ᠰᠤᠷᠪᠤᠯᠵᠢᠯᠠᠭᠴᠢ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ ᠡᠴᠡ ᠤᠢᠯᠠᠭᠠᠭᠰᠠᠨ ᠵᠢᠡᠷ᠂ 8 ᠰᠠᠷ᠎ᠠ᠎ᠶ᠋ᠢᠨ 3 — 6 ᠤ᠋ ᠡᠳᠦᠷ ᠪᠣᠯᠲᠠᠯ᠎ᠠ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ᠎ᠡᠴᠡ《ᠬᠠᠮᠤᠭ᠎ᠤᠨ ᠭᠤᠶᠤ ᠭᠡᠷ ᠪᠦᠯᠢ》᠂《ᠲᠠᠪᠤᠨ ᠰᠠᠶ᠋ᠢᠨᠲᠠᠢ ᠭᠡᠷ ᠪᠦᠯᠢ》᠂ 《ᠬᠠᠪᠤᠷ ᠤᠨ ᠴᠣᠮᠤᠷᠯᠢᠭ ᠡᠮᠡᠭᠲᠡᠶ᠋ᠢᠴᠦᠳ ᠬᠡᠦᠬᠡᠳ》 ᠤ᠋ᠨ ᠭᠡᠷ ᠪᠦᠯᠢ᠎ᠵᠢᠨ ᠬᠢᠨ ᠵᠢᠡᠷ ᠪᠦᠷᠢᠯᠳᠦᠭᠰᠡᠨ 31 ᠬᠥᠮᠦᠨ ᠢ ᠵᠤᠬᠢᠶᠠᠨ ᠪᠠᠢᠭᠤᠯᠵᠤ᠂ 10 ᠲᠤᠭᠤᠢᠯᠠᠩ ᠬᠤᠪᠢᠶᠠᠨ ᠮᠤᠩᠭᠤᠯ ᠤᠯᠤᠰ ᠤᠨ ᠤᠯᠠᠭᠠᠨᠪᠠᠭᠠᠲᠤᠷ ᠬᠤᠲᠠ᠎ᠳᠤ ᠬᠦᠷᠴᠦ᠍᠂ ᠳᠤᠮᠳᠠᠳᠤ ᠮᠣᠩᠭᠤᠯ᠎ᠤᠨ ᠭᠡᠷ ᠪᠦᠯᠢ᠎ᠶ᠋ᠢᠨ ᠰᠣᠯᠢᠯᠴᠠᠭ᠎ᠠ ᠬᠢᠵᠦ᠍ ᠬᠠᠷᠢᠯᠴᠠᠨ ᠠᠶ᠋ᠢᠯᠴᠢᠯᠠᠬᠤ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ᠎ᠶ᠋ᠢᠨ ᠬᠤᠭᠤᠴᠠᠭᠠᠨ᠎ᠳᠤ ᠥᠪᠡᠷᠲᠡᠭᠡᠨ ᠵᠠᠰᠠᠬᠤ ᠣᠷᠤᠨ ᠤ ᠡᠮᠡᠭᠲᠡᠶ᠋ᠢᠴᠦᠳ᠎ᠤᠨ ᠬᠤᠯᠪᠤᠭ᠎ᠠ ᠬᠢᠭᠡᠳ ᠮᠣᠩᠭᠤᠯ ᠤᠯᠤᠰ᠎ᠤᠨ ᠡᠮᠡᠭᠲᠡᠶ᠋ᠢᠴᠦᠳ᠎ᠤᠨ ᠬᠤᠯᠪᠤᠭ᠎ᠠ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ᠎ᠤ ᠠᠭᠤᠯᠤᠭᠳᠠᠬᠤᠨᠵᠢᠡᠨ ᠴᠢᠨᠠᠭᠰᠢᠳᠠ ᠪᠠᠶᠠᠯᠢᠭᠵᠢᠭᠤᠯᠵᠤ᠂ ᠭᠡᠷ ᠪᠦᠯᠢ ᠶ᠋ᠢᠨ ᠬᠤᠭᠤᠷᠤᠨᠳᠤᠬᠢ ᠬᠠᠷᠢᠯᠴᠠᠨ ᠠᠶ᠋ᠢᠯᠴᠢᠯᠠᠨ ᠰᠣᠯᠢᠯᠴᠠᠬᠤ ᠪᠠᠢᠩᠭᠤ ᠵᠢᠨ ᠲᠣᠭᠲᠠᠴᠠ ᠶ᠋ᠢ ᠰᠦᠪᠡᠭᠴᠢᠯᠡᠨ ᠪᠠᠶ᠋ᠢᠭᠤᠯᠬᠤ ᠲᠤᠬᠠᠢ ᠬᠠᠮᠲᠤ᠎ᠶ᠋ᠢᠨ ᠲᠠᠨᠢᠯᠲᠠ᠎ᠲᠠᠢ ᠪᠣᠯᠵᠠᠢ᠃ ᠶᠠᠷᠢᠯᠴᠠᠬᠤ ᠬᠤᠷᠠᠯ ᠳᠡᠭᠡᠷ᠎ᠡ ᠬᠤᠶᠠᠷ ᠤᠯᠤᠰ᠎ᠤᠨ ᠭᠡᠷ ᠪᠦᠯᠢ᠎ᠶ᠋ᠢᠨ ᠲᠥᠯᠦᠭᠡᠯᠡᠭᠴᠢ ᠭᠡᠷ᠎ᠤᠨ ᠬᠦᠮᠦᠵᠢᠯ ᠭᠡᠷ᠎ᠤᠨ ᠰᠤᠷᠲᠠᠯ᠎ᠢ ᠤᠯᠠᠮᠵᠢᠯᠠᠨ ᠪᠠᠳᠠᠷᠠᠭᠤᠯᠬᠤ ᠵᠡᠷᠭᠡ ᠭᠤᠤᠯ ᠰᠡᠳᠦᠪ᠎ᠤᠨ ᠲᠣᠭᠤᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠵᠠᠢ᠃ ᠣᠷᠳᠤᠰ ᠬᠤᠲᠠ ᠶ᠋ᠢᠨ ᠳᠠᠯᠠᠳ ᠬᠤᠰᠢᠭᠤᠨ ᠠᠴᠠ ᠢᠷᠡᠭᠰᠡᠨ 《ᠪᠥᠬᠦ᠌ ᠤᠯᠤᠰ᠎ᠤᠨ ᠬᠠᠮᠤᠭ᠎ᠤᠨ ᠭᠤᠶᠤ ᠬᠡᠷ ᠪᠦᠯᠢ》 ᠶ᠋ᠢᠨ ᠲᠥᠯᠦᠭᠡᠯᠡᠭᠴᠢ ᠯᠢᠶᠠᠩ ᠠᠢ ᠯᠢ ᠠᠷᠪᠠᠨ ᠲᠠᠪᠤᠨ ᠵᠢᠯ ᠨᠠᠰᠤᠲᠠᠶ᠋ᠢᠴᠤᠳ ᠤᠨ ᠨᠡᠶ᠋ᠢᠲᠡ᠎ᠶ᠋ᠢᠨ ᠪᠠᠶ᠋ᠢᠷᠢ ᠡᠵᠡᠩᠨᠡᠵᠦ᠍᠂ ᠨᠠᠰᠤᠲᠠᠨ᠎ᠢᠶᠠᠨ ᠠᠴᠢᠯᠠᠬᠤ᠂ ᠲᠥᠷᠦᠯ ᠰᠠᠳᠤᠨ ᠵᠢᠨᠨ ᠬᠠᠶ᠋ᠢᠷᠠᠯᠠᠬᠤ ᠡᠳᠦᠷ ᠲᠤᠲᠤᠮ ᠤᠨ ᠦᠯᠢᠭᠡᠷ᠎ᠢᠶᠠᠨ ᠬᠤᠪᠢᠶᠠᠯᠴᠠᠵᠤ᠂ ᠲᠤᠬᠠᠢ ᠵᠢᠨ ᠲᠠᠯᠠᠪᠠᠢ ᠵᠢᠨ ᠬᠦᠮᠦᠰ ᠢ ᠳᠣᠭᠳᠤᠯᠤᠭᠤᠯᠪᠠ᠃
ᠤᠯᠤᠰ᠎ᠤᠨ ᠡᠬᠦᠳᠡᠨ᠎ᠠᠴᠠ ᠭᠠᠷᠤᠭᠰᠠᠨ ᠥᠩᠭᠡᠷᠡᠯᠲᠡ᠎ᠨᠢ ᠭᠡᠷ ᠪᠦᠯᠢ ᠨᠢᠭᠡᠪᠦᠷᠢ᠎ᠳᠦ ᠴᠦᠮ ᠭᠦᠨ ᠲᠥᠷᠦᠭᠳᠡᠯᠦᠯᠡᠳᠡᠭᠡᠭᠰᠡᠨ ᠪᠠᠢᠯ᠎ᠠ᠃ ᠪᠤᠭᠤᠲᠤ᠌ ᠬᠣᠲᠠ᠎ᠠᠴᠠ ᠢᠷᠡᠭᠰᠡᠨ ᠭᠤᠤ ᠵᠢᠩ ᠰᠢᠤᠸᠠᠨ ᠪᠢᠴᠢᠬᠠᠨ ᠨᠠᠢᠵᠢ ᠡᠨᠡ ᠤᠳᠠᠭ᠎ᠠ ᠭᠠᠳᠠᠭᠰᠢ ᠭᠠᠷᠤᠭᠠᠳ ᠨᠡᠩ ᠶᠡᠬᠡ ᠶᠢᠷᠲᠢᠨᠴᠦ᠎ᠶ᠋ᠢ ᠬᠠᠷᠠᠵᠤ᠂ ᠨᠡᠩ ᠤᠯᠠᠨ ᠮᠡᠳᠡᠯᠭᠡ ᠰᠤᠷᠤᠬᠰᠠᠨ ᠮᠦᠷᠳᠡᠭᠡᠨ ᠬᠠᠷᠢ ᠤᠯᠤᠰ᠎ᠤᠨ ᠨᠠᠢᠵᠢ ᠨᠦᠬᠦᠳ ᠲᠠᠢ ᠪᠣᠯᠵᠠᠢ ᠭᠡᠪᠡ᠃ ᠰᠢᠯᠢ᠎ᠶ᠋ᠢᠨ ᠭᠤᠤᠯ ᠠᠶ᠋ᠢᠮᠠᠭ᠎ᠠᠴᠠ ᠢᠷᠡᠭᠰᠡᠨ ᠥᠪᠡᠷᠲᠡᠭᠡᠨ ᠵᠠᠰᠠᠬᠤ ᠣᠷᠤᠨ᠎ᠤ ᠬᠠᠮᠤᠭ᠎ᠤᠨ ᠭᠤᠶᠤ ᠭᠡᠷ ᠪᠦᠯᠢ᠎ᠶ᠋ᠢᠨ ᠲᠥᠯᠦᠭᠡᠯᠡᠭᠴᠢ ᠴᠢᠯᠠᠭᠤᠨᠴᠡᠴᠡᠭ ᠮᠠᠯᠵᠢᠬᠤ ᠣᠷᠤᠨ᠎ᠠᠴᠠ ᠢᠷᠡᠭᠰᠡᠨ ᠦᠨᠳᠦᠰᠦᠨ ᠱᠠᠲᠤᠨ᠎ᠤ ᠡᠮᠡᠭᠲᠡᠢ ᠺᠠᠳ᠋ᠷ ᠪᠣᠯᠤᠭᠰᠠᠨ᠎ᠤ ᠬᠤᠪᠢ᠎ᠳᠤ ᠬᠡᠷ ᠪᠦᠯᠢ ᠵᠢᠨ ᠲᠦᠯᠦᠭᠡᠯᠡᠭᠴᠢ ᠪᠡᠷ ᠤᠯᠤᠰ᠎ᠤᠨ ᠡᠭᠦᠳᠡᠨ᠎ᠠᠴᠠ ᠭᠠᠷᠤᠬᠰᠠᠨ ᠳ᠋ᠠᠭᠠᠨ ᠮᠠᠰᠢ ᠣᠮᠤᠭᠰᠢᠵᠤ ᠪᠠᠢᠨ᠎ᠠ᠂ ᠤᠯᠠᠭᠠᠨᠪᠠᠭᠠᠲᠤᠷ ᠬᠤᠳᠠ ᠵᠢᠨ ᠨᠡᠶ᠋ᠢᠭᠡᠮ ᠲᠣᠭᠤᠷᠢᠭ ᠪᠣᠯᠤᠨ ᠰᠤᠷᠭᠠᠭᠤᠯᠢ ᠨᠤᠭᠤᠳ ᠡᠴᠡ ᠡᠮᠡᠭᠲᠡᠶ᠋ᠢᠴᠦᠳ ᠬᠡᠦᠬᠡᠳ᠎ᠤᠨ ᠠᠵᠢᠯ᠎ᠤᠨ ᠪᠠᠶ᠋ᠢᠳᠠᠯ᠎ᠢ ᠤᠢᠯᠠᠭᠠᠵᠤ᠂ ᠤᠯᠠᠨ ᠰᠠᠶ᠋ᠢᠨ ᠲᠤᠷᠰᠢᠯᠭ᠎ᠠ ᠵᠢ ᠰᠤᠷᠤᠯᠴᠠᠯ᠎ᠠ᠂ ᠡᠳᠡᠭᠡᠷ ᠤᠯᠤᠯᠳᠠ ᠲᠦᠷᠦᠭᠳᠡᠯ ᠵᠢᠡᠨ ᠨᠤᠳᠤᠭ᠎ᠲᠠᠭᠠᠨ ᠤᠯᠠᠮᠵᠢᠯᠠᠵᠤ᠂ ᠨᠡᠩ ᠤᠯᠠᠨ ᠡᠭᠡᠴᠢ ᠳᠡᠭᠦᠦ ᠨᠠᠷ ᠵᠢᠡᠨ ᠳᠠᠭᠠᠭᠤᠯᠤᠨ ᠬᠠᠮᠲᠤ᠎ᠪᠠᠷ ᠭᠡᠷ ᠪᠦᠯᠢ᠎ᠶ᠋ᠢᠨ ᠪᠠᠶ᠋ᠢᠭᠤᠯᠤᠯᠲᠠ ᠪᠣᠯᠤᠨ ᠡᠮᠡᠭᠲᠡᠶ᠋ᠢᠴᠦᠳ᠎ᠤᠨ ᠠᠵᠢᠯ ᠢ ᠨᠡᠩ ᠰᠠᠶ᠋ᠢᠨ ᠬᠢᠨ᠎ᠡ ᠭᠡᠵᠡᠢ᠃
ᠲᠥᠯᠦᠭᠡᠯᠡᠭᠴᠢᠳ᠎ᠦᠨ ᠪᠦᠯᠬᠦᠮ᠎ᠤᠨ ᠬᠢᠨ ᠪᠠᠰᠠ ᠮᠣᠩᠭᠤᠯ ᠤᠯᠤᠰ᠎ᠤᠨ ᠤᠯᠤᠰ᠎ᠤᠨ ᠰᠣᠶᠤᠯ᠎ᠤᠨ ᠴᠡᠴᠡᠷᠯᠢᠭ ᠵᠢᠡᠷ ᠲᠣᠭᠤᠷᠢᠨ ᠦᠵᠡᠵᠦ᠍᠂ 《ᠨᠢᠭᠡ ᠪᠦᠰᠡ ᠨᠢᠭᠡ ᠵᠠᠮ 》 ᠲᠠᠭᠠᠤ ᠤᠯᠤᠰ᠎ᠤᠳ ᠤᠨ ᠬᠠᠢᠷ᠎ᠠ ᠰᠡᠳᠭᠢᠯᠭᠡ᠎ᠶ᠋ᠢᠨ ᠨᠡᠪᠳᠡᠷᠡᠯᠴᠡᠭᠡ ᠪᠠ ᠰᠣᠶᠤᠯ᠎ᠤᠨ ᠬᠠᠷᠢᠯᠴᠠᠨ ᠲᠣᠯᠢᠳᠠᠬᠤ᠎ᠶ᠋ᠢ ᠠᠬᠢᠭᠤᠯᠪᠠ᠃ ᠤᠯᠠᠭᠠᠨᠪᠠᠭᠠᠲᠤᠷ ᠬᠣᠲᠠ ᠵᠢᠨ ᠵᠢᠱ᠌ᠢᠶ᠎ᠡ ᠦᠵᠡᠭᠦᠯᠬᠦ᠌ ᠨᠡᠢᠭᠡᠮ ᠲᠣᠭᠤᠷᠢᠭ᠎ᠲᠤ᠌ ᠲᠤᠬᠠᠢ᠎ᠶ᠋ᠢᠨ ᠭᠠᠵᠠᠷ᠎ᠤᠨ ᠨᠡᠢᠭᠡᠮ ᠲᠣᠭᠤᠷᠢᠭ᠎ᠤᠨ ᠠᠵᠢᠯᠲᠠᠨ ᠪᠣᠯᠤᠨ ᠰᠠᠭᠤᠭᠠᠯᠢ ᠠᠷᠠᠳ᠎ᠲᠠᠢ ᠭᠡᠷ᠎ᠦᠨ ᠰᠤᠷᠲᠠᠯ᠎ᠤᠨ ᠪᠠᠢᠭᠤᠯᠤᠯᠲᠠ ᠵᠢᠴᠢ ᠨᠦᠬᠦᠷᠰᠡᠭ ᠬᠥᠷᠰᠢ ᠵᠢᠨ ᠬᠠᠷᠢᠯᠴᠠᠨ ᠬᠠᠪᠰᠤᠷᠤᠯᠴᠠᠬᠤ ᠵᠡᠷᠭᠡ ᠦᠢᠯᠡᠳᠦᠯᠭᠡ᠎ᠶ᠋ᠢᠨ ᠲᠤᠷᠰᠢᠯᠭ᠎ᠠ ᠪᠡᠨ ᠰᠤᠯᠢᠯᠴᠠᠪᠠ; ᠮᠣᠩᠭᠤᠯ ᠤᠯᠤᠰ᠎ᠤᠨ ᠴᠡᠭᠡᠵᠢᠯᠡᠬᠦ᠌ ᠴᠢᠳᠠᠪᠤᠷᠢ᠎ᠶ᠋ᠢᠨ ᠳᠡᠭᠡᠳᠦ ᠰᠤᠷᠭᠠᠭᠤᠯᠢ᠎ᠳᠤ ᠬᠡᠦᠬᠡᠳ᠎ᠦᠨ ᠣᠶᠤᠨ ᠴᠢᠳᠠᠪᠤᠷᠢ᠎ᠶ᠋ᠢ ᠨᠡᠭᠡᠭᠡᠨ ᠬᠥᠭᠵᠢᠭᠦᠯᠬᠦ᠌ ᠬᠦᠷᠢᠶᠡᠨ᠎ᠳᠡᠬᠢ ᠰᠢᠨ᠎ᠡ ᠦᠷ᠎ᠡ ᠪᠦᠲᠦᠭᠡᠯ᠎ᠢ ᠣᠢᠯᠠᠭᠠᠪᠠ; ᠨᠠᠷᠠᠯᠠᠬ ᠬᠡᠦᠬᠡᠳ᠎ᠤᠨ ᠰᠤᠳᠤᠯᠤᠨ ᠰᠤᠷᠤᠯᠴᠠᠬᠤ ᠰᠠᠭᠤᠷᠢᠨ᠎ᠳᠤ ᠮᠣᠩᠭᠤᠯ ᠤᠯᠤᠰ᠎ᠤᠨ ᠬᠡᠦᠬᠡᠳ᠎ᠲᠠᠢ ᠰᠠᠨᠠᠯ᠎ᠢᠶᠠᠨ ᠰᠣᠯᠢᠯᠴᠠᠵᠤ᠂ ᠨᠥᠬᠦᠷᠯᠡᠯ᠎ᠤᠨ ᠦᠷ᠎ᠡ᠎ᠶ᠋ᠢ ᠰᠠᠴᠤᠪᠠ᠃
ᠲᠣᠰ ᠤᠳᠠᠭᠠᠨ ᠤ ᠲᠤᠮᠳᠠᠳᠤ ᠮᠤᠩᠭᠤᠯ᠎ᠤᠨ ᠭᠡᠷ ᠪᠦᠯᠢ᠎ᠶ᠋ᠢᠨ ᠰᠣᠯᠢᠯᠴᠠᠭ᠎ᠠ ᠬᠢᠵᠦ᠍ ᠬᠠᠷᠢᠯᠴᠠᠨ ᠠᠢᠯᠴᠢᠯᠠᠬᠤ ᠠᠵᠢᠯᠯᠠᠭ᠎ᠠ ᠪᠤᠯ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ ᠵᠢᠨ ᠤᠯᠤᠰ ᠤᠨ ᠤᠮᠠᠷᠠᠰᠢ ᠨᠡᠭᠡᠭᠡᠯᠲᠡ ᠬᠢᠬᠦ᠌ ᠪᠠᠶ᠋ᠢᠯᠳᠤᠬᠤ ᠪᠣᠳᠤᠯᠭ᠎ᠠ᠎ᠶ᠋ᠢ ᠨᠠᠶ᠋ᠢᠳᠠᠪᠤᠷᠢᠵᠢᠭᠤᠯᠵᠤ᠂《ᠨᠢᠭᠡ ᠪᠦᠰᠡ ᠨᠢᠭᠡ ᠵᠠᠮ》ᠲᠠᠭᠠᠤ ᠤᠯᠤᠰ᠎ᠤᠳ᠎ᠤᠨ ᠠᠷᠠᠳ᠎ᠤᠨ ᠰᠡᠳᠬᠢᠯ᠎ᠤᠨ ᠨᠡᠪᠲᠡᠷᠡᠯᠴᠡᠭᠡ ᠵᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃ ᠤᠢᠯᠠᠭᠠᠭᠰᠠᠨ ᠵᠢᠡᠷ᠂ 8 ᠰᠠᠷ᠎ᠠ᠎ᠶ᠋ᠢᠨ 11᠎ᠤ᠋ ᠡᠳᠦᠷ ᠮᠣᠩᠭᠤᠯ ᠤᠯᠤᠰ᠎ᠤᠨ 10 ᠭᠡᠷ ᠪᠦᠯᠢ ᠵᠢᠨ ᠬᠢᠨ ᠪᠠᠰᠠ ᠳᠤᠮᠳᠠᠳᠤ ᠤᠯᠤᠰ᠎ᠲᠤ᠌ ᠢᠷᠡᠵᠦ᠍᠂ 5 ᠡᠳᠦᠷ᠎ᠤᠨ ᠬᠤᠭᠤᠴᠠᠭ᠎ᠠ ᠲᠠᠢ ᠬᠠᠷᠢᠯᠴᠠᠨ ᠠᠶ᠋ᠢᠯᠴᠢᠯᠠᠵᠤ ᠰᠣᠯᠢᠯᠴᠠᠬᠤ ᠠᠵᠢᠯᠯᠠᠭ᠎ᠠ ᠥᠷᠨᠢᠭᠦᠯᠵᠠᠢ᠃