ᠤᠢᠷ᠎ᠠ ᠳ᠋ᠤ ᠥᠪᠡᠷᠲᠡᠭᠡᠨ ᠵᠠᠰᠠᠬᠤ ᠣᠷᠣᠨ ᠤ᠋ ᠣᠶ ᠰᠢᠭᠤᠢ ᠵᠢᠨ ᠳᠠᠷᠤᠭ᠎ᠠ ᠵᠢᠨ ᠳᠦᠷᠢᠮᠦᠨ ᠠᠯᠪᠠᠨ ᠭᠡᠷ 《2026 ᠣᠨ ᠤ᠋ ᠪᠡᠯᠴᠢᠭᠡᠷ ᠢ᠋ ᠠᠮᠠᠷᠠᠭᠤᠯᠬᠤ ᠬᠤᠭᠤᠴᠠᠭᠠᠨ ᠳ᠋ᠤ ᠲᠣᠭᠣᠷᠢᠨ ᠪᠠᠢᠴᠠᠭᠠᠭᠰᠠᠨ ᠪᠠᠢᠳᠠᠯ ᠤ᠋ᠨ ᠲᠤᠬᠠᠢ ᠰᠠᠨᠠᠭᠤᠯᠭ᠎ᠠ ᠵᠢᠨ ᠵᠠᠬᠢᠳᠠᠯ》 ᠢ᠋ ᠳᠠᠷᠤᠮᠠᠯᠯᠠᠨ ᠲᠠᠷᠬᠠᠭᠠᠵᠤ᠂ ᠪᠥᠬᠥ ᠣᠷᠣᠨ ᠤ᠋ ᠬᠠᠪᠤᠷ ᠤ᠋ᠨ ᠤᠯᠠᠷᠢᠯ ᠤ᠋ᠨ ᠪᠡᠯᠴᠢᠭᠡᠷ ᠢ᠋ ᠠᠮᠠᠷᠠᠭᠤᠯᠬᠤ ᠬᠤᠭᠤᠴᠠᠭᠠᠨ ᠳ᠋ᠡᠬᠢᠬᠠᠮᠢᠶᠠᠷᠤᠨ ᠡᠵᠡᠮᠳᠡᠭᠰᠡᠨ ᠦᠷ᠎ᠡ ᠪᠦᠲᠦᠮᠵᠢ ᠶ᠋ᠢ ᠵᠠᠷᠯᠠᠨ ᠮᠡᠳᠡᠭᠳᠡᠪᠡ᠃ ᠲᠣᠭ᠎ᠠ ᠪᠠᠷᠢᠮᠲᠠ ᠳ᠋ᠤ ᠢᠯᠡᠷᠡᠭᠦᠯᠦᠭᠰᠡᠨ ᠵᠢᠡᠷ᠂ ᠬᠥᠬᠡᠡᠡᠣᠲᠠ ᠵᠢᠨ ᠬᠠᠪᠤᠷ ᠤ᠋ᠨ ᠤᠯᠠᠷᠢᠯ ᠤ᠋ᠨ ᠪᠡᠯᠴᠢᠭᠡᠷ ᠢ᠋ ᠠᠮᠠᠷᠠᠭᠤᠯᠬᠤ ᠵᠠᠰᠠᠯᠲᠠ ᠵᠢᠨ ᠦᠷ᠎ᠡ ᠪᠦᠲᠦᠮᠵᠢ ᠦᠷᠭᠦᠯᠵᠢᠯᠡᠨ ᠪᠡᠬᠢᠵᠢᠵᠦ᠂ ᠲᠣᠭᠲᠠᠭᠠᠯ ᠡᠴᠡ ᠵᠥᠷᠢᠴᠡᠨ ᠪᠡᠯᠴᠢᠭᠡᠷᠯᠡᠬᠦᠯᠬᠦ ᠨᠣᠷᠮ᠎ᠠ ᠶᠡᠬᠡ ᠪᠡᠷ ᠪᠠᠭᠤᠷᠠᠵᠤ᠂ ᠨᠤᠲᠤᠭ ᠪᠡᠯᠴᠢᠭᠡᠷ ᠦᠨ ᠠᠮᠢ ᠠᠬᠤᠢ ᠵᠢᠨ ᠬᠠᠮᠠᠭᠠᠯᠠᠯᠲᠠ ᠵᠢᠨ ᠬᠠᠮᠢᠶᠠᠷᠤᠨ ᠡᠵᠡᠮᠳᠡᠬᠦ ᠬᠢᠷᠢ ᠲᠦᠪᠰᠢᠨ ᠪᠥᠬᠥ ᠣᠷᠣᠨ ᠤ᠋ ᠡᠮᠦᠨ᠎ᠡ ᠡᠩᠨᠡᠭᠡᠨᠳᠦ ᠯᠠᠪᠳᠠᠭᠤᠨ ᠪᠠᠲᠤᠲᠠᠢ ᠪᠠᠢᠷᠢᠯᠠᠪᠠ᠃
ᠡᠨᠡ ᠵᠢᠯᠦᠨ ᠬᠠᠪᠤᠷ ᠤ᠋ᠨ ᠤᠯᠠᠷᠢᠯ ᠤ᠋ᠨ ᠪᠡᠯᠴᠢᠭᠡᠷ ᠢ᠋ ᠠᠮᠠᠷᠠᠭᠤᠯᠬᠤ ᠬᠤᠭᠤᠴᠠᠭᠠᠨ ᠳ᠋ᠤ ᠬᠥᠬᠡᠡᠡᠣᠲᠠ ᠵᠢᠨ ᠲᠣᠭᠲᠠᠭᠠᠯ ᠡᠴᠡ ᠵᠥᠷᠢᠴᠡᠨ ᠪᠡᠯᠴᠢᠭᠡᠷᠯᠡᠬᠦᠯᠦᠭᠰᠡᠨ ᠨᠣᠷᠮ᠎ᠠ 1.31% ᠪᠠᠢᠵᠤ᠂ 2025 ᠣᠨ᠂ 2024 ᠣᠨ ᠤ᠋ ᠠᠳᠠᠯᠢ ᠬᠤᠭᠤᠴᠠᠭᠠᠨ ᠤ᠋ ᠬᠢᠡᠴᠡ ᠲᠣᠰ ᠲᠣᠰ ᠵᠠᠭᠤᠨ ᠤ᠋ ᠬᠠᠷᠢᠴᠠᠯ ᠵᠢᠡᠷ 2.92᠂ 3.86 ᠬᠤᠪᠢ ᠪᠠᠭᠤᠷᠠᠵᠤ᠂ ᠬᠠᠮᠢᠶᠠᠷᠤᠨ ᠡᠵᠡᠮᠳᠡᠭᠰᠡᠨ ᠦᠷ᠎ᠡ ᠪᠦᠲᠦᠮᠵᠢ ᠬᠣᠶᠠᠷ ᠵᠢᠯ ᠳᠠᠷᠠᠭᠠᠯᠠᠨ ᠶᠡᠬᠡ ᠪᠡᠷ ᠳᠡᠭᠡᠭᠰᠢᠯᠡᠪᠡ᠃ ᠡᠭᠦᠨᠦ ᠬᠠᠮᠲᠤ ᠪᠥᠬᠥ ᠣᠷᠣᠨ ᠤ᠋ ᠳᠤᠮᠳᠠᠴᠢ ᠬᠢᠷᠢ ᠬᠡᠮᠵᠢᠶ᠎ᠡ (ᠪᠥᠬᠥ ᠣᠷᠣᠨ 3.28%) ᠡᠴᠡ ᠵᠠᠭᠤᠨ ᠤ᠋ ᠬᠠᠷᠢᠴᠠᠯ ᠵᠢᠡᠷ 1.97 ᠬᠤᠪᠢ ᠳᠣᠣᠷ᠎ᠠ ᠪᠣᠯᠪᠠ᠃
ᠣᠢᠷ᠎ᠠ ᠵᠢᠨ ᠵᠢᠯᠡᠴᠡ ᠬᠥᠬᠡᠡᠡᠣᠲᠠ ᠪᠡᠯᠴᠢᠭᠡᠷᠯᠡᠭᠦᠯᠬᠦ ᠶ᠋ᠢ ᠴᠠᠭᠠᠵᠠᠯᠠᠵᠤ ᠪᠡᠯᠴᠢᠭᠡᠷ ᠢ᠋ ᠠᠮᠠᠷᠠᠭᠤᠯᠬᠤ ᠳᠦᠷᠢᠮᠢ ᠴᠢᠩᠭ᠎ᠠ ᠨᠠᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶ᠋ᠢ ᠴᠠᠭᠠᠵᠠᠯᠠᠵᠤ ᠪᠡᠯᠴᠢᠭᠡᠷ ᠢ᠋ ᠠᠮᠠᠷᠠᠭᠤᠯᠬᠤ ᠶ᠋ᠢ ᠲᠣᠭᠣᠷᠢᠨ ᠪᠠᠢᠴᠠᠭᠠᠵᠤ ᠱᠠᠯᠠᠪᠳᠠᠭᠤᠯᠤᠨ ᠵᠢᠯᠤᠭᠣᠳᠬᠤ ᠠᠵᠢᠯᠢ ᠪᠠᠢᠩᠭᠤ ᠥᠷᠨᠢᠭᠦᠯᠵᠦ᠂ ᠳᠦᠷᠢᠮᠡᠴᠡ ᠵᠥᠷᠢᠴᠡᠨ ᠪᠡᠯᠴᠢᠭᠡᠷᠯᠡᠭᠦᠯᠬᠦ ᠠᠵᠢᠯᠯᠠᠭ᠎ᠠ ᠶ᠋ᠢ ᠴᠢᠩᠭ᠎ᠠ ᠴᠡᠭᠴᠡᠯᠡᠨ ᠵᠠᠰᠠᠵᠤ᠂ ᠨᠤᠲᠤᠭ ᠪᠡᠯᠴᠢᠭᠡᠷ ᠦᠨ ᠠᠮᠢ ᠠᠬᠤᠢ ᠵᠢᠨ ᠬᠠᠮᠠᠭᠠᠯᠠᠯᠲᠠ ᠵᠢᠨ ᠲᠣᠣᠷᠢ ᠨᠢᠭ᠍ᠲᠠ ᠰᠦᠯᠵᠢᠪᠡ᠃ ᠰᠢᠨᠵᠢᠯᠡᠬᠦ ᠤᠬᠠᠭᠠᠨᠴᠢ ᠪᠡᠷ ᠨᠠᠷᠢᠯᠢᠭ᠋ ᠣᠨᠣᠴᠠᠲᠠᠢ ᠪᠡᠷ ᠪᠡᠯᠴᠢᠭᠡᠷᠯᠡᠭᠦᠯᠬᠦ ᠶ᠋ᠢ ᠴᠠᠭᠠᠵᠠᠯᠠᠵᠤ ᠪᠡᠯᠴᠢᠭᠡᠷ ᠢ᠋ ᠠᠮᠠᠷᠠᠭᠤᠯᠬᠤ ᠶ᠋ᠢ ᠬᠠᠮᠢᠶᠠᠷᠤᠨ ᠡᠵᠡᠮᠳᠡᠵᠦ᠂ ᠪᠦᠬᠦ ᠬᠤᠳᠠ ᠵᠢᠨ ᠨᠤᠲᠤᠭ ᠪᠡᠯᠴᠢᠭᠡᠷᠦᠨ ᠡᠬᠢ ᠪᠠᠶᠠᠯᠢᠭ᠋ᠢ ᠭᠦᠢᠴᠡᠳ ᠰᠡᠷᠭᠦᠭᠡᠨ᠂ ᠨᠤᠲᠤᠭ ᠪᠡᠯᠴᠢᠭᠡᠷ ᠦᠨ ᠠᠮᠢ ᠠᠬᠤᠢ ᠵᠢᠨ ᠳᠠᠭᠠᠭᠠᠴᠠ ᠶ᠋ᠢ ᠲᠣᠭᠲᠠᠭᠤᠨᠢᠶᠠᠷ ᠳᠡᠭᠡᠭᠰᠢᠯᠡᠭᠦᠯᠵᠦ᠂ ᠠᠮᠢ ᠠᠬᠤᠢ ᠶ᠋ᠢ ᠵᠠᠰᠠᠨ ᠰᠡᠷᠭᠦᠭᠡᠭᠰᠡᠨ ᠦᠷ᠎ᠡ ᠪᠦᠲᠦᠮᠵᠢ ᠶ᠋ᠢ ᠦᠷᠭᠦᠯᠵᠢᠯᠡᠨ ᠪᠡᠬᠢᠵᠢᠬᠦᠯᠦᠨ᠂ ᠣᠷᠣᠨ ᠪᠦᠰᠡ ᠵᠢᠨ ᠠᠮᠢ ᠠᠬᠤᠢ ᠵᠢᠨ ᠠᠮᠤᠷ ᠲᠦᠪᠰᠢᠨᠦ ᠬᠠᠯᠬᠠᠪᠴᠢ ᠶ᠋ᠢ ᠪᠠᠲᠤ ᠴᠣᠭᠴᠠᠯᠠᠵᠤ᠂ ᠤᠢ ᠰᠢᠭᠤᠢ ᠪᠠ ᠨᠤᠲᠤᠭ ᠪᠡᠯᠴᠢᠭᠡᠷᠦᠨ ᠠᠮᠢ ᠠᠬᠤᠢ ᠵᠢᠨ ᠴᠢᠨᠠᠷ ᠰᠠᠢᠲᠠᠢ᠂ ᠦᠷᠭᠦᠯᠵᠢᠯᠡᠬᠦ ᠬᠥᠭᠵᠢᠯᠲᠡ ᠶ᠋ᠢ ᠠᠬᠢᠭᠤᠯᠬᠤ ᠳ᠋ᠤ ᠪᠠᠲᠤ ᠪᠡᠬᠢ ᠰᠠᠭᠤᠷᠢ ᠶ᠋ᠢ ᠲᠠᠯᠪᠢᠭᠰᠠᠨ ᠪᠠᠢᠨ᠎ᠠ᠃