— ᠲᠦᠷᠪᠡᠳᠡᠬᠢ ᠪᠦᠬᠦ ᠤᠯᠤᠰ ᠤ᠋ᠨ ᠠᠮᠢ ᠠᠬᠤᠢ ᠵᠢᠨ ᠡᠳᠦᠷ ᠲᠦ᠍ ᠵᠤᠷᠢᠭᠤᠯᠪᠠ
2026 ᠤᠨ ᠤ᠋ 8 ᠰᠠᠷ᠎ᠠ ᠵᠢᠨ 15 ᠤ᠋ ᠡᠳᠦᠷ ᠪᠣᠯ ᠲᠦᠷᠪᠡᠳᠡᠬᠢ ᠪᠦᠬᠦ ᠤᠯᠤᠰ ᠤ᠋ᠨ ᠠᠮᠢ ᠠᠬᠤᠢ ᠵᠢᠨ ᠡᠳᠦᠷ ᠪᠠᠢᠵᠦ᠂ ᠭᠤᠤᠯ ᠲᠠᠯᠠᠪᠤᠷ ᠤ᠋ᠨ ᠠᠵᠢᠯᠯᠠᠭ᠎ᠠ ᠨᠢ 《ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢᠨ ᠨᠤᠮᠢᠨ ᠨᠤᠭᠤᠭᠠᠨ ᠲᠡᠪᠢᠰᠬᠡᠷ ᠥᠩᠭᠡ ᠵᠢ ᠵᠤᠵᠠᠭᠠᠳᠬᠠᠬᠤ》 ᠪᠡᠷ ᠭᠤᠤᠯ ᠰᠡᠳᠤᠪ ᠪᠤᠯᠭᠠᠨ ᠬᠦᠯᠦᠨ ᠪᠤᠢᠷ ᠲᠦ᠍ ᠶᠠᠪᠤᠭᠳᠠᠬᠤ ᠪᠣᠯᠤᠨ᠎ᠠ᠃
ᠥᠪᠥᠷ ᠮᠣᠩᠭᠣᠯ ᠪᠤᠯ ᠮᠠᠨ ᠤ᠋ ᠤᠯᠤᠰ ᠤ᠋ᠨ ᠤᠮᠠᠷᠠᠲᠤ ᠵᠢᠨ ᠲᠠᠯᠠᠪᠠᠢ ᠪᠠᠷ ᠬᠠᠮᠤᠭ ᠤ᠋ᠨ ᠶᠡᠬᠡ᠂ ᠲᠥᠷᠥᠯ ᠵᠦᠢᠯ ᠵᠢᠡᠷ ᠬᠠᠮᠤᠭ ᠤ᠋ᠨ ᠪᠦᠷᠢᠨ ᠠᠮᠢ ᠠᠬᠤᠢ ᠵᠢᠨ ᠴᠢᠳᠠᠮᠵᠢᠲᠤ ᠣᠷᠣᠨ ᠪᠠᠢᠵᠤ᠌᠂ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠠᠳᠤ ᠴᠤᠭᠴᠠᠯᠠᠬᠤ ᠬᠦᠨᠳᠦ ᠡᠭᠦᠷᠭᠡ ᠵᠢ ᠡᠭᠦᠷᠭᠡᠯᠡᠵᠤ ᠪᠠᠢᠳᠠᠭ᠃ ᠤᠢᠷ᠎ᠠ ᠵᠢᠨ ᠵᠢᠯ ᠳ᠋ᠤ ᠮᠠᠨ ᠤ᠋ ᠤᠷᠤᠨ ᠠᠭᠤᠯᠠ ᠤᠰᠤ ᠣᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠡᠯᠡᠰᠤ ᠮᠠᠩᠬ᠎ᠠ ᠵᠢ ᠰᠢᠰᠲ᠋ᠧᠮ ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠤ᠂ ᠬᠦᠬᠡᠮᠳᠦᠭ ᠨᠤᠭᠤᠭᠠᠨ ᠠᠭᠤᠯᠠ ᠤᠰᠤᠨ ᠤ᠋ ᠠᠮᠢ ᠠᠬᠤᠢ ᠵᠢᠨ ᠰᠢᠨ᠎ᠠ ᠵᠢᠷᠤᠭ ᠢ᠋ ᠡᠭᠡ ᠤᠯᠤᠰ ᠤ᠋ᠨ ᠤᠮᠠᠷᠠᠲᠤ ᠬᠢᠯᠢ ᠳ᠋ᠤ᠌ ᠳᠡᠯᠭᠡᠯᠠ᠃
ᠦᠪᠤᠷ ᠮᠤᠩᠭᠤᠯ ᠤ᠋ᠨ ᠠᠮᠢ ᠠᠬᠤᠢ ᠵᠢᠨ ᠪᠦᠳᠦᠬᠡᠨ ᠪᠠᠢᠭᠤᠯᠤᠯᠳᠠ ᠵᠢᠨ ᠠᠯᠪᠠᠨ ᠤ᠋ ᠲᠠᠯ᠎ᠠ ᠵᠢᠨ ᠬᠠᠮᠤᠭ ᠤ᠋ᠨ ᠰᠢᠨ᠎ᠠ ᠲᠤᠭ᠎ᠠ ᠪᠠᠷᠢᠮᠳᠠ ᠵᠢ ᠦᠨᠳᠤᠰᠤᠯᠡᠪᠡᠯ᠂ ᠤᠳᠤ ᠮᠠᠨ ᠤ᠋ ᠤᠷᠤᠨ ᠤ᠋ ᠣᠢ ᠰᠢᠭᠤᠢ ᠵᠢᠨ ᠪᠦᠷᠬᠦᠴᠡ ᠵᠢᠨ ᠨᠤᠷᠮ᠎ᠠ 21.98% ᠪᠤᠯᠵᠤ ᠨᠡᠮᠡᠭᠳᠡᠨ᠂ ᠶᠡᠷᠦᠩᠬᠡᠢ ᠲᠠᠯᠠᠪᠠᠢ ᠨᠢ 3.57 ᠳ᠋ᠦᠩᠰᠢᠭᠤᠷ ᠮᠦ᠍ ᠳ᠋ᠦ᠍ ᠬᠦᠷᠴᠦ᠂ ᠣᠢᠵᠢᠭᠤᠯᠤᠯᠳᠠ ᠵᠢᠨ ᠬᠡᠪᠴᠢᠶ᠎ᠡ ᠪᠡᠷ ᠪᠦᠬᠦ ᠤᠯᠤᠰ ᠤ᠋ᠨ ᠡᠮᠤᠨ᠎ᠡ ᠡᠩᠨᠡᠭᠡᠨ ᠳ᠋ᠤ ᠵᠢᠭᠰᠠᠵᠤ ᠪᠤᠢ; ᠨᠤᠲᠤᠭ ᠪᠡᠯᠴᠢᠭᠡᠷ ᠤ᠋ᠨ ᠶᠡᠷᠦᠩᠬᠡᠢᠯᠡᠭᠰᠡᠨ ᠤᠷᠭᠤᠮᠠᠯ ᠤ᠋ᠨ ᠬᠤᠴᠢᠯᠭ᠎ᠠ ᠵᠢᠨ ᠪᠦᠷᠬᠦᠴᠡ ᠵᠢᠨ ᠨᠤᠷᠮ᠎ᠠ 46.48% ᠪᠤᠯᠵᠤ ᠳᠡᠭᠡᠭᠰᠢᠯᠡᠨ᠂ ᠪᠠᠢᠭᠠᠯᠢ ᠵᠢᠨ ᠨᠤᠲᠤᠭ ᠪᠡᠯᠴᠢᠭᠡᠷ ᠲᠡᠬᠢ ᠮᠠᠯ ᠪᠡᠯᠴᠢᠭᠡᠷ ᠤ᠋ᠨ ᠲᠡᠩᠴᠡᠭᠦᠷᠢ ᠵᠢᠨ ᠵᠢᠭᠠᠯᠳᠠ ᠲᠣᠭ᠎ᠠ ᠵᠢ 10% ᠡᠴᠡ ᠳᠣᠷᠣᠭᠰᠢ ᠪᠤᠯᠳᠠᠯ᠎ᠠ ᠲᠣᠭᠲᠠᠭᠤᠨ ᠵᠢᠠᠷ ᠬᠢᠵᠠᠭᠠᠷᠯᠠᠪᠠ; ᠨᠤᠭᠤ ᠭᠠᠵᠠᠷ ᠤ᠋ᠨ ᠲᠠᠯᠠᠪᠠᠢ 7000 ᠲᠦᠮᠡᠨ ᠮᠦ᠍ ᠣᠷᠴᠢᠮ ᠳ᠋ᠤ ᠲᠤᠭᠲᠠᠪᠤᠷᠢᠵᠢᠵᠤ᠂ ᠡᠭᠡ ᠬᠠᠭᠤᠷᠠᠶ ᠢ᠋ᠢᠨ ᠭᠡᠭᠡᠷ᠎ᠠ ᠢ᠋ᠢᠨ ᠠᠮᠢᠲᠠᠨ 613 ᠵᠦᠢᠯ ᠪᠠᠶ᠋ᠢᠵᠤ᠂ ᠠᠮᠢᠳᠤ ᠪᠣᠳᠠᠰ ᠤ᠋ᠨ ᠣᠯᠠᠨ ᠶᠠᠩᠵᠤᠲᠤ᠌ ᠴᠢᠨᠠᠷ ᠦᠷᠭᠦᠯᠵᠢᠯᠡᠨ ᠰᠡᠷᠭᠦᠪᠠ;
ᠭᠠᠵᠠᠷ ᠳᠡᠭᠡᠷᠡᠬᠢ ᠤᠰᠤᠨ ᠤ᠋ ᠤᠯᠤᠰ ᠤ᠋ᠨ ᠡᠵᠡᠮᠳᠡᠯ ᠤ᠋ᠨ ᠬᠢᠨᠠᠨ ᠰᠢᠯᠭᠠᠭᠰᠠᠨ ᠣᠭᠲᠣᠯᠤᠭᠠᠰᠤ ᠢ᠋ᠢᠨ ᠰᠢᠯᠢᠳᠡᠭ ᠰᠠᠢᠨ ᠤᠰᠤᠨ ᠴᠣᠭᠴᠠ ᠢ᠋ᠢᠨ ᠬᠠᠷᠢᠴᠠᠯ 81.8% ᠳ᠋ᠤ ᠬᠦᠷᠴᠦ᠂ ᠣᠶ ᠰᠢᠭᠤᠶ ᠨᠤᠲᠤᠭ ᠪᠡᠯᠴᠢᠭᠡᠷᠨᠤᠭᠤ ᠭᠠᠵᠠᠷ ᠤ᠋ᠨ ᠨᠡᠭᠦᠷᠡᠰᠦᠲᠥ᠋ᠷᠥᠭᠴᠢ ᠬᠠᠳᠠᠭᠠᠯᠠᠬᠤ ᠬᠡᠮᠵᠢᠶ᠎ᠠ 105.38 ᠳ᠋ᠦᠩᠰᠢᠭᠤᠷ ᠲᠣᠨᠢ᠋ ᠳᠠᠪᠠᠨ ᠪᠥᠬᠥ᠌ ᠤᠯᠤᠰ ᠤ᠋ᠨ ᠡᠮᠦᠨ᠎ᠡ ᠡᠩᠨᠡᠭᠡᠨ ᠳ᠋ᠤ ᠣᠷᠣᠪᠠ ᠁
ᠠᠮᠢ ᠠᠬᠤᠢ ᠵᠢᠨ ᠪᠦᠲᠦᠭᠡᠭᠳᠡᠬᠦᠨ ᠤ᠋ ᠥᠷᠲᠡᠭ ᠤ᠋ᠨ ᠬᠤᠪᠢᠷᠠᠭᠤᠯᠤᠯᠲᠠ ᠳ᠋ᠤ ᠲᠠᠰᠤᠷᠠᠯᠲᠠ ᠦᠭᠡᠢ ᠰᠢᠨ᠎ᠠ ᠰᠢᠪᠲᠤᠯᠤᠯᠲᠠ ᠭᠠᠷᠭᠠᠨ᠂ ᠬᠦᠬᠡᠮᠳᠦᠭ ᠨᠤᠭᠤᠭᠠᠨ ᠠᠭᠤᠯᠠ ᠤᠰᠤ ᠵᠢ ᠰᠢᠭᠤᠳ ᠪᠡᠯᠡᠨ ᠵᠤᠭᠤᠰ ᠪᠤᠯᠭᠠᠨ ᠬᠤᠪᠢᠷᠠᠭᠤᠯᠵᠤ ᠪᠠᠢᠨ᠎ᠠ᠃ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤ ᠨᠢᠳᠤᠨᠤᠨ ᠤ᠋ 11 ᠰᠠᠷ᠎ᠠ ᠳ᠋ᠤ᠌ ᠪᠦᠬᠦ ᠤᠯᠤᠰ ᠤ᠋ᠨ ᠠᠩᠬᠠᠳᠠᠭᠴᠢ ᠲᠠᠯ᠎ᠠ ᠨᠤᠲᠤᠭ ᠤ᠋ᠨ 《ᠡᠪᠡᠰᠦᠨ ᠪᠢᠯᠧᠲ》 ᠤ᠋ᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶ᠎ᠠ ᠵᠢ ᠪᠡᠶᠡᠯᠡᠭᠦᠯᠵᠦ᠂ 10 ᠲᠦᠮᠡᠨ ᠲᠤᠨ ᠤ᠋ ᠨᠡᠭᠦᠷᠡᠰᠦᠲᠥ᠋ᠷᠥᠭᠴᠢ ᠬᠤᠷᠠᠮᠳᠤᠭᠤᠯᠬᠤ ᠬᠡᠮᠵᠢᠶ᠎ᠠ ᠵᠢ 70 ᠲᠦᠮᠡᠨ ᠲᠥᠭᠥᠷᠢᠭ ᠵᠢᠡᠷ ᠡᠸᠦ᠋ᠷᠣᠫᠠ ᠲᠢᠪ ᠲᠦ᠍ ᠪᠣᠷᠣᠯᠠᠭᠤᠯᠪᠠ; ᠡᠨᠡ ᠵᠢᠯ ᠤ᠋ᠨ 7 ᠰᠠᠷ᠎ᠠ ᠳ᠋ᠤ᠌ ᠳᠤᠰ ᠬᠤᠰᠢᠭᠤ ᠪᠠᠰᠠ 《ᠴᠡᠪᠡᠷ ᠠᠭᠠᠷ ᠬᠤᠳᠠᠯᠳᠤᠵᠤ》56 ᠲᠦᠮᠡᠨ ᠲᠥᠭᠥᠷᠢᠭ ᠤ᠋ᠨ ᠤᠷᠤᠯᠭ᠎ᠠ ᠤᠯᠪᠠ᠃ ᠡᠨᠡ ᠵᠢᠯ ᠤ᠋ᠨ 8 ᠰᠠᠷ᠎ᠠ ᠵᠢᠨ 12 ᠤ᠋ᠨ ᠡᠳᠦᠷ ᠬᠢᠩᠭᠠᠨ ᠠᠶ᠋ᠢᠮᠠᠭ ᠲᠤ᠌ ᠤᠯᠠᠭᠠᠨᠬᠣᠲᠠ ᠢ᠋ᠢᠨ ᠡᠮᠦᠨ᠎ᠠ ᠪᠡᠶ᠎ᠠ ᠢ᠋ᠢᠨ ᠰᠠᠪᠠ ᠭᠠᠵᠠᠷ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ᠌ ᠲᠥᠷᠥᠯ ᠵᠦᠢᠯ ᠤ᠋ᠨ ᠬᠥᠷᠥᠰᠥ᠍ ᠰᠢᠷᠣᠶ ᠢ᠋ᠢ ᠬᠠᠮᠠᠭᠠᠯᠠᠬᠤ ᠠᠮᠢ ᠠᠬᠤᠶ ᠢ᠋ᠢᠨ ᠦᠢᠯᠡᠳᠬᠦᠨ ᠤ᠋ ᠥᠷᠲᠡᠭ ᠢ᠋ ᠬᠤᠪᠢᠷᠠᠭᠤᠯᠬᠤ ᠠᠷᠠᠯᠵᠢᠶ᠎ᠠ ᠪᠦᠳᠦᠵᠤ᠂ ᠠᠷᠠᠯᠵᠢᠶᠠᠨ ᠤ᠋ ᠵᠣᠭᠣᠰ ᠤ᠋ᠨ ᠲᠣᠭ᠎ᠠ ᠨᠢ 1008 ᠲᠦᠮᠡᠨ ᠲᠥᠭᠥᠷᠢᠭ ᠲᠦ᠍ ᠬᠦᠷᠴᠦ᠍᠂ ᠮᠠᠨ ᠤ᠋ ᠣᠷᠣᠨ ᠤ᠋ ᠠᠩᠬᠠᠳᠠᠭᠴᠢ ᠮᠢᠡᠭᠭᠠᠨ ᠲᠦᠮᠡᠨ ᠲᠥᠭᠥᠷᠢᠭ ᠤ᠋ᠨ ᠬᠥᠷᠥᠰᠥ᠍ ᠰᠢᠷᠣᠶ ᠢ᠋ᠢ ᠬᠠᠮᠠᠭᠠᠯᠠᠬᠤ ᠠᠮᠢ ᠠᠬᠤᠶ ᠢ᠋ᠢᠨ ᠦᠢᠯᠡᠳᠬᠦᠨ ᠤ᠋ ᠥᠷᠲᠡᠭ ᠢ᠋ ᠬᠤᠪᠢᠷᠠᠭᠤᠯᠬᠤ ᠠᠷᠠᠯᠵᠢᠶ᠎ᠠ ᠪᠤᠯᠵᠠᠢ ᠁ ᠦᠪᠦᠷ ᠮᠤᠩᠭᠤᠯ ᠤ᠋ᠨ ᠠᠮᠢ ᠠᠬᠤᠢ ᠵᠢᠨ ᠡᠬᠢ ᠪᠠᠶᠠᠯᠢᠭ ᠶᠠᠭ《ᠳᠠᠯᠳᠠ ᠴᠢᠨᠠᠷᠳᠠᠢ ᠥᠪ ᠬᠥᠷᠥᠩᠭᠡ》 ᠡᠴᠡ ᠪᠠᠨ《ᠢᠯᠡ ᠴᠢᠨᠠᠷᠲᠠᠢ ᠡᠳ᠋ ᠬᠥᠷᠥᠩᠭᠡ》ᠪᠣᠯᠵᠤ ᠬᠤᠪᠢᠷᠠᠨ ᠬᠥᠭᠵᠢᠵᠤ ᠪᠠᠢᠨ᠎ᠠ᠃
ᠬᠠᠭᠤᠴᠢᠨ ᠪᠠᠷᠭᠤ ᠬᠤᠰᠢᠭᠤ 3000 ᠮᠦ᠍ ᠡᠯᠡᠰᠦᠷᠬᠡᠭ ᠭᠠᠵᠠᠷ ᠲᠦ᠍ ᠡᠯᠡᠰᠦᠨ ᠬᠠᠯᠬᠠᠪᠴᠢ ᠵᠢ ᠠᠰᠢᠬᠯᠠᠨ ᠡᠯᠡᠰᠦ ᠵᠢ ᠲᠣᠭᠲᠠᠪᠤᠷᠢᠵᠢᠭᠤᠯᠵᠤ᠂ ᠨᠤᠲᠤᠭ ᠪᠡᠯᠴᠢᠭᠡᠷ ᠲᠦ᠍ ᠡᠪᠡᠰᠦ ᠨᠥᠬᠥᠵᠤ ᠲᠠᠷᠢᠭᠰᠠᠨ ᠤ᠋ ᠳᠠᠷᠠᠭ᠎ᠠ 90% ᠵᠢᠨ ᠨᠡᠭᠦᠳᠡᠯ ᠡᠯᠡᠰᠦ ᠵᠢ ᠡᠵᠡᠮᠳᠡᠨ᠂ ᠤᠷᠭᠤᠮᠠᠯ ᠤ᠋ᠨ ᠬᠤᠴᠢᠯᠭ᠎ᠠ ᠵᠢᠨ ᠪᠦᠷᠬᠦᠴᠡ ᠵᠢᠨ ᠨᠤᠷᠮ᠎ᠠ ᠨᠢ 80% ᠶ᠋ᠢ ᠳᠠᠪᠠᠵᠤ᠂ ᠡᠯᠡᠰᠦᠷᠬᠡᠭ ᠭᠠᠵᠠᠷ ᠢ᠋ ᠵᠠᠰᠠᠭᠰᠠᠨ ᠨᠡᠢᠲᠡᠯᠢᠭ ᠵᠢᠱ᠌ᠢᠶᠠ ᠪᠣᠯᠵᠠᠢ᠃ ᠥᠪᠥᠷ ᠮᠣᠩᠭᠣᠯ ᠪᠦᠬᠦ ᠤᠯᠤᠰ ᠤ᠋ᠨ ᠡᠯᠡᠰᠦᠷᠭᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠭᠣᠣᠯ ᠳᠠᠢᠯᠠᠯᠳᠤᠭᠠᠨ ᠤ᠋ ᠲᠠᠯᠠᠪᠤᠷ ᠪᠣᠯᠤᠭᠰᠠᠨ ᠤ᠋ ᠬᠤᠪᠢ ᠳ᠋ᠤ᠌《ᠤᠮᠠᠷᠠᠲᠤ ᠵᠢᠨ ᠭᠤᠷᠪᠠᠨ ᠤᠷᠤᠨ》ᠤ᠋ ᠢᠨᠵᠧᠨᠧᠷᠢᠩ ᠤ᠋ᠨ ᠵᠢᠷᠭᠤᠳᠤᠭᠠᠷ ᠬᠤᠭᠤᠴᠠᠭᠠᠨ ᠤ᠋ ᠵᠠᠰᠠᠯᠳᠠ ᠵᠢᠨ 60% ᠶ᠋ᠢᠨ ᠡᠭᠦᠷᠭᠡ ᠵᠢ ᠡᠭᠦᠷᠭᠡᠯᠡᠵᠤ᠂ ᠪᠦᠬᠦ ᠤᠷᠤᠨ ᠳ᠋ᠤ ᠰᠢᠰᠲᠧᠮ ᠲᠠᠢ ᠪᠡᠷ ᠡᠯᠡᠰᠦ ᠵᠢ ᠵᠠᠰᠠᠬᠤ ᠬᠠᠮ ᠠᠷᠭ᠎ᠠ ᠬᠡᠮᠵᠢᠶ᠎ᠡ ᠵᠢ ᠬᠡᠷᠡᠭᠵᠢᠭᠦᠯᠵᠤ ᠪᠠᠢᠨ᠎ᠠ᠃ ᠤᠳᠤᠬᠠᠨ ᠪᠤᠯᠳᠠᠯ᠎ᠠ 4334 ᠺᠢᠯᠣᠮᠧᠲ᠋ᠷ ᠤ᠋ᠨ ᠡᠯᠡᠰᠦ ᠵᠢ ᠲᠤᠭᠤᠯᠤᠭᠰᠠᠨ ᠵᠠᠰᠠᠮᠠᠯ ᠵᠠᠮ ᠢ᠋ ᠪᠦᠳᠦᠭᠡᠨ ᠪᠠᠢᠭᠤᠯᠵᠤ᠂ 606.1 ᠲᠦᠮᠡᠨ ᠮᠦ᠍ ᠡᠯᠡᠰᠦᠷᠭᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠵᠢ ᠲᠡᠢᠴᠢᠯᠡᠪᠡ; 1856 ᠺᠢᠯᠣᠮᠧᠲ᠋ᠷ ᠤ᠋ᠨ ᠡᠯᠡᠰᠦ ᠮᠠᠩᠬ᠎ᠠ ᠵᠢ ᠡᠮᠵᠢᠶᠡᠷᠢᠯᠡᠭᠰᠡᠨ ᠣᠢ ᠡᠪᠡᠰᠦᠨ ᠤ᠋ ᠪᠦᠰᠡ᠂ 620 ᠺᠢᠯᠣᠮᠧᠲ᠋ᠷ ᠤ᠋ᠨ ᠬᠠᠲᠤᠨ ᠭᠣᠣᠯ ᠤ᠋ᠨ ᠡᠷᠭᠢ ᠳᠠᠭᠠᠤ ᠵᠢᠨ ᠬᠠᠯᠬᠠᠪᠴᠢ ᠣᠢ ᠡᠪᠡᠰᠦᠨ ᠤ᠋ ᠪᠦᠰᠡ ᠵᠢ ᠪᠠᠢᠭᠤᠯᠪᠠ; ᠭᠡᠷᠡᠯᠴᠢ ᠴᠡᠨᠡᠭ ᠵᠢᠡᠷ ᠡᠯᠡᠰᠦ ᠵᠢ ᠵᠠᠰᠠᠬᠤ ᠳᠠᠯ᠎ᠠ ᠪᠡᠷ ᠬᠠᠪᠲᠠᠰᠤᠨ ᠳᠡᠭᠡᠷ᠎ᠡ ᠴᠠᠬᠢᠯᠭᠠᠨ ᠭᠠᠷᠭᠠᠨ ᠬᠠᠪᠲᠠᠰᠤᠨ ᠳᠣᠣᠷ᠎ᠠ ᠡᠯᠡᠰᠦ ᠵᠢ ᠲᠣᠭᠲᠠᠪᠤᠷᠢᠵᠢᠭᠤᠯᠬᠤ ᠪᠣᠰᠤᠭ᠎ᠠ ᠴᠣᠭᠴᠠᠲᠤ ᠵᠠᠭᠪᠤᠷ ᠢ᠋ ᠪᠦᠷᠢᠯᠳᠦᠬᠦᠯᠪᠡ;《ᠠᠷᠪᠠᠨ ᠳᠦᠷᠪᠡᠳᠤᠭᠡᠷ ᠲᠠᠪᠤᠨ ᠵᠢᠯ》ᠡᠴᠡ ᠨᠠᠭᠠᠰᠢ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠢ᠋ᠢ ᠵᠠᠰᠠᠬᠰᠠᠨ ᠲᠠᠯᠠᠪᠠᠢ 7290 ᠲᠦᠮᠡᠨ ᠮᠤ᠌ ᠳ᠋ᠤ ᠬᠦᠷᠴᠤ᠂ ᠵᠠᠰᠠᠯᠲᠠ ᠢ᠋ᠢᠨ ᠬᠡᠪᠴᠢᠶ᠎ᠠ ᠪᠡᠷ ᠪᠦᠬᠦ ᠤᠯᠤᠰ ᠲᠤ᠌ ᠲᠦᠷᠦᠭᠦᠯᠠᠪᠠ ᠁ 2004 — 2024 ᠣᠨ ᠳ᠋ᠤ ᠦᠪᠤᠷ ᠮᠤᠩᠭᠤᠯ ᠤ᠋ᠨ ᠴᠦᠯᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠤ᠋ᠨ ᠲᠠᠯᠠᠪᠠᠢ 20 ᠵᠢᠯ ᠳᠠᠷᠠᠭᠠᠯᠠᠨ ᠪᠠᠭᠠᠰᠴᠤ᠂ ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠡᠭᠠᠰᠢ ᠴᠦᠯᠯᠡᠷᠬᠡᠭᠵᠢᠭᠰᠡᠨ ᠭᠠᠵᠠᠷ ᠤ᠋ᠨ ᠲᠠᠯᠠᠪᠠᠢ 224 ᠲᠦᠮᠡᠨ ᠾᠧᠺᠲ᠋ᠠᠷ ᠪᠠᠭᠠᠰᠤᠨ᠂ ᠡᠯᠡᠰᠦᠷᠬᠡᠭᠵᠢᠭᠰᠡᠨ ᠭᠠᠵᠠᠷ ᠤ᠋ᠨ ᠳᠠᠯᠠᠪᠠᠢ 134 ᠲᠦᠮᠡᠨ ᠾᠧᠺᠲ᠋ᠠᠷ ᠪᠠᠭᠠᠰᠴᠠᠢ᠃ ᠨᠡᠯᠦᠬᠡᠷ ᠶᠡᠬᠡ ᠬᠥᠪᠴᠢ ᠵᠢᠨ ᠡᠯᠡᠰᠦ ᠵᠢᠨ 40% ᠭᠠᠷᠤᠢ ᠵᠢ ᠨᠢᠬᠡᠨᠳᠡ ᠨᠣᠭᠣᠭᠠᠷᠠᠭᠤᠯᠵᠤ᠂ ᠮᠤᠤᠠᠤᠰᠤ ᠵᠢᠨ ᠡᠯᠡᠰᠦᠷᠬᠡᠭ ᠭᠠᠵᠠᠷ ᠢ᠋ ᠵᠠᠰᠠᠬᠰᠠᠨ ᠨᠣᠷᠮ᠎ᠠ 80% ᠳ᠋ᠤ᠌ ᠬᠦᠷᠴᠦ᠂ ᠬᠤᠯᠠᠨ ᠰᠢᠷᠭ᠎ᠠ ᠳᠠᠭ᠎ᠠ ᠵᠢᠨ ᠡᠯᠡᠰᠦᠷᠭᠡᠭ ᠭᠠᠵᠠᠷ ᠤ᠋ᠨ ᠡᠯᠡᠰᠦᠨ ᠰᠢᠭᠤᠷᠭ᠎ᠠ 2000 ᠣᠨ ᠤ᠋ ᠦᠶ᠎ᠠ ᠵᠢᠨ ᠬᠢ ᠡᠴᠡ 95% ᠪᠠᠷ ᠪᠠᠭᠤᠷᠠᠪᠠ᠃
ᠬᠠᠳᠠᠭᠤ ᠴᠢᠩᠭ᠎ᠠ ᠬᠢᠨᠠᠯᠳᠠ ᠬᠠᠮᠢᠶᠠᠷᠤᠯᠲᠠ ᠪᠡᠷ ᠣᠢ ᠰᠢᠭᠤᠢ ᠪᠠ ᠨᠤᠳᠤᠭ ᠪᠡᠯᠴᠢᠭᠡᠷ ᠤ᠋ᠨ ᠰᠠᠭᠤᠷᠢ ᠵᠢ ᠬᠠᠮᠠᠭᠠᠯᠠᠪᠠ᠃ ᠨᠢᠳᠤᠨᠤᠨ ᠮᠠᠨ ᠤ᠋ ᠤᠷᠤᠨ ᠣᠢ ᠰᠢᠭᠤᠢ ᠵᠢ ᠡᠪᠳᠡᠨ ᠨᠤᠲᠤᠭ ᠪᠡᠯᠴᠢᠭᠡᠷ ᠢ᠋ ᠰᠦᠢᠳᠭᠡᠭᠦ ᠵᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ 798 ᠬᠤᠪᠢ ᠬᠡᠷᠡᠭ ᠤ᠋ᠨ ᠰᠦᠪᠡᠭᠴᠢ ᠵᠢ ᠰᠢᠢᠳᠪᠦᠷᠢᠯᠡᠨ᠂ 1979 ᠬᠤᠪᠢ ᠡᠷᠡᠭᠦᠦ ᠵᠢᠨ ᠬᠡᠷᠡᠭ ᠢ᠋ ᠲᠠᠩᠨᠠᠨ ᠢᠯᠡᠷᠡᠭᠦᠯᠵᠦ᠂ ᠬᠡᠷᠡᠭ ᠢ᠋ ᠢᠯᠡᠷᠡᠭᠦᠯᠦᠭᠰᠡᠨ ᠨᠣᠷᠮ᠎ᠠ ᠨᠢ 99.2% ᠲᠤ᠌ ᠬᠦᠷᠴᠦ᠂ 33.08 ᠲᠦᠮᠡᠨ ᠮᠦ᠍ ᠭᠠᠵᠠᠷ ᠤ᠋ᠨ ᠤᠷᠭᠤᠮᠠᠯ ᠤ᠋ᠨ ᠬᠤᠴᠢᠯᠭ᠎ᠠ ᠵᠢ ᠪᠦᠳᠦᠮᠵᠢᠳᠠᠢ ᠰᠡᠷᠭᠦᠭᠡᠪᠡ;《ᠣᠭᠲᠠᠷᠭᠤᠢ ᠠᠭᠠᠷ ᠭᠠᠵᠠᠷ》 ᠢ᠋ ᠨᠢᠭᠡ ᠴᠣᠭᠴᠠᠵᠢᠭᠤᠯᠤᠨ ᠬᠢᠨᠠᠨ ᠬᠠᠮᠢᠶᠠᠷᠬᠤ ᠰᠢᠰᠲ᠋ᠧᠮ ᠢ᠋ ᠪᠠᠢᠭᠤᠯᠵᠤ᠂ ᠡᠯᠡᠰᠦᠷᠭᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ᠂ ᠮᠠᠯ ᠪᠡᠯᠴᠢᠭᠡᠷ ᠢ᠋ ᠲᠡᠩᠴᠡᠭᠦᠷᠢᠲᠡᠢ ᠪᠠᠢᠯᠭᠠᠬᠤ ᠵᠡᠷᠭᠡ ᠣᠷᠣᠨ ᠨᠤᠲᠤᠭ ᠤ᠋ᠨ ᠴᠢᠨᠠᠷᠲᠠᠢ ᠬᠠᠤᠯᠢ ᠲᠣᠭᠲᠠᠭᠠᠯ ᠢ᠋ ᠤᠯᠠᠮ ᠲᠡᠭᠦᠯᠳᠡᠷᠵᠢᠭᠦᠯᠪᠡ; 2026 ᠣᠨ ᠤ᠋ ᠨᠢᠭᠡᠳᠦᠭᠡᠷ ᠳᠤᠭᠠᠳᠤ ᠣᠢ ᠰᠢᠭᠤᠢ ᠵᠢᠨ ᠶᠡᠷᠦᠩᠬᠡᠢ ᠳᠠᠷᠤᠭ᠎ᠠ ᠵᠢᠨ ᠵᠠᠷᠯᠢᠭ ᠢ᠋ ᠨᠡᠢᠲᠡᠯᠡᠵᠦ᠂ 20 ᠵᠦᠢᠯ ᠤ᠋ᠨ ᠭᠣᠣᠯᠳᠠᠯᠭ᠎ᠠ ᠲᠠᠢ ᠡᠭᠦᠷᠭᠡ ᠵᠢ ᠲᠣᠳᠣᠷᠬᠠᠢᠯᠠᠨ᠂ ᠨᠤᠳᠤᠭ ᠪᠡᠯᠴᠢᠭᠡᠷ ᠤ᠋ᠨ ᠬᠠᠮᠢᠶᠠᠷᠤᠯᠳᠠ ᠬᠠᠮᠠᠭᠠᠯᠠᠯᠳᠠ ᠵᠢ ᠨᠠᠷᠢᠯᠢᠭᠵᠢᠭᠤᠯᠵᠤ᠂ ᠳᠦᠷᠢᠮ ᠲᠣᠭᠲᠠᠭᠠᠯ ᠡᠴᠡ ᠵᠥᠷᠢᠴᠡᠨ ᠮᠠᠯ ᠪᠡᠯᠴᠢᠬᠡᠷᠯᠡᠬᠦᠯᠬᠦ ᠵᠢ ᠴᠢᠩᠭ᠎ᠠ ᠬᠢᠵᠠᠭᠠᠷᠯᠠᠵᠠᠢ᠃
ᠭᠣᠣᠯ ᠮᠦᠷᠡᠨ ᠨᠠᠭᠤᠷ ᠴᠦᠭᠦᠷᠦᠮ ᠤ᠋ᠨ ᠠᠮᠢ ᠠᠬᠤᠢ ᠪᠥᠬᠥ ᠲᠠᠯ᠎ᠠ ᠪᠠᠷ ᠰᠡᠷᠭᠦᠵᠤ᠂ ᠪᠠᠷᠠᠭᠤᠨ ᠯᠢᠶᠣᠣᠾᠧ ᠭᠣᠣᠯ ᠬᠣᠶᠠᠷ ᠵᠢᠯ ᠳᠠᠷᠠᠭᠠᠯᠠᠨ ᠪᠦᠬᠦ ᠱᠤᠭᠤᠮ ᠵᠢᠠᠷ ᠤᠷᠤᠰᠬᠠᠯ ᠨᠡᠪᠲᠡᠷᠡᠪᠡ; ᠬᠥᠯᠥᠨ ᠨᠠᠭᠤᠷ ᠤ᠋ᠨ ᠤᠰᠤᠨ ᠴᠠᠷᠠᠭ᠎ᠠ ᠵᠢᠨ ᠲᠠᠯᠠᠪᠠᠢ 2241.9 ᠲᠡᠭᠰᠢ ᠳᠥᠷᠪᠡᠯᠵᠢᠨ ᠺᠢᠯᠣᠮᠧᠲ᠋ᠷ ᠲᠦ᠍ ᠲᠤᠭᠳᠠᠪᠤᠷᠢᠵᠢᠵᠤ᠂ ᠵᠢᠭᠠᠰᠤᠨ ᠤ᠋ ᠲᠥᠷᠥᠯ ᠨᠢ ᠨᠡᠮᠡᠭᠳᠡᠭᠡᠳ 40 ᠵᠦᠢᠯ ᠪᠣᠯᠵᠠᠢ; ᠤᠯᠠᠭᠠᠨᠰᠤᠬᠠᠢ ᠵᠢᠨ ᠭᠤᠤᠯ ᠤᠷᠤᠨ ᠤ᠋ ᠤᠰᠤᠨ ᠤ᠋ ᠴᠢᠨᠠᠷ ᠨᠢⅣᠲᠥᠷᠥᠯ ᠤ᠋ᠨ ᠪᠠᠷᠢᠮᠵᠢᠶ᠎ᠠ ᠳ᠋ᠤ ᠬᠦᠷᠴᠦ᠂ 260 ᠭᠠᠷᠤᠢ ᠵᠦᠢᠯ ᠤ᠋ᠨ ᠰᠢᠪᠠᠭᠤ ᠡᠨᠳᠡ ᠦᠷᠡᠵᠢᠨ ᠲᠦᠯᠵᠢᠵᠤ ᠪᠤᠢ; ᠲᠠᠭ᠎ᠠ ᠵᠢᠨ ᠨᠠᠭᠤᠷ ᠤ᠋ᠨ ᠤᠰᠤᠨ ᠭᠠᠳᠠᠷᠭᠤ ᠵᠢᠨ ᠲᠠᠯᠠᠪᠠᠢ ᠤᠢᠷ᠎ᠠ ᠵᠢᠨ ᠠᠷᠪᠠᠨ ᠵᠢᠯ ᠳ᠋ᠡᠬᠢ ᠬᠠᠮᠤᠭ ᠤ᠋ᠨ ᠥᠨᠳᠥᠷ ᠲᠦᠪᠰᠢᠨ ᠳ᠋ᠤ ᠬᠦᠷᠴᠦ᠂ ᠨᠤᠲᠤᠭ ᠤ᠋ᠨ ᠵᠢᠭᠠᠰᠤᠨ ᠤ᠋ ᠲᠥᠷᠥᠯ ᠴᠦ᠍ ᠳᠠᠬᠢᠨᠳᠠ ᠢᠯᠡᠷᠡᠭᠰᠡᠨ ᠪᠠᠢᠨ᠎ᠠ; ᠴᠠᠭᠠᠨᠨᠠᠭᠤᠷ ᠪᠤᠯᠤᠨ ᠰᠤᠪᠨᠠᠭᠤᠷ ᠤ᠋ᠨ ᠠᠮᠢ ᠠᠬᠤᠢ ᠦᠷᠭᠦᠯᠵᠢᠯᠡᠨ ᠰᠠᠢᠵᠢᠷᠠᠵᠤ᠂ ᠪᠦᠬᠦ ᠣᠷᠣᠨ ᠤ᠋ ᠶᠡᠬᠡ ᠪᠠᠭ᠎ᠠ ᠭᠣᠣᠯ ᠮᠦᠷᠡᠨ ᠨᠠᠭᠤᠷ ᠴᠦᠭᠦᠷᠦᠮ ᠠᠮᠢᠯᠠᠯ ᠤ᠋ᠨ ᠬᠦᠴᠦᠨ ᠵᠢᠡᠷ ᠪᠢᠯᠬᠠᠨ᠎ᠠ᠃
ᠮᠠᠨ ᠤ᠋ ᠤᠷᠤᠨ ᠡᠨᠧᠷᠭᠢ ᠵᠢᠨ ᠪᠣᠬᠢᠷᠲᠤᠯ ᠦᠭᠡᠢ ᠲᠡᠢᠰᠢ ᠬᠡᠯᠪᠡᠷᠢ ᠪᠠᠨ ᠬᠤᠪᠢᠷᠠᠭᠤᠯᠬᠤ ᠵᠢ ᠲᠦᠷᠭᠡᠳᠬᠡᠨ ᠂ 2025 ᠣᠨ ᠳ᠋ᠤ᠌ ᠰᠢᠨ᠎ᠡ ᠡᠨᠧᠷᠭᠢ ᠵᠢᠨ ᠮᠠᠰᠢᠨ ᠴᠤᠭᠴᠠᠯᠠᠪᠤᠷᠢ ᠵᠢᠨ ᠬᠡᠪᠴᠢᠶ᠎ᠠ᠂ ᠴᠠᠬᠢᠯᠭᠠᠨ ᠭᠠᠷᠭᠠᠯᠲᠠ ᠵᠢᠨ ᠬᠡᠮᠵᠢᠶ᠎ᠡ ᠵᠡᠷᠭᠡ 15 ᠵᠦᠢᠯ ᠤ᠋ᠨ ᠬᠦᠢᠴᠡᠳᠭᠡᠯ ᠲᠣᠭ᠎ᠠ ᠪᠡᠷ ᠪᠦᠬᠦ ᠤᠯᠤᠰ ᠤ᠋ᠨ ᠡᠮᠦᠨ᠎ᠡ ᠡᠩᠨᠡᠭᠡᠨ ᠳ᠋ᠤ ᠵᠢᠭᠰᠠᠵᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠠ ᠨᠢ 1.7 ᠳ᠋ᠦᠩᠰᠢᠭᠤᠷ ᠺᠢᠯᠣᠸᠠᠲ ᠢ᠋ ᠳᠠᠪᠠᠨ᠂ ᠵᠢᠯ ᠤ᠋ᠨ ᠪᠣᠬᠢᠷᠲᠤᠯ ᠦᠭᠡᠢ ᠴᠠᠬᠢᠯᠭᠠᠨ ᠤ᠋ ᠭᠠᠷᠭᠠᠯᠲᠠ ᠨᠢ 2700 ᠳ᠋ᠦᠩᠰᠢᠭᠤᠷ ᠺᠢᠯᠣᠸᠠᠲ ᠴᠠᠭ ᠢ᠋ ᠳᠠᠪᠠᠵᠤ᠂ ᠵᠢᠯ ᠳ᠋ᠦ᠍ ᠨᠡᠭᠦᠷᠡᠰᠦᠳᠦ᠋ᠷᠦᠭᠴᠢ ᠵᠢᠨ ᠳᠠᠪᠬᠤᠷ ᠢᠰᠦᠯ ᠤ᠋ᠨ ᠭᠠᠳᠠᠭᠰᠢᠯᠠᠭᠤᠯᠤᠯᠳᠠ ᠵᠢ 2.7 ᠳ᠋ᠦᠩᠰᠢᠭᠤᠷ ᠲᠤᠨ ᠪᠠᠭᠠᠰᠬᠠᠵᠠᠢ᠃ ᠬᠥᠪᠴᠢ ᠵᠢᠨ 200 ᠲᠦᠮᠡᠨ ᠺᠢᠯᠣᠸᠠᠲ ᠤ᠋ᠨ ᠭᠡᠷᠡᠯᠴᠢ ᠴᠡᠨᠡᠭ ᠵᠢᠡᠷ ᠡᠯᠡᠰᠦ ᠵᠢ ᠵᠠᠰᠠᠬᠤ ᠲᠥᠷᠥᠯ ᠵᠦᠢᠯ ᠨᠢ ᠵᠢᠯ ᠪᠦᠷᠢ 41 ᠳ᠋ᠦᠩᠰᠢᠭᠤᠷ ᠺᠢᠯᠣᠸᠠᠲ ᠪᠤᠬᠢᠷᠳᠤᠯ ᠦᠭᠡᠢ ᠴᠠᠬᠢᠯᠭᠠᠨ ᠬᠠᠩᠭᠠᠵᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠤ᠋ᠨ ᠭᠠᠳᠠᠭᠰᠢᠯᠠᠭᠤᠯᠤᠯᠳᠠ ᠵᠢ 319 ᠲᠦᠮᠡᠨ ᠲᠤᠨ ᠪᠠᠭᠠᠰᠬᠠᠪᠠ᠃
ᠪᠦᠬᠦ ᠤᠷᠤᠨ ᠤ᠋ ᠡᠯ᠎ᠠ ᠭᠠᠵᠠᠷ ᠤ᠋ᠨ ᠬᠢᠨ ᠠᠮᠢ ᠠᠬᠤᠢ ᠵᠢᠨ ᠪᠦᠲᠦᠭᠡᠨ ᠪᠠᠢᠭᠤᠯᠤᠯᠲᠠ ᠪᠡᠷ ᠣᠯᠠᠨ ᠲᠦᠮᠡᠨ ᠤ᠋ ᠣᠷᠣᠯᠭ᠎ᠠ ᠵᠢᠨ ᠨᠡᠮᠡᠭᠳᠡᠯ ᠢ᠋ ᠠᠬᠢᠭᠤᠯᠵᠤ᠂ ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠦ᠍ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠳ᠋ᠦ᠍ ᠲᠦᠰᠢᠭᠯᠡᠨ ᠠᠵᠢᠯ ᠣᠯᠭᠣᠯᠳᠠ ᠪᠠᠷ ᠲᠡᠳᠬᠦᠮᠵᠢ ᠵᠢ ᠣᠷᠣᠯᠠᠭᠤᠯᠬᠤ ᠬᠡᠯᠪᠡᠷᠢ ᠪᠡᠷ 2 ᠲᠦᠮᠡ ᠭᠠᠷᠤᠢ ᠬᠥᠳᠡᠭᠡ ᠲᠣᠰᠬᠣᠨ ᠤ᠋ ᠬᠥᠳᠡᠯᠮᠦᠷᠢ ᠬᠦᠴᠦ ᠵᠢ ᠳᠠᠢᠴᠢᠯᠠᠵᠤ᠂ ᠬᠥᠮᠦᠨ ᠳᠤᠮᠳᠠᠴᠢ ᠵᠢᠨ ᠣᠷᠣᠯᠭ᠎ᠠ ᠵᠢ 9437 ᠲᠥᠭᠥᠷᠢᠭ ᠨᠡᠮᠡᠭᠳᠡᠭᠦᠯᠤᠨ᠂ ᠠᠮᠢ ᠠᠬᠤᠢ ᠵᠢᠨ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ ᠪᠣᠯᠤᠨ ᠣᠯᠠᠨ ᠲᠦᠮᠡᠨ ᠤ᠋ ᠣᠷᠣᠯᠭ᠎ᠠ ᠵᠢ ᠨᠡᠮᠡᠭᠳᠡᠭᠦᠯᠬᠦ ᠬᠣᠣᠰ ᠠᠮᠵᠢᠯᠲᠠ ᠵᠢ ᠪᠡᠶᠡᠯᠡᠭᠦᠯᠪᠡ᠃
《ᠡᠯᠡᠰᠤ ᠤᠷᠤᠭᠰᠢᠯᠠᠵᠤ ᠬᠦᠮᠦᠨ ᠤᠬᠤᠷᠢᠵᠤ》ᠪᠠᠢᠭᠰᠠᠨ ᠡᠴᠡ ᠪᠠᠨ《ᠨᠤᠭᠤᠭᠠᠷᠠᠭᠤᠯᠤᠯᠳᠠ ᠤᠷᠤᠭᠰᠢᠯᠠᠵᠤ ᠡᠯᠡᠰᠤ ᠤᠬᠤᠷᠢᠭᠰᠠᠨ》 ᠪᠠᠢᠳᠠᠯ ᠪᠦᠷᠢᠯᠳᠤᠨ ᠲᠤᠭᠳᠠᠪᠤᠷᠢᠵᠢᠵᠤ᠂ ᠣᠢ ᠮᠤᠳᠤ ᠢᠭᠴᠤᠷᠠᠨ ᠡᠪᠡᠰᠤ ᠪᠡᠯᠴᠢᠬᠡᠷ ᠨᠤᠭᠤᠭᠠᠷᠠᠵᠤ᠂ ᠭᠣᠣᠯ ᠭᠤᠷᠤᠬ᠎ᠠ ᠭᠤᠷᠴᠢᠬᠢᠨᠠᠨ ᠨᠠᠭᠤᠷ ᠴᠦᠭᠦᠷᠦᠮ ᠳᠠᠪᠠᠯᠭᠠᠯᠠᠵᠦ᠂ ᠨᠤᠮᠢᠨ ᠨᠤᠭᠤᠭᠠᠨ ᠨᠢᠬᠡᠨᠳᠡ ᠦᠪᠤᠷ ᠮᠤᠩᠭᠤᠯ ᠤ᠋ᠨ ᠲᠠᠯ᠎ᠠ ᠨᠤᠳᠤᠭ ᠤ᠋ᠨ ᠦᠨᠢ ᠮᠦᠩᠬᠡ ᠵᠢᠨ ᠲᠡᠪᠢᠰᠬᠡᠷ ᠦᠩᠬᠡ ᠪᠤᠯᠪᠠ᠃ ᠡᠨᠡ ᠡᠳᠤᠷ ᠪᠤᠯ ᠳᠥᠷᠪᠡᠳᠡᠬᠢ ᠪᠦᠬᠦ ᠤᠯᠤᠰ ᠤ᠋ᠨ ᠠᠮᠢ ᠠᠬᠤᠢ ᠵᠢᠨ ᠡᠳᠦᠷ ᠪᠠᠢᠵᠦ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠠᠮᠢ ᠠᠬᠤᠢ ᠣᠷᠴᠢᠨ ᠲᠣᠭᠣᠷᠢᠨ ᠤ᠋ ᠬᠠᠤᠯᠢ ᠵᠢᠨ ᠪᠢᠴᠢᠭ》 ᠢ᠋ ᠵᠢᠩᠬᠢᠨᠢ ᠪᠡᠷ ᠬᠡᠷᠡᠭᠵᠢᠭᠦᠯᠵᠤ ᠡᠬᠢᠯᠡᠪᠡ᠃ ᠥᠪᠥᠷ ᠮᠣᠩᠭᠣᠯᠴᠤᠳ ᠮᠣᠩᠭᠣᠯ ᠮᠣᠷᠢᠨ ᠤ᠋ ᠵᠣᠷᠢᠭ ᠰᠠᠨᠠᠭ᠎ᠠ ᠵᠢ ᠦᠷᠭᠦᠯᠵᠢᠯᠡᠨ ᠪᠠᠳᠠᠷᠠᠭᠤᠯᠵᠦ᠂ ᠠᠮᠢ ᠠᠬᠤᠢ ᠵᠢᠨ ᠬᠠᠮᠠᠭᠠᠯᠠᠯᠲᠠ ᠪᠤᠯᠤᠨ ᠪᠣᠬᠢᠷᠲᠤᠯ ᠥᠬᠡᠢ ᠲᠡᠢᠰᠢ ᠬᠡᠯᠪᠡᠷᠢ ᠪᠠᠨ ᠬᠤᠪᠢᠷᠠᠭᠤᠯᠬᠤ ᠵᠢ ᠦᠷᠭᠦᠯᠵᠢᠯᠡᠨ ᠭᠦᠨᠵᠡᠭᠡᠢᠷᠡᠭᠦᠯᠵᠦ᠂ ᠡᠬᠡ ᠤᠯᠤᠰ ᠤ᠋ᠨ ᠤᠮᠠᠷᠠᠲᠤ ᠵᠢᠨ ᠦᠵᠡᠮᠵᠢ ᠵᠢᠨ ᠣᠷᠣᠨ ᠵᠢᠠᠨ ᠨᠡᠩ ᠦᠵᠡᠰᠬᠦᠯᠡᠩᠳᠤ ᠰᠠᠢᠬᠠᠨ ᠪᠤᠯᠭᠠᠨ ᠪᠦᠳᠦᠬᠡᠨ ᠪᠠᠢᠭᠤᠯᠬᠤ ᠪᠡᠷ ᠡᠷᠡᠮᠡᠬᠡᠢᠯᠡᠨ ᠤᠷᠤᠭᠰᠢᠯᠠᠨ᠎ᠠ᠃