ᠤᠰᠤᠨ ᠠᠰᠢᠭ᠍ᠯᠠᠯᠲᠠ᠎ᠶᠢᠨ ᠶᠠᠮᠤᠨ 12 ᠤ᠋ᠨ ᠡᠳᠦᠷ ᠲᠤᠰᠬᠠᠢ ᠰᠡᠳᠦᠪᠲᠦ ᠵᠥᠪᠳᠡᠯᠴᠡᠭᠡ ᠬᠢᠵᠦ᠂ ᠡᠨᠡ ᠵᠢᠯ᠎ᠦᠨ 13 ᠳ᠋ᠤᠭᠠᠷ ᠨᠣᠮᠧᠷᠲᠤ ᠲᠠᠢᠹᠧᠩ ᠰᠠᠯᠬᠢ《ᠴᠠᠭᠠᠨ ᠭᠠᠬᠠᠢ ᠬᠠᠯᠢᠮᠤ 》 ᠶ᠋ᠢᠨ ᠦᠯᠡᠳᠡᠭᠳᠡᠯ ᠣᠷᠴᠢᠯ ᠤᠷᠤᠰᠬᠠᠯ ᠤᠨ ᠨᠥᠯᠥᠭᠡᠯᠡᠯ᠎ᠦᠨ ᠪᠠᠢᠳᠠᠯ᠎ᠢ ᠦᠷᠭᠦᠯᠵᠢᠯᠡᠨ ᠵᠠᠳᠠᠯᠵᠤ᠂ ᠲᠣᠪᠣᠢᠮ᠎ᠠ ᠲᠦᠭᠰᠢᠭᠦᠷᠢ᠎ᠶᠢ ᠭᠦᠨᠵᠡᠭᠡᠢ ᠰᠤᠳᠤᠯᠤᠨ ᠮᠠᠭᠠᠳᠯᠠᠵᠤ᠂ ᠲᠠᠢᠹᠧᠩ ᠰᠠᠯᠬᠢ ᠰᠢᠷᠦᠭᠦᠨ ᠪᠣᠷᠣᠭᠠᠨ ᠦᠶᠡᠷ᠎ᠢ ᠰᠡᠷᠭᠡᠢᠯᠡᠬᠦ ᠠᠵᠢᠯ᠎ᠢ ᠴᠢᠨᠠᠭᠰᠢᠳᠠ ᠲᠣᠬᠢᠷᠠᠭᠤᠯᠤᠨ ᠪᠠᠢᠷᠢᠯᠠᠭᠤᠯᠪᠠ᠃
ᠰᠤᠷᠪᠤᠯᠵᠢᠯᠠᠭ᠍ᠴᠢ᠎ᠶᠢᠨ ᠣᠢᠯᠠᠭᠠᠭᠰᠠᠨ᠎ᠢᠶᠠᠷ᠂ ᠲᠠᠢᠹᠧᠩ ᠰᠠᠯᠬᠢ《ᠴᠠᠭᠠᠨ ᠭᠠᠬᠠᠢ ᠬᠠᠯᠢᠮᠤ》 ᠬᠡᠳᠦᠢ ᠪᠡᠷ ᠳ᠋ᠤᠭᠠᠷᠯᠠᠬᠤ ᠵᠢ ᠵᠣᠭᠰᠣᠭᠰᠠᠨ ᠪᠣᠯᠪᠠᠴᠤ ᠲᠡᠭᠦᠨ ᠦ ᠦᠯᠡᠳᠡᠭᠳᠡᠯ ᠣᠷᠴᠢᠯ ᠤᠷᠤᠰᠬᠠᠯ ᠨᠢ ᠬᠦᠢᠲᠡᠨ ᠠᠭᠠᠷ᠎ᠲᠠᠢ ᠤᠶᠠᠯᠳᠤᠵᠤ᠂ ᠮᠥᠨ ᠬᠦ᠌ ᠶᠡᠬᠡ ᠬᠡᠪᠴᠢᠶᠡᠨ᠎ᠦ ᠦᠷᠭᠦᠯᠵᠢᠯᠡᠭᠰᠡᠨ ᠴᠢᠨᠠᠷᠲᠠᠢ ᠰᠢᠷᠦᠭᠦᠨ ᠪᠣᠷᠣᠭᠠᠨ᠎ᠢ ᠪᠣᠶ ᠪᠣᠯᠭᠠᠵᠤ᠂ ᠲᠠᠢ ᠬ᠍ᠤ ᠨᠠᠭᠤᠷ᠎ᠤᠨ ᠰᠠᠪᠠ ᠭᠠᠵᠠᠷ᠂ ᠬᠥᠬᠡᠮᠥ᠋ᠷᠡᠨ᠎ᠦ ᠳᠤᠮᠳᠠᠳᠤ ᠳᠣᠣᠷᠠᠳᠤ ᠤᠷᠤᠰᠬᠠᠯ᠂ ᠬᠤᠸᠠᠢᠾᠧ ᠭᠣᠣᠯ ᠤᠨ ᠰᠠᠪᠠ ᠭᠠᠵᠠᠷ᠎ᠤᠨ ᠪᠠᠷᠠᠭᠤᠨ ᠬᠡᠰᠡᠭ᠎ᠦᠨ ᠡᠮᠦᠨ᠎ᠠ ᠪᠡᠶ᠎ᠠ᠂ ᠬᠠᠲᠤᠨ ᠭᠣᠣᠯ᠎ᠤᠨ ᠳᠤᠮᠳᠠᠳᠤ ᠤᠷᠤᠰᠬᠠᠯ᠎ᠤᠨ ᠰᠢᠶᠤᠤ ᠯᠠᠩ ᠳᠢ — ᠬᠤᠸᠠ ᠶᠤᠸᠠᠨ ᠺᠸᠦ ᠵᠢᠨ ᠬᠡᠰᠡᠭ᠂ ᠬᠠᠢᠾᠧ ᠭᠣᠣᠯ᠎ᠤᠨ ᠰᠠᠪᠠ ᠭᠠᠵᠠᠷ ᠤᠨ ᠡᠮᠦᠨᠡᠲᠦ ᠬᠡᠰᠡᠭ᠂ ᠯᠢᠶᠣᠤᠾᠧ ᠭᠣᠣᠯ᠎ᠤᠨ ᠰᠠᠪᠠ ᠭᠠᠵᠠᠷ᠎ᠤᠨ ᠵᠡᠭᠦᠨ ᠬᠣᠢᠲᠤ ᠬᠡᠰᠡᠭ ᠢ ᠦᠷᠭᠦᠯᠵᠢᠯᠡᠨ ᠨᠥᠯᠥᠭᠡᠯᠡᠬᠦ ᠪᠣᠯᠣᠨ᠎ᠠ᠃ ᠤᠷᠢᠳᠴᠢᠯᠠᠭᠰᠠᠨ ᠮᠡᠳᠡᠭᠡ᠎ᠶᠢ ᠦᠨᠳᠦᠰᠦᠯᠡᠪᠡᠯ᠂ 8 ᠰᠠᠷ᠎ᠠ᠎ᠶᠢᠨ 12᠎ᠡᠴᠡ 16᠎ᠤ᠋ ᠡᠳᠦᠷ ᠪᠣᠯᠲᠠᠯ᠎ᠠ᠂ ᠲᠠᠢ ᠬ᠍ᠤ ᠨᠠᠭᠤᠷ ᠵᠢᠴᠢ ᠡᠷᠬᠢᠨ ᠲᠣᠭᠣᠷᠢᠨ ᠤ ᠭᠣᠣᠯ᠎ᠤᠨ ᠤᠷᠤᠰᠬᠠᠯ ᠦᠷᠭᠦᠯᠵᠢᠯᠡᠨ ᠰᠡᠷᠡᠮᠵᠢᠯᠡᠭᠦᠯᠦᠯ ᠡᠴᠡ ᠳᠠᠪᠠᠨ᠎ᠠ; ᠬᠥᠬᠡᠮᠥ᠋ᠷᠡᠨ ᠦ ᠳᠣᠣᠷᠠᠳᠤ ᠤᠷᠤᠰᠬᠠᠯ ᠤᠨ ᠰᠠᠯᠪᠤᠷᠢ ᠤᠷᠤᠰᠬᠠᠯ ᠪᠣᠯᠬᠤ ᠴᠦ ᠾᠧ ᠭᠣᠣᠯ᠂ ᠴᠤᠤ ᠬ᠍ᠤ ᠨᠠᠭᠤᠷ᠂ ᠬᠠᠨᠵᠢᠶᠠᠩ ᠮᠥᠷᠡᠨ ᠦ ᠳᠤᠮᠳᠠ ᠳᠣᠣᠷᠠᠳᠤ ᠤᠷᠤᠰᠬᠠᠯ᠎ᠤᠨ ᠭᠣᠣᠯ ᠤᠷᠤᠰᠬᠠᠯ᠂ ᠬᠤᠸᠠᠢᠾᠧ ᠭᠣᠣᠯ᠎ᠤᠨ ᠳᠡᠭᠡᠳᠦ ᠳᠤᠮᠳᠠᠳᠤ ᠤᠷᠤᠰᠬᠠᠯ᠎ᠤᠨ ᠭᠣᠣᠯ ᠤᠷᠤᠰᠬᠠᠯ ᠵᠢᠴᠢ ᠰᠠᠯᠪᠤᠷᠢ ᠤᠷᠤᠰᠬᠠᠯ᠎ᠤᠨ ᠫᠢ ᠾᠧ ᠭᠣᠣᠯ᠂ ᠬᠣᠩ ᠷᠦ ᠾᠧ ᠭᠣᠣᠯ᠂ ᠱᠠ ᠶᠢᠩ ᠾᠧ ᠭᠣᠣᠯ᠂ ᠭᠦᠸᠸ ᠾᠧ ᠭᠣᠣᠯ᠂ ᠬᠠᠢᠾᠧ ᠭᠣᠣᠯ᠎ᠤᠨ ᠰᠠᠪᠠ ᠭᠠᠵᠠᠷ᠎ᠤᠨ ᠸᠧᠢ ᠾᠧ ᠭᠣᠣᠯ ᠵᠡᠷᠭᠡ ᠭᠣᠣᠯ ᠪᠣᠯᠬᠤ ᠭᠣᠣᠯ ᠮᠥᠷᠡᠨ ᠨᠠᠭᠤᠷ ᠴᠥᠭᠥᠷᠥᠮ᠎ᠳᠦ ᠢᠯᠡᠳᠲᠡ ᠤᠰᠤᠨ ᠲᠦᠪᠰᠢᠨ ᠦᠰᠬᠦ ᠶᠠᠪᠤᠴᠠ ᠢᠯᠡᠷᠡᠵᠦ᠂ ᠡᠭᠦᠨ᠎ᠳᠦ ᠱᠠ ᠶᠢᠩ ᠾᠧ ᠭᠣᠣᠯ᠂ ᠬᠣᠩ ᠷᠦ ᠾᠧ ᠭᠣᠣᠯ᠂ ᠴᠦ ᠾᠧ ᠭᠣᠣᠯ᠎ᠳᠤ ᠳ᠋ᠤᠭᠠᠷᠯᠠᠭᠰᠠᠨ ᠦᠶᠡᠷ ᠭᠠᠷᠴᠦ᠂ ᠬᠤᠸᠠᠢᠾᠧ ᠭᠣᠣᠯ᠎ᠤᠨ ᠳᠤᠮᠳᠠᠳᠤ ᠤᠷᠤᠰᠬᠠᠯ᠎ᠤᠨ ᠭᠣᠣᠯ ᠤᠷᠤᠰᠬᠠᠯ᠂ ᠬᠠᠨᠵᠢᠶᠠᠩ ᠮᠥᠷᠡᠨ᠎ᠦ ᠳᠤᠮᠳᠠ ᠳᠣᠣᠷᠠᠳᠤ ᠤᠷᠤᠰᠬᠠᠯ᠎ᠤᠨ ᠭᠣᠣᠯ ᠤᠷᠤᠰᠬᠠᠯ ᠰᠡᠷᠭᠡᠢᠯᠡᠯᠲᠡ᠎ᠶᠢᠨ ᠤᠰᠤᠨ ᠲᠦᠪᠰᠢᠨ᠎ᠳᠦ ᠣᠢᠷᠠᠳᠬᠤ ᠪᠤᠯᠤᠨ᠎ᠠ; ᠰᠢᠷᠦᠭᠦᠨ ᠪᠣᠷᠣᠭᠠᠨ᠎ᠤ ᠣᠷᠣᠨ ᠤ ᠳᠣᠲᠣᠷᠠᠬᠢ ᠬᠡᠰᠡᠭ ᠳᠤᠮᠳᠠ ᠪᠠᠭ᠎ᠠ ᠭᠣᠣᠯ ᠮᠥᠷᠡᠨ᠎ᠳᠦ ᠰᠡᠷᠡᠮᠵᠢᠯᠡᠭᠦᠯᠤᠯ ᠡᠴᠡ ᠳᠠᠪᠠᠭᠰᠠᠨ ᠦᠶᠡᠷ᠎ᠦᠨ ᠭᠠᠮᠰᠢᠭ᠋ ᠭᠠᠷᠴᠤ ᠮᠡᠳᠡᠬᠦ ᠠᠶᠤᠯᠲᠠᠢ ᠪᠠᠢᠵᠤ᠂ ᠠᠭᠤᠯᠠᠨ ᠦᠶᠡᠷ᠎ᠦᠨ ᠭᠠᠮᠰᠢᠭ᠋ ᠤᠨ ᠲᠦᠭᠰᠢᠭᠦᠷᠢ ᠶᠡᠬᠡ ᠪᠠᠢᠨ᠎ᠠ᠃
ᠦᠶᠡᠷ᠎ᠦᠨ ᠪᠠᠢᠳᠠᠯ᠎ᠤᠨ ᠡᠮᠦᠨ᠎ᠡ᠂ ᠤᠰᠤᠨ ᠠᠰᠢᠭ᠍ᠯᠠᠯᠲᠠ᠎ᠶᠢᠨ ᠶᠠᠮᠤᠨ᠎ᠤ ᠬᠠᠮᠢᠶ᠎ᠠ ᠪᠦᠬᠦᠢ ᠬᠠᠷᠢᠭᠤᠴᠠᠯᠭᠠᠲᠠᠨ᠎ᠡᠴᠡ ᠲᠤᠯᠤᠭᠠᠨ ᠲᠠᠯ᠎ᠠ᠎ᠶᠢᠨ ᠭᠣᠣᠯᠳᠠᠯᠭ᠎ᠠ᠎ᠲᠠᠢ ᠠᠵᠢᠯ᠎ᠢ ᠰᠠᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠨᠢᠭᠡ᠎ᠳᠦ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ᠎ᠶᠢ ᠴᠢᠩᠭᠠᠳᠬᠠᠬᠤ ᠬᠡᠷᠡᠭᠲᠡᠢ᠂ ᠬᠣᠶᠠᠷ᠎ᠲᠤ ᠠᠭᠤᠯᠠᠨ ᠦᠶᠡᠷ᠎ᠦᠨ ᠭᠠᠮᠰᠢᠭ᠋᠎ᠢ ᠰᠡᠷᠭᠡᠢᠯᠡᠨ ᠬᠣᠷᠢᠭ᠍ᠯᠠᠬᠤ ᠠᠵᠢᠯ᠎ᠢ ᠲᠣᠪᠣᠢᠮ᠎ᠠ ᠰᠠᠢᠲᠤᠷ ᠠᠳᠬᠤᠬᠤ ᠬᠡᠷᠡᠭᠲᠡᠢ᠂ ᠭᠤᠷᠪᠠ᠎ᠳᠤ ᠰᠠᠪᠠ ᠭᠠᠵᠠᠷ ᠤᠨ ᠤᠰᠤᠨ᠎ᠤ ᠪᠠᠷᠢᠯᠭ᠎ᠠ᠎ᠶᠢᠨ ᠨᠢᠭᠡᠳᠦᠯᠲᠡᠢ ᠪᠥᠭᠡᠳ ᠬᠠᠮᠲᠤᠷᠠᠨ ᠲᠣᠬᠢᠷᠠᠭᠤᠯᠬᠤ᠎ᠶᠢ ᠴᠢᠩᠭᠠᠳᠬᠠᠬᠤ ᠬᠡᠷᠡᠭᠲᠡᠢ᠂ ᠳᠥᠷᠪᠡ᠎ᠳᠦ ᠤᠰᠤᠨ ᠴᠥᠭᠥᠷᠥᠮ᠎ᠦᠨ ᠦᠶᠡᠷ᠎ᠦᠨ ᠬᠤᠭᠤᠴᠠᠭ᠎ᠠ᠎ᠶᠢ ᠠᠮᠤᠷ ᠲᠦᠪᠰᠢᠨ ᠢᠶᠡᠷ ᠥᠩᠭᠡᠷᠡᠭᠦᠯᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠂ ᠲᠠᠪᠤ᠎ᠳᠤ ᠬᠠᠰᠢᠯᠭ᠎ᠠ ᠳᠠᠯᠠᠩ ᠢ ᠲᠣᠭᠣᠷᠢᠨ ᠪᠠᠢᠴᠠᠭᠠᠵᠤ ᠰᠡᠷᠭᠡᠢᠯᠡᠨ ᠬᠣᠷᠢᠭ᠍ᠯᠠᠬᠤ᠎ᠶᠢ ᠴᠢᠩᠭᠠᠳᠬᠠᠬᠤ ᠬᠡᠷᠡᠭᠲᠡᠢ᠂ ᠵᠢᠷᠭᠤᠭ᠎ᠠ ᠳᠤ ᠬᠣᠲᠠ ᠶᠢᠨ ᠭᠠᠳᠠᠨᠠᠬᠢ ᠦᠶᠡᠷ ᠤᠰᠤᠲᠤᠯ᠎ᠤᠨ ᠰᠡᠷᠭᠡᠢᠯᠡᠯᠲᠡ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠬᠦ ᠬᠡᠷᠡᠭᠲᠡᠢ᠂ ᠳᠣᠯᠣᠭ᠎ᠠ᠎ᠳᠤ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ᠎ᠤᠨ ᠪᠠᠷᠢᠯᠭ᠎ᠠ᠎ᠶᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠡᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 8 ᠰᠠᠷ᠎ᠠ᠎ᠶᠢᠨ 12᠎ᠤ᠋ᠨ ᠴᠠᠬᠢᠯᠭᠠᠨ ᠮᠡᠳᠡᠭᠡ)