ᠰᠤᠷᠪᠤᠯᠵᠢᠯᠠᠭ᠍ᠴᠢ ᠤᠰᠤᠨ ᠠᠰᠢᠭ᠍ᠯᠠᠯᠲᠠ᠎ᠶᠢᠨ ᠶᠠᠮᠤᠨ ᠡᠴᠡ ᠣᠢᠯᠠᠭᠠᠭᠰᠠᠨ᠎ᠢᠶᠠᠷ᠂ ᠬᠠᠲᠤᠨ ᠭᠣᠣᠯ ᠤᠨ ᠬᠠᠮᠤᠭ᠎ᠤᠨ ᠳᠣᠣᠷᠠᠳᠤ ᠤᠷᠤᠰᠬᠠᠯ᠎ᠳᠤ ᠪᠠᠢᠭ᠎ᠠ ᠤᠯᠤᠰ᠎ᠤᠨ ᠤᠰᠤᠨ ᠰᠢᠨᠵᠢᠯᠡᠭᠡᠨ᠎ᠦ ᠥᠷᠲᠡᠭᠡ — — ᠯᠢ᠎ᠶᠢᠨ ᠤᠰᠤᠨ ᠰᠢᠨᠵᠢᠯᠡᠭᠡᠨ᠎ᠦ ᠥᠷᠲᠡᠭᠡ ᠡᠴᠡ 12 ᠤ᠋ᠨ ᠡᠳᠦᠷ ᠬᠡᠮᠵᠢᠵᠦ ᠤᠯᠤᠭᠰᠠᠨ ᠳᠤᠬᠠᠢ᠎ᠶᠢᠨ ᠴᠠᠭ᠎ᠤᠨ ᠤᠷᠤᠰᠬᠠᠯ᠎ᠤᠨ ᠬᠡᠮᠵᠢᠶ᠎ᠡ ᠨᠢ ᠰᠧᠺᠦ᠋ᠨ᠋ᠳ᠋ ᠪᠦᠷᠢᠳᠦ 2030 ᠪᠣᠰᠣᠭ᠎ᠠ ᠳᠥᠷᠪᠡᠯᠵᠢᠨ ᠮᠧᠲᠷ ᠪᠠᠢᠪᠠ᠃ 1999 ᠣᠨ ᠡᠴᠡ ᠨᠠᠭᠠᠰᠢ ᠬᠠᠲᠤᠨ ᠭᠣᠣᠯ 27 ᠵᠢᠯ ᠳᠠᠷᠠᠭᠠᠯᠠᠨ ᠳᠠᠳᠠᠭᠤᠷᠠᠰᠢ ᠦᠭᠡᠢ ᠤᠷᠤᠰᠪᠠ᠃
ᠤᠰᠤᠨ ᠠᠰᠢᠭ᠍ᠯᠠᠯᠲᠠ᠎ᠶᠢᠨ ᠶᠠᠮᠤᠨ᠎ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠤᠰᠤᠨ ᠠᠰᠢᠭ᠍ᠯᠠᠯᠲᠠ᠎ᠶᠢᠨ ᠶᠠᠮᠤᠨ᠎ᠤ ᠬᠠᠲᠤᠨ ᠭᠣᠣᠯ᠎ᠤᠨ ᠤᠰᠤᠨ ᠠᠰᠢᠭ᠍ᠯᠠᠯᠲᠠ᠎ᠶᠢᠨ ᠵᠥᠪᠯᠡᠯ 1999 ᠣᠨ᠎ᠳᠤ ᠬᠠᠲᠤᠨ ᠭᠣᠣᠯ᠎ᠤᠨ ᠤᠰᠤᠨ᠎ᠤ ᠬᠡᠮᠵᠢᠶ᠎ᠡ᠎ᠶᠢ ᠨᠢᠭᠡᠳᠦᠯᠲᠡᠢ ᠲᠣᠬᠢᠷᠠᠭᠤᠯᠬᠤ ᠠᠵᠢᠯ᠎ᠢ ᠡᠬᠢᠯᠡᠭᠦᠯᠪᠡ᠃ 27 ᠵᠢᠯ᠎ᠦᠨ ᠲᠤᠷᠰᠢ᠂ ᠬᠠᠲᠤᠨ ᠭᠣᠣᠯ᠎ᠤᠨ ᠤᠰᠤᠨ᠎ᠤ ᠬᠡᠮᠵᠢᠶ᠎ᠡ᠎ᠶᠢᠨ ᠲᠣᠬᠢᠷᠠᠭᠤᠯᠤᠯᠲᠠ ᠨᠢ《ᠤᠷᠤᠰᠬᠠᠯ ᠲᠠᠳᠠᠭᠤᠷᠠᠬᠤ ᠦᠭᠡᠢ ᠤᠷᠤᠰᠬᠤ ᠶᠢ ᠦᠨᠡᠨ ᠬᠦ᠌ ᠪᠠᠲᠤᠯᠠᠬᠤ》ᠦᠨᠳᠦᠰᠦᠨ ᠬᠠᠷᠠᠯᠲᠠ ᠡᠴᠡ ᠡᠭᠦᠰᠴᠦ᠂ ᠠᠯᠬᠤᠮ ᠠᠯᠬᠤᠮ ᠢᠶᠠᠷ ᠣᠯᠠᠨ ᠬᠠᠷᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠨᠠᠷᠢᠯᠢᠭ᠋ ᠲᠣᠬᠢᠷᠠᠭᠤᠯᠵᠤ᠂ ᠡᠵᠢ ᠭᠣᠣᠯ᠎ᠢ ᠰᠠᠬᠢᠨ ᠬᠠᠮᠠᠭᠠᠯᠠᠬᠤ ᠭᠣᠣᠯ ᠲᠤᠯᠭᠠᠭᠤᠷᠢ ᠪᠣᠯᠤᠭᠰᠠᠨ ᠪᠠᠢᠨ᠎ᠠ ᠭᠡᠵᠦ ᠳᠠᠨᠢᠯᠴᠠᠭᠤᠯᠪᠠ᠃
ᠰᠤᠷᠪᠤᠯᠵᠢᠯᠠᠭ᠍ᠴᠢ᠎ᠶᠢᠨ ᠣᠢᠯᠠᠭᠠᠭᠰᠠᠨ᠎ᠢᠶᠠᠷ᠂ 2025 ᠣᠨ ᠡᠴᠡ 2026 ᠣᠨ ᠪᠣᠯᠲᠠᠯ᠎ᠠ ᠂ ᠬᠠᠲᠤᠨ ᠭᠣᠣᠯ᠎ᠤᠨ ᠰᠠᠪᠠ ᠭᠠᠵᠠᠷ᠎ᠤᠨ ᠭᠣᠣᠯ ᠪᠣᠯᠬᠤ ᠤᠰᠤ ᠢᠷᠡᠬᠦ ᠣᠷᠣᠨ᠎ᠤ ᠤᠰᠤ ᠨᠢ ᠨᠡᠶ᠋ᠢᠲᠡ 489.24 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠦ ᠬᠦᠷᠴᠦ᠂ ᠨᠡᠯᠢᠶᠡᠳ ᠣᠯᠠᠨ ᠵᠢᠯ᠎ᠦᠨ ᠳᠤᠮᠳᠠᠴᠢ ᠬᠡᠮᠵᠢᠭᠳᠡᠯ ᠡᠴᠡ 7% ᠪᠠᠷ ᠢᠯᠡᠭᠦᠦ ᠪᠣᠯᠵᠠᠢ᠃ ᠬᠠᠲᠤᠨ ᠭᠣᠣᠯ᠎ᠤᠨ ᠤᠰᠤᠨ ᠠᠰᠢᠭᠯᠠᠯᠳᠠ ᠵᠢᠨ ᠵᠥᠪᠯᠡᠯ ᠨᠢ ᠰᠠᠪᠠ ᠭᠠᠵᠠᠷ᠎ᠤᠨ ᠡᠯ᠎ᠡ ᠮᠤᠵᠢ ᠣᠷᠣᠨ ᠵᠢᠴᠢ ᠭᠣᠣᠯᠯᠠᠭ᠍ᠴᠢ ᠤᠰᠤᠨ ᠴᠥᠭᠥᠷᠥᠮ᠎ᠦᠨ ᠬᠠᠮᠢᠶᠠᠷᠤᠯᠲᠠ᠎ᠶᠢᠨ ᠨᠢᠭᠡᠴᠢ᠎ᠲᠠᠢ ᠬᠠᠮᠲᠤᠷᠠᠨ᠂ ᠤᠰᠤᠨ ᠠᠰᠢᠭ᠍ᠯᠠᠯᠲᠠ᠎ᠶᠢᠨ ᠶᠠᠮᠤᠨ᠎ᠤ ᠴᠣᠬᠣᠯᠠᠪᠤᠷᠢᠯᠠᠭᠰᠠᠨ ᠣᠨ᠎ᠤ ᠤᠰᠤᠨ᠎ᠤ ᠬᠡᠮᠵᠢᠶ᠎ᠡ᠎ᠶᠢ ᠲᠣᠬᠢᠷᠠᠭᠤᠯᠬᠤ ᠲᠥᠯᠥᠪᠯᠡᠭᠡ᠎ᠶᠢ ᠴᠢᠩᠭ᠎ᠠ ᠬᠡᠷᠡᠭᠵᠢᠭᠦᠯᠵᠦ᠂ ᠰᠠᠷ᠎ᠠ ᠳᠠᠷᠠᠭᠠᠯᠠᠨ᠂ ᠤᠰᠤ ᠬᠡᠷᠡᠭᠯᠡᠬᠦ ᠣᠷᠭᠢᠯ ᠬᠤᠭᠤᠴᠠᠭ᠎ᠠ᠎ᠶᠢ ᠠᠷᠪᠠ ᠬᠣᠨᠣᠭ ᠳᠠᠷᠠᠭᠠᠯᠠᠨ ᠲᠣᠬᠢᠷᠠᠭᠤᠯᠬᠤ ᠲᠥᠰᠥᠯ᠎ᠢ ᠦᠷᠭᠦᠯᠵᠢᠯᠡᠨ ᠰᠢᠯᠢᠳᠡᠭᠵᠢᠭᠦᠯᠵᠦ᠂ ᠪᠥᠬᠥ ᠭᠣᠣᠯ᠎ᠤᠨ ᠤᠰᠤ ᠬᠡᠷᠡᠭᠯᠡᠬᠦ ᠶᠠᠪᠤᠴᠠ᠎ᠶᠢ ᠨᠠᠷᠢᠯᠢᠭ᠍ᠵᠢᠭᠤᠯᠤᠨ ᠬᠠᠮᠢᠶᠠᠷᠤᠨ ᠡᠵᠡᠮᠳᠡᠵᠦ᠂ ᠬᠠᠲᠤᠨ ᠭᠣᠣᠯ᠎ᠤᠨ ᠭᠣᠣᠯ ᠤᠷᠤᠰᠬᠠᠯ᠎ᠤᠨ ᠪᠥᠬᠥ ᠶᠠᠪᠤᠴᠠ᠎ᠳᠤ ᠤᠷᠤᠰᠬᠠᠯ ᠲᠠᠰᠤᠷᠠᠬᠤ ᠵᠢᠴᠢ ᠤᠷᠤᠰᠬᠠᠯ᠎ᠤᠨ ᠬᠡᠮᠵᠢᠶ᠎ᠡ ᠪᠠᠭᠠᠰᠬᠤ᠎ᠶᠢ ᠤᠷᠢᠳᠴᠢᠯᠠᠨ ᠰᠡᠷᠡᠮᠵᠢᠯᠡᠭᠦᠯᠬᠦ ᠬᠡᠷᠡᠭ ᠭᠠᠷᠤᠭᠰᠠᠨ ᠦᠭᠡᠢ᠃
ᠠᠮᠢ ᠠᠬᠤᠢ ᠵᠢᠨ ᠤᠰᠤ ᠨᠥᠬᠥᠪᠦᠷᠢᠯᠡᠬᠦ ᠪᠠ ᠰᠠᠪᠠ ᠭᠠᠵᠠᠷ ᠠᠯᠤᠰᠯᠠᠨ ᠤᠰᠤ ᠲᠠᠲᠠᠬᠤ ᠲᠠᠯ᠎ᠠ᠎ᠪᠠᠷ᠂ ᠬᠠᠲᠤᠨ ᠭᠣᠣᠯ᠎ᠤᠨ ᠤᠰᠤᠨ ᠠᠰᠢᠠᠠᠯᠠᠯᠳᠠ ᠵᠢᠨ ᠵᠥᠪᠯᠡᠯ ᠭᠣᠣᠯ᠎ᠤᠨ ᠵᠠᠮ᠎ᠤᠨ ᠭᠠᠳᠠᠨᠠᠬᠢ ᠭᠣᠣᠯᠳᠠᠯᠭ᠎ᠠ᠎ᠲᠠᠢ ᠣᠷᠣᠨ ᠪᠦᠰᠡ᠎ᠶᠢᠨ ᠠᠮᠢ ᠠᠬᠤᠢ ᠵᠢᠨ ᠤᠰᠤ ᠨᠥᠬᠥᠪᠦᠷᠢᠯᠡᠬᠦ᠎ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ 2025 ᠣᠨ ᠡᠴᠡ 2026 ᠣᠨ ᠪᠣᠯᠲᠠᠯ᠎ᠠ ᠤᠯᠠᠭᠠᠨᠰᠤᠬᠠᠢ ᠨᠠᠭᠤᠷ᠎ᠲᠦ ᠠᠮᠢ ᠠᠬᠤᠢ ᠵᠢᠨ ᠤᠰᠤ᠎ᠶᠢ ᠨᠡᠶ᠋ᠢᠲᠡ 4.59 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠨᠥᠬᠥᠪᠦᠷᠢᠯᠡᠵᠦ᠂ ᠬᠠᠲᠤᠨ ᠭᠣᠣᠯ᠎ᠤᠨ ᠭᠣᠣᠯ᠎ᠤᠨ ᠠᠳᠠᠭ᠎ᠤᠨ ᠭᠤᠷᠪᠠᠯᠵᠢᠨ ᠬᠣᠢᠭ᠋᠎ᠲᠦ ᠠᠮᠢ ᠠᠬᠤᠢ ᠵᠢᠨ ᠤᠰᠤ᠎ᠶᠢ 2.16 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠨᠥᠬᠥᠪᠦᠷᠢᠯᠡᠪᠡ᠃ ᠡᠭᠦᠨ᠎ᠦ ᠬᠠᠮᠲᠤ᠂ ᠬᠠᠲᠤᠨ ᠭᠣᠣᠯ ᠡᠴᠡ ᠾᠧᠪᠧᠢ᠎ᠳᠦ 3.46 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠳᠤᠬᠢᠷᠠᠭᠤᠯᠤᠨ ᠲᠠᠲᠠᠵᠤ᠂ ᠡᠮᠦᠨᠡᠲᠦ᠎ᠶᠢᠨ ᠤᠰᠤ᠎ᠶᠢ ᠤᠮᠠᠷᠠᠰᠢ ᠲᠠᠲᠠᠬᠤ ᠵᠡᠭᠦᠨ ᠱᠤᠭᠤᠮ᠎ᠤᠨ ᠨᠢᠭᠡᠳᠦᠭᠡᠷ ᠬᠤᠭᠤᠴᠠᠭᠠᠨ᠎ᠤ ᠤᠮᠠᠷᠠᠰᠢ ᠤᠷᠳᠤᠳᠬᠠᠭᠰᠠᠨ ᠪᠠᠴᠢᠮ ᠪᠠᠢᠳᠠᠯ᠎ᠢ ᠠᠷᠭᠠᠴᠠᠭᠠᠬᠤ ᠤᠰᠤ ᠬᠠᠩᠭᠠᠬᠤ᠎ᠲᠠᠢ ᠬᠠᠮᠵᠢᠯᠴᠠᠨ᠂ 5 ᠵᠢᠯ ᠳᠠᠷᠠᠭᠠᠯᠠᠨ ᠪᠡᠭᠡᠵᠢᠩ ᠬᠠᠩᠵᠧᠦ᠎ᠶᠢᠨ ᠶᠡᠬᠡ ᠲᠠᠲᠠᠮᠠᠯ ᠭᠣᠣᠯ᠎ᠤᠨ ᠪᠥᠬᠥ ᠱᠤᠭᠤᠮ᠎ᠢᠶᠠᠷ ᠨᠡᠪᠲᠡᠷᠡᠬᠦ᠎ᠳᠦ ᠬᠦᠴᠦᠨ ᠨᠡᠮᠡᠷᠢᠯᠡᠵᠦ᠂ ᠤᠮᠠᠷᠠᠲᠤ ᠣᠷᠣᠨ᠎ᠤ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢᠨ ᠰᠡᠷᠭᠦᠯᠲᠡ᠎ᠳᠦ ᠲᠣᠭᠲᠠᠭᠤᠨ ᠤᠰᠤᠨ᠎ᠤ ᠡᠬᠢ ᠰᠤᠷᠪᠤᠯᠵᠢ᠎ᠶᠢᠨ ᠲᠤᠯᠭᠠᠭᠤᠷᠢᠯᠠᠯ ᠬᠠᠩᠭᠠᠪᠠ᠃
ᠡᠭᠦᠨ᠎ᠡᠴᠡ ᠭᠠᠳᠠᠨ᠎ᠠ᠂ ᠬᠠᠲᠤᠨ ᠭᠣᠣᠯ᠎ᠤᠨ ᠰᠠᠪᠠ ᠭᠠᠵᠠᠷ᠎ᠤᠨ ᠨᠢᠭᠡᠳᠦᠭᠡᠷ ᠪᠦᠯᠦᠭ᠎ᠦᠨ 18 ᠵᠤᠷᠪᠤᠰ ᠡᠵᠢ ᠭᠣᠣᠯ ᠢ ᠰᠡᠷᠭᠦᠭᠡᠬᠦ ᠠᠵᠢᠯᠯᠠᠭ᠎ᠠ᠎ᠶᠢᠨ ᠡᠭᠦᠷᠭᠡ᠎ᠶᠢ ᠪᠥᠬᠥ ᠲᠠᠯ᠎ᠠ᠎ᠪᠠᠷ ᠪᠡᠶᠡᠯᠡᠭᠦᠯᠵᠦ᠂ ᠬᠠᠷ᠎ᠠ ᠭᠣᠣᠯ ᠵᠡᠷᠭᠡ 5 ᠵᠤᠷᠪᠤᠰ ᠭᠣᠣᠯ ᠮᠥᠷᠡᠨ ᠪᠥᠬᠥ ᠤᠯᠤᠰ᠎ᠤᠨ ᠡᠵᠢ ᠭᠣᠣᠯ᠎ᠢ ᠰᠡᠷᠭᠦᠭᠡᠬᠦ ᠠᠵᠢᠯᠯᠠᠭ᠎ᠠ᠎ᠶᠢᠨ ᠨᠡᠢᠲᠡᠯᠢᠭ ᠬᠡᠷᠡᠭ ᠦᠨ ᠵᠢᠱ᠌ᠢᠶ᠎ᠡ᠎ᠳᠦ ᠰᠣᠩᠭᠣᠭᠳᠠᠪᠠ᠃ ᠬᠣᠶᠠᠳᠤᠭᠠᠷ ᠪᠦᠯᠦᠭ᠎ᠦᠨ 29 ᠵᠤᠷᠪᠤᠰ ᠭᠣᠣᠯ (ᠨᠠᠭᠤᠷ)᠎ᠢ᠋ ᠨᠢᠭᠡᠨᠲᠡ ᠰᠡᠷᠭᠦᠭᠡᠬᠦ ᠨᠡᠷᠡᠰ᠎ᠲᠦ ᠣᠷᠣᠭᠤᠯᠵᠤ᠂ 《ᠨᠢᠭᠡ ᠭᠣᠣᠯ ᠨᠢᠭᠡ ᠠᠷᠭ᠎ᠠ ᠪᠣᠳᠣᠯᠭ᠎ᠠ》᠎ᠶ᠋ᠢᠨ ᠲᠥᠰᠥᠯ᠎ᠢ ᠨᠠᠢᠷᠠᠭᠤᠯᠤᠨ ᠵᠣᠬᠢᠶᠠᠵᠤ ᠬᠢᠨᠠᠨ ᠬᠠᠷᠭᠤᠭᠤᠯᠬᠤ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂ ᠭᠣᠣᠯ ᠨᠠᠭᠤᠷ᠎ᠤᠨ ᠤᠰᠤᠨ ᠤ ᠠᠮᠢ ᠠᠬᠤᠢ᠎ᠶᠢ ᠵᠠᠰᠠᠨ ᠰᠡᠷᠭᠦᠭᠡᠬᠦ ᠪᠦᠷᠬᠦᠴᠡ᠎ᠶᠢ ᠦᠷᠭᠦᠯᠵᠢᠯᠡᠨ ᠥᠷᠭᠡᠳᠬᠡᠪᠡ᠃
ᠬᠠᠪᠤᠷ ᠵᠣᠨ᠎ᠤ ᠤᠰᠤᠯᠠᠯᠲᠠ᠎ᠶᠢᠨ ᠤᠰᠤ ᠬᠡᠷᠡᠭᠯᠡᠬᠦ ᠣᠷᠭᠢᠯ᠎ᠤᠨ ᠦᠶ᠎ᠡ᠎ᠳᠦ᠂ ᠬᠠᠲᠤᠨ ᠭᠣᠣᠯ᠎ᠤᠨ ᠤᠰᠤᠨ ᠠᠰᠢᠠᠠᠯᠠᠯᠳᠠ ᠵᠢᠨ ᠵᠥᠪᠯᠡᠯ ᠴᠠᠭ ᠲᠤᠬᠠᠢ ᠳ᠋ᠤᠨᠢ ᠲᠣᠬᠢᠷᠠᠭᠤᠯᠬᠤ ᠪᠠ ᠪᠠᠴᠢᠮ ᠪᠠᠢᠳᠠᠯ᠎ᠢ ᠠᠷᠭᠠᠴᠠᠭᠠᠬᠤ᠎ᠶᠢ ᠴᠢᠩᠭᠠᠳᠬᠠᠵᠤ᠂ ᠲᠣᠬᠢᠷᠠᠭᠤᠯᠬᠤ ᠶᠠᠪᠤᠴᠠ᠎ᠳᠤ ᠦᠶᠡᠷ᠎ᠢ ᠰᠡᠷᠭᠡᠢᠯᠡᠬᠦ᠂ ᠤᠰᠤ ᠬᠠᠩᠭᠠᠬᠤ᠂ ᠠᠮᠢ ᠠᠬᠤᠢ᠂ ᠴᠠᠬᠢᠯᠭᠠᠨ ᠭᠠᠷᠭᠠᠬᠤ ᠵᠡᠷᠭᠡ ᠣᠯᠠᠨ ᠬᠠᠷᠠᠯᠲᠠ᠎ᠶᠢᠨ ᠬᠡᠷᠡᠭᠴᠡᠭᠡ ᠶᠢ ᠬᠠᠮᠲᠤ ᠳ᠋ᠤᠨᠢ ᠬᠠᠷᠠᠭᠠᠯᠵᠠᠵᠤ᠂ ᠢᠨᠵᠧᠨᠧᠷᠢᠩ᠎ᠦᠨ ᠶᠡᠷᠦᠩᠬᠡᠢᠯᠡᠭᠰᠡᠨ ᠦᠷ᠎ᠡ ᠠᠰᠢᠭ᠋᠎ᠢ ᠬᠠᠮᠤᠭ ᠤᠨ ᠶᠡᠬᠡ ᠪᠣᠯᠭᠠᠪᠠ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 8 ᠰᠠᠷ᠎ᠠ᠎ᠶᠢᠨ 12 ᠤ᠋ᠨ ᠴᠠᠬᠢᠯᠭᠠᠨ ᠮᠡᠳᠡᠭᠡ )