ᠲᠦᠷᠦᠭᠦᠭᠡᠨ ᠥᠪᠥᠷ ᠮᠣᠩᠭᠣᠯ ᠤᠨ ᠨᠠᠮ᠎ᠤᠨ ᠰᠤᠷᠭᠠᠭᠤᠯᠢ ( ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠪᠣᠯᠤᠨ ᠳᠤᠮᠳᠠᠳᠤ ᠤᠯᠤᠰ ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠶ᠋ᠢᠭᠡᠮᠯᠢᠭ᠎ᠦᠨ ᠰᠢᠨ᠎ᠡ᠎ᠶᠢ ᠡᠭᠦᠳᠬᠦ᠌ ᠪᠠᠶ᠋ᠢᠯᠳᠤᠬᠤ ᠪᠣᠳᠣᠯᠭ᠎ᠠ᠎ᠶᠢᠨ ᠰᠤᠳᠤᠯᠭᠠᠨ ᠤ ᠬᠦᠷᠢᠶᠡᠯᠡᠩ᠎ᠡᠴᠡ ᠬᠠᠮᠲᠤᠷᠠᠨ ᠡᠷᠭᠢᠯᠡᠭᠰᠡᠨ 《ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠪᠠ ᠰᠢᠨ᠎ᠡ ᠴᠢᠨᠠᠷ᠎ᠤᠨ ᠦᠢᠯᠡᠳᠪᠦᠷᠢᠯᠡᠯ ᠦᠨ ᠬᠦᠴᠦᠨ᠎ᠢ ᠬᠥᠭᠵᠢᠭᠦᠯᠬᠦ᠌ 》 ᠣᠨᠣᠯ᠎ᠤᠨ ᠰᠤᠳᠤᠯᠤᠨ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃
ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠨᠡᠶ᠋ᠢᠭᠡᠮᠯᠢᠭ᠂ ᠱᠠᠨᠳᠦ᠋ᠩ ᠮᠤᠵᠢ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠶ᠋ᠢᠭᠡᠮᠯᠢᠭ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠶ᠋ᠢᠭᠡᠮᠯᠢᠭ᠎ᠦᠨ ᠰᠢᠨ᠎ᠡ ᠶᠢ ᠡᠭᠦᠳᠬᠦ᠌ ᠪᠠᠶ᠋ᠢᠯᠳᠤᠬᠤ ᠪᠤᠳᠤᠯᠭ᠎ᠠ᠎ᠶᠢᠨ ᠰᠤᠳᠤᠯᠭᠠᠨ᠎ᠤ ᠬᠦᠷᠢᠶᠡᠯᠡᠩ᠂ ᠪᠠᠷᠠᠭᠤᠨ ᠡᠮᠦᠨᠡᠲᠦ ᠶᠢᠨ ᠦᠨᠳᠦᠰᠦᠲᠡᠨ᠎ᠦ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠨᠡᠶ᠋ᠢᠭᠡᠮᠯᠢᠭ ᠵᠡᠷᠭᠡ ᠨᠢᠭᠡᠴᠢ᠎ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠣᠯᠤᠨ ᠲᠤᠰᠬᠠᠢ ᠮᠡᠷᠭᠡᠵᠢᠯᠲᠡᠨ ᠡᠷᠳᠡᠮᠲᠡᠨ᠂ ᠨᠠᠮ᠎ᠤᠨ ᠰᠢᠨ᠎ᠡ᠎ᠶᠢ ᠡᠭᠦᠳᠬᠦ᠌ ᠤᠨᠤᠯ ᠪᠣᠯᠤᠨ ᠴᠢᠬᠤᠯᠠ ᠶᠡᠬᠡ ᠪᠣᠳᠠᠲᠤ᠌ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠪᠠ᠃
ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠰᠢᠨ᠎ᠡ ᠴᠢᠨᠠᠷ ᠤᠨ ᠦᠢᠯᠡᠳᠪᠦᠷᠢᠯᠡᠯ ᠦᠨ ᠬᠦᠴᠦᠨ ᠦ ᠲᠤᠬᠠᠶ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠨ ᠣᠶ᠋ᠢᠯᠠᠭᠠᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠶᠢ ᠠᠬᠢᠭᠤᠯᠬᠤ᠂ ᠰᠢᠨ᠎ᠡ ᠴᠢᠨᠠᠷ ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠌᠂ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠢᠲᠡᠭᠡᠯ ᠵᠣᠷᠢᠭ᠎ᠢᠶᠠᠨ ᠴᠢᠨᠠᠭᠰᠢᠳᠠ ᠪᠠᠲᠤᠳᠬᠠᠬᠤ ᠬᠡᠷᠡᠭᠲᠡᠶ; ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ ᠪᠠ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠴᠢᠬᠤᠯᠠ ᠶᠡᠬᠡ ᠤᠨᠤᠯ ᠪᠠ ᠪᠣᠳᠠᠲᠤ᠌ ᠠᠰᠠᠭᠤᠳᠠᠯ᠎ᠤᠨ ᠰᠤᠳᠤᠯᠭᠠᠨ ᠢ ᠪᠦᠬᠦ᠌ ᠲᠠᠯ᠎ᠠ᠎ᠪᠠᠷ ᠰᠢᠰᠲ᠋ᠧᠮ᠎ᠲᠡᠶ ᠭᠦᠨᠵᠡᠭᠡᠶ᠋ᠢᠷᠡᠭᠦᠯᠵᠦ᠍᠂ ᠨᠡᠩ ᠤᠯᠠᠨ ᠨᠥᠯᠥᠭᠡᠯᠡᠬᠦ᠌ ᠬᠦᠴᠦᠨ᠎ᠲᠡᠶ᠂ ᠢᠳᠡᠬᠡᠬᠦᠯᠬᠦ ᠬᠦᠴᠦᠨ ᠲᠡᠶ ᠰᠤᠳᠤᠯᠭᠠᠨ᠎ᠤ ᠦᠷ᠎ᠡ ᠪᠦᠲᠦᠭᠡᠯ᠎ᠢ ᠴᠢᠷᠮᠠᠶ᠋ᠢᠨ ᠭᠠᠷᠭᠠᠬᠤ ᠬᠡᠷᠡᠭᠲᠡᠢ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠵᠠᠰᠠᠭ ᠤᠨ ᠣᠷᠳᠣᠨ᠎ᠤ ᠭᠣᠣᠯ ᠠᠵᠢᠯ᠎ᠤᠨ ᠲᠣᠭᠣᠷᠢᠨ᠎ᠳᠤ᠂ ᠥᠪᠥᠷ ᠮᠣᠩᠭᠣᠯ᠎ᠤᠨ ᠰᠢᠨ᠎ᠡ ᠴᠢᠨᠠᠷ ᠦᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠌ ᠭᠣᠣᠯᠳᠠᠯᠭ᠎ᠠ᠎ᠲᠠᠶ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠍᠂ᠪᠠᠶ᠋ᠢᠴᠠᠭᠠᠨ ᠰᠤᠳᠤᠯᠤᠯᠲᠠ᠎ᠶᠢ ᠭᠦᠨᠵᠡᠭᠡᠢ ᠥᠷᠨᠢᠭᠦᠯᠵᠦ᠍᠂ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ᠰᠢᠨᠵᠢᠯᠡᠬᠦ᠌ ᠤᠬᠠᠭᠠᠨᠴᠢ᠎ᠪᠠᠷ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ; ᠥᠪᠥᠷ ᠮᠣᠩᠭᠣᠯ ᠤᠨ ᠨᠠᠮ ᠤᠨ ᠰᠤᠷᠭᠠᠭᠤᠯᠢ ᠬᠢᠭᠡᠳ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠨᠡᠶ᠋ᠢᠭᠡᠮᠯᠢᠭ᠎ᠦᠨ ᠰᠢᠨ᠎ᠡ᠎ᠶᠢ ᠡᠭᠦᠳᠬᠦ᠌ ᠪᠠᠶ᠋ᠢᠯᠳᠤᠬᠤ ᠪᠣᠳᠣᠯᠭ᠎ᠠ᠎ᠶᠢᠨ ᠰᠤᠳᠤᠯᠭᠠᠨ᠎ᠤ ᠬᠦᠷᠢᠶᠡᠯᠡᠩ᠎ᠦᠨ ᠭᠦᠨᠵᠡᠭᠡᠶ ᠬᠠᠮᠲᠤᠷᠠᠯᠴᠠᠭ᠎ᠠ᠎ᠶᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠨ᠎ᠤ ᠲᠤᠳᠤᠨ᠎ᠠ ᠭᠠᠳᠠᠨᠠᠬᠢ ᠳᠡᠭᠡᠳᠦ ᠰᠤᠷᠭᠠᠭᠤᠯᠢ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠣᠶᠤᠨ᠎ᠤ ᠬᠥᠮᠥᠷᠭᠡ᠎ᠶᠢᠨ ᠪᠠᠶ᠋ᠢᠭᠤᠯᠤᠮᠵᠢ᠎ᠯᠤᠭ᠎ᠠ᠎ᠶᠢᠨ ᠰᠣᠯᠢᠯᠴᠠᠭ᠎ᠠ ᠬᠠᠮᠵᠢᠯᠴᠠᠭ᠎ᠠ᠎ᠪᠠᠨ ᠴᠢᠩᠭᠠᠳᠬᠠᠵᠤ᠂ᠬᠠᠮᠵᠢᠯᠴᠠᠨ ᠰᠢᠨ᠎ᠡ᠎ᠶᠢ ᠡᠭᠦᠳᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠣᠶ ᠪᠣᠯᠭᠠᠬᠤ ᠬᠡᠷᠡᠭᠲᠡᠶ ᠬᠡᠵᠤ ᠴᠢᠬᠤᠯᠠᠴᠢᠯᠠᠵᠠᠢ᠃