭᠲᠠᠪᠤᠷᠢᠵᠢᠭ᠍ᠰᠠᠨ ᠬᠠᠯᠬᠠᠪᠴᠢ᠎ᠶᠢ ᠵᠣᠷᠢᠭ᠍ᠲᠠᠢ᠎ᠪᠠᠷ ᠰᠢᠪᠲᠤᠯᠬᠤ ᠬᠡᠷᠡᠭᠲᠡᠢ᠃

ᠢᠯᠵᠢᠷᠠᠬᠦ ᠡᠴᠡ ᠵᠢᠷᠦᠬᠡᠰᠢᠶᠡᠬᠦ᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠬᠤ ᠡᠴᠡ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠤᠮᠵᠢ᠎ᠶᠢᠨ ᠥᠭᠡᠷᠡᠴᠢᠯᠡᠯᠲᠡ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠦᠷᠲᠡᠯ᠎ᠡ᠂ ᠮᠠᠨ᠎ᠤ ᠨᠠᠮ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠪᠠᠷ ᠳᠠᠮᠵᠢᠨ᠂ ᠥᠭᠡᠷᠡᠴᠢᠯᠡᠯᠲᠡ ᠬᠥᠭᠵᠢᠯᠲᠡ᠎ᠶᠢ ᠬᠠᠷᠰᠢᠯᠠᠵᠤ ᠪᠠᠢᠭᠰᠠᠨ 《ᠰᠠᠭᠠᠳ ᠳᠤᠳᠬᠠᠷ》 ᠪᠣᠯᠣᠨ 《ᠳᠤᠷᠤᠭᠠᠰᠤ》 ᠵᠢ ᠠᠷᠢᠯᠭᠠᠪᠠ᠃

ᠡᠢᠮᠦᠷᠬᠦᠦ ᠥᠪᠡᠷ ᠎ᠢ ᠎ᠪᠡᠨ ᠴᠡᠪᠡᠷᠰᠢᠭᠦᠯᠬᠦ᠂ ᠥᠪᠡᠷ᠎ᠢ᠎ᠪᠡᠨ ᠲᠡᠭᠦᠯᠳᠡᠷᠵᠢᠭᠦᠯᠬᠦ᠂ ᠥᠪᠡᠷ᠎ᠢ᠎ᠪᠡᠨ ᠰᠢᠨᠡᠴᠢᠯᠡᠬᠦ᠂ ᠥᠪᠡᠷ᠎ᠢ᠎ᠪᠡᠨ ᠳᠡᠭᠡᠭᠰᠢᠯᠡᠭᠦᠯᠬᠦ ᠴᠢᠳᠠᠪᠤᠷᠢ ᠨᠢ ᠮᠠᠨ᠎ᠤ ᠨᠠᠮ᠎ᠢ ᠬᠦᠴᠦᠷᠬᠡᠭ ᠶᠡᠬᠡ ᠤᠯᠤᠰ ᠲᠦᠷᠦ᠎ᠶᠢᠨ ᠰᠥᠰᠥ ᠵᠣᠷᠢᠭ᠋᠎ᠢᠶᠠᠷ ᠪᠠᠢᠭᠤᠯᠤᠯ ᠲᠣᠭᠲᠠᠴᠠ᠎ᠶᠢᠨ ᠭᠡᠮ ᠰᠣᠭᠣᠭ ᠎ᠢ ᠠᠷᠢᠯᠭᠠᠵᠤ᠂ ᠥᠭᠡᠷᠡᠴᠢᠯᠡᠯᠲᠡ᠎ᠶᠢᠨ ᠢᠮᠠᠭᠲᠠ ᠵᠥᠪ ᠴᠢᠭᠯᠡᠯ᠎ᠢᠶᠡᠷ ᠤᠷᠤᠭᠰᠢᠯᠠᠬᠤ᠎ᠶᠢ ᠦᠨᠡᠨ ᠬᠦ᠌ ᠪᠠᠲᠤᠯᠠᠵᠠᠢ᠃

《ᠨᠠᠮ᠎ᠤᠨ ᠤᠳᠤᠷᠢᠳᠤᠯᠭ᠎ᠠ ᠪᠣᠯ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ᠋ ᠮᠥᠨ᠂ ᠨᠡᠢᠭᠡᠮ ᠵᠢᠷᠤᠮ᠎ᠤᠨ ᠬᠠᠤᠯᠢ ᠪᠡᠷ ᠵᠠᠰᠠᠬᠤ ᠵᠢᠨ ᠬᠠᠮᠤᠭ ᠎ᠤᠨ ᠦᠨᠳᠦᠰᠦᠨ ᠪᠠᠲᠤᠯᠠᠭ᠎ᠠ ᠮᠥᠨ》 ᠂ 《ᠨᠠᠮ ᠎ᠤᠨ ᠤᠳᠤᠷᠢᠳᠤᠯᠭ᠎ᠠ ᠪᠣᠯᠣᠨ ᠨᠡᠢᠭᠡᠮ ᠵᠢᠷᠤᠮ ᠎ᠤᠨ ᠬᠠᠤᠯᠢ ᠪᠡᠷ ᠵᠠᠰᠠᠬᠤ ᠪᠣᠯ ᠨᠢᠭᠡᠳᠦᠯᠲᠡᠢ ᠶᠤᠮ᠂ ᠨᠡᠢᠭᠡᠮ ᠵᠢᠷᠤᠮ᠎ᠤᠨ ᠬᠠᠤᠯᠢ ᠪᠡᠷ ᠵᠠᠰᠠᠬᠤ ᠨᠢ ᠡᠷᠬᠡᠪᠰᠢ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ ᠡᠷᠬᠡᠪᠰᠢ ᠨᠡᠢᠭᠡᠮ ᠵᠢᠷᠤᠮ᠎ᠤᠨ ᠬᠠᠤᠯᠢ ᠪᠡᠷ ᠵᠠᠰᠠᠬᠤ᠎ᠳᠤ ᠲᠦᠰᠢᠭᠯᠡᠬᠦ ᠬᠡᠷᠡᠭᠲᠡᠢ》 ᠁

ᠨᠠᠮ ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠨᠠᠮ᠎ᠤᠨ ᠲᠥᠪ ᠬᠣᠷᠢᠶ᠎ᠠ ᠬᠠᠤᠯᠢ᠎ᠪᠠᠷ ᠤᠯᠤᠰ᠎ᠢᠶᠠᠨ ᠵᠠᠰᠠᠬᠤ ᠪᠠ ᠳᠦᠷᠢᠮ᠎ᠢᠶᠡᠷ ᠨᠠᠮ᠎ᠢ ᠵᠠᠰᠠᠬᠤ᠂ ᠳᠤᠭᠳᠠᠭᠠᠯ ᠶᠤᠰᠤᠭᠠᠷ ᠨᠠᠮ ᠎ᠢ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡ ᠴᠣᠭᠴᠠᠵᠢᠭᠤᠯᠤᠨ ᠪᠦᠲᠦᠭᠡᠨ ᠪᠠᠢᠭᠤᠯᠪᠠ᠃ ᠨᠢᠭᠡ ᠲᠠᠯ᠎ᠠ᠎ᠪᠠᠷ᠂ ᠨᠠᠮ ᠡᠴᠡ ᠬᠠᠤᠯᠢ ᠲᠣᠭᠲᠠᠭᠠᠬᠤ᠎ᠶᠢ ᠤᠳᠤᠷᠢᠳᠴᠤ᠂ ᠬᠠᠤᠯᠢ ᠬᠡᠷᠡᠭᠵᠢᠭᠦᠯᠬᠦ᠎ᠶᠢ ᠪᠠᠲᠤᠯᠠᠵᠤ᠂ ᠬᠠᠤᠯᠢ ᠪᠠᠷᠢᠬᠤ᠎ᠶᠢ ᠳᠡᠮᠵᠢᠵᠦ᠂ ᠲᠦᠷᠦᠭᠦᠯᠡᠨ ᠬᠠᠤᠯᠢ᠎ᠶᠢ ᠰᠠᠬᠢᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠰᠢᠰᠲᠧᠮ᠎ᠦᠨ ᠲᠠᠰᠤᠷᠠᠯᠳᠠ ᠦᠭᠡᠢ ᠲᠡᠭᠦᠯᠳᠡᠷᠵᠢᠬᠦ᠎ᠶᠢ ᠠᠬᠢᠭᠤᠯᠪᠠ; ᠨᠦᠬᠦᠭᠡ ᠲᠠᠯ᠎ᠠ᠎ᠪᠠᠷ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠦᠨ ᠪᠠᠢᠭᠤᠯᠤᠯᠲᠠ᠎ᠶᠢ ᠪᠦᠬᠦ ᠲᠠᠯ᠎ᠠ᠎ᠪᠠᠷ᠂ ᠪᠣᠰᠣᠭ᠎ᠠ ᠴᠣᠭᠴᠠ᠎ᠪᠠᠷ ᠦᠷᠭᠦᠯᠵᠢᠯᠡᠨ ᠠᠬᠢᠭᠤᠯᠵᠤ᠂ ᠨᠡᠯᠢᠶᠡᠳ ᠲᠡᠭᠦᠯᠳᠡᠷᠵᠢᠭᠰᠡᠨ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠰᠢᠰᠲᠧᠮ᠎ᠢ ᠪᠦᠷᠢᠯᠳᠦᠭᠦᠯᠵᠦ᠂ ᠳᠦᠷᠢᠮ᠎ᠦᠨ ᠬᠠᠲᠠᠭᠤ ᠴᠢᠨᠠᠷ᠎ᠢᠶᠠᠷ ᠡᠷᠬᠡ᠎ᠶᠢᠨ ᠠᠵᠢᠯᠯᠠᠭᠠᠨ᠎ᠢ ᠬᠢᠵᠠᠭᠠᠷᠯᠠᠨ ᠵᠢᠷᠤᠮᠵᠢᠭᠤᠯᠪᠠ᠃

ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ《ᠲᠦᠷᠪᠡᠨ ᠪᠦᠬᠦ ᠲᠠᠯ᠎ᠠ》ᠵᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠳᠤ ᠣᠷᠣᠭᠤᠯᠤᠭᠰᠠᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠢᠨ᠎ᠡ ᠴᠠᠭ ᠦᠶ᠎ᠡ᠎ᠳᠦ ᠲᠤᠰ ᠪᠡᠶ᠎ᠡ᠎ᠳᠡᠭᠡᠨ ᠳᠤᠷᠠᠳᠤᠭᠰᠠᠨ ᠴᠢᠩᠭ᠎ᠠ ᠱᠠᠭᠠᠷᠳᠠᠯᠭ᠎ᠠ ᠪᠣᠯᠣᠨ᠎ᠠ᠃ ᠡᠨᠡ ᠬᠦ᠌ ᠲᠤᠰ ᠪᠡᠶ᠎ᠡ᠎ᠶᠢᠨ ᠪᠠᠢᠭᠤᠯᠤᠯᠲᠠ ᠪᠠᠨ ᠤᠯᠤᠰ ᠣᠷᠣᠨ ᠪᠠ ᠦᠨᠳᠦᠰᠦᠲᠡᠨ ᠎ᠦ ᠬᠤᠪᠢ ᠵᠠᠶᠠᠭ᠎ᠠ᠎ᠲᠠᠢ ᠨᠢᠭ᠍ᠲᠠ ᠬᠣᠯᠪᠣᠭᠰᠠᠨ ᠯᠣᠭᠢᠭ᠋ ᠪᠣᠯ ᠶᠠᠭ ᠮᠠᠨ᠎ᠤ ᠨᠠᠮ ᠡᠴᠡ ᠲᠡᠦᠬᠡ ᠪᠠ ᠠᠷᠠᠳ ᠲᠦᠮᠡᠨ᠎ᠳᠦ ᠳᠡᠭᠡᠳᠦ ᠬᠡᠮᠵᠢᠶ᠎ᠡ᠎ᠪᠡᠷ ᠬᠠᠷᠢᠭᠤᠴᠠᠵᠤ ᠪᠠᠢᠭ᠎ᠠ ᠡᠭᠦᠷᠭᠡ ᠬᠠᠷᠢᠭᠤᠴᠠᠯᠭ᠎ᠠ᠎ᠶᠢᠨ ᠲᠥᠪᠯᠡᠷᠡᠩᠭᠦᠢ ᠢᠯᠡᠷᠡᠯ ᠮᠥᠨ᠃

ᠬᠠᠷᠢᠭᠤᠴᠠᠯᠭ᠎ᠠ ᠡᠭᠦᠷᠭᠡᠯᠡᠯ ᠎ᠢᠶᠡᠷ ᠳᠤᠮᠳᠠᠳᠤ ᠤᠯᠤᠰ ᠎ᠤᠨ ᠮᠠᠶᠢᠭ᠎ᠤᠨ ᠤᠳᠤᠬᠢᠴᠢᠯᠠᠯᠳᠠ᠎ᠶᠢᠨ ᠪᠦᠲᠦᠭᠡᠨ ᠪᠠᠢᠭᠤᠯᠤᠯᠲᠠ᠎ᠶᠢᠨ ᠰᠢᠨ᠎ᠡ ᠪᠠᠢᠳᠠᠯ ᠎ᠢ ᠲᠠᠰᠤᠷᠠᠯᠲᠠ ᠦᠭᠡᠢ ᠪᠣᠶ ᠪᠤᠯᠭᠠᠪᠠ

《ᠠᠷᠪᠠᠨ ᠳᠠᠪᠤᠳᠤᠭᠠᠷ ᠳᠠᠪᠤᠨ ᠵᠢᠯ》 ᠤ᠋ᠨ ᠡᠬᠢᠯᠡᠯᠲᠡ᠎ᠶᠢᠨ ᠵᠢᠯ᠎ᠳᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠪᠦᠷᠢᠶ᠎ᠡ ᠬᠤᠪᠢᠯᠭᠠᠨ ᠣᠷᠣᠨ᠎ᠳᠤ ᠬᠠᠩᠭᠢᠨᠠᠪᠠ᠃

ᠰᠢᠨ᠎ᠡ ᠠᠶᠠᠨ᠎ᠳᠤ᠂ ᠬᠠᠷᠠᠯᠲᠠ ᠬᠡᠳᠦᠢ ᠥᠨᠳᠥᠷ᠂ ᠥᠷᠢᠰᠦᠯᠳᠦᠭᠡᠨ ᠬᠡᠳᠦᠢ ᠬᠠᠲᠠᠭᠤ ᠪᠡᠷᠬᠡ ᠪᠣᠯᠬᠤ ᠳᠤᠳᠤᠮ᠂  ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠳᠤ ᠠᠭᠤᠯᠤᠭᠳᠠᠵᠤ ᠪᠠᠢᠭ᠎ᠠ ᠤᠨᠤᠯ᠎ᠤᠨ ᠬᠡᠪ ᠴᠢᠨᠠᠷ᠎ᠢ ᠲᠡᠳᠦᠢ ᠭᠦᠨᠵᠡᠭᠡᠢ ᠣᠢᠯᠠᠭᠠᠵᠤ᠂ ᠤᠬᠠᠮᠰᠠᠷ ᠡᠴᠡ᠎ᠪᠠᠨ ᠦᠢᠯᠡᠳᠦᠯᠭᠡᠵᠢᠭᠦᠯᠬᠦ ᠬᠡᠷᠡᠭᠲᠡᠢ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠬᠠᠷᠢᠭᠤᠴᠠᠯᠭ᠎ᠠ ᠡᠭᠦᠷᠭᠡᠯᠡᠯ᠎ᠢᠶᠡᠨ  ᠤᠯᠠᠮ ᠴᠢᠩᠭᠠᠳᠬᠠᠬᠤ ᠬᠡᠷᠡᠭᠲᠡᠢ᠃

ᠰᠢ ᠵᠢᠨ ᠫᠢᠩ ᠎ᠦᠨ ᠨᠠᠮ ᠎ᠤᠨ  ᠪᠠᠢᠭᠤᠯᠤᠯᠲᠠ᠎ᠶᠢᠨ ᠦᠵᠡᠯ ᠰᠠᠨᠠᠭ᠎ᠠ᠎ᠳᠤ ᠠᠭᠤᠯᠤᠭᠳᠠᠵᠤ ᠪᠠᠢᠭ᠎ᠠ  ᠪᠠᠳᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢ ᠭᠦᠨᠵᠡᠭᠡᠢ ᠣᠢᠯᠠᠭᠠᠵᠤ᠂ 《ᠤᠯᠤᠰ᠎ᠤᠨ ᠶᠡᠬᠡ ᠶᠠᠪᠤᠳᠠᠯ》 ᠢ᠋ ᠬᠡᠬᠦᠳᠡᠭ ᠴᠡᠭᠡᠵᠢᠨ᠎ᠳᠡᠭᠡᠨ ᠪᠠᠭᠲᠠᠭᠠᠵᠤ᠂ ᠨᠡᠩ ᠥᠨᠳᠥᠷ ᠤᠯᠤᠰ ᠲᠦᠷᠦ᠎ᠶᠢᠨ ᠵᠣᠭᠰᠣᠴᠠ᠎ᠪᠠᠷ ᠴᠠᠭ ᠦᠶ᠎ᠡ᠎ᠶᠢᠨ ᠬᠦᠨᠳᠦ ᠡᠭᠦᠷᠭᠡ᠎ᠶᠢ ᠤᠬᠠᠮᠰᠠᠷ ᠡᠴᠡ᠎ᠪᠠᠨ ᠡᠭᠦᠷᠭᠡᠯᠡᠬᠦ ᠬᠡᠷᠡᠭᠲᠡᠢ᠃

ᠪᠠᠳᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠳᠤ᠂ ᠡᠩ ᠲᠡᠷᠢᠭᠦᠨ᠎ᠳᠦ ᠴᠢᠭᠯᠡᠯ᠎ᠢ ᠵᠥᠪ ᠡᠵᠡᠮᠳᠡᠵᠦ᠂ ᠶᠡᠬᠡ ᠲᠠᠯ᠎ᠠ᠎ᠶᠢ ᠲᠣᠳᠣᠷᠬᠠᠢ ᠲᠠᠨᠢᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ ᠡᠯ᠎ᠡ ᠱᠠᠲᠤᠨ᠎ᠤ ᠤᠳᠤᠷᠢᠳᠬᠤ ᠺᠠᠳ᠋ᠷ᠎ᠲᠤ 《ᠤᠯᠤᠰ᠎ᠤᠨ ᠶᠡᠬᠡ ᠶᠠᠪᠤᠳᠠᠯ᠎ᠤᠨ ᠳᠤᠬᠠᠢ ᠳᠣᠲᠣᠷ᠎ᠠ᠎ᠪᠠᠨ ᠲᠣᠭ᠎ᠠ᠎ᠲᠠᠢ ᠪᠠᠢᠬᠤ ᠬᠡᠷᠡᠭᠲᠡᠢ》ᠭᠡᠵᠦ ᠲᠠᠬᠢᠨ ᠳᠠᠪᠲᠠᠨ ᠰᠠᠨᠠᠭᠤᠯᠵᠤ᠂ 《ᠨᠠᠮ᠎ᠤᠨ ᠲᠥᠪ ᠬᠤᠷᠢᠶ᠎ᠠ᠎ᠶᠢᠨ ᠶᠠᠭᠤ᠎ᠶᠢ ᠬᠠᠯᠠᠮᠵᠢᠯᠠᠵᠤ ᠪᠠᠢᠬᠤ᠂ ᠶᠠᠭᠤ᠎ᠶᠢ ᠴᠢᠬᠤᠯᠠᠴᠢᠯᠠᠵᠤ ᠪᠠᠢᠬᠤ᠎ᠶᠢ ᠴᠠᠭ ᠢᠮᠠᠭᠲᠠ ᠠᠩᠬᠠᠷᠴᠤ᠂ ᠨᠠᠮ ᠪᠣᠯᠣᠨ ᠤᠯᠤᠰ᠎ᠤᠨ ᠬᠠᠮᠤᠭ᠎ᠤᠨ ᠴᠢᠬᠤᠯᠠ ᠠᠰᠢᠭ᠋ ᠲᠤᠰᠠ ᠭᠡᠵᠦ ᠶᠠᠭᠤ᠂ ᠬᠠᠮᠤᠭ᠎ᠤᠨ ᠡᠷᠡᠰ ᠬᠠᠮᠠᠭᠠᠯᠠᠬᠤ ᠴᠢᠬᠤᠯᠠᠲᠠᠢ ᠵᠣᠭᠰᠣᠯᠲᠠ ᠭᠡᠵᠦ ᠶᠠᠭᠤ ᠪᠣᠯᠬᠤ᠎ᠶᠢ ᠭᠦᠨᠵᠡᠭᠡᠢ ᠣᠢᠯᠠᠭᠠᠬᠤ ᠬᠡᠷᠡᠭᠲᠡᠢ》 ᠭᠡᠵᠦ ᠴᠢᠬᠤᠯᠠᠴᠢᠯᠠᠪᠠ᠃

ᠤᠯᠤᠰ᠎ᠤᠨ ᠶᠡᠬᠡ ᠶᠠᠪᠤᠳᠠᠯ ᠲᠠᠢ ᠰᠡᠳᠬᠢᠯ ᠵᠢᠷᠦᠬᠡ᠎ᠪᠡᠨ ᠬᠣᠯᠪᠣᠪᠠᠯ ᠰᠠᠶᠢ ᠠᠯᠤᠰ᠎ᠢ ᠵᠣᠷᠢᠨ ᠯᠠᠪᠳᠠᠭᠤᠨ᠎ᠢᠶᠠᠷ ᠤᠷᠤᠭᠰᠢᠯᠠᠵᠤ ᠴᠢᠳᠠᠨ᠎ᠠ᠃ ᠨᠠᠮ᠎ᠤᠨ ᠭᠡᠰᠢᠭᠦᠨ ᠺᠠᠳ᠋ᠷ ᠪᠠᠳᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠎ᠢ ᠰᠤᠷᠤᠯᠴᠠᠨ ᠣᠢᠯᠠᠭᠠᠬᠤ᠎ᠳᠤ᠂ ᠤᠯᠤᠰ ᠲᠦᠷᠦ᠎ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠎ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ᠎ᠶᠢᠨ ᠭᠦᠢᠴᠡᠳᠭᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠠᠵᠠᠷ ᠣᠷᠣᠨ ᠪᠣᠯᠣᠨ ᠰᠠᠯᠠᠭ᠎ᠠ ᠮᠥᠴᠢᠷ᠎ᠦᠨ ᠠᠵᠢᠯ᠎ᠢ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠶᠡᠬᠡ ᠲᠠᠯ᠎ᠠ᠎ᠳᠤ ᠠᠭᠤᠰᠤᠯᠴᠠᠭᠤᠯᠬᠤ᠎ᠳᠠᠭᠠᠨ ᠴᠢᠳᠠᠮᠠᠭᠠᠢ ᠪᠠᠢᠵᠤ᠂ ᠨᠢᠭᠡ ᠣᠷᠣᠨ ᠪᠦᠰᠡ᠎ᠳᠦ ᠢᠷᠠᠭᠤ ᠠᠯᠳᠠᠷ ᠣᠯᠭᠣᠬᠤ᠎ᠪᠠᠷ ᠪᠠᠷᠠᠬᠤ ᠦᠭᠡᠢ ᠨᠡᠩ ᠴᠤ᠌ ᠪᠦᠬᠦ ᠲᠠᠯ᠎ᠠ᠎ᠳᠤ ᠭᠡᠷᠡᠯ ᠭᠢᠯᠪᠠᠭ᠎ᠠ ᠨᠡᠮᠡᠷᠢᠯᠡᠬᠦ᠎ᠶᠢ ᠪᠡᠶᠡᠯᠡᠭᠦᠯᠵᠦ᠂ ᠪᠠᠳᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢ ᠴᠠᠭ ᠦᠶ᠎ᠡ᠎ᠶᠢᠨ ᠬᠦᠨᠳᠦ ᠡᠭᠦᠷᠭᠡ᠎ᠶᠢ ᠤᠬᠠᠮᠰᠠᠷ ᠡᠴᠡ᠎ᠪᠠᠨ ᠡᠭᠦᠷᠭᠡᠯᠡᠬᠦ ᠪᠣᠳᠠᠲᠤ ᠠᠵᠢᠯᠯᠠᠭ᠎ᠠ ᠳᠤᠮᠳᠠ ᠪᠢᠴᠢᠭᠯᠡᠬᠦ ᠬᠡᠷᠡᠭᠲᠡᠢ᠃

ᠰᠢ ᠵᠢᠨ ᠫᠢᠩ ᠎ᠦᠨ ᠨᠠᠮ ᠎ᠤᠨ  ᠪᠠᠢᠭᠤᠯᠤᠯᠲᠠ᠎ᠶᠢᠨ ᠦᠵᠡᠯ ᠰᠠᠨᠠᠭ᠎ᠠ᠎ᠳᠤ ᠠᠭᠤᠯᠤᠭᠳᠠᠵᠤ ᠪᠠᠢᠭ᠎ᠠ ᠪᠠᠳᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠎ᠢ ᠭᠦᠨᠵᠡᠭᠡᠢ ᠣᠢᠯᠠᠭᠠᠬᠤ᠎ᠳᠤ᠂ ᠲᠡᠮᠡᠴᠡᠯ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠰᠢᠷᠭᠠᠭᠤ ᠲᠡᠮᠡᠴᠡᠯ᠎ᠳᠦ ᠲᠦᠰᠢᠭᠯᠡᠨ ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠣᠷᠣᠨ ᠵᠠᠢ᠎ᠶᠢ ᠨᠡᠭᠡᠭᠡᠬᠦ ᠬᠡᠷᠡᠭᠲᠡᠢ᠃

《ᠬᠦᠨᠳᠦ ᠶᠡᠬᠡ ᠠᠶᠤᠯ ᠲᠦᠭᠰᠢᠭᠦᠷᠢ᠂ ᠬᠦᠴᠦᠷᠬᠡᠭ ᠶᠡᠬᠡ ᠥᠷᠢᠰᠦᠯᠳᠦᠭᠴᠢ᠎ᠶᠢᠨ ᠡᠮᠦᠨ᠎ᠡ᠂ ᠶᠡᠷᠦᠨᠢ ᠠᠮᠤᠷ ᠲᠠᠢᠪᠤᠩ ᠠᠮᠢᠳᠤᠷᠠᠬᠤ᠎ᠶᠢ ᠪᠤᠳᠤᠵᠤ᠂ ᠲᠡᠮᠡᠴᠡᠬᠦ᠎ᠶᠢ ᠪᠤᠳᠤᠬᠤ ᠦᠭᠡᠢ ᠪᠣᠯ ᠪᠣᠳᠠᠲᠤ ᠪᠠᠢᠳᠠᠯ᠎ᠲᠠᠢ ᠨᠡᠢᠴᠡᠬᠦ ᠦᠭᠡᠢ ᠂ 〈ᠮᠦᠬᠡᠷᠰᠦᠨ ᠡᠪᠡᠳᠴᠢᠨ〉 ᠳ᠋ᠤ᠌ ᠨᠡᠷᠪᠡᠭᠳᠡᠵᠦ ᠂ 〈ᠠᠶᠤᠬᠤ ᠭᠡᠮ〉 ᠣᠯᠬᠤ ᠨᠢ ᠲᠤᠰᠠ ᠪᠣᠯᠬᠤ ᠦᠭᠡᠢ ᠶᠤᠮ》᠃ ᠶᠡᠷᠦᠩᠬᠡᠢ ᠱᠦᠵᠢ ᠰᠢ ᠵᠢᠨ ᠫᠢᠩ᠎ᠦᠨ《ᠳᠠᠢᠨᠴᠢ ᠬᠥᠮᠥᠨ ᠪᠣᠯ ᠢᠯᠠᠭᠳᠠᠰᠢ ᠦᠭᠡᠢ ᠪᠠᠢᠷᠢᠨ᠎ᠳᠤ ᠪᠠᠢᠬᠤ ᠬᠡᠷᠡᠭᠳᠡᠢ ᠪᠦᠭᠡᠳ ᠳᠠᠢᠰᠤᠨ᠎ᠢ ᠢᠯᠠᠬᠤ ᠠᠯᠢᠪᠠ ᠵᠠᠪᠰᠢᠶᠠᠨ᠎ᠢ ᠠᠯᠳᠠᠬᠤ ᠦᠭᠡᠢ ᠪᠠᠢᠬᠤ ᠬᠡᠷᠡᠭᠳᠡᠢ》 ᠭᠡᠬᠦ ᠶᠠᠷᠢᠶ᠎ᠠ ᠬᠦᠮᠦᠰ᠎ᠢ ᠰᠡᠩᠬᠡᠷᠡᠭᠦᠯᠦᠨ᠎ᠡ᠃

ᠭᠠᠭᠴᠠ ᠬᠦ᠌ ᠰᠠᠨᠠᠭᠠᠴᠢᠯᠠᠭ᠎ᠠ ᠡᠴᠡ᠎ᠪᠠᠨ ᠤᠭᠲᠤᠨ ᠪᠠᠢᠯᠳᠤᠵᠤ᠂ ᠡᠷᠡᠰ ᠲᠡᠮᠡᠴᠡᠪᠡᠯ ᠰᠠᠶᠢ ᠴᠠᠭ ᠦᠶ᠎ᠡ᠎ᠶᠢᠨ ᠬᠦᠨᠳᠦ ᠡᠭᠦᠷᠭᠡ᠎ᠶᠢ ᠡᠭᠦᠷᠭᠡᠯᠡᠵᠦ ᠴᠢᠳᠠᠨ᠎ᠠ᠃ ᠰᠢᠨ᠎ᠡ ᠠᠶᠠᠨ ᠳᠡᠭᠡᠷᠡᠬᠢ ᠠᠶᠤᠯ ᠲᠦᠭᠰᠢᠭᠦᠷᠢ ᠥᠷᠢᠰᠦᠯᠳᠦᠭᠡᠨ᠎ᠦ ᠡᠮᠦᠨ᠎ᠡ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠡᠷᠬᠡᠪᠰᠢ ᠠᠯᠢᠪᠠ ᠬᠡᠢ ᠬᠦᠰᠡᠯ᠎ᠢᠶᠡᠨ ᠲᠠᠶᠠᠭᠳᠠᠵᠤ᠂ ᠲᠡᠮᠡᠴᠡᠯ᠎ᠦᠨ ᠳᠤᠮᠳᠠ ᠲᠡᠮᠡᠴᠡᠯ ᠬᠢᠬᠦ᠎ᠶᠢ ᠰᠤᠷᠴᠤ᠂ ᠲᠡᠮᠡᠴᠡᠯ᠎ᠦᠨ ᠳᠤᠮᠳᠠ ᠦᠰᠦᠨ ᠪᠣᠢᠵᠢᠵᠤ᠂ ᠡᠷᠡᠰ ᠬᠠᠲᠠᠭᠤ ᠲᠡᠮᠡᠴᠡᠯ᠎ᠢᠶᠡᠷ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠪᠠᠲᠤ ᠡᠵᠡᠮᠰᠢᠵᠦ᠂ ᠴᠠᠭ ᠦᠶ᠎ᠡ᠎ᠶᠢᠨ ᠬᠠᠷᠢᠭᠤᠴᠠᠯᠭ᠎ᠠ᠎ᠪᠠᠨ ᠬᠥᠰᠡᠷᠳᠡᠭᠦᠯᠬᠦ ᠦᠭᠡᠢ ᠪᠠᠢᠬᠤ ᠬᠡᠷᠡᠭᠲᠡᠢ᠃

ᠰᠢ ᠵᠢᠨ ᠫᠢᠩ᠎ᠦᠨ ᠨᠠᠮ᠎ᠤᠨ ᠪᠠᠢᠭᠤᠯᠤᠯᠲᠠ ᠎ᠶᠢᠨ ᠦᠵᠡᠯ ᠰᠠᠨᠠᠭ᠎ᠠ᠎ᠳᠤ ᠠᠭᠤᠯᠤᠭᠳᠠᠵᠤ ᠪᠠᠢᠭ᠎ᠠ ᠪᠠᠳᠤ ᠴᠢᠩᠭ᠎ᠠ  ᠬᠠᠷᠢᠭᠤᠴᠠᠯᠭ᠎ᠠ ᠡᠭᠦᠷᠭᠡᠯᠡᠯ᠎ᠢ ᠭᠦᠨᠵᠡᠭᠡᠢ ᠣᠢᠯᠠᠭᠠᠵᠤ᠂ ᠦᠨᠡᠨ᠎ᠡᠴᠡ ᠵᠥᠪ᠎ᠢ ᠡᠷᠢᠬᠦ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠬᠦ᠎ᠶᠢ ᠪᠠᠷᠢᠮᠲᠠᠯᠠᠵᠤ᠂ ᠠᠷᠠᠳ ᠲᠦᠮᠡᠨ ᠤ᠋ ᠳᠦᠯᠦᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠵᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ ᠬᠡᠷᠡᠭᠲᠡᠢ᠃

2026 ᠣᠨ᠎ᠤ 6 ᠰᠠᠷ᠎ᠠ᠎ᠶᠢᠨ 24 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠱᠠᠨᠳᠦ᠋ᠩ᠎ᠦᠨ ᠳ᠋ᠸᠵᠸᠤ ᠳ᠋ᠤ᠌ ᠰᠢᠨᠵᠢᠯᠡᠨ ᠪᠠᠢᠴᠠᠭᠠᠬᠤ᠎ᠳᠠᠭᠠᠨ᠄ 《ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠵᠢ ᠡᠴᠦᠰ᠎ᠲᠡᠬᠡᠨ ᠠᠷᠠᠳ ᠲᠦᠮᠡᠨ᠎ᠳᠦ ᠪᠤᠶᠠᠨ ᠦᠢᠯᠡᠳᠬᠦ ᠳᠡᠭᠡᠷ᠎ᠡ ᠨᠠᠢᠳᠠᠪᠤᠷᠢᠵᠢᠭᠤᠯᠬᠤ ᠬᠡᠷᠡᠭᠲᠡᠢ᠃ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠠᠯᠪᠠᠨ ᠵᠠᠷᠤᠴᠠ᠎ᠶᠢᠨ ᠤᠬᠠᠮᠰᠠᠷ᠎ᠢᠶᠠᠨ ᠴᠢᠩᠭᠠᠳᠬᠠᠵᠤ᠂ ᠠᠷᠠᠳ᠎ᠤᠨ ᠲᠥᠯᠥᠭᠡ ᠵᠢᠳᠬᠦᠬᠦ ᠬᠠᠢᠷ᠎ᠠ ᠰᠡᠳᠬᠢᠯᠭᠡ ᠪᠠᠨ ᠵᠤᠵᠠᠭᠠᠳᠬᠠᠵᠤ᠂ ᠤᠯᠠᠨ ᠲᠦᠮᠡᠨ᠎ᠳᠦ ᠢᠯᠡᠭᠦᠬᠡᠨ ᠰᠠᠢᠨ ᠶᠠᠪᠤᠳᠠᠯ ᠬᠢᠵᠦ᠂ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ᠎ᠢ ᠨᠢ ᠰᠢᠢᠳᠪᠦᠷᠢᠯᠡᠵᠦ᠂ ᠠᠷᠠᠳ ᠤᠯᠠᠨ᠎ᠤ ᠬᠦᠷᠲᠡᠮᠵᠢ᠎ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ᠎ᠦ ᠲᠥᠷᠥᠭᠳᠡᠯ᠎ᠢ ᠦᠨᠡᠨ ᠪᠣᠳᠠᠲᠠᠢ ᠨᠡᠮᠡᠭᠳᠡᠭᠦᠯᠬᠦ ᠬᠡᠷᠡᠭᠲᠡᠢ》 ᠭᠡᠵᠦ ᠵᠢᠭᠠᠵᠤ ᠭᠠᠷᠭᠠᠪᠠ᠃

ᠪᠠᠳᠤ ᠴᠢᠩᠭ᠎ᠠ ᠬᠠᠷᠢᠭᠤᠴᠠᠯᠭ᠎ᠠ᠎ᠡᠭᠦᠷᠭᠡᠯᠡᠯ᠎ᠢ ᠡᠴᠦᠰ᠎ᠲᠡᠬᠡᠨ《ᠠᠵᠢᠯᠯᠠᠬᠤ》ᠳᠡᠭᠡᠷ᠎ᠡ ᠨᠠᠢᠳᠠᠪᠤᠷᠢᠵᠢᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠭᠠᠷᠭᠠᠬᠤ ᠳᠡᠭᠡᠷ᠎ᠡ ᠢᠯᠡᠷᠡᠭᠦᠯᠬᠦ ᠬᠡᠷᠡᠭᠲᠡᠢ᠃

《ᠠᠮᠵᠢᠯᠲᠠ ᠠᠨᠤ ᠭᠠᠭᠴᠠ ᠮᠢᠨᠤ ᠭᠠᠪᠢᠶ᠎ᠠ ᠪᠤᠰᠤ᠂ ᠠᠮᠵᠢᠯᠲᠠ ᠤᠯᠬᠤ᠎ᠳᠦ ᠯᠠᠪᠳᠠᠢ ᠪᠢ ᠪᠠᠢᠨ᠎ᠠ》᠃ ᠰᠢᠨ᠎ᠡ ᠴᠠᠭ ᠦᠶ᠎ᠡ ᠰᠢᠨ᠎ᠡ ᠠᠶᠠᠨ᠎ᠳᠤ ᠡᠷᠡᠮᠡᠬᠡᠢᠯᠡᠨ ᠤᠷᠤᠭᠰᠢᠯᠠᠬᠤ᠎ᠳᠤ᠂ ᠨᠠᠮ᠎ᠤᠨ ᠭᠡᠰᠢᠭᠦᠨ ᠺᠠᠳ᠋ᠷᠴᠤᠳ ᠵᠠᠰᠠᠭ᠎ᠤᠨ ᠠᠵᠢᠯ ᠎ᠤᠨ ᠪᠦᠳᠦᠮᠵᠢ᠎ᠶᠢᠨ ᠳᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠤᠷᠢᠶ᠎ᠠ ᠮᠠᠶᠢᠭ᠋᠂ ᠣᠪᠣᠷ᠎ᠢᠶᠠᠨ ᠢᠯᠡᠳᠬᠡᠬᠦ ᠮᠠᠶᠢᠭ᠋᠎ᠤᠨ ᠨᠠᠢᠳᠠᠪᠤᠷᠢᠵᠢᠭᠤᠯᠤᠯᠲᠠ᠎ᠶᠢ ᠡᠷᠡᠰ ᠬᠣᠷᠢᠭ᠍ᠯᠠᠵᠤ᠂ ᠨᠢᠭᠡ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠵᠢᠷᠤᠭᠯᠠᠵᠤ᠂ ᠨᠢᠭᠡ ᠨᠢᠭᠡ ᠠᠯᠬᠤᠮ᠎ᠢᠶᠠᠷ ᠵᠠᠯᠭᠠᠨ ᠬᠢᠵᠦ᠂ ᠬᠠᠷᠢᠭᠤᠴᠠᠯᠭ᠎ᠠ ᠵᠢᠨ ᠬᠦᠨᠳᠦ᠎ᠶᠢ ᠮᠡᠳᠡᠵᠦ ᠬᠠᠷᠢᠭᠤᠴᠠᠯᠭ᠎ᠠ ᠡᠭᠦᠷᠭᠡᠯᠡᠬᠦ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠳᠤᠮᠳᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠠᠤᠭ᠎ᠠ ᠲᠥᠰᠥᠪ᠎ᠢ ᠠᠯᠬᠤᠮ ᠠᠯᠬᠤᠮ᠎ᠢᠶᠠᠷ ᠰᠠᠢᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃

ᠠᠶᠠᠨ ᠵᠠᠮ ᠤᠷᠲᠤ ᠤᠳᠠᠭᠠᠨ᠂ ᠭᠠᠭᠴᠠ ᠬᠦ᠌ ᠲᠡᠮᠡᠴᠡᠯ ᠱᠠᠭᠠᠷᠳᠠᠭᠳᠠᠨ᠎ᠠ; ᠡᠭᠦᠷᠭᠡ ᠬᠠᠷᠢᠭᠤᠴᠠᠯᠭ᠎ᠠ ᠮᠥᠷᠥᠨ ᠳ᠋ᠦ ᠲᠠᠯᠪᠢᠭᠳᠠᠵᠤ᠂ ᠤᠭ ᠰᠠᠨᠠᠭ᠎ᠠ ᠪᠠᠲᠤ ᠪᠡᠬᠢ ᠪᠠᠢᠨ᠎ᠠ᠃

ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤᠴᠤᠳ ᠨᠡᠩ ᠪᠠᠳᠤ ᠴᠢᠩᠭ᠎ᠠ  ᠬᠠᠷᠢᠭᠤᠴᠠᠯᠭ᠎ᠠ ᠡᠭᠦᠷᠭᠡᠯᠡᠯ᠎ᠢᠶᠡᠷ ᠢᠲᠡᠭᠡᠯ ᠵᠣᠷᠢᠭ᠋᠎ᠢᠶᠠᠨ ᠪᠠᠲᠤᠳᠬᠠᠵᠤ᠂ ᠪᠣᠳᠠᠲᠠᠢ ᠠᠵᠢᠯᠯᠠᠵᠤ ᠪᠠᠲᠤᠲᠠᠢ ᠦᠢᠯᠡᠳᠦᠯᠭᠡᠵᠢᠭᠦᠯᠪᠡᠯ᠂ ᠲᠦᠭ ᠲᠦᠮᠡᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠲᠡᠦᠬᠡ᠎ᠶᠢᠨ ᠠᠭᠤᠤ ᠦᠢᠯᠡᠰ᠎ᠢ ᠴᠣᠭᠴᠠᠯᠠᠵᠤ᠂ ᠰᠢᠨ᠎ᠡ ᠴᠠᠭ ᠦᠶ᠎ᠡ᠎ᠶᠢᠨ ᠭᠡᠷᠡᠯ ᠰᠠᠴᠤᠷᠠᠩᠭᠤᠢ ᠦᠢᠯᠡᠰ᠎ᠢ ᠡᠭᠦᠳᠬᠦ ᠨᠢ ᠯᠠᠪᠲᠠᠢ ᠶᠤᠮ᠃


 (ᠰᠢᠨᠬᠤᠸᠠ ᠬᠣᠷᠢᠶ᠎ᠡ ᠵᠢᠨ ᠪᠡᠭᠡᠵᠢᠩ᠎ᠦᠨ 8 ᠰᠠᠷ᠎ᠠ᠎ᠶᠢᠨ 8᠎ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号