8 ᠰᠠᠷ᠎ᠠ᠎ᠶᠢᠨ 13᠎ᠤ᠋ ᠡᠳᠦᠷ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶ᠎ᠠ ᠡᠴᠡ ᠳᠠᠭᠠᠭᠠᠴᠢᠯᠠᠨ ᠡᠷᠭᠢᠯᠡᠭᠰᠡᠨ《ᠪᠠᠶᠠᠰᠬᠤᠯᠠᠩᠲᠤ ᠲᠠᠯ᠎ᠠ ᠨᠤᠲᠤᠭ》 ᠬᠡᠦᠬᠡᠳ᠎ᠦᠨ ᠵᠢᠷᠤᠭᠯᠠᠯ ᠳᠡᠪᠲᠡᠷ᠎ᠦᠨ ᠰᠢᠨ᠎ᠡ ᠨᠣᠮ᠎ᠤᠨ ᠲᠠᠷᠬᠠᠭᠠᠯᠲᠠ ᠢ᠋ᠢᠨ ᠶᠤᠰᠤᠯᠠᠯ 2026 ᠤᠮᠠᠷᠠᠲᠤ ᠬᠢᠯᠢ᠎ᠶᠢᠨ ᠨᠣᠮ᠎ᠤᠨ ᠦᠵᠡᠰᠬᠦᠯᠡᠩ᠎ᠦᠨ ᠠᠬᠤᠢ ᠲᠠᠯᠠᠪᠠᠶ᠎ᠳᠤ ᠶᠠᠪᠤᠬᠲᠠᠪᠠ᠃
ᠣᠢᠯᠠᠭᠠᠭᠰᠠᠨ᠎ᠢᠶᠠᠷ᠂ 《ᠪᠠᠶᠠᠰᠬᠤᠯᠠᠩᠲᠤ ᠲᠠᠯ᠎ᠠ ᠨᠤᠲᠤᠭ》 ᠬᠡᠦᠬᠡᠳ ᠤ᠋ᠨ ᠵᠢᠷᠤᠬᠯᠠᠯ ᠲᠡᠪᠲᠡᠷ ᠨᠢ《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠤᠯᠤᠰ᠎ᠤᠨ ᠭᠣᠣᠯᠳᠠᠯᠭ᠎ᠠ᠎ᠲᠠᠢ ᠬᠡᠪᠯᠡᠯ᠎ᠦᠨ ᠲᠥᠯᠦᠪᠵᠢᠭᠦᠯᠭᠡ᠎ᠶᠢᠨ ᠲᠥᠷᠥᠯ ᠵᠦᠢᠯ᠂ ᠦᠨᠳᠦᠰᠦᠲᠡᠨ᠎ᠦ ᠥᠰᠥᠭ ᠪᠢᠴᠢᠭ᠎ᠦᠨ ᠲᠤᠰᠬᠠᠢ ᠪᠡᠯᠡ ᠮᠥᠩᠭᠥ᠎ᠶᠢᠨ ᠲᠤᠰᠠᠯᠠᠮᠵᠢ᠎ᠶᠢᠨ ᠲᠥᠷᠥᠯ ᠵᠦᠢᠯ᠎ᠳᠦ ᠰᠣᠩᠭᠣᠭᠳᠠᠵᠠᠢ᠃ ᠴᠤᠪᠤᠷᠠᠯ ᠪᠢᠴᠢᠭ᠎ᠢ ᠬᠢᠲᠠᠳ ᠮᠣᠩᠭᠣᠯ ᠬᠣᠣᠰ ᠬᠡᠯᠡ᠎ᠪᠡᠷ ᠵᠡᠷᠭᠡ ᠳ᠋ᠦ᠍ᠨᠢ ᠢᠯᠡᠷᠡᠭᠦᠯᠵᠦ᠂ ᠺᠠᠷᠲ᠋ᠣᠨ ᠬᠠᠮ ᠵᠠᠭᠤᠴᠢᠯᠠᠭᠤᠷ᠎ᠤᠨ ᠡᠬᠢ ᠪᠠᠶᠠᠯᠢᠭ᠋ ᠢ᠋ ᠢᠵᠢ ᠪᠦᠷᠢᠲᠦᠭᠦᠯᠦᠨ᠂ ᠤᠳᠬ᠎ᠠ ᠵᠣᠬᠢᠶᠠᠯ᠎ᠤᠨ ᠰᠢᠨᠵᠢ᠂ ᠤᠷᠠᠯᠢᠭ᠋᠎ᠤᠨ ᠰᠢᠨᠵᠢ ᠪᠠ ᠰᠢᠨᠵᠢᠯᠡᠬᠦ ᠤᠬᠠᠭᠠᠨ ᠤ ᠲᠥᠬᠡᠮᠡᠯᠵᠢᠯ ᠤᠨ ᠴᠢᠨᠠᠷ᠎ᠢ ᠬᠠᠪᠰᠤᠷᠭᠠᠪᠠ᠃ ᠴᠤᠪᠤᠷᠠᠯ ᠪᠢᠴᠢᠭ ᠨᠢ《ᠡᠭᠡᠰᠢᠭ ᠢᠷᠠᠭᠤ ᠳᠥᠷᠪᠡᠨ ᠤᠯᠠᠷᠢᠯ》᠂ 《ᠥᠯᠥᠭᠡᠢ》᠂ 《ᠤᠷᠢᠬᠠᠨ ᠬᠠᠪᠤᠷ ᠠᠢᠰᠤᠢ》 ᠬᠡᠬᠦ ᠵᠡᠷᠭᠡ ᠠᠷᠪᠠᠨ ᠲᠡᠪᠲᠡᠷᠢ ᠪᠠᠭᠲᠠᠭᠠᠵᠤ᠂ ᠲᠠᠯ᠎ᠠ ᠨᠤᠳᠤᠭ᠎ᠤᠨ ᠳᠥᠷᠪᠡᠨ ᠤᠯᠠᠷᠢᠯ᠎ᠤᠨ ᠥᠩᠭᠡ ᠦᠵᠡᠮᠵᠢ᠂ ᠨᠤᠲᠤᠭ ᠤᠰᠤᠨ᠎ᠤ ᠵᠠᠩ ᠠᠭᠠᠯᠢ ᠪᠠ ᠰᠠᠢᠨ ᠰᠠᠢᠬᠠᠨ ᠠᠮᠢᠳᠤᠷᠠᠯ᠎ᠢ ᠬᠡᠦᠬᠡᠳ᠎ᠤᠨ ᠬᠠᠷᠠᠭᠠᠰᠤ ᠪᠡᠷ ᠵᠢᠷᠤᠬᠯᠠᠪᠠ᠃
ᠨᠡᠢᠲᠡᠯᠡᠬᠦ ᠬᠤᠷᠠᠯ ᠳᠡᠭᠡᠷ᠎ᠡ᠂ ᠴᠤᠪᠤᠷᠠᠯ ᠪᠢᠴᠢᠭ᠎ᠦᠨ ᠵᠣᠬᠢᠶᠠᠭ᠍ᠴᠢ ᠪᠤᠶᠠᠨ ᠡᠴᠡ ᠵᠢᠷᠤᠬᠯᠠᠯ ᠲᠡᠪᠲᠡᠷ ᠢ᠋ ᠵᠤᠬᠢᠶᠠᠨ ᠪᠦᠲᠦᠭᠡᠭᠰᠡᠨ ᠤᠬ ᠰᠠᠨᠠᠭ᠎ᠠ᠂ ᠮᠠᠲᠧᠷᠢᠶᠠᠯ ᠠᠪᠤᠬᠰᠠᠨ ᠰᠡᠳᠬᠢᠴᠠ ᠪᠠ ᠵᠤᠬᠢᠶᠠᠨ ᠪᠦᠲᠦᠭᠡᠭᠰᠡᠨ ᠦᠩᠭᠡᠷᠡᠯᠲᠡ ᠪᠠᠨ ᠬᠤᠪᠢᠶᠠᠯᠴᠠᠵᠦ᠂ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠶᠢᠨ ᠫᠷᠤᠹᠸᠰᠰᠤᠷ ᠦᠰᠦᠷᠦᠩᠬᠦᠢ ᠭᠠᠷ ᠵᠢᠷᠤᠮᠠᠯ᠎ᠤᠨ ᠭᠤᠸ᠎ᠠ ᠵᠦᠢ᠂ ᠵᠢᠷᠤᠭ᠎ᠤᠨ ᠪᠦᠲᠦᠴᠡ ᠵᠢᠴᠢ ᠬᠠᠮ ᠵᠠᠭᠤᠴᠢᠯᠠᠭᠤᠷ᠎ᠤᠨ ᠺᠠᠷᠲ᠋ᠣᠨ ᠵᠢᠷᠤᠭ᠎ᠤᠨ ᠲᠠᠯ᠎ᠠ᠎ᠡᠴᠡ ᠵᠢᠷᠤᠬᠯᠠᠯ ᠲᠡᠪᠲᠡᠷ᠎ᠤᠨ ᠤᠷᠠᠯᠢᠭ᠋᠎ᠤᠨ ᠣᠨᠴᠠᠯᠢᠭ᠋ ᠪᠣᠯᠣᠨ ᠰᠢᠨ᠎ᠡ᠎ᠶᠢ ᠡᠭᠦᠳᠦᠭᠰᠡᠨ ᠬᠢᠯᠠᠰ ᠴᠡᠭ ᠢ ᠨᠠᠷᠢᠨ ᠨᠢᠭ᠍ᠲᠠ ᠲᠠᠢᠯᠪᠤᠷᠢᠯᠠᠪᠠ᠃ ᠬᠡᠦᠬᠡᠳ᠎ᠦᠨ ᠤᠳᠬ᠎ᠠ ᠵᠣᠬᠢᠶᠠᠯ᠎ᠤᠨ ᠵᠣᠬᠢᠶᠠᠯᠴᠢ ᠵᠢᠶᠠᠩ ᠢᠦᠢ ᠬᠠᠨ ᠬᠡᠦᠬᠡᠳ᠎ᠦᠨ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠶ᠋ᠢᠨ ᠬᠠᠷᠠᠭᠠᠰᠤ ᠡᠴᠡ᠂ 《ᠪᠠᠶᠠᠰᠬᠤᠯᠠᠩᠲᠤ ᠲᠠᠯ᠎ᠠ ᠨᠤᠲᠤᠭ》 ᠤ᠋ᠨ ᠥᠯᠢᠭᠡᠷ᠎ᠤᠨ ᠢᠯᠡᠳᠬᠡᠯᠲᠡ᠂ ᠬᠡᠦᠬᠡᠳ᠎ᠦᠨ ᠰᠣᠨᠢᠷᠬᠠᠯ ᠢ᠋ ᠬᠦᠦᠷᠨᠢᠬᠦ ᠪᠠ ᠬᠥᠮᠥᠨ ᠢ᠋ ᠬᠥᠮᠥᠵᠢᠭᠦᠯᠬᠦ ᠦᠨ᠎ᠡ ᠥᠷᠲᠡᠭ᠎ᠦᠨ ᠲᠤᠬᠠᠢ ᠥᠪᠡᠷ᠎ᠦᠨ ᠣᠢᠯᠠᠭᠠᠯᠲᠠ ᠲᠥᠷᠥᠭᠳᠡᠯ ᠢ᠋ᠶ᠋ᠡᠨ ᠬᠤᠪᠢᠶᠠᠯᠴᠠᠵᠠᠢ᠃ ᠠᠵᠢᠯᠯᠠᠭ᠎ᠠ᠎ᠳᠤ ᠪᠠᠰᠠ ᠲᠤᠬᠠᠢ᠎ᠶᠢᠨ ᠲᠠᠯᠠᠪᠠᠢ᠎ᠶᠢᠨ ᠪᠢᠴᠢᠬᠠᠨ ᠨᠠᠢᠵᠠ ᠨᠠᠷ ᠲᠸ᠋ ᠨᠤᠮ ᠪᠡᠯᠡᠭᠯᠡᠪᠡ᠃