ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠶᠠᠮᠤᠨ ᠬᠥᠬᠡᠬᠣᠲᠠ᠎ᠵᠢᠨ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠦᠢᠯᠡᠴᠢᠯᠡᠭᠡᠨ ᠤ᠋ ᠪᠠᠲᠤᠯᠠᠭ᠎ᠠ᠎ᠶᠢᠨ ᠠᠵᠢᠯ ᠎ᠢ ᠪᠠᠢᠴᠠᠭᠠᠨ ᠰᠤᠳᠤᠯᠪᠠ
2026-08-14 09:34:21
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ᠂ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠶᠠᠮᠤᠨ᠎ᠤ ᠦᠵᠡᠯ ᠰᠠᠨᠠᠭ᠎ᠠ ᠤᠯᠤᠰ ᠲᠥᠷᠥ ᠪᠠ ᠡᠷᠬᠡ ᠠᠰᠢᠭ᠋᠎ᠢ ᠬᠠᠮᠠᠭᠠᠯᠠᠬᠤ ᠵᠤᠷᠭᠠᠨ ᠤ᠋ ᠪᠠᠢᠴᠠᠭᠠᠨ ᠰᠤᠳᠤᠯᠬᠤ ᠳᠤᠭᠤᠢᠯᠠᠩ ᠬᠥᠬᠡᠬᠣᠲᠠ᠎ᠳᠤ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠦᠢᠯᠡᠴᠢᠯᠡᠭᠡᠨ ᠤ᠋ ᠪᠠᠲᠤᠯᠠᠭ᠎ᠠ᠎ᠶᠢᠨ ᠰᠢᠰᠲᠧᠮ᠎ᠦᠨ ᠪᠠᠢᠭᠤᠯᠤᠯᠲᠠ᠎ᠶᠢᠨ ᠠᠵᠢᠯ᠎ᠢ ᠪᠠᠢᠴᠠᠭᠠᠨ ᠰᠤᠳᠤᠯᠪᠠ᠃

ᠪᠠᠢᠴᠠᠭᠠᠨ ᠰᠤᠳᠤᠯᠬᠤ ᠳᠤᠭᠤᠢᠯᠠᠩ ᠤᠷᠢᠳ ᠬᠣᠵᠢᠳ ᠬᠥᠬᠡᠬᠣᠲᠠ᠎ᠶᠢᠨ ᠨᠡᠢᠭᠡᠮ ᠲᠣᠭᠣᠷᠢᠭ᠋᠎ᠤᠨ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠎ᠤᠨ ᠦᠢᠯᠡᠴᠢᠯᠡᠭᠡᠨ᠎ᠦ ᠥᠷᠲᠡᠭᠡ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠎ᠤᠨ ᠦᠢᠯᠡᠴᠢᠯᠡᠭᠡᠨ᠎ᠦ ᠥᠷᠲᠡᠭᠡ ᠳ᠋ᠤ ᠬᠦᠷᠴᠤ᠂ ᠦᠨᠳᠦᠰᠦᠨ ᠱᠠᠲᠤᠨ᠎ᠤ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠎ᠤᠨ ᠦᠢᠯᠡᠴᠢᠯᠡᠭᠡᠨ᠎ᠦ ᠥᠷᠲᠡᠭᠡ᠎ᠶᠢᠨ ᠠᠵᠢᠯᠯᠠᠭᠠᠨ᠂ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠢ ᠬᠠᠪᠰᠤᠷᠤᠨ ᠲᠡᠳᠬᠦᠵᠦ ᠬᠦᠴᠢᠷᠳᠡᠯ᠎ᠡᠴᠡ ᠠᠩᠭᠢᠵᠢᠷᠠᠭᠤᠯᠬᠤ᠂ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠎ᠤᠨ ᠠᠵᠢᠯ ᠣᠯᠵᠤ ᠦᠢᠯᠡᠰ ᠪᠤᠰᠬᠠᠬᠤ᠂ ᠠᠬᠠᠮᠠᠳ ᠴᠡᠷᠢᠭ ᠦᠨᠳᠦᠰᠦᠨ ᠱᠠᠲᠤᠨ᠎ᠤ ᠵᠠᠰᠠᠯᠲᠠ᠎ᠳᠤ ᠣᠷᠣᠯᠴᠠᠬᠤ᠂ ᠰᠤᠷᠭᠠᠭᠤᠯᠢ᠎ᠳᠤ ᠪᠠᠢᠭ᠎ᠠ ᠣᠶᠤᠲᠠᠳ ᠴᠡᠷᠢᠭ ᠤ᠋ᠨ ᠠᠯᠪᠠ᠎ᠡᠴᠡ ᠬᠠᠯᠠᠬᠳᠠᠵᠤ ᠰᠤᠷᠤᠯᠭ᠎ᠠ᠎ᠪᠠᠨ ᠰᠡᠷᠭᠦᠭᠡᠬᠦ ᠵᠡᠷᠭᠡ ᠭᠣᠣᠯᠳᠠᠯᠭ᠎ᠠ᠎ᠲᠠᠢ ᠠᠵᠢᠯ᠎ᠢ ᠥᠷᠨᠢᠭᠦᠯᠦᠭᠰᠡᠨ ᠪᠠᠢᠳᠠᠯ ᠢ᠋ ᠬᠦᠨᠵᠡᠭᠡᠢ ᠤᠢᠯᠠᠭᠠᠵᠠᠢ᠃

ᠪᠠᠢᠴᠠᠭᠠᠨ ᠰᠤᠳᠤᠯᠬᠤ ᠳᠤᠭᠤᠢᠯᠠᠩ᠂ ᠰᠢᠨ᠎ᠡ ᠴᠠᠭ ᠦᠶ᠎ᠡ᠎ᠶᠢᠨ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠎ᠤᠨ ᠠᠵᠢᠯ᠎ᠢ ᠰᠠᠢᠲᠤᠷ ᠬᠢᠬᠦ᠎ᠶᠢ 《ᠲᠦᠷᠪᠡᠨ ᠤᠬᠠᠮᠰᠠᠷ》 ᠵᠢᠡᠨ ᠴᠢᠩᠭᠠᠳᠬᠠᠬᠤ᠂ 《ᠲᠦᠷᠪᠡᠨ ᠢᠲᠡᠭᠡᠯ》 ᠵᠢᠡᠨ ᠪᠠᠲᠤᠳᠬᠠᠬᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ ᠠᠮᠢᠳᠤᠯᠢᠭ᠋ ᠦᠢᠯᠡᠳᠦᠯᠭᠡ ᠪᠣᠯᠭᠠᠬᠤ ᠬᠡᠷᠡᠭᠲᠡᠢ᠃ 《ᠦᠢᠯᠡᠴᠢᠯᠡᠬᠦ》 ᠭᠣᠣᠯ ᠡᠭᠦᠷᠭᠡ ᠴᠢᠳᠠᠪᠬᠢ᠎ᠶᠢ ᠪᠠᠲᠤ ᠡᠵᠡᠮᠳᠡᠵᠦ᠂ ᠦᠢᠯᠡᠴᠢᠯᠡᠭᠡᠨ᠎ᠦ ᠠᠴᠢᠶᠠᠯᠠᠪᠤᠷᠢ᠎ᠶᠢ ᠰᠢᠨᠡᠴᠢᠯᠡᠵᠦ᠂ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠶᠢ ᠪᠠᠶᠠᠯᠢᠭ᠍ᠵᠢᠭᠤᠯᠵᠤ᠂ ᠥᠷᠭᠡᠨ ᠤᠯᠠᠨ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠎ᠲᠤ ᠨᠠᠷᠢᠯᠢᠭ᠋ ᠣᠨᠣᠴᠠᠲᠠᠢ ᠥᠨᠳᠥᠷ ᠪᠦᠲᠦᠮᠵᠢᠲᠡᠢ ᠳᠥᠭᠥᠮ ᠳᠥᠲᠡ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号