8 ᠰᠠᠷ᠎ᠠ᠎ᠶ᠋ᠢᠨ 13᠎ᠤ᠋ ᠡᠳᠦᠷ᠂ 2026 ᠣᠨ᠎ᠤ ᠠᠽᠢᠶ᠎ᠠ
ᠲᠢᠪ ᠬᠤᠨᠳᠠᠭᠠᠲᠤ᠌ ᠵᠠᠯᠠᠭᠤᠴᠤᠳ᠎ᠤᠨ ᠪᠤᠢᠺᠤ ᠪᠥᠮᠪᠦᠭᠡ᠎ᠶ᠋ᠢᠨ ᠤᠷᠤᠯᠳᠤᠭᠠᠨ᠎ᠤ ᠰᠣᠨᠢᠨ ᠮᠡᠳᠡᠭᠡ ᠨᠡᠢᠲᠡᠯᠡᠬᠦ᠌
ᠬᠤᠷᠠᠯ ᠬᠦᠬᠡᠬᠤᠳᠠ ᠳ᠋ᠦ ᠬᠤᠷᠠᠯᠳᠤᠵᠦ᠂ ᠤᠷᠤᠯᠳᠤᠭᠠᠨ᠎ᠤ ᠪᠠᠢᠳᠠᠯ᠂ ᠤᠷᠤᠯᠳᠤᠭᠠᠨ᠎ᠤ logo ᠵᠢᠴᠢ ᠵᠢᠷᠤᠭ ᠲᠥᠯᠦᠪᠯᠡᠭᠡ᠎ᠶ᠋ᠢᠨ ᠣᠢᠯᠠᠭᠠᠭᠳᠠᠬᠤᠨ᠂
ᠭᠣᠤᠯ ᠵᠢᠷᠤᠭ ᠳᠦᠷᠰᠦ ᠪᠠ ᠥᠯᠵᠡᠢᠲᠦ ᠠᠮᠢᠳᠠᠨ ᠵᠡᠷᠭᠡ᠎ᠶ᠋ᠢ ᠨᠡᠢᠲᠡᠯᠡᠪᠡ᠃
ᠠᠽᠢᠶ᠎ᠠ ᠲᠢᠪ ᠬᠤᠨᠳᠠᠭᠠᠲᠤ᠌ ᠵᠠᠯᠠᠭᠤᠴᠤᠳ᠎ᠤᠨ ᠪᠤᠢᠺᠤ
ᠪᠥᠮᠪᠦᠭᠡ᠎ᠶ᠋ᠢᠨ ᠤᠷᠤᠯᠳᠤᠭᠠᠨ 9 ᠰᠠᠷ᠎ᠠ᠎ᠶ᠋ᠢᠨ 4 — 13᠎ᠤ᠋ ᠡᠳᠦᠷ ᠪᠣᠯᠲᠠᠯ᠎ᠠ ᠬᠥᠯᠦᠨ ᠪᠤᠢᠷ ᠬᠤᠳᠠ᠎ᠶ᠋ᠢᠨ
ᠮᠣᠷᠢᠨᠳᠠᠪᠠᠭ᠎ᠠ᠎ᠶ᠋ᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤᠨ ᠳ᠋ᠦ ᠶᠠᠪᠤᠭᠳᠠᠬᠤ ᠪᠣᠯᠤᠨ᠎ᠠ᠂
ᠡᠨᠡ᠎ᠨᠢ ᠠᠽᠢᠶ᠎ᠠ ᠲᠢᠪ᠎ᠦᠨ ᠵᠠᠯᠠᠭᠤᠴᠤᠳ ᠤ᠋ᠨ ᠬᠠᠮᠤᠭ᠎ᠤᠨ ᠥᠨᠳᠦᠷ ᠬᠢᠷᠢ ᠲᠦᠪᠰᠢᠨ ᠪᠦᠬᠦᠢ ᠲᠢᠪ
ᠠᠯᠤᠰᠯᠠᠬᠰᠠᠨ ᠪᠤᠢᠺᠤ ᠪᠥᠮᠪᠦᠭᠡ᠎ᠶ᠋ᠢᠨ ᠤᠷᠤᠯᠳᠤᠭᠠᠨ ᠪᠣᠯᠤᠨ᠎ᠠ᠃ ᠤᠷᠤᠯᠳᠤᠭᠠᠨ᠎ᠳᠦ ᠪᠧᠩᠭᠠᠯ ᠤᠯᠤᠰ᠂ ᠮᠠᠯᠠᠢᠰᠢᠶ᠎ᠠ᠂
ᠫᠠᠺᠢᠰᠲ᠋ᠠᠨ᠂ ᠳᠤᠮᠳᠠᠳᠤ ᠤᠯᠤᠰ᠂ ᠺᠠᠽᠠᠭᠰᠲ᠋ᠠᠨ᠂ ᠺᠣᠷᠢᠶᠠ᠂ ᠡᠨᠡᠳᠭᠡᠭ ᠵᠡᠷᠭᠡ ᠤᠯᠤᠰ᠎ᠤᠨ 20 ᠪᠥᠮᠪᠦᠭᠡᠨ ᠠᠩᠭᠢ
ᠮᠤᠷᠢᠨᠳᠠᠪᠠᠭ᠎ᠠ ᠬᠣᠰᠢᠭᠤᠨ᠎ᠳᠤ 58 ᠲᠠᠯᠠᠪᠠᠢ ᠰᠢᠷᠦᠭᠦᠨ ᠦᠷᠢᠰᠦᠯᠳᠦᠭᠡᠨ ᠶᠠᠪᠤᠭᠤᠯᠬᠤ ᠪᠣᠯᠤᠨ᠎ᠠ᠃
ᠤᠷᠤᠯᠳᠤᠭᠠᠨ᠎ᠤ ᠬᠤᠭᠤᠴᠠᠭᠠᠨ᠎ᠳᠤ ᠪᠤᠢᠺᠤ ᠪᠥᠮᠪᠦᠭᠡ᠎ᠶ᠋ᠢᠨ
ᠤᠷᠠᠨ ᠰᠠᠶ᠋ᠢᠬᠠᠨ᠎ᠤ ᠲᠣᠭᠯᠠᠯᠲᠠ᠂ 《ᠤᠷᠤᠯᠳᠤᠭᠠᠨ᠎ᠢ ᠳᠠᠭᠠᠵᠤ
ᠵᠢᠭᠤᠯᠴᠢᠯᠠᠬᠤ》᠂ 《ᠰᠣᠶᠤᠯ ᠵᠢᠭᠤᠯᠴᠢᠯᠠᠯ
ᠪᠡᠶ᠎ᠡ᠎ᠶ᠋ᠢᠨ ᠲᠠᠮᠢᠷ᠎ᠤᠨ ᠠᠭᠤᠰᠤᠯᠴᠠᠯ᠎ᠤᠨ ᠰᠣᠳᠤᠨ ᠵᠠᠮ ᠱᠤᠭᠤᠮ》 ᠪᠠ 《ᠮᠣᠷᠢᠨᠳᠠᠪᠠᠭ᠎ᠠ᠎ᠶ᠋ᠢᠨ ᠪᠣᠳᠠᠰ᠎ᠤᠨ ᠪᠤᠰᠤ ᠰᠣᠶᠤᠯ᠎ᠤᠨ ᠥᠪ᠎ᠤᠨ ᠰᠤᠳᠤᠯᠤᠨ ᠰᠤᠷᠤᠯᠴᠠᠬᠤ
ᠵᠢᠭᠤᠯᠴᠢᠯᠠᠯ》 ᠵᠡᠷᠭᠡ ᠰᠣᠳᠤᠨ ᠵᠢᠭᠤᠯᠴᠢᠯᠠᠯ᠎ᠤᠨ ᠪᠦᠳᠦᠭᠡᠭᠳᠡᠬᠦᠨ ᠭᠠᠷᠭᠠᠵᠤ᠂
ᠥᠷᠭᠡᠨ ᠣᠯᠠᠨ ᠬᠤᠲᠠ᠎ᠶ᠋ᠢᠨ ᠠᠷᠠᠳ ᠪᠠ ᠵᠢᠭᠤᠯᠴᠢᠯᠠᠬᠰᠠᠳ ᠲᠤ᠌ ᠪᠣᠳᠠᠰ᠎ᠤᠨ ᠪᠤᠰᠤ ᠰᠣᠶᠤᠯ᠎ᠤᠨ ᠥᠪ᠎ᠢ ᠪᠡᠶᠡᠴᠢᠯᠡᠨ
ᠤᠢᠯᠠᠭᠠᠬᠤ᠂ ᠠᠮᠲᠠᠲᠤ᠌ ᠢᠳᠡᠭᠡᠨ᠎ᠢ ᠠᠮᠲᠠᠯᠠᠬᠤ᠂ ᠪᠠᠶ᠋ᠢᠭᠠᠯᠢ᠎ᠶ᠋ᠢᠨ ᠦᠩᠭᠡ ᠦᠵᠡᠮᠵᠢ᠎ᠶ᠋ᠢ ᠰᠤᠨᠢᠷᠬᠠᠬᠤ ᠵᠠᠪᠰᠢᠶᠠᠨ
ᠬᠠᠩᠭᠠᠨ᠎ᠠ᠃