ᠦᠬᠡᠷ ᠤ᠋ᠨ ᠮᠢᠬᠠᠨ ᠤ᠋ ᠭᠠᠷᠤᠯᠳᠠ ᠵᠢᠨ ᠰᠢᠨ᠎ᠠ ᠲᠠᠪᠠᠯᠳᠠ ᠵᠢ ᠬᠡᠷᠬᠢᠨ ᠪᠠᠶᠠᠯᠡᠬᠦᠯᠬᠦ ᠪᠤᠢ ?
2026-08-14 11:38:29
ᠵᠣᠬᠢᠶᠠᠭ᠍ᠴᠢ᠄
ᠳᠡᠯᠭᠡᠷᠬᠦᠦ ᠬᠦᠭᠵᠢᠯᠳᠦ ᠪᠤᠤ ᠴᠢᠩ ᠱᠧᠩ ᠪᠤᠶᠠᠠᠠᠨᠠᠷᠢᠯ ᠪᠢᠯᠢᠭ᠌ᠪᠠᠭᠠᠳᠤᠷ ᠵᠢᠪᠬᠤᠯᠠᠩ ᠮᠠ ᠵᠠᠨ ᠬᠠᠨ
ᠣᠩᠱᠢᠭ᠍ᠰᠠᠨ ᠣᠳᠠᠭ᠎ᠠ᠄
★★★☆☆

— ᠦᠪᠦᠷ ᠮᠤᠨᠭᠭᠤᠯ ᠤ᠋ᠨ ᠭᠤᠤᠯ ᠪᠤᠯᠬᠤ ᠮᠠᠯ ᠤ᠋ᠨ ᠠᠰᠢᠭ ᠰᠢᠮ᠎ᠠ ᠵᠢᠨ ᠭᠠᠷᠤᠯᠲᠠ ᠵᠢ ᠲᠤᠭᠳᠠᠭᠤᠨ ᠵᠢᠡᠷ ᠨᠡᠮᠡᠭᠳᠡᠭᠦᠯᠬᠦ ᠰᠢᠨ᠎ᠡ ᠠᠷᠭ᠎ᠠ ᠵᠠᠮ ᠢ᠋ ᠰᠢᠨᠵᠢᠯᠡᠬᠦᠢ (ᠬᠤᠶᠠᠷ)

  

ᠰᠤᠷᠪᠤᠯᠵᠢᠯᠠᠭ᠎ᠠ ᠬᠦᠯᠢᠶᠡᠭᠰᠡᠳ᠄

ᠸᠠᠩ ᠹᠧᠩ᠄ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠰᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠰᠤᠳᠤᠯᠤᠬᠴᠢ

ᠤ᠋ᠤᠢ ᠬᠦᠢ ᠵᠢᠤᠸᠠᠨ᠄ ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ ᠤ᠋ ᠲᠢᠩᠬᠢᠮ ᠤ᠋ᠨ ᠮᠠᠯ ᠠᠵᠤ ᠠᠬᠤᠢ ᠵᠢᠨ ᠲᠤᠪᠴᠢᠶ᠎ᠠ ᠵᠢᠨ ᠲᠡᠳ᠋ ᠲᠠᠷᠤᠭ᠎ᠠ

ᠵᠤᠦ ᠬᠤᠩ ᠯᠢᠨ ᠄ ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ ᠤ᠋ ᠲᠢᠩᠬᠢᠮ ᠤ᠋ᠨ ᠮᠠᠯ ᠠᠵᠤ ᠠᠬᠤᠢ ᠵᠢᠨ ᠲᠤᠪᠴᠢᠶ᠎ᠠ ᠵᠢᠨ ᠲᠡᠳ᠋ ᠲᠠᠷᠤᠭ᠎ᠠ

ᠰᠦᠶ᠎ᠡ᠄ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠮᠡᠷᠭᠡᠵᠢᠯ ᠢ᠋ ᠳᠡᠯᠭᠡᠷᠡᠭᠦᠯᠬᠦ᠌ ᠲᠥᠪ ᠤ᠋ᠨ ᠮᠠᠯ ᠠᠵᠤ ᠠᠬᠤᠶ ᠶ᠋ᠢᠨ ᠮᠡᠷᠭᠡᠵᠢᠯ ᠤ᠋ᠨ ᠭᠠᠵᠠᠷ ᠤ᠋ᠨ ᠳᠠᠷᠤᠭ᠎ᠠ

ᠭᠠᠷᠤᠳᠢ᠄ ᠬᠣᠷᠴᠢᠨ ᠵᠡᠭᠦᠨ ᠭᠠᠷᠤᠨ ᠬᠣᠶ᠋ᠢᠲᠤ᠌ ᠬᠣᠰᠢᠭᠤᠨ ᠤ᠋ ᠮᠤᠳᠤᠳᠤ ᠰᠤᠮᠤ ᠵᠢᠨ ᠠᠭᠤᠢ ᠭᠠᠴᠠᠭᠠᠨ ᠤ᠋ ᠮᠠᠯᠴᠢᠨ

ᠸᠧᠨ ᠹᠧᠩ᠄ ᠬᠣᠷᠴᠢᠨ ᠵᠡᠭᠦᠨ ᠭᠠᠷᠤᠨ ᠬᠣᠶ᠋ᠢᠲᠤ᠌ ᠬᠣᠰᠢᠭᠤᠨ ᠤ᠋ ᠪᠠᠶᠠᠨᠮᠣᠳᠣ ᠰᠤᠮᠤ ᠵᠢᠨ ᠰᠢᠯᠤᠭᠤᠨ ᠬᠡᠷ ᠪᠦᠯᠢ ᠵᠢᠨ ᠮᠠᠯᠵᠢᠯ ᠤ᠋ᠨ ᠲᠠᠯᠠᠪᠠᠶ ᠵᠢᠨ ᠡᠵᠡᠨ

ᠳ᠋ᠦ᠋ ᠪᠥᠸᠧ ᠸᠸᠨ᠄ ᠵᠢᠶᠠ ᠱᠧᠩ ᠦᠬᠡᠷ ᠤ᠋ᠨ ᠦᠢᠯᠡᠰ ᠤ᠋ᠨ ᠬᠢᠵᠠᠭᠠᠷᠲᠤ᠌ ᠺᠣᠮᠫᠠᠨᠢ ᠵᠢᠨ ᠲᠡᠵᠢᠭᠡᠨ ᠦᠷᠡᠵᠢᠭᠦᠯᠬᠦ᠌ ᠲᠠᠯᠠᠪᠠᠶ ᠵᠢᠨ ᠲᠠᠷᠤᠭ᠎ᠠ

ᠯᠢ ᠬᠣᠩ ᠲᠤᠤ᠄ ᠰᠧᠶᠡᠯᠵᠢᠨ ᠮᠠᠯ ᠠᠵᠤ ᠠᠬᠤᠶ ᠵᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠢᠯᠡᠴᠢᠯᠡᠭᠡᠨ ᠤ᠋ ᠬᠢᠵᠠᠭᠠᠷᠲᠤ᠌ ᠺᠣᠮᠫᠠᠨᠢ ᠵᠢᠨ ᠳᠠᠭᠠᠭᠠᠮᠠᠯ

ᠵᠢᠨ ᠬᠠᠢ ᠬᠤ᠌᠄ ᠾᠧ ᠮᠥ᠍ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ᠌ ᠺᠣᠮᠫᠠᠨᠢ ᠵᠢᠨ ᠶᠡᠷᠦᠩᠬᠡᠢ ᠳᠠᠭᠠᠭᠠᠮᠠᠯ

ᠵᠣᠣ ᡁᠢ ᠸᠧᠶ᠄ ᠤᠯᠠᠭᠠᠨ ᠪᠦᠯᠦᠭᠯᠡᠯ ᠤ᠋ᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ᠌ ᠬᠦᠷᠢᠶᠡᠯᠡᠩ ᠤ᠋ᠨ ᠬᠠᠷᠢᠭᠤᠴᠠᠯᠭᠠᠳᠠᠨ


QQ20260814-112409.png


ᠵᠤᠨ ᠎ᠤ  ᠰᠠᠢᠬᠠᠨ 7 ᠰᠠᠷ᠎ᠠ ᠳ᠋ᠤ᠂ ᠡᠪᠡᠰᠦ ᠪᠡᠯᠴᠢᠭᠡᠷ ᠬᠦᠬᠡᠷᠡᠨ ᠨᠤᠭᠤᠭᠠᠷᠠᠵᠤ ᠮᠠᠯ ᠰᠦᠷᠦᠭ ᠲᠠᠪᠠᠳᠠᠢ ᠢᠳᠡᠰᠢᠯᠡᠨ᠎ᠠ᠃ ᠬᠤᠸᠠᠰᠢ ᠦᠬᠡᠷ᠂ ᠰᠢᠮᠧᠨ᠋ᠳᠡᠷ ᠦᠬᠡᠷ᠂ ᠠᠩᠬᠢᠰ ᠦᠬᠡᠷ᠂ ᠮᠤᠩᠭᠤᠯ ᠦᠬᠡᠷ᠂ ᠬᠤᠷᠴᠢᠨ ᠦᠬᠡᠷ᠂ ᠭᠤᠷᠪᠠᠨ ᠭᠤᠤᠯ ᠤ᠋ᠨ ᠦᠬᠡᠷ ᠁ ᠨᠤᠲᠤᠭ ᠨᠤᠲᠤᠭ ᠤ᠋ᠨ ᠮᠠᠯᠴᠢᠳ ᠡᠬᠦᠯᠳᠡᠷ ᠰᠠᠢᠲᠠᠢ ᠦᠭᠡᠷ ᠤ᠋ᠨ ᠰᠦᠷᠦᠭ ᠵᠢᠡᠨ ᠬᠠᠷᠠᠨ ᠬᠠᠷᠠᠨ ᠪᠠᠶᠠᠰᠴᠦ ᠮᠠᠩᠨᠠᠢ ᠨᠢ ᠲᠡᠨᠢᠢᠨ᠎ᠠ᠃

2025 ᠣᠨ ᠳ᠋ᠤ᠂ ᠥᠪᠥᠷ ᠮᠣᠩᠭᠣᠯ ᠤ᠋ᠨ ᠦᠬᠡᠷ ᠤ᠋ᠨ ᠮᠢᠬᠠᠨ ᠤ᠋ ᠭᠠᠷᠤᠯᠲᠠ 101.7 ᠲᠦᠮᠡᠨ ᠲᠣᠨ ᠳ᠋ᠤ ᠬᠦᠷᠴᠦ᠍᠂ ᠠᠩᠬ᠎ᠠ ᠤᠳᠠᠭ᠎ᠠ ᠵᠠᠭᠤᠨ ᠲᠦᠮᠡᠨ ᠲᠣᠨ ᠢ᠋ ᠲᠠᠪᠠᠨ᠂ ᠪᠦᠬᠦ ᠤᠯᠤᠰ ᠤ᠋ᠨ ᠦᠬᠡᠷ ᠤ᠋ᠨ ᠮᠢᠬᠠᠨ ᠤ᠋ ᠭᠠᠷᠤᠯᠳᠠ ᠵᠢᠨ 12.7% ᠵᠢ ᠡᠵᠡᠯᠡᠵᠤ᠂ ᠯᠠᠪᠳᠠᠭᠤᠨ ᠲᠤᠭᠳᠠᠭᠤᠨ ᠵᠢᠡᠷ ᠪᠦᠬᠦ ᠤᠯᠤᠰ ᠤ᠋ᠨ ᠲᠦᠷᠦᠬᠦᠨ ᠳ᠋ᠤ ᠵᠢᠭᠰᠠᠬᠤ ᠪᠤᠯᠵᠠᠢ᠃ ᠡᠢᠨ ᠬᠦ᠌ ᠨᠡᠮᠡᠭᠳᠡᠯ ᠤ᠋ᠨ ᠰᠠᠭᠤᠷᠢᠨ ᠲᠠᠬᠡᠷ᠎ᠠ ᠬᠡᠷᠬᠢᠨ ᠪᠤᠳᠠᠭᠠᠯᠢ ᠪᠡᠶ᠎ᠡ ᠶ᠋ᠢᠨ ᠭᠠᠷᠤᠯᠲᠠ ᠵᠢ ᠳᠡᠭᠡᠭᠰᠢᠯᠡᠭᠦᠯᠵᠦ᠂ ᠬᠡᠷᠬᠢᠨ ᠦᠬᠡᠷ ᠤ᠋ᠨ ᠮᠢᠬᠠᠨ ᠤ᠋ ᠶᠡᠷᠤᠩᠬᠡᠢ ᠭᠠᠷᠤᠯᠲᠠ ᠶ᠋ᠢᠨ ᠲᠤᠬᠲᠠᠭᠤᠨ ᠨᠡᠮᠡᠭᠳᠡᠯ ᠢ᠋ ᠦᠷᠬᠦᠯᠵᠢᠯᠡᠨ ᠪᠠᠲᠤᠯᠠᠬᠤ ᠪᠤᠢ?ᠦᠪᠦᠷ ᠮᠤᠨᠭᠭᠤᠯ ᠤ᠋ᠨ ᠮᠢᠬᠠᠨ ᠤ᠋ ᠦᠬᠡᠷ ᠤ᠋ᠨ ᠠᠵᠤ ᠦᠢᠯᠡᠰ ᠤ᠋ᠨ ᠴᠢᠨᠠᠷ ᠰᠠᠢᠲᠠᠢ ᠬᠦᠭᠵᠢᠯᠲᠡ ᠶ᠋ᠢ ᠠᠬᠢᠭᠤᠯᠬᠤ ᠡᠨᠡ ᠬᠦ᠌ ᠭᠤᠤᠯ ᠰᠡᠳᠦᠪ ᠤ᠋ᠨ ᠲᠤᠭᠤᠷᠢᠨ ᠳ᠋ᠤ ᠪᠢᠳᠡ ᠦᠪᠡᠷᠳᠡᠬᠡᠨ ᠵᠠᠰᠠᠬᠤ ᠤᠷᠤᠨ ᠤ᠋ ᠮᠠᠯ ᠠᠵᠤ ᠠᠬᠤᠢ ᠶ᠋ᠢᠨ ᠬᠦᠷᠢᠶᠡᠨ ᠤ᠋ ᠬᠠᠮᠢᠶ᠎ᠠ ᠪᠦᠬᠦᠢ ᠬᠠᠷᠢᠭᠤᠴᠠᠯᠭᠠᠲᠠᠨ ᠪᠠ ᠲᠤᠰᠬᠠᠢ ᠮᠡᠷᠭᠡᠵᠢᠯᠲᠡᠨ ᠢ᠋ ᠰᠤᠷᠪᠤᠯᠵᠢᠯᠠᠬᠰᠠᠨ ᠪᠦᠬᠡᠳ ᠦᠨᠳᠤᠰᠤᠨ ᠱᠠᠳᠤ ᠪᠡᠷ ᠬᠦᠨᠵᠡᠬᠡᠢᠷᠡᠨ ᠪᠠᠢᠳᠠᠯ ᠢ᠋ ᠤᠢᠯᠠᠭᠠᠵᠤ᠂ ᠬᠠᠷᠢᠭᠤᠯᠳᠠ ᠤᠯᠬᠤ ᠵᠢ ᠵᠤᠷᠢᠭᠰᠠᠠ ᠶᠤᠮ᠃


QQ20260814-112424.png


《ᠡᠭᠦᠯᠳᠡᠷ ᠪᠤᠢᠵᠢᠭᠤᠯᠬᠤ +  ᠡᠬᠦᠯᠳᠡᠷ ᠰᠠᠢᠵᠢᠷᠠᠭᠤᠯᠬᠤ》 — ᠦᠬᠡᠷ ᠤ᠋ᠨ ᠮᠢᠬᠠᠨ ᠤ᠋ ᠭᠠᠷᠤᠯᠳᠠ ᠵᠢᠨ ᠰᠢᠨ᠎ᠠ ᠲᠠᠪᠠᠯᠳᠠ ᠵᠢ ᠪᠠᠶᠠᠯᠡᠬᠦᠯᠬᠦ ᠵᠢᠨ ᠰᠠᠭᠤᠷᠢ

《ᠰᠢᠯᠢᠳᠡᠭ ᠡᠬᠦᠯᠳᠡᠷ ᠪᠤᠯ ᠮᠢᠬᠠᠨ ᠤ᠋ ᠦᠬᠡᠷ ᠤ᠋ᠨ ᠠᠵᠤ ᠦᠢᠯᠡᠰ ᠤ᠋ᠨ〈ᠴᠢᠫ〉ᠮᠦᠨ᠃ ᠡᠯ᠎ᠠ ᠭᠠᠵᠠᠷ ᠤ᠋ᠨ ᠬᠢᠨ ᠰᠢᠯᠢᠳᠡᠭ ᠡᠬᠦᠯᠳᠡᠷ ᠤ᠋ᠨ ᠦᠬᠡᠷ ᠢ᠋ ᠰᠤᠩᠭᠤᠨ ᠪᠤᠢᠵᠢᠭᠤᠯᠬᠤ ᠲᠦᠪᠰᠢᠨ ᠢ᠋ ᠲᠠᠬᠡᠭᠰᠢᠯᠡᠬᠦᠯᠬᠦ ᠵᠢᠨ ᠬᠠᠮᠳᠤ 〈ᠲᠡᠷᠢᠬᠦᠨ ᠲᠤᠰᠬᠠᠢ ᠮᠡᠷᠬᠡᠵᠢᠯᠳᠡᠨ + ᠰᠢᠨ᠎ᠠ ᠵᠢ ᠡᠬᠦᠳᠬᠦ ᠪᠦᠯᠬᠦᠮ + ᠲᠠᠭᠠᠭᠤᠯᠤᠭᠴᠢ ᠠᠵᠤ ᠠᠬᠤᠢᠯᠠᠯ〉 ᠤ᠋ᠨ ᠡᠬᠦᠯᠳᠡᠷ ᠪᠤᠢᠵᠢᠭᠤᠯᠤᠯᠳᠠ ᠵᠢᠨ ᠰᠢᠨ᠎ᠠ ᠵᠢ ᠡᠬᠦᠳᠬᠦ ᠬᠤᠯᠪᠤᠭᠠᠳᠤ ᠴᠤᠭᠴᠠ ᠵᠢᠨ ᠠᠵᠢᠯ ᠢ᠋ ᠲᠠᠮᠵᠢᠵᠤ᠂ ᠦᠪᠤᠷ ᠮᠤᠩᠭᠤᠯ ᠤ᠋ᠨ ᠤᠷᠴᠢᠨ ᠨᠦᠬᠦᠴᠡᠯ ᠳ᠋ᠤ ᠲᠤᠬᠢᠷᠠᠭᠰᠠᠨ ᠰᠢᠨ᠎ᠠ ᠡᠬᠦᠯᠳᠡᠷ ᠤ᠋ᠨ ᠦᠬᠡᠷ ᠢ᠋ ᠲᠦᠷᠬᠡᠳᠬᠡᠨ ᠪᠤᠢᠵᠢᠭᠤᠯᠬᠤ ᠴᠢᠬᠤᠯᠠᠳᠠᠢ》 ᠬᠡᠵᠤ ᠦᠪᠡᠷᠳᠡᠬᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ ᠤ᠋ ᠲᠢᠩᠬᠢᠮ ᠤ᠋ᠨ ᠮᠠᠯ ᠠᠵᠤ ᠠᠬᠤᠢ ᠵᠢᠨ ᠲᠤᠪᠴᠢᠶ᠎ᠠ ᠵᠢᠨ ᠲᠡᠳ᠋ ᠲᠠᠷᠤᠭ᠎ᠠ ᠵᠤᠤ ᠬᠤᠩ ᠯᠢᠨ ᠬᠡᠯᠡᠨ᠎ᠠ᠃

ᠪᠢᠳᠡ ᠤᠯᠠᠭᠠᠶ ᠬᠠᠮᠢᠶᠠᠷᠤᠯᠲᠠ ᠵᠢᠨ ᠣᠷᠣᠨ ᠳ᠋ᠤ ᠪᠠᠶ᠋ᠢᠭ᠎ᠠ ᠥᠪᠥᠷ ᠮᠣᠩᠭᠣᠯ ᠤ᠋ᠨ ᠰᠧᠶᠡᠯᠵᠢᠨ ᠮᠠᠯ ᠠᠵᠤ ᠠᠬᠤᠶ ᠵᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠢᠯᠡᠴᠢᠯᠡᠭᠡᠨ ᠤ᠋ ᠬᠢᠵᠠᠭᠠᠷᠲᠤ᠌ ᠺᠣᠮᠫᠠᠨᠢ ᠵᠢᠨ ᠮᠠᠯᠵᠢᠯ ᠤ᠋ᠨ ᠲᠠᠯᠠᠪᠠᠶ ᠳ᠋ᠤ ᠬᠦᠷᠬᠦ ᠳ᠋ᠤ᠂ ᠬᠡᠳᠦᠨ ᠠᠵᠢᠯᠴᠢᠨ ᠨᠠᠷᠢᠯᠢᠭ ᠪᠠ ᠪᠦᠳᠦᠭᠦᠯᠢᠭ ᠪᠣᠷᠳᠣᠭ᠎ᠠ ᠵᠢ ᠵᠤᠬᠢᠬᠤ ᠬᠠᠷᠢᠴᠠᠯ ᠵᠢᠡᠷ ᠬᠤᠯᠢᠭᠰᠠᠨ ᠲᠠᠵᠢᠬᠡᠯ ᠪᠤᠷᠳᠤᠭ᠎ᠠ ᠪᠠᠨ ᠤᠩᠭᠤᠴᠠᠨ ᠳ᠋ᠤ ᠰᠠᠴᠤᠵᠤ᠂ ᠨᠢᠬᠡ ᠯᠡ ᠵᠢᠰᠤᠮ ᠤ᠋ᠨ ᠬᠦᠷᠡᠩ ᠤᠯᠠᠭᠠᠨ ᠥᠩᠭᠡ ᠲᠡᠶ ᠬᠤᠸᠠᠰᠢ ᠡᠬᠦᠯᠳᠡᠷ ᠤ᠋ᠨ ᠠᠷᠪᠠᠭᠠᠳ ᠲᠤᠭᠤᠯ ᠵᠢᠡᠨ ᠳᠡᠵᠢᠭᠡᠵᠦ ᠪᠠᠢᠪᠠ᠃ 《ᠤᠳᠤ ᠮᠠᠨ ᠤ᠋ ᠺᠣᠮᠫᠠᠨᠢ 1000 ᠭᠠᠷᠤᠢ ᠬᠤᠸᠠᠰᠢ ᠦᠬᠡᠷ ᠲᠡᠵᠢᠭᠡᠵᠦ᠍᠂ ᠵᠢᠯ ᠳ᠋ᠦ ᠭᠠᠳᠠᠭᠰᠢ ᠪᠠᠨ 400 ᠭᠠᠷᠤᠢ ᠰᠢᠯᠢᠳᠡᠭ ᠡᠬᠦᠯᠳᠡᠷ ᠤ᠋ᠨ ᠦᠷ᠎ᠡ ᠵᠢᠨ ᠮᠠᠯ ᠬᠠᠩᠭᠠᠵᠦ ᠪᠠᠢᠨ᠎ᠠ᠂ ᠨᠢᠳᠤᠨᠤᠨ ᠤ᠋ 7 ᠰᠠᠷ᠎ᠠ ᠳ᠋ᠤ ᠶᠠᠪᠤᠭᠳᠠᠭᠰᠠᠨ ᠪᠦᠬᠦ ᠤᠯᠤᠰ ᠤ᠋ᠨ ᠰᠢᠯᠢᠳᠡᠭ ᠡᠬᠦᠯᠳᠡᠷ ᠤ᠋ᠨ ᠪᠤᠬ᠎ᠠ ᠵᠢ ᠦᠨ᠎ᠠ ᠬᠠᠶᠠᠯᠴᠠᠨ ᠬᠤᠳᠠᠯᠳᠤᠬᠤ ᠴᠤᠬᠯᠠᠭᠠᠨ ᠳ᠋ᠤ ᠮᠠᠨ ᠤ᠋ ᠺᠤᠮᠫᠠᠨᠢ ᠵᠢᠨ 2 ᠪᠤᠬ᠎ᠠ ᠲᠡᠭᠰᠢᠳᠭᠡᠭᠡᠳ 41 ᠲᠦᠮᠡᠨ ᠲᠦᠬᠦᠷᠢᠭ ᠲᠦ᠍ ᠬᠦᠷᠦᠭᠰᠡᠨ ᠶᠤᠮ》 ᠬᠡᠵᠦ ᠲᠤᠰ ᠺᠣᠮᠫᠠᠨᠢ ᠵᠢᠨ ᠳᠠᠭᠠᠭᠠᠮᠠᠯ ᠯᠢ ᠬᠣᠩ ᠲᠤᠤ ᠲᠠᠨᠢᠯᠴᠠᠭᠤᠯᠤᠨ᠎ᠠ᠃

ᠬᠤᠸᠠᠰᠢ ᠦᠬᠡᠷ ᠪᠤᠯ ᠮᠠᠨ ᠤ᠋ ᠤᠯᠤᠰ ᠤ᠋ᠨ ᠠᠩᠬᠠᠳᠠᠭᠴᠢ ᠪᠦᠷᠢᠮᠦᠰᠦᠨ ᠪᠡᠶ᠎ᠡ ᠪᠡᠨ ᠳᠠᠭᠠᠭᠠᠭᠰᠠᠨ ᠮᠡᠳᠡᠯᠭᠡ ᠵᠢᠨ ᠥᠮᠴᠢᠯᠡᠬᠦ᠌ ᠡᠷᠬᠡ ᠲᠠᠢ ᠮᠢᠬᠠᠨ ᠤ᠋ ᠦᠬᠡᠷ ᠤ᠋ᠨ ᠰᠢᠨ᠎ᠡ ᠡᠭᠦᠯᠳᠡᠷ ᠪᠠᠢᠵᠦ᠂ ᠤᠳᠤ ᠥᠪᠥᠷ ᠮᠣᠩᠭᠣᠯ ᠤ᠋ᠨ ᠬᠤᠸᠠᠰᠢ ᠦᠬᠡᠷ ᠤ᠋ᠨ ᠡᠭᠦᠯᠳᠡᠷ ᠪᠣᠶ᠋ᠢᠵᠢᠭᠤᠯᠬᠤ ᠬᠡᠪᠴᠢᠶ᠎ᠡ ᠨᠢᠭᠡᠨᠲᠡ 2 ᠲᠦᠮᠡᠨ ᠲᠤᠯᠤᠭᠠᠢ ᠵᠢ ᠳᠠᠪᠠᠨ᠂ ᠪᠥᠬᠥ᠌ ᠤᠯᠤᠰ ᠤ᠋ᠨ 60% ᠵᠢ ᠡᠵᠡᠯᠡᠵᠦ ᠪᠤᠢ᠃ ᠬᠤᠸᠠᠰᠢ ᠦᠬᠡᠷ ᠤ᠋ᠨ ᠬᠠᠮᠤᠭ ᠤ᠋ᠨ ᠶᠡᠬᠡ ᠤᠨᠴᠠᠯᠢᠭ ᠪᠤᠯ ᠦᠰᠤᠯᠳᠠ ᠨᠢ ᠬᠤᠷᠳᠤᠨ᠂ ᠮᠢᠬᠠᠨ ᠤ᠋ ᠭᠠᠷᠤᠯᠳᠠ ᠪᠡᠷ ᠰᠠᠢᠨ᠂ ᠪᠤᠷᠳᠤᠨ ᠲᠠᠷᠭᠤᠯᠠᠭᠤᠯᠬᠤ ᠬᠤᠭᠤᠴᠠᠭᠠᠨ ᠳ᠋ᠤ ᠪᠠᠶ᠎ᠠ ᠵᠢᠨ ᠬᠦᠨᠳᠤ ᠨᠢ ᠲᠤᠮᠳᠠᠴᠢ ᠪᠡᠷ ᠡᠳᠤᠷ ᠪᠦᠷᠢ 1.52 ᠺᠢᠯᠦᠭᠷᠠᠮ ᠨᠡᠮᠡᠭᠳᠡᠵᠤ᠂ 18 ᠰᠠᠷ᠎ᠠ ᠪᠤᠯᠪᠠᠯ ᠬᠦᠨᠳᠤ ᠨᠢ 639 ᠺᠢᠯᠦᠭᠷᠠᠮ ᠳ᠋ᠤ ᠬᠦᠷᠴᠢᠬᠡᠳᠡᠭ᠃

《ᠬᠤᠸᠠᠰᠢ ᠦᠬᠡᠷ ᠪᠤᠯᠤᠨ ᠰᠢᠮᠧᠨ᠋ᠳᠠᠷ ᠦᠬᠡᠷ ᠵᠡᠷᠭᠡ ᠭᠤᠤᠯ ᠡᠭᠦᠯᠳᠡᠷ ᠲᠦ᠍ ᠲᠦᠰᠢᠭᠯᠡᠨ ᠡᠬᠦᠯᠳᠡᠷ ᠪᠤᠢᠵᠢᠭᠤᠯᠬᠤ ᠪᠤᠭᠤᠮᠳᠠ ᠰᠢᠪᠳᠤᠯᠵᠤ᠂ ᠢᠴᠡᠭᠡᠯ ᠦᠷ᠎ᠡ ᠪᠡᠷ ᠬᠡᠬᠡᠯᠳᠦᠬᠦᠯᠬᠦ ᠪᠠ ᠬᠦᠪᠦᠷᠡᠯ ᠰᠢᠯᠵᠢᠭᠦᠯᠬᠦ ᠮᠡᠷᠭᠡᠵᠢᠯ ᠢ᠋ ᠲᠦᠭᠡᠮᠡᠯᠵᠢᠭᠦᠯᠤᠨ᠂ ᠰᠢᠯᠢᠳᠡᠭ ᠡᠬᠦᠯᠳᠡᠷ ᠤ᠋ᠨ ᠮᠢᠬᠠᠨ ᠤ᠋ ᠦᠬᠡᠷ ᠢ᠋ ᠨᠠᠷᠢᠨ ᠤᠨᠤᠴᠠᠳᠠᠢ ᠪᠡᠷ ᠦᠷᠡᠵᠢᠬᠦᠯᠦᠨ ᠪᠤᠢᠵᠢᠭᠤᠯᠬᠤ ᠴᠢᠬᠤᠯᠠᠳᠠᠢ᠃ ᠡᠨᠡ ᠪᠤᠯ ᠦᠨᠢᠶᠠᠨ ᠤ᠋ ᠦᠷᠡᠵᠢᠯ ᠤ᠋ᠨ ᠴᠢᠳᠠᠮᠵᠢ ᠪᠠ ᠲᠤᠭᠤᠯ ᠤ᠋ᠨ ᠪᠤᠢᠵᠢᠯᠳᠠ ᠵᠢᠨ ᠨᠣᠷᠮ᠎ᠠ ᠵᠢ ᠡᠬᠢ ᠡᠭᠦᠰᠦᠯ ᠡᠴᠡ ᠨᠢ ᠳᠡᠭᠡᠭᠰᠢᠯᠡᠭᠦᠯᠬᠦ ᠦᠨᠳᠤᠰᠤᠨ ᠠᠷᠭ᠎ᠠ ᠬᠡᠮᠵᠢᠶ᠎ᠠ ᠪᠤᠯᠤᠨ᠎ᠠ》 ᠬᠡᠵᠦ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠮᠡᠷᠭᠡᠵᠢᠯ ᠢ᠋ ᠳᠡᠯᠭᠡᠷᠡᠭᠦᠯᠬᠦ᠌ ᠲᠥᠪ ᠤ᠋ᠨ ᠮᠠᠯ ᠠᠵᠤ ᠠᠬᠤᠶ ᠶ᠋ᠢᠨ ᠮᠡᠷᠭᠡᠵᠢᠯ ᠤ᠋ᠨ ᠭᠠᠵᠠᠷ ᠤ᠋ᠨ ᠳᠠᠷᠤᠭ᠎ᠠ ᠰᠦᠶ᠎ᠡ ᠬᠡᠯᠡᠨ᠎ᠠ᠃

6 ᠰᠠᠷ᠎ᠠ ᠵᠢᠨ ᠰᠡᠬᠦᠯᠴᠢ ᠪᠡᠷ ᠪᠢᠳᠡ ᠬᠣᠷᠴᠢᠨ ᠵᠡᠭᠦᠨ ᠭᠠᠷᠤᠨ ᠬᠣᠶ᠋ᠢᠲᠤ᠌ ᠬᠣᠰᠢᠭᠤᠨ ᠤ᠋ ᠪᠠᠶᠠᠨᠮᠣᠳᠣ ᠰᠤᠮᠤ ᠵᠢᠨ ᠰᠢᠯᠤᠭᠤᠨ ᠬᠡᠷ ᠪᠦᠯᠢ ᠵᠢᠨ ᠮᠠᠯᠵᠢᠯ ᠤ᠋ᠨ ᠲᠠᠯᠠᠪᠠᠶ ᠳ᠋ᠤ ᠬᠦᠷᠬᠦ ᠳ᠋ᠤ᠂ ᠮᠠᠯᠵᠢᠯ ᠤ᠋ᠨ ᠲᠠᠯᠠᠪᠠᠶ ᠵᠢᠨ ᠡᠵᠡᠨ ᠸᠧᠨ ᠹᠧᠩ ᠨᠢᠭᠡᠨ ᠬᠦᠳᠡᠷ ᠲᠣᠮᠣ ᠪᠡᠶ᠎ᠡ ᠲᠡᠶ ᠪᠤᠬ᠎ᠠ ᠵᠢ ᠬᠥᠲᠥᠯᠦᠬᠡᠳ ᠦᠬᠡᠷ ᠤ᠋ᠨ ᠬᠠᠰᠢᠶᠠᠨ ᠳ᠋ᠠᠭᠠᠨ ᠤᠷᠤᠵᠦ ᠪᠠᠢᠯ᠎ᠠ᠃ 《ᠤᠳᠤᠬᠠᠨ ᠳ᠋ᠤ ᠡᠨᠡ ᠪᠤᠬ᠎ᠠ ᠵᠢᠨ ᠬᠦᠨᠳᠦ ᠨᠢᠬᠡᠨᠳᠡ 1400 ᠺᠢᠯᠦᠭᠷᠠᠮ ᠬᠦᠷᠴᠦ᠍᠂ 10 ᠲᠦᠮᠡᠨ ᠲᠥᠭᠥᠷᠢᠭ ᠵᠢᠡᠷ ᠬᠤᠳᠠᠯᠳᠤᠬᠤ ᠳ᠋ᠤ ᠠᠰᠠᠭᠤᠳᠠᠯ ᠦᠬᠡᠢ 》 ᠭᠡᠵᠦ᠍ ᠲᠡᠷᠡ ᠬᠡᠯᠡᠨ᠎ᠠ᠃ 2018 ᠣᠨ ᠳ᠋ᠤ᠂ ᠸᠧᠨ ᠹᠧᠩ ᠶᠡᠬᠡ ᠰᠤᠷᠭᠠᠭᠤᠯᠢ ᠪᠠᠨ ᠲᠠᠬᠦᠰᠤᠬᠡᠳ ᠨᠤᠲᠤᠭ ᠲᠠᠭᠠᠨ ᠪᠤᠴᠠᠵᠤ᠂ ᠦᠬᠡᠷ ᠵᠢᠡᠨ ᠡᠬᠦᠯᠳᠡᠷ ᠰᠠᠢᠵᠢᠷᠠᠭᠤᠯᠤᠨ ᠨᠠᠷᠢᠯᠢᠬ ᠲᠡᠵᠢᠭᠡᠬᠦ ᠵᠠᠮ ᠵᠢᠡᠷ ᠵᠠᠮᠨᠠᠵᠠᠢ᠃ 《ᠪᠢ ᠣᠲᠣ ᠰᠢᠯᠢᠳᠡᠭ ᠡᠬᠦᠯᠳᠡᠷ ᠤ᠋ᠨ 20 ᠰᠢᠮᠧᠨ᠋ᠳᠠᠷ ᠦᠨᠢᠶ᠎ᠠ ᠮᠠᠯᠵᠢᠨ᠂ ᠬᠦᠨᠳᠦ ᠨᠢ ᠴᠥᠮ 800 ᠺᠢᠯᠦᠭᠷᠠᠮ ᠢ᠋ ᠲᠠᠪᠠᠵᠤ᠂ ᠪᠠᠰᠠ 5 ᠰᠢᠯᠢᠳᠡᠭ ᠡᠬᠦᠯᠳᠡᠷ ᠤ᠋ᠨ ᠪᠤᠬ᠎ᠠ ᠲᠠᠵᠢᠬᠡᠵᠤ ᠪᠠᠢᠨ᠎ᠠ᠃ ᠡᠬᠦᠯᠳᠡᠷ ᠰᠠᠢᠵᠢᠷᠠᠭᠤᠯᠬᠤ ᠶᠠᠪᠤᠴᠠ ᠳ᠋ᠠᠭᠠᠨ ᠦᠷᠡᠵᠢᠯ ᠰᠠᠢᠳᠠᠢ ᠦᠨᠢᠶ᠎ᠠ ᠵᠢ ᠦᠯᠡᠳᠡᠬᠡᠵᠤ᠂ ᠤᠳᠤ ᠮᠠᠨ ᠤ᠋ ᠮᠠᠯᠵᠢᠵᠤ ᠪᠠᠢᠭ᠎ᠠ ᠪᠦᠳᠦᠬᠦᠨ ᠦᠨᠢᠶ᠎ᠠ ᠵᠢᠯ ᠪᠦᠷᠢ ᠠᠯᠳᠠᠯ ᠦᠬᠡᠢ ᠲᠤᠭᠤᠯᠯᠠᠵᠤ᠂ ᠲᠤᠭᠤᠯ ᠤ᠋ᠨ ᠪᠤᠢᠵᠢᠯᠳᠠ ᠵᠢᠨ ᠨᠤᠷᠮ᠎ᠠ ᠴᠦ᠍ 100% ᠳ᠋ᠤ ᠬᠦᠷᠴᠦ ᠪᠠᠢᠨ᠎ᠠ》 ᠭᠡᠵᠦ᠍ ᠸᠧᠨ ᠹᠧᠩ ᠤᠯᠵᠠ ᠣᠮᠣᠭ ᠲᠠᠢ ᠶᠠᠷᠢᠵᠤ ᠪᠠᠢᠯ᠎ᠠ᠃

ᠡᠬᠦᠯᠳᠡᠷ ᠰᠠᠢᠵᠢᠷᠠᠭᠤᠯᠵᠤ ᠪᠠᠶᠠᠵᠢᠯ ᠤ᠋ᠨ ᠵᠠᠮ ᠢ᠋ ᠡᠯᠬᠦᠭᠰᠡᠨ ᠪᠠᠰᠠ ᠨᠢᠬᠡᠨ ᠮᠠᠯᠴᠢᠨ ᠪᠤᠯ ᠬᠣᠷᠴᠢᠨ ᠵᠡᠭᠦᠨ ᠭᠠᠷᠤᠨ ᠬᠣᠶ᠋ᠢᠲᠤ᠌ ᠬᠣᠰᠢᠭᠤᠨ ᠤ᠋ ᠮᠤᠳᠤᠳᠤ ᠰᠤᠮᠤ ᠵᠢᠨ ᠠᠭᠤᠢ ᠭᠠᠴᠠᠭᠠᠨ ᠤ᠋ ᠭᠠᠷᠤᠳᠢ ᠪᠤᠯᠤᠨ᠎ᠠ᠃ ᠲᠡᠷᠡ ᠤᠢᠷ᠎ᠠ ᠵᠢᠨ ᠵᠢᠯ ᠳ᠋ᠤ ᠰᠢᠯᠢᠳᠡᠭ ᠡᠬᠦᠯᠳᠡᠷ ᠤ᠋ᠨ ᠰᠢᠮᠸᠨ᠋ᠳᠠᠷ ᠪᠤᠬ᠎ᠠ ᠵᠢᠨ ᠢᠴᠡᠬᠡᠯ ᠦᠷ᠎ᠠ ᠪᠠᠷ ᠦᠬᠡᠷ ᠵᠢᠡᠨ ᠡᠬᠦᠯᠳᠡᠷ ᠰᠠᠢᠵᠢᠷᠠᠭᠤᠯᠵᠤ᠂ ᠡᠬᠦᠯᠳᠡᠷ ᠰᠠᠢᠵᠢᠷᠠᠭᠤᠯᠤᠭᠰᠠᠨ ᠮᠢᠬᠠᠨ ᠤ᠋ ᠦᠬᠡᠷ ᠤ᠋ᠨ ᠦᠰᠦᠯᠳᠡ ᠨᠢ ᠮᠠᠰᠢ ᠲᠦᠷᠬᠡᠨ ᠪᠠᠢᠵᠤ᠂ 5 ᠰᠠᠷ᠎ᠠ ᠪᠤᠯᠤᠭᠰᠠᠨ ᠲᠤᠭᠤᠯ ᠤ᠋ᠨ ᠬᠦᠨᠳᠤ ᠨᠢ 300 ᠺᠢᠯᠦᠭᠷᠠᠮ ᠳ᠋ᠤ ᠬᠦᠷᠴᠢᠬᠡᠳᠡᠭ᠃《ᠦᠩᠬᠡᠷᠡᠭᠰᠡᠨ ᠳ᠋ᠤ ᠪᠢ 60 ᠦᠬᠡᠷ ᠮᠠᠯᠵᠢᠵᠤ ᠪᠠᠢᠭᠰᠠᠨ ᠴᠦ᠍ ᠲᠤᠮᠳᠠᠴᠢ ᠪᠡᠷ ᠦᠬᠡᠷ ᠨᠢᠬᠡᠪᠤᠷᠢ ᠵᠢᠨ ᠬᠦᠨᠳᠤ ᠨᠢ ᠰᠠᠶᠢ 500 ᠺᠢᠯᠦᠭᠷᠠᠮ ᠪᠠᠢᠳᠠᠭ ᠡᠴᠡ ᠦᠨ᠎ᠠ ᠬᠠᠩᠰᠢ ᠨᠢ ᠴᠦ᠍ ᠠᠨᠠᠢ ᠶᠤᠮ᠃ ᠤᠳᠤ ᠡᠬᠦᠯᠳᠡᠷ ᠰᠠᠢᠵᠢᠷᠠᠭᠤᠯᠤᠭᠰᠠᠨ 15 ᠦᠬᠡᠷ ᠮᠠᠯᠵᠢᠵᠤ᠂ ᠪᠦᠳᠤᠬᠦᠨ ᠦᠬᠡᠷ ᠤ᠋ᠨ ᠬᠦᠨᠳᠤ 1000 ᠺᠢᠯᠦᠭᠷᠠᠮ ᠢ᠋ ᠲᠠᠪᠠᠨ᠂ ᠦᠩᠬᠡᠷᠡᠭᠰᠡᠨ ᠤ᠋ ᠮᠠᠯᠵᠢᠵᠤ ᠪᠠᠢᠭᠰᠠᠨ ᠦᠬᠡᠷ ᠲᠠᠢ ᠬᠠᠷᠢᠴᠠᠭᠤᠯᠪᠠᠯ ᠨᠡᠢᠳᠡᠮ ᠳ᠋ᠡᠬᠡᠨ 400  — 500 ᠺᠢᠯᠦᠭᠷᠠᠮ ᠬᠦᠨᠳᠤ ᠪᠠᠢᠵᠤ᠂ ᠡᠬᠦᠯᠳᠡᠷ ᠰᠠᠢᠵᠢᠷᠠᠭᠤᠯᠤᠭᠰᠠᠨ ᠲᠤᠭᠤᠯ 2.5 ᠲᠦᠮᠡᠨ ᠲᠦᠬᠦᠷᠢᠭ ᠲᠦ᠍ ᠬᠦᠷᠴᠦ ᠪᠠᠢᠨ᠎ᠠ 》 ᠬᠡᠵᠤ ᠭᠠᠷᠤᠳᠢ ᠬᠡᠯᠡᠨ᠎ᠠ᠃


QQ20260814-112430.png


《 ᠪᠤᠷᠳᠤᠭ᠎ᠠ ᠲᠤᠬᠢᠷᠠᠭᠤᠯᠬᠤ  +  ᠪᠣᠷᠳᠣᠵᠤ ᠲᠠᠷᠭᠤᠯᠠᠭᠤᠯᠬᠤ 》 — ᠦᠬᠡᠷ ᠤ᠋ᠨ ᠮᠢᠬᠠᠨ ᠤ᠋ ᠭᠠᠷᠤᠯᠳᠠ ᠵᠢᠨ ᠰᠢᠨ᠎ᠠ ᠲᠠᠪᠠᠯᠳᠠ ᠵᠢ ᠪᠠᠶᠠᠯᠡᠬᠦᠯᠬᠦ ᠵᠢᠨ ᠠᠨᠢᠰᠤ

《ᠮᠢᠬᠠᠨ ᠤ᠋ ᠦᠭᠡᠷ ᠤ᠋ᠨ ᠪᠤᠳᠠᠭᠠᠯᠢ ᠪᠠᠶ᠎ᠠ ᠵᠢᠨ ᠭᠠᠷᠤᠯᠳᠡ ᠵᠢ ᠳᠡᠭᠡᠭᠰᠢᠯᠡᠭᠦᠯᠬᠦ᠌ ᠬᠠᠮᠤᠭ ᠤ᠋ᠨ ᠰᠢᠭᠤᠳ ᠰᠢᠯᠤᠭᠤᠨ ᠮᠦᠷᠳᠡᠬᠡᠨ ᠬᠠᠮᠤᠭ ᠤ᠋ᠨ ᠦᠷ᠎ᠠ ᠪᠦᠳᠦᠮᠵᠢᠳᠠᠢ ᠠᠷᠭ᠎ᠠ ᠵᠠᠮ ᠪᠣᠯ ᠪᠣᠷᠳᠣᠵᠤ ᠲᠠᠷᠭᠤᠯᠠᠭᠤᠯᠬᠤ ᠶᠠᠪᠤᠳᠠᠯ ᠮᠦᠨ᠃ ᠪᠣᠷᠳᠣᠵᠤ ᠲᠠᠷᠭᠤᠯᠠᠭᠤᠯᠬᠤ ᠬᠠᠷᠢᠴᠠᠯ ᠨᠡᠮᠡᠭᠳᠡᠪᠡᠯ ᠪᠤᠳᠠᠭᠠᠯᠢ ᠪᠠᠶ᠎ᠠ ᠵᠢᠨ ᠭᠠᠷᠤᠯᠳᠠ ᠨᠡᠮᠡᠭᠳᠡᠵᠤ᠂ ᠡᠬᠦᠨ ᠤ᠋ ᠤᠯᠠᠮ ᠵᠢᠡᠷ ᠦᠭᠡᠷ ᠤ᠋ᠨ ᠮᠢᠬᠠᠨ ᠤ᠋ ᠶᠡᠷᠤᠩᠬᠡᠢ ᠭᠠᠷᠤᠯᠳᠡ ᠴᠦ᠍ ᠠᠶᠠᠨᠳᠠᠭᠠᠨ ᠨᠡᠮᠡᠭᠳᠡᠴᠢᠬᠡᠨ᠎ᠠ》 ᠭᠡᠵᠦ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠰᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠰᠤᠳᠤᠯᠤᠬᠴᠢ ᠸᠠᠩ ᠹᠧᠩ ᠬᠡᠯᠡᠨ᠎ᠠ᠃

ᠲᠤᠭ᠎ᠠ ᠨᠤᠷᠮ᠎ᠠ ᠬᠡᠳᠤᠢᠪᠡᠷ ᠳᠠᠩ ᠴᠤᠯᠭᠤᠢ ᠪᠤᠯᠪᠠᠴᠦ ᠬᠠᠮᠤᠭ ᠤ᠋ᠨ ᠢᠳᠡᠬᠡᠬᠦᠯᠬᠦ ᠬᠦᠴᠦᠨ ᠲᠠᠢ ᠶᠤᠮ᠃ 2025 ᠣᠨ ᠳ᠋ᠤ᠂ ᠦᠪᠤᠷ ᠮᠤᠩᠭᠤᠯ ᠵᠠᠭᠤᠨ ᠲᠦᠮᠡᠨ ᠮᠢᠬᠠᠨ ᠤ᠋ ᠦᠬᠡᠷ ᠢ᠋ ᠪᠣᠷᠳᠣᠵᠤ ᠲᠠᠷᠭᠤᠯᠠᠭᠤᠯᠬᠤ ᠠᠵᠢᠯᠯᠠᠭ᠎ᠠ ᠥᠷᠨᠢᠭᠦᠯᠤᠨ᠂ ᠨᠡᠢᠳᠡ 189 ᠲᠦᠮᠡᠨ ᠮᠢᠬᠠᠨ ᠤ᠋ ᠦᠬᠡᠷ ᠢ᠋ ᠪᠣᠷᠳᠣᠵᠤ ᠲᠠᠷᠭᠤᠯᠠᠭᠤᠯᠤᠭᠰᠠᠨ ᠬᠤᠢᠨ᠎ᠠ ᠪᠤᠷᠤᠯᠠᠭᠤᠯᠵᠤ᠂ ᠳᠡᠭᠡᠷ᠎ᠠ ᠵᠢᠯ ᠤ᠋ᠨ ᠬᠢ ᠡᠴᠡ ᠪᠠᠨ 47% ᠪᠠᠷ ᠨᠡᠮᠡᠭᠳᠡᠵᠠᠢ᠃ ᠡᠨᠡ ᠨᠢ ᠪᠦᠬᠦ ᠤᠷᠤᠨ ᠤ᠋ ᠮᠢᠬᠠᠨ ᠤ᠋ ᠦᠬᠡᠷ ᠤ᠋ᠨ ᠪᠤᠳᠠᠭᠠᠯᠢ ᠪᠠᠶ᠎ᠠ ᠵᠢᠨ ᠭᠠᠷᠤᠯᠳᠠ ᠵᠢᠨ ᠨᠡᠮᠡᠭᠳᠡᠯ ᠢ᠋ ᠲᠠᠢᠴᠢᠯᠠᠨ ᠳᠤᠮᠳᠠᠴᠢ ᠪᠡᠷ 171 ᠺᠢᠯᠦᠭᠷᠠᠮ ᠳ᠋ᠤ ᠬᠦᠷᠴᠦ᠂ 2 ᠺᠢᠯᠣᠭ᠌ᠷᠠᠮ ᠨᠡᠮᠡᠭᠳᠡᠬᠦᠯᠪᠡ᠃

《ᠡᠯ᠎ᠠ ᠭᠠᠵᠠᠷ ᠤ᠋ᠨ ᠬᠢᠨ ᠮᠢᠬᠠᠨ ᠤ᠋ ᠦᠬᠡᠷ ᠢ᠋ ᠪᠣᠷᠳᠣᠵᠤ ᠲᠠᠷᠭᠤᠯᠠᠭᠤᠯᠬᠤ ᠵᠢ ᠦᠬᠡᠷ ᠤ᠋ᠨ ᠮᠢᠬᠠᠨ ᠤ᠋ ᠭᠠᠷᠤᠯᠳᠡ ᠵᠢ ᠨᠡᠮᠡᠭᠳᠡᠭᠦᠯᠬᠦ᠌ ᠰᠢᠪᠲᠤᠯᠤᠯᠲᠠ ᠵᠢᠨ ᠴᠡᠭ ᠪᠣᠯᠭᠠᠨ ᠠᠳᠬᠤᠵᠤ᠂〈ᠨᠠᠶ᠋ᠢᠳᠠᠨ ᠬᠠᠮᠢᠶᠠᠷᠤᠭᠤᠯᠵᠤ ᠣᠷᠣᠯᠠᠨ ᠲᠡᠵᠢᠭᠡᠯᠭᠡᠬᠦ〉᠂ 〈ᠮᠠᠯᠵᠢᠬᠤ ᠲᠠᠷᠢᠶᠠᠯᠠᠬᠤ ᠡᠷᠦᠬᠡ ᠦᠷᠡᠵᠢᠬᠦᠯᠦᠨ ᠪᠤᠢᠵᠢᠭᠤᠯᠵᠤ ᠠᠵᠦ ᠠᠬᠤᠢᠯᠠᠯ ᠪᠣᠷᠳᠤᠵᠤ ᠲᠠᠷᠭᠤᠯᠠᠭᠤᠯᠬᠤ〉 ᠵᠡᠷᠬᠡ ᠵᠠᠭᠪᠤᠷ ᠢ᠋ ᠳᠡᠯᠭᠡᠷᠡᠭᠦᠯᠦᠨ᠂ ᠮᠠᠯᠵᠢᠬᠤ ᠲᠠᠷᠢᠶᠠᠯᠠᠬᠤ ᠡᠷᠦᠬᠡ ᠵᠢ ᠳᠠᠶ᠋ᠢᠴᠢᠯᠠᠨ ᠮᠢᠬᠠᠨ ᠤ᠋ ᠦᠬᠡᠷ ᠢ᠋ ᠪᠣᠷᠳᠣᠵᠤ ᠲᠠᠷᠭᠤᠯᠠᠭᠤᠯᠬᠤ ᠳ᠋ᠤ ᠣᠷᠣᠯᠴᠠᠭᠤᠯᠵᠤ᠂ ᠪᠣᠷᠳᠣᠵᠤ ᠲᠠᠷᠭᠤᠯᠠᠭᠤᠯᠬᠤ ᠬᠦᠷᠢᠶ᠎ᠠ ᠬᠡᠪᠴᠢᠶ᠎ᠡ ᠪᠠᠨ ᠥᠷᠭᠡᠳᠬᠡᠪᠡᠯ ᠵᠤᠬᠢᠨ᠎ᠠ》 ᠬᠡᠵᠦ ᠦᠪᠡᠷᠳᠡᠬᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ ᠤ᠋ ᠲᠢᠩᠬᠢᠮ ᠤ᠋ᠨ ᠮᠠᠯ ᠠᠵᠤ ᠠᠬᠤᠢ ᠵᠢᠨ ᠲᠤᠪᠴᠢᠶ᠎ᠠ ᠵᠢᠨ ᠲᠡᠳ᠋ ᠲᠠᠷᠤᠭ᠎ᠠ ᠤ᠋ᠤᠢ ᠬᠦᠢ ᠵᠢᠦᠸᠠᠨ ᠬᠡᠯᠡᠨ᠎ᠠ᠃

ᠮᠦᠷ ᠮᠦᠷ ᠵᠢᠡᠷ ᠡᠩᠨᠡᠷᠡᠭᠰᠡᠨ ᠬᠠᠰᠢᠶ᠎ᠠ ᠰᠠᠷᠠᠪᠴᠢ ᠵᠢᠨ ᠬᠤᠭᠤᠷᠤᠨᠳᠦ ᠳᠠᠷᠭᠤ ᠰᠠᠢᠳᠠᠢ ᠤᠯᠠᠭᠠᠨ ᠠᠯᠠᠭ ᠦᠬᠡᠷ ᠤ᠋ᠳ ᠳᠠᠪᠠᠳᠠᠢᠬᠠᠨ ᠬᠡᠪᠢᠵᠦ ᠵᠤᠭᠰᠤᠨ᠎ᠠ ᠃ ᠠᠷᠤ ᠬᠤᠷᠴᠢᠨ ᠬᠤᠰᠢᠭᠤᠨ ᠤ᠋ ᠱᠤᠤ ᠪᠠᠯᠭᠠᠰᠤᠨ ᠳ᠋ᠤ ᠪᠠᠢᠭ᠎ᠠ ᠦᠪᠤᠷ ᠮᠤᠩᠭᠤᠯ ᠤ᠋ᠨ ᠮᠧᠩ ᠤ᠋ᠤᠢ ᠸᠧ ᠵᠢᠨ ᠲᠠᠵᠢᠬᠡᠨ ᠦᠷᠡᠵᠢᠬᠦᠯᠬᠦ ᠰᠠᠭᠤᠷᠢᠨ ᠤ᠋ ᠬᠢᠵᠠᠭᠠᠷᠳᠤ ᠺᠤᠮᠫᠠᠨᠢ ᠵᠢᠨ ᠡᠨᠡ ᠬᠦ᠌ ᠪᠤᠷᠳᠤᠵᠤ ᠲᠠᠷᠭᠤᠯᠠᠭᠤᠯᠬᠤ ᠳᠠᠯᠠᠪᠠᠢ ᠪᠤᠯ ᠬᠤᠯᠠ ᠤᠢᠷ᠎ᠠ ᠳ᠋ᠠᠭᠠᠨ ᠠᠯᠳᠠᠷᠳᠠᠢ ᠲᠦᠮᠡᠨ ᠦᠬᠡᠷ ᠳᠡᠵᠢᠬᠡᠳᠡᠭ ᠲᠤᠮᠤ ᠳᠠᠯᠠᠪᠠᠢ ᠪᠤᠯᠤᠨ᠎ᠠ᠃ ᠲᠤᠰ ᠳᠠᠯᠠᠪᠠᠢ ᠨᠢ 《ᠨᠠᠢᠳᠠᠯᠭ᠎ᠠ ᠪᠡᠷ ᠪᠤᠷᠳᠤᠵᠤ ᠲᠠᠷᠭᠤᠯᠠᠭᠤᠯᠬᠤ》᠂ 《ᠬᠤᠳᠠᠯᠳᠤᠨ ᠠᠪᠴᠦ ᠪᠤᠷᠳᠤᠵᠤ ᠲᠠᠷᠭᠤᠯᠠᠭᠤᠯᠬᠤ》᠂ 《ᠦᠪᠡᠰᠤᠪᠠᠨ ᠪᠤᠢᠵᠢᠭᠤᠯᠵᠤ ᠪᠤᠷᠳᠤᠵᠤ ᠲᠠᠷᠭᠤᠯᠠᠭᠤᠯᠬᠤ 》 ᠵᠡᠷᠬᠡ ᠤᠯᠠᠨ ᠬᠡᠯᠪᠡᠷᠢ ᠪᠡᠷ ᠲᠠᠮᠵᠢᠨ ᠭᠤᠤᠯᠳᠠᠭᠤ ᠰᠠᠢᠨ ᠡᠬᠦᠯᠳᠡᠷ ᠤ᠋ᠨ ᠲᠤᠭᠤᠯ ᠪᠢᠷᠠᠭᠤ ᠵᠢ ᠪᠤᠷᠳᠤᠵᠤ ᠲᠠᠷᠭᠤᠯᠠᠭᠤᠯᠵᠤ ᠪᠤᠢ᠃ ᠬᠡᠬᠦ ᠳ᠋ᠤ ᠨᠠᠢᠳᠠᠯᠭ᠎ᠠ ᠪᠡᠷ  ᠪᠤᠷᠳᠤᠵᠤ ᠲᠠᠷᠭᠤᠯᠠᠭᠤᠯᠬᠤ ᠦᠶᠡᠯᠡᠯ ᠤ᠋ᠨ ᠬᠤᠭᠤᠴᠠᠭ᠎ᠠ ᠵᠢ 3 ᠰᠠᠷ᠎ᠠ ᠪᠡᠷ ᠲᠤᠭᠳᠠᠭᠠᠵᠤ᠂ ᠡᠨᠡ ᠬᠦ᠌ ᠬᠤᠭᠤᠴᠠᠭᠠᠨ ᠳ᠋ᠤ ᠪᠤᠷᠳᠤᠵᠤ ᠲᠠᠷᠭᠤᠯᠠᠭᠤᠯᠬᠤ ᠦᠬᠡᠷ ᠤ᠋ᠨ ᠡᠳᠤᠷ ᠪᠦᠷᠢ ᠵᠢᠨ ᠬᠦᠨᠳᠤ ᠵᠢᠨ ᠨᠡᠮᠡᠭᠳᠡᠯ ᠨᠢ ᠲᠤᠮᠳᠠᠴᠢ ᠪᠡᠷ 1.65 ᠺᠢᠯᠦᠭᠷᠠᠮ ᠳ᠋ᠤ ᠬᠦᠷᠳᠡᠭ᠃ 《200 ᠭᠠᠷᠤᠢ ᠺᠢᠯᠦᠭᠷᠠᠮ ᠤ᠋ᠨ ᠲᠤᠭᠤᠯ ᠢ᠋ 3 ᠰᠠᠷ᠎ᠠ ᠪᠤᠷᠳᠤᠪᠠᠯ ᠬᠦᠨᠳᠤ ᠨᠢ 350 ᠺᠢᠯᠦᠭᠷᠠᠮ ᠢ᠋ ᠲᠠᠪᠠᠵᠤ᠂ ᠪᠤᠳᠠᠭᠠᠯᠢ ᠪᠠᠶ᠎ᠠ ᠵᠢᠨ ᠮᠢᠬᠠᠨ ᠤ᠋ ᠭᠠᠷᠤᠯᠳᠠ ᠨᠢ 40% ᠪᠡᠷ ᠨᠡᠮᠡᠭᠳᠡᠨ᠂ ᠢᠯᠡᠬᠦᠤ 1600 ᠭᠠᠷᠤᠢ ᠲᠦᠬᠦᠷᠢᠭ ᠤ᠋ᠨ ᠠᠰᠢᠭ ᠤᠯᠵᠠᠪᠤᠷᠢ ᠲᠠᠢ ᠶᠤᠮ》 ᠬᠡᠵᠤ ᠲᠠᠯᠠᠪᠠᠢ ᠵᠢᠨ ᠬᠠᠷᠢᠭᠤᠴᠠᠯᠭᠠᠳᠠᠨ ᠲᠠᠩᠰᠠ ᠲᠤᠭᠠᠴᠠᠵᠤ ᠰᠠᠭᠤᠨ᠎ᠠ᠃

《 ᠮᠢᠬᠠᠨ ᠤ᠋ ᠦᠬᠡᠷ ᠢ᠋ ᠪᠤᠷᠳᠤᠵᠤ ᠲᠠᠷᠭᠤᠯᠠᠭᠤᠯᠬᠤ ᠳ᠋ᠤ ᠲᠠᠵᠢᠬᠡᠯ ᠡᠪᠡᠰᠤ ᠪᠤᠷᠳᠤᠭ᠎ᠠ ᠡᠴᠡ ᠰᠠᠯᠵᠤ ᠴᠢᠳᠠᠬᠤ ᠦᠬᠡᠢ ᠶᠤᠮ᠃ 〈 ᠰᠦᠯ ᠰᠠᠢᠳᠠᠢ ᠲᠠᠵᠢᠬᠡᠯ ᠡᠪᠡᠰᠦ + ᠡᠰᠢ ᠰᠦᠷᠠᠯ ᠢ᠋ ᠡᠬᠢ ᠪᠠᠶᠠᠯᠢᠬᠵᠢᠭᠤᠯᠤᠨ ᠠᠰᠢᠬᠯᠠᠬᠤ〉 ᠲᠡᠵᠢᠬᠡᠯ ᠡᠪᠡᠰᠦᠨ ᠤ᠋ ᠪᠠᠲᠤᠯᠠᠭ᠎ᠠ ᠵᠢᠨ ᠰᠢᠰᠲ᠋ᠸᠮ ᠢ᠋ ᠪᠠᠢᠭᠤᠯᠤᠨ ᠲᠡᠬᠦᠯᠳᠡᠷᠵᠢᠬᠦᠯᠵᠤ᠂ ᠬᠤᠯᠢᠮᠠᠬ ᠪᠤᠷᠳᠤᠭ᠎ᠠ ᠵᠢ ᠰᠢᠨᠵᠢᠯᠡᠬᠦ ᠤᠬᠠᠭᠠᠨᠴᠢ ᠪᠡᠷ ᠲᠤᠬᠢᠷᠠᠭᠤᠯᠬᠤ ᠵᠠᠭᠪᠤᠷ ᠢ᠋ ᠳᠡᠯᠭᠡᠷᠡᠭᠦᠯᠦᠨ᠂ ᠲᠡᠵᠢᠭᠡᠯ ᠪᠤᠷᠳᠤᠭᠠᠨ ᠤ᠋ ᠤᠯᠠᠷᠢᠭᠤᠯᠤᠯᠳᠡ ᠵᠢᠨ ᠨᠤᠷᠮ᠎ᠠ ᠵᠢ ᠲᠡᠭᠡᠭᠰᠢᠯᠡᠬᠦᠯᠵᠦ᠂ ᠪᠤᠷᠳᠤᠵᠤ ᠲᠠᠷᠭᠤᠯᠠᠭᠤᠯᠬᠤ ᠦᠶᠡᠯᠡᠯ ᠤ᠋ᠨ ᠬᠤᠭᠤᠴᠠᠭ᠎ᠠ ᠵᠢ ᠪᠤᠭᠤᠨᠢᠰᠬᠠᠨ᠂ ᠮᠢᠬᠠᠨ ᠤ᠋ ᠦᠬᠡᠷ ᠤ᠋ᠨ ᠪᠤᠳᠠᠭᠠᠯᠢ ᠪᠡᠶ᠎ᠠ ᠵᠢᠨ ᠭᠠᠷᠤᠯᠳᠠ ᠵᠢ ᠨᠡᠮᠡᠭᠳᠡᠬᠦᠯᠬᠦ ᠵᠢ ᠶᠠᠭᠠᠬᠢᠭᠰᠠᠨ ᠴᠦ᠍ ᠤᠮᠳᠤᠭᠠᠢᠯᠠᠵᠤ ᠪᠤᠯᠬᠤ ᠦᠬᠡᠢ》 ᠬᠡᠵᠦ ᠰᠦᠶ᠎ᠠ ᠰᠠᠨᠠᠭᠤᠯᠵᠤ ᠪᠠᠢᠯ᠎ᠠ᠃

ᠣᠷᠳᠣᠰ ᠬᠣᠲᠠ ᠵᠢᠨ ᠵᠢᠶᠠ ᠱᠧᠩ ᠦᠬᠡᠷ ᠤ᠋ᠨ ᠦᠢᠯᠡᠰ ᠤ᠋ᠨ ᠬᠢᠵᠠᠭᠠᠷᠲᠤ᠌ ᠺᠣᠮᠫᠠᠨᠢ ᠵᠢᠨ ᠲᠡᠵᠢᠭᠡᠨ ᠦᠷᠡᠵᠢᠭᠦᠯᠬᠦ᠌ ᠲᠠᠯᠠᠪᠠᠶ ᠳ᠋ᠤ 23 ᠰᠠᠭᠤᠷᠢ ᠪᠠᠷᠢᠮᠵᠢᠶᠠᠳᠤ ᠰᠠᠷᠠᠪᠴᠢ ᠲᠠᠢ ᠮᠦᠷᠳᠡᠬᠡᠨ ᠰᠠᠯᠬᠢ ᠨᠡᠪᠲᠡᠷᠡᠬᠦᠯᠬᠦ᠂ ᠳᠤᠯᠠᠭᠠᠨ ᠢ᠋ ᠡᠵᠡᠮᠳᠡᠬᠦ᠌ ᠪᠠ ᠢᠯᠭᠠᠳᠠᠰᠤ ᠭᠠᠳᠠᠭᠰᠢᠯᠠᠭᠤᠯᠬᠤ ᠢᠵᠢ ᠪᠦᠷᠢᠨ ᠲᠥᠬᠥᠭᠡᠷᠦᠮᠵᠢ ᠲᠠᠢ ᠪᠠᠢᠵᠤ᠂ ᠡᠩ ᠤ᠋ᠨ ᠦᠶ᠎ᠠ ᠳ᠋ᠤ 1.1 ᠲᠦᠮᠡ ᠭᠠᠷᠤᠢ ᠮᠢᠬᠠᠨ ᠤ᠋ ᠦᠭᠡᠷ ᠲᠠᠵᠢᠬᠡᠵᠤ ᠪᠤᠢ᠃ 《ᠪᠢᠳᠡ ᠲᠡᠵᠢᠭᠡᠯ ᠡᠪᠡᠰᠦ ᠪᠣᠷᠳᠣᠭ᠎ᠠ ᠵᠢ ᠨᠠᠷᠢᠯᠢᠭ ᠰᠣᠩᠭᠣᠬᠤ ᠵᠢᠨ ᠬᠠᠮᠳᠤ ᠰᠢᠨᠵᠢᠯᠡᠬᠦ᠌ ᠤᠬᠠᠭᠠᠨᠴᠢ ᠪᠠᠷ ᠳᠣᠭᠢᠷᠠᠭᠤᠯᠵᠤ᠂ ᠪᠤᠷᠴᠠᠭ ᠪᠠ ᠬᠥᠪᠥᠩ ᠤ᠋ᠨ ᠦᠷ᠎ᠠ ᠶ᠋ᠢᠨ ᠰᠢᠬᠠᠳᠠᠰᠤ ᠪᠠᠷ ᠤᠭᠤᠷᠠᠭ ᠬᠠᠩᠭᠠᠨ᠂ ᠡᠷᠳᠡᠨᠢ ᠰᠢᠰᠢ ᠪᠡᠷ ᠡᠨᠧᠷᠭᠢ ᠨᠥᠬᠥᠪᠥᠷᠢᠯᠡᠵᠤ ᠪᠠᠢᠨ᠎ᠠ᠃ ᠡᠭᠦᠨ ᠤ᠋ ᠳᠡᠭᠡᠷ᠎ᠡ ᠡᠰᠢ ᠰᠦᠷᠡᠯ ᠪᠠ ᠴᠠᠷᠭᠠᠰᠤ ᠨᠡᠮᠡᠵᠦ᠍ ᠦᠭᠬᠦᠨ᠂ ᠪᠠᠰᠠ ᠬᠦᠬᠡ ᠲᠠᠷᠤᠰᠢ ᠪᠡᠷ ᠲᠡᠵᠢᠭᠡᠵᠦ᠂ ᠮᠢᠬᠠᠨ ᠤ᠋ ᠦᠬᠡᠷ ᠤ᠋ᠨ ᠥᠰᠥᠯᠲᠡ ᠵᠢᠨ ᠬᠡᠷᠡᠭᠴᠡᠭᠡ ᠵᠢ ᠬᠠᠩᠭᠠᠳᠠᠭ᠃ ᠠᠮᠢᠳᠤ ᠮᠠᠯ ᠤ᠋ᠨ ᠵᠠᠬ᠎ᠠ ᠲᠠᠯᠬᠡᠬᠦᠷ ᠪᠡ ᠡᠷᠬᠢᠨ ᠲᠤᠭᠤᠷᠢᠨ ᠤ᠋ ᠮᠠᠯᠴᠢᠳ ᠡᠴᠡ ᠬᠤᠳᠠᠯᠳᠤᠨ ᠠᠪᠤᠭᠰᠠᠨ 300 ᠺᠢᠯᠣᠭ᠌ᠷᠠᠮ ᠣᠷᠴᠢᠮ ᠤ᠋ᠨ ᠲᠤᠭᠤᠯ ᠢ᠋ ᠡᠢᠨ ᠬᠦ᠌ ᠨᠠᠷᠢᠯᠢᠭ ᠲᠤᠬᠢᠷᠠᠭᠤᠯᠤᠬᠰᠠᠨ ᠲᠡᠵᠢᠭᠡᠯ ᠪᠤᠷᠳᠤᠭ᠎ᠠ ᠪᠡᠷ 12 ᠰᠠᠷ᠎ᠠ ᠪᠤᠷᠳᠤᠪᠠᠯ ᠬᠦᠨᠳᠤ ᠨᠢ 750 ᠺᠢᠯᠦᠭᠷᠠᠮ ᠳ᠋ᠤ ᠬᠦᠷᠴᠢᠭᠡᠨ᠎ᠠ》 ᠬᠡᠵᠦ ᠲᠠᠵᠢᠬᠡᠨ ᠦᠷᠡᠵᠢᠬᠦᠯᠬᠦ ᠲᠠᠯᠠᠪᠠᠢ ᠵᠢᠨ ᠲᠠᠷᠤᠭ᠎ᠠ ᠳ᠋ᠦ᠋ ᠪᠥᠸᠧ ᠸᠸᠨ ᠲᠠᠨᠢᠯᠴᠠᠭᠤᠯᠤᠨ᠎ᠠ᠃


QQ20260814-112444.png


《 ᠲᠤᠭᠠᠴᠢᠯᠠᠯᠳᠠ ᠵᠢ ᠠᠰᠢᠬᠯᠠᠬᠤ  +  ᠤᠶᠤᠨᠴᠢᠯᠠᠯᠳᠠ ᠵᠢ ᠠᠬᠢᠭᠤᠯᠬᠤ 》 —ᠦᠬᠡᠷ ᠤ᠋ᠨ ᠮᠢᠬᠠᠨ ᠤ᠋ ᠭᠠᠷᠤᠯᠳᠠ ᠵᠢᠨ ᠰᠢᠨ᠎ᠠ ᠲᠠᠪᠠᠯᠳᠠ ᠵᠢ ᠪᠠᠶᠠᠯᠡᠬᠦᠯᠬᠦ ᠵᠢᠨ ᠵᠠᠩᠬᠢᠯᠠᠭ᠎ᠠ

《 ᠲᠤᠭᠠᠴᠢᠯᠠᠯᠳᠠ ᠪᠤᠯ ᠲᠸᠭᠨᠢᠭ ᠮᠡᠷᠬᠡᠵᠢᠯ ᠤ᠋ᠨ ᠤᠯᠠᠷᠢᠯᠳᠠ ᠬᠤᠪᠢᠰᠤᠯᠳᠠ ᠵᠢᠨ ᠵᠠᠢᠯᠠᠰᠢ ᠦᠬᠡᠢ ᠬᠠᠨᠳᠤᠰᠢ᠂ ᠦᠨᠤ ᠨᠢᠬᠡᠨᠳᠡ ᠭᠤᠤᠯ ᠪᠤᠯᠬᠤ ᠦᠢᠯᠡᠳᠪᠤᠷᠢᠯᠡᠯ ᠤ᠋ᠨ ᠬᠦᠴᠦᠨ ᠵᠤᠢᠯ ᠪᠤᠯᠴᠢᠬᠠᠵᠠᠢ᠃ ᠲᠡᠢᠮᠤ ᠪᠤᠯᠬᠤᠷ ᠤᠶᠤᠨᠴᠢ ᠮᠠᠯᠵᠢᠯ ᠤ᠋ᠨ ᠲᠠᠯᠠᠪᠠᠢ ᠵᠢᠨ ᠪᠦᠳᠦᠬᠡᠨ ᠪᠠᠢᠭᠤᠯᠤᠯᠳᠠ ᠪᠡᠷ ᠲᠠᠮᠵᠢᠨ ᠲᠣᠭᠠᠴᠢᠯᠠᠯᠳᠠ ᠵᠢ ᠡᠷᠴᠢᠮᠳᠠᠢ ᠠᠰᠢᠭᠯᠠᠬᠤ ᠴᠢᠬᠤᠯᠠᠳᠠᠢ᠃ ᠡᠨᠡ ᠨᠢ ᠮᠢᠬᠠᠨ ᠤ᠋ ᠦᠬᠡᠷ ᠲᠡᠵᠢᠭᠡᠬᠦ ᠦᠢᠯᠡᠰ ᠢ᠋ 〈ᠲᠡᠭᠷᠢ ᠵᠢᠨ ᠴᠢᠷᠠᠢ ᠬᠠᠷᠠᠵᠤ ᠮᠠᠯ ᠳᠡᠵᠢᠬᠡᠬᠦ᠂ ᠲᠤᠷᠰᠢᠯᠭ᠎ᠠ ᠵᠢᠭᠠᠵᠦ ᠠᠵᠢᠯ ᠬᠢᠬᠦ〉 ᠡᠴᠡ 〈 ᠲᠣᠭ᠎ᠠ ᠪᠠᠷᠢᠮᠲᠠ ᠪᠠᠷ ᠦᠨᠳᠦᠰᠦᠯᠡᠯ ᠪᠣᠯᠭᠠᠵᠦ᠂ ᠨᠠᠷᠢᠨ ᠣᠨᠣᠴᠠᠲᠠᠢ ᠬᠠᠮᠢᠶᠠᠷᠤᠯᠳᠠ ᠬᠢᠬᠦ〉 ᠪᠤᠯᠭᠠᠨ ᠬᠤᠪᠢᠷᠠᠭᠤᠯᠵᠤ᠂ ᠲᠡᠵᠢᠭᠡᠪᠤᠷᠢ ᠵᠢᠨ ᠦᠪᠡᠷ ᠤ᠋ᠨ ᠥᠷᠲᠡᠭ ᠢ᠋ ᠪᠠᠭᠤᠷᠠᠭᠤᠯᠬᠤ ᠪᠠ ᠦᠷ᠎ᠡ ᠪᠦᠲᠦᠮᠵᠢ ᠶ᠋ᠢ ᠳᠡᠭᠡᠭᠰᠢᠯᠡᠭᠦᠯᠬᠦ ᠳ᠋ᠤ ᠠᠰᠢᠭᠲᠠᠢ ᠪᠠᠷ ᠪᠠᠷᠠᠬᠤ ᠦᠭᠡᠢ ᠪᠠᠰᠠ ᠦᠬᠡᠷ ᠤ᠋ᠨ ᠮᠢᠬᠠᠨ ᠤ᠋ ᠭᠠᠷᠤᠯᠲᠠ ᠵᠢ ᠦᠷᠭᠦᠯᠵᠢᠯᠡᠨ ᠨᠡᠮᠡᠭᠳᠡᠬᠦᠯᠬᠦ ᠳ᠋ᠤ ᠮᠡᠷᠭᠡᠵᠢᠯ ᠤ᠋ᠨ ᠪᠠᠲᠤᠯᠠᠭ᠎ᠠ ᠬᠠᠩᠭᠠᠬᠤ ᠪᠤᠯᠤᠨ᠎ᠠ》 ᠬᠡᠵᠤ ᠸᠠᠩ ᠹᠧᠩ ᠬᠡᠯᠡᠨ᠎ᠠ᠃

ᠪᠢᠳᠡ ᠲᠦᠩᠯᠢᠶᠣᠤ ᠬᠣᠲᠠ ᠵᠢᠨ ᠾᠧ ᠮᠥ᠍ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ᠌ ᠺᠣᠮᠫᠠᠨᠢ ᠵᠢᠨ ᠤᠶᠤᠨᠴᠢ ᠮᠠᠯᠵᠢᠯ ᠤ᠋ᠨ ᠲᠠᠯᠠᠪᠠᠶ ᠳ᠋ᠤ ᠬᠦᠷᠬᠦ ᠳ᠋ᠤ ᠮᠢᠬᠠᠨ ᠤ᠋ ᠦᠬᠡᠷ ᠪᠤᠯᠭᠠᠨ ᠳ᠋ᠤᠨᠢ 《ᠤᠶᠤᠨᠲᠤ᠌ ᠡᠬᠡᠮᠦᠭ》 ᠵᠡᠭᠦᠯᠭᠡᠭᠰᠡᠨ ᠬᠠᠷᠠᠬᠳᠠᠨ᠎ᠠ᠃ 《ᠡᠨᠡ〈ᠤᠶᠤᠨᠳᠤ ᠡᠬᠡᠮᠦᠭ〉 ᠨᠢ ᠮᠢᠬᠠᠨ ᠤ᠋ ᠦᠬᠡᠷ ᠤ᠋ᠨ ᠤᠳᠤᠮ ᠂ ᠦᠷᠡᠵᠢᠯᠳᠠ ᠪᠤᠢᠵᠢᠯᠳᠠ ᠵᠢᠨ ᠶᠠᠪᠤᠴᠠ᠂ ᠬᠡᠮ ᠬᠢᠵᠢᠭ ᠤ᠋ᠨ ᠰᠡᠷᠬᠡᠢᠯᠡᠯᠳᠡ᠂ ᠡᠷᠡᠭᠦᠯ ᠮᠡᠨᠳᠦ ᠵᠢᠨ ᠪᠠᠶ᠋ᠢᠳᠠᠯ ᠂ ᠡᠳᠦᠷ ᠪᠦᠷᠢ ᠵᠢᠨ ᠢᠳᠡᠰᠢᠯᠡᠬᠦ᠌ ᠬᠡᠮᠵᠢᠶ᠎ᠡ ᠪᠠ ᠬᠦᠨᠳᠤ ᠵᠢᠨ ᠨᠡᠮᠡᠭᠳᠡᠯ ᠮᠡᠳᠤ ᠵᠢᠨ ᠮᠡᠳᠡᠭᠡ ᠵᠠᠩᠭᠢ ᠵᠢ ᠠᠯᠳᠠᠯ ᠦᠬᠡᠢ ᠴᠤᠭᠯᠠᠭᠤᠯᠵᠤ᠂ ᠴᠠᠭ ᠲᠤᠬᠠᠶ ᠳ᠋ᠤᠨᠢ ᠺᠣᠮᠫᠢᠦ᠋ᠲ᠋ᠧᠷ ᠤ᠋ᠨ ᠠᠷᠤ ᠲᠠᠪᠴᠠᠩ ᠳ᠋ᠤ ᠲᠠᠮᠵᠢᠭᠤᠯᠵᠤ᠂ ᠠᠷᠤ ᠳᠠᠪᠴᠠᠩ ᠳ᠋ᠤ ᠪᠦᠬᠦ ᠶᠠᠪᠤᠴᠠ ᠪᠡᠷ ᠮᠦᠷᠳᠡᠬᠦ ᠤᠶᠤᠨᠴᠢ  ᠵᠠᠳᠠᠯᠤᠯᠳᠠ ᠬᠢᠵᠤ᠂ ᠮᠢᠬᠠᠨ ᠤ᠋ ᠦᠬᠡᠷ ᠨᠢᠬᠡᠪᠤᠷᠢ ᠵᠢ ᠨᠠᠷᠢᠨ ᠤᠨᠤᠴᠠᠳᠠᠢ ᠪᠡᠷ ᠬᠠᠮᠢᠶᠠᠷᠴᠦ ᠲᠠᠢᠯᠬᠦ ᠪᠤᠯᠵᠠᠢ》 ᠭᠡᠵᠦ᠍ ᠾᠧ ᠮᠥ᠍ ᠬᠢᠵᠠᠭᠠᠷᠳᠤ ᠺᠣᠮᠫᠠᠨᠢ ᠵᠢᠨ ᠶᠡᠷᠦᠩᠬᠡᠢ ᠳᠠᠭᠠᠭᠠᠮᠠᠯ ᠵᠢᠨ ᠬᠠᠢ ᠬᠤ᠌ ᠲᠠᠨᠢᠯᠴᠠᠭᠤᠯᠤᠨ᠎ᠠ᠃ ᠲᠡᠬᠦᠨ ᠤ᠋ ᠬᠡᠯᠡᠬᠦ ᠪᠡᠷ᠂ ᠡᠨᠡ ᠬᠦ᠌ ᠢᠵᠢ ᠲᠦᠬᠦᠷ ᠲᠤᠭᠠᠴᠢᠯᠠᠵᠤ ᠤᠶᠤᠨᠴᠢᠯᠠᠭᠰᠠᠨ ᠬᠠᠮᠢᠶᠠᠷᠤᠯᠳᠠ ᠵᠢᠨ ᠰᠢᠰᠲᠸᠮ ᠢ᠋ ᠬᠡᠷᠡᠭᠯᠡᠭᠰᠡᠨ ᠡᠴᠡ ᠮᠠᠯᠵᠢᠯ ᠤ᠋ᠨ ᠲᠠᠯᠠᠪᠠᠢ ᠵᠢᠨ 600 ᠭᠠᠷᠤᠢ ᠮᠢᠬᠠᠨ ᠤ᠋ ᠦᠬᠡᠷ ᠢ᠋ ᠲᠠᠵᠢᠬᠡᠵᠤ ᠠᠷᠠᠴᠢᠯᠠᠬᠤ ᠪᠦᠬᠦᠢᠯᠡ ᠠᠵᠢᠯ ᠢ᠋ ᠭᠤᠷᠪᠠᠬᠠᠨ ᠠᠵᠢᠯᠴᠢᠨ ᠬᠦᠢᠴᠡᠳᠬᠡᠵᠤ ᠲᠠᠢᠯᠬᠦ ᠪᠤᠯᠤᠭᠰᠠᠨ ᠪᠦᠬᠡᠳ ᠨᠡᠩ ᠴᠢᠬᠤᠯᠠ ᠨᠢ ᠺᠣᠮᠫᠢᠦ᠋ᠲ᠋ᠧᠷ ᠤ᠋ᠨ ᠠᠷᠤ ᠲᠠᠪᠴᠠᠩ ᠡᠴᠡ ᠬᠠᠩᠭᠠᠭᠰᠠᠨ ᠳᠡᠵᠢᠬᠡᠯ ᠡᠪᠡᠰᠤ ᠪᠤᠷᠳᠤᠭᠠᠨ ᠤ᠋ ᠨᠠᠢᠷᠠᠯᠭ᠎ᠠ ᠵᠢᠨ ᠵᠤᠷ ᠵᠢᠡᠷ ᠡᠷᠳᠡᠨᠢ ᠰᠢᠰᠢ ᠵᠢᠨ ᠭᠤᠯᠢᠷ᠂ ᠡᠰᠢ ᠰᠦᠷᠡᠯ᠂ ᠪᠠᠭ᠎ᠠ ᠰᠤᠳᠠ᠂ ᠬᠢᠶᠠᠭ ᠡᠪᠡᠰᠦ ᠵᠡᠷᠭᠡ ᠵᠢ ᠺᠢᠯᠤᠭ᠌ᠷᠠᠮ ᠤ᠋ᠨ ᠬᠡᠮᠵᠢᠶᠡᠨ ᠳ᠋ᠤ ᠬᠦᠷᠳᠡᠯ᠎ᠠ ᠨᠠᠷᠢᠨ ᠤᠨᠤᠴᠠᠳᠠᠢ ᠲᠤᠬᠢᠷᠠᠭᠤᠯᠵᠦ᠂︽ᠲᠤᠷᠰᠢᠯᠭ᠎ᠠ ᠪᠠᠷ ᠪᠣᠷᠳᠣᠭ᠎ᠠ ᠨᠠᠢᠷᠠᠭᠤᠯᠬᠤ︾ᠪᠦᠳᠦᠭᠦᠯᠢᠭ ᠠᠷᠭ᠎ᠠ ᠬᠡᠯᠪᠡᠷᠢ ᠡᠴᠡ ᠪᠦᠷᠢᠮᠦᠰᠤᠨ ᠠᠶᠠᠷᠯᠡᠪᠡ᠃

ᠡᠵᠡᠨ ᠬᠣᠷᠣᠭ᠎ᠠ ᠬᠣᠰᠢᠭᠤᠨ ᠤ᠋ ᠰᠤᠪᠤᠷᠭ᠎ᠠ ᠪᠠᠯᠭᠠᠰᠤᠨ ᠳ᠋ᠤ ᠪᠠᠢᠭ᠎ᠠ ᠤᠯᠠᠭᠠᠨ ᠪᠦᠯᠦᠭᠯᠡᠯ ᠤ᠋ᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ᠌ ᠬᠦᠷᠢᠶᠡᠯᠡᠩ ᠪᠤᠯ ᠮᠠᠯᠵᠢᠯᠭ᠎ᠠ ᠵᠢᠨ ᠪᠦᠬᠦ ᠶᠠᠪᠤᠴᠠ ᠵᠢᠨ ᠲᠤᠭᠠᠴᠢᠯᠠᠭᠰᠠᠨ ᠬᠠᠮᠢᠶᠠᠷᠤᠯᠳᠠ ᠡᠵᠡᠮᠳᠡᠯ ᠢ᠋ ᠪᠠᠶᠠᠯᠡᠬᠦᠯᠦᠭᠰᠡᠨ ᠦᠪᠤᠷ ᠮᠤᠩᠭᠤᠯ ᠤ᠋ᠨ ᠤᠳᠤ ᠦᠶ᠎ᠠ ᠵᠢᠨ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ ᠤ᠋ᠨ ᠨᠢᠬᠡ ᠪᠠᠢᠵᠤ᠂ ᠬᠦᠷᠢᠶᠡᠯᠡᠩ ᠤ᠋ᠨ ᠲᠥᠪ ᠦᠢᠯᠡᠳᠬᠡᠪᠦᠷᠢ ᠵᠢᠨ ᠰᠢᠰᠲ᠋ᠧᠮ ᠨᠢ ᠦᠬᠡᠷ ᠨᠢᠭᠡᠪᠦᠷᠢ ᠵᠢᠨ ᠡᠭᠦᠯᠳᠡᠷ ᠤᠳᠤᠮ᠂ ᠪᠠᠶ᠎ᠠ ᠪᠢᠯᠳᠠᠷ᠂ ᠨᠠᠰᠤ ᠰᠢᠳᠤ ᠵᠡᠷᠬᠡ ᠪᠠᠶ᠋ᠢᠳᠠᠯ ᠢ᠋ ᠦᠨᠳᠦᠰᠦᠯᠡᠨ ᠲᠤᠰᠬᠠᠶ ᠰᠢᠮ᠎ᠡ ᠲᠡᠵᠢᠭᠡᠯ ᠤ᠋ᠨ ᠨᠠᠶ᠋ᠢᠷᠠᠯᠭ᠎ᠠ ᠲᠣᠬᠢᠷᠠᠭᠤᠯᠵᠤ᠂ ᠣᠶᠤᠨᠳᠤ ᠮᠠᠰᠢᠨ ᠲᠦᠬᠦᠭᠡᠷᠦᠮᠵᠢ ᠨᠢ ᠨᠠᠷᠢᠨ ᠣᠨᠣᠴᠠᠲᠠᠶ ᠨᠠᠢᠷᠠᠭᠤᠯᠤᠭᠰᠠᠨ ᠬᠤᠢᠨ᠎ᠠ ᠰᠦᠷᠦᠭ ᠬᠤᠪᠢᠶᠠᠨ ᠲᠡᠵᠢᠭᠡᠵᠦ᠍᠂ ᠲᠡᠵᠢᠬᠡᠯ ᠪᠣᠷᠳᠣᠭ᠎ᠠ ᠵᠢᠨ ᠠᠰᠢᠭᠯᠠᠮᠵᠢ ᠵᠢ 30% ᠭᠠᠷᠤᠢ ᠪᠡᠷ ᠳᠡᠭᠡᠭᠰᠢᠯᠡᠭᠦᠯᠪᠠ᠃《ᠮᠠᠨ ᠤ᠋ ᠡᠨᠳᠡ ᠪᠦᠳᠦᠭᠦᠯᠢᠭ ᠪᠣᠷᠳᠣᠭ᠎ᠠ ᠡᠴᠡ ᠨᠠᠷᠢᠯᠢᠭ ᠪᠣᠷᠳᠣᠭ᠎ᠠ ᠬᠦᠷᠲᠡᠯᠡᠬᠢ ᠪᠤᠷᠳᠤᠭ᠎ᠠ ᠨᠠᠢᠷᠠᠭᠤᠯᠬᠤ ᠪᠦᠬᠦ ᠶᠠᠪᠤᠴᠠ ᠵᠢ ᠴᠥᠮ ᠲᠥᠪ ᠦᠢᠯᠡᠳᠬᠡᠪᠦᠷᠢ ᠵᠢᠨ ᠤᠶᠤᠨᠴᠢ ᠰᠢᠰᠲ᠋ᠧᠮ ᠡᠴᠡ ᠨᠢᠭᠡᠳᠦᠯᠲᠡᠶ ᠡᠵᠡᠮᠳᠡᠵᠤ᠂ ᠲᠡᠵᠢᠭᠡᠯ ᠪᠣᠷᠳᠣᠭ᠎ᠠ ᠵᠢᠨ ᠬᠡᠷᠡᠭᠴᠡᠭᠡᠨ ᠤ᠋ ᠬᠡᠮᠵᠢᠶ᠎ᠡ ᠪᠣᠯᠤᠨ ᠪᠣᠳᠠᠲᠠᠶ ᠲᠠᠵᠢᠬᠡᠯ ᠦᠭᠬᠦ ᠬᠡᠮᠵᠢᠶ᠎ᠡ ᠵᠢᠨ ᠵᠥᠷᠢᠶ᠎ᠡ ᠨᠢ ᠲᠤᠶ᠋ᠢᠯ ᠤ᠋ᠨ ᠪᠠᠭ᠎ᠠ ᠪᠠᠶ᠋ᠢᠵᠤ᠂ ᠴᠢᠨᠠᠭᠰᠢᠯᠠᠪᠠᠯ ᠦᠬᠡᠷ ᠨᠢᠭᠡᠪᠦᠷᠢ ᠵᠢᠨ ᠢᠳᠡᠰᠢᠯᠡᠬᠦ᠌ ᠬᠡᠮᠵᠢᠶ᠎ᠡ ᠪᠣᠯᠤᠨ ᠰᠢᠩᠭᠡᠭᠡᠯᠲᠡ ᠵᠢᠨ ᠨᠣᠷᠮ᠎ᠠ ᠵᠢ ᠴᠦ᠍ ᠣᠨᠣᠪᠴᠢᠲᠠᠶ ᠪᠤᠳᠤᠵᠤ ᠭᠠᠷᠭᠠᠵᠤ ᠲᠡᠢᠯᠳᠡᠭ》 ᠬᠡᠵᠦ ᠲᠤᠰ ᠬᠦᠷᠢᠶᠡᠯᠡᠩ ᠤ᠋ᠨ ᠬᠠᠷᠢᠭᠤᠴᠠᠯᠭᠠᠳᠠᠨ ᠵᠣᠣ ᡁᠢ ᠸᠧᠶ ᠲᠠᠨᠢᠯᠴᠠᠭᠤᠯᠤᠨ᠎ᠠ᠃

《ᠲᠤᠭᠠᠴᠢᠯᠠᠵᠤ ᠤᠶᠤᠨᠴᠢᠯᠠᠭᠰᠠᠨ ᠰᠢᠰᠲᠸᠮ ᠢ᠋ ᠬᠡᠷᠡᠭᠯᠡᠬᠦ ᠨᠢ ᠮᠢᠬᠠᠨ ᠤ᠋ ᠦᠬᠡᠷ ᠲᠦ᠍ 〈ᠬᠤᠪᠢ ᠵᠢᠨ ᠡᠮᠴᠢ᠂ ᠰᠢᠮ᠎ᠠ ᠲᠠᠵᠢᠬᠡᠯ ᠤ᠋ᠨ ᠮᠡᠷᠬᠡᠵᠢᠯᠳᠡᠨ〉 ᠲᠤᠬᠢᠷᠠᠭᠤᠯᠵᠤ ᠦᠭᠬᠦᠭᠰᠡᠨ ᠲᠠᠢ ᠠᠳᠠᠯᠢᠬᠠᠨ ᠪᠠᠢᠵᠤ᠂ ᠮᠢᠬᠠᠨ ᠤ᠋ ᠦᠬᠡᠷ ᠤ᠋ᠨ ᠪᠤᠳᠠᠭᠠᠯᠢ ᠪᠠᠶ᠎ᠠ ᠵᠢᠨ ᠮᠢᠬᠠᠨ ᠤ᠋ ᠭᠠᠷᠤᠯᠳᠠ ᠪᠠ ᠮᠢᠬᠠᠨ ᠤ᠋ ᠶᠠᠰᠤ ᠴᠢᠨᠠᠷ ᠢ᠋ ᠵᠡᠷᠬᠡ ᠪᠡᠷ ᠲᠠᠬᠡᠭᠰᠢᠯᠡᠬᠦᠯᠬᠦ ᠨᠢ ᠲᠠᠮᠵᠢᠭ ᠦᠬᠡᠢ᠃ ᠵᠢᠱ᠌ᠢᠶᠡᠯᠡᠪᠡᠯ ᠣᠶᠤᠨᠴᠢ ᠲᠡᠵᠢᠭᠡᠯ ᠪᠣᠷᠳᠣᠭᠠᠨ ᠤ᠋ ᠦᠢᠯᠡᠳᠪᠦᠷᠢ ᠨᠢ ᠮᠢᠬᠠᠨ ᠤ᠋ ᠦᠬᠡᠷ ᠤ᠋ᠨ ᠠᠳᠠᠯᠢ ᠪᠤᠰᠤ ᠥᠰᠦᠯᠲᠡ ᠵᠢᠨ ᠱᠠᠲᠤ ᠦᠶ᠎ᠡ ᠵᠢᠨ ᠰᠢᠮ᠎ᠡ ᠲᠡᠵᠢᠭᠡᠯ ᠤ᠋ᠨ ᠱᠠᠭᠠᠷᠳᠠᠯᠭ᠎ᠠ ᠳ᠋ᠤ ᠴᠢᠭᠯᠡᠭᠦᠯᠦᠨ ᠲᠠᠵᠢᠬᠡᠯ ᠪᠤᠷᠳᠤᠭᠠᠨ ᠤ᠋ ᠨᠠᠢᠷᠠᠯᠭ᠎ᠠ ᠶ᠋ᠢ ᠤᠶᠤᠨᠴᠢ ᠪᠡᠷ ᠲᠤᠬᠢᠷᠠᠭᠤᠯᠵᠦ᠂ ᠤᠭᠤᠷᠠᠭ ᠤ᠋ᠨ ᠠᠰᠢᠭᠯᠠᠮᠵᠢ ᠶ᠋ᠢ 8% ᠪᠠᠷ ᠨᠡᠮᠡᠭᠳᠡᠬᠦᠯᠤᠨ᠂ ᠲᠡᠵᠢᠭᠡᠯ ᠪᠤᠷᠳᠤᠭ᠎ᠠ ᠪᠤᠯᠤᠨ ᠮᠢᠬᠠᠯᠠᠬᠤ ᠬᠡᠮᠵᠢᠶ᠎ᠠ ᠶ᠋ᠢᠨ ᠬᠠᠷᠢᠴᠠᠯ (FCR) ᠢ᠋ 0.2 ᠨᠢᠭᠡᠴᠢ ᠰᠢᠯᠢᠳᠡᠭᠵᠢᠭᠦᠯᠵᠤ ᠲᠠᠢᠯᠤᠨ᠎ᠠ》ᠬᠡᠵᠤ ᠸᠠᠩ ᠹᠧᠩ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号