ᠵᠦ᠍ ᠳᠢ ᠪᠦᠦ ᠰᠢᠶᠠᠨ ᠬᠤᠸᠠ ᠬᠠᠮᠲᠤ᠎ᠪᠠᠷ ᠡᠬᠢᠯᠡᠭᠦᠯᠪᠡ
8 ᠰᠠᠷ᠎ᠠ᠎ᠶᠢᠨ 14᠎ᠤ᠋ ᠣᠷᠣᠢ᠂ ᠳᠤᠮᠳᠠᠳᠤ ᠤᠯᠤᠰ᠎ᠤᠨ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ ᠵᠢᠨ ᠤᠬᠠᠭᠤᠯᠬᠤ ᠬᠡᠯᠲᠡᠰ᠎ᠡᠴᠡ ᠵᠢᠯᠤᠭᠣᠳᠴᠤ᠂ ᠳᠤᠮᠳᠠᠳᠤ ᠤᠯᠤᠰ᠎ᠤᠨ ᠤᠳᠬ᠎ᠠ ᠤᠷᠠᠯᠢᠭ᠋᠎ᠤᠨ ᠰᠠᠢᠨ ᠳᠤᠷᠠᠴᠤᠳ᠎ᠤᠨ ᠨᠡᠢᠭᠡᠮᠯᠢᠭ᠂ ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠣᠷᠳᠣᠰ ᠬᠤᠳᠠ᠎ᠶᠢᠨ ᠨᠠᠮ᠎ᠤᠨ ᠬᠣᠷᠢᠶ᠎ᠡ ᠵᠢᠨ ᠤᠬᠠᠭᠤᠯᠬᠤ ᠬᠡᠯᠲᠡᠰ᠎ᠡᠴᠡ ᠬᠠᠮᠲᠤᠷᠠᠨ ᠭᠣᠣᠯᠯᠠᠨ ᠡᠷᠬᠢᠯᠡᠭᠰᠡᠨ ᠰᠠᠭᠤᠷᠢ ᠵᠢ ᠪᠡᠬᠢᠵᠢᠭᠦᠯᠬᠦ ᠢᠨᠵᠧᠨᠧᠷᠢᠩ — 《ᠬᠠᠩᠬᠢᠨᠠᠨ ᠤᠶᠠᠨᠭᠭᠠᠷᠠᠭᠰᠠᠨ ᠲᠣᠰᠬᠣᠨ᠎ᠤ ᠳᠠᠭᠤᠤ》 2026 ᠣᠨ᠎ᠤ ᠪᠦᠬᠦ ᠤᠯᠤᠰ᠎ᠤᠨ ᠲᠥᠪᠯᠡᠷᠡᠩᠭᠦᠢ ᠦᠵᠡᠭᠦᠯᠭᠡ ᠵᠢᠨ ᠲᠤᠭᠯᠠᠯᠳᠠ ᠣᠷᠳᠣᠰ ᠬᠤᠳᠠ᠎ᠶᠢᠨ ᠡᠵᠡᠨ ᠬᠣᠷᠣᠭ᠎ᠠ ᠬᠣᠰᠢᠭᠤᠨ᠎ᠳᠤ ᠡᠬᠢᠯᠡᠪᠡ᠃
ᠳᠤᠮᠳᠠᠳᠤ ᠤᠯᠤᠰ᠎ᠤᠨ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠲᠡᠷᠢᠭᠦᠯᠡᠭᠴᠢ᠂ ᠱᠦᠵᠢ ᠨᠠᠷ᠎ᠦᠨ ᠭᠠᠵᠠᠷ᠎ᠤᠨ ᠱᠦᠵᠢ ᠵᠦ᠍ ᠳᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ ᠵᠢᠨ ᠪᠠᠢᠩᠭᠤ᠎ᠶᠢᠨ ᠭᠡᠰᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠪᠦᠦ ᠰᠢᠶᠠᠨ ᠬᠤᠸᠠ ᠬᠤᠷᠠᠯ᠎ᠳᠤ ᠣᠷᠣᠯᠴᠠᠭᠰᠠᠨ ᠪᠥᠭᠡᠳ ᠬᠠᠮᠲᠤ᠎ᠪᠠᠷ ᠠᠵᠢᠯᠯᠠᠭ᠎ᠠ᠎ᠶᠢ ᠡᠬᠢᠯᠡᠭᠦᠯᠪᠡ᠃
ᠥᠪᠥᠷ ᠮᠣᠩᠭᠣᠯ᠎ᠤᠨ ᠰᠣᠶᠣᠯ᠎ᠤᠨ ᠠᠵᠢᠯᠯᠠᠭ᠎ᠠ ᠵᠢᠨ ᠤᠯᠠᠷᠢᠯ᠎ᠤᠨ ᠴᠢᠬᠤᠯᠠ ᠠᠭᠤᠯᠭ᠎ᠠ ᠪᠣᠯᠤᠭᠰᠠᠨ᠎ᠤ ᠬᠤᠪᠢ᠎ᠳᠤ᠂ ᠦᠵᠡᠭᠦᠯᠭᠡ ᠵᠢᠨ ᠲᠤᠭᠯᠠᠯᠲᠠ᠎ᠳᠦ ᠪᠦᠬᠦ ᠤᠯᠤᠰ᠎ᠤᠨ 31 ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠣᠲᠠ ᠪᠣᠯᠣᠨ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ᠎ᠤ 49 ᠪᠠᠭ᠎ᠤᠨ 1000 ᠭᠠᠷᠤᠢ ᠬᠦᠮᠦᠨ ᠴᠤᠭᠯᠠᠷᠠᠵᠤ᠂ ᠨᠡᠷᠡᠲᠦ ᠤᠷᠠᠯᠢᠭᠴᠢᠨ ᠲᠤᠰᠬᠠᠢᠯᠠᠨ ᠬᠠᠪᠰᠤᠷᠤᠨ ᠵᠢᠯᠤᠭᠣᠳᠬᠤ᠂ ᠰᠣᠶᠣᠯ ᠵᠢᠭᠤᠯᠴᠢᠯᠠᠯ᠎ᠤᠨ ᠴᠤᠭᠯᠠᠭᠠᠨ᠂ ᠲᠥᠪᠯᠡᠷᠡᠭᠦᠯᠦᠨ ᠳᠡᠯᠭᠡᠨ ᠦᠵᠡᠭᠦᠯᠬᠦ ᠵᠡᠷᠭᠡ ᠬᠡᠯᠪᠡᠷᠢ᠎ᠪᠡᠷ ᠳᠠᠮᠵᠢᠭᠤᠯᠤᠨ᠂ ᠰᠢᠯᠢᠳᠡᠭ ᠰᠣᠶᠣᠯ᠎ᠤᠨ ᠡᠬᠢ ᠪᠠᠶᠠᠯᠢᠭ᠋ ᠦᠨᠳᠦᠰᠦᠨ ᠱᠠᠲᠤᠨ᠎ᠳᠤ ᠰᠢᠭᠤᠳ ᠬᠦᠷᠬᠦ᠎ᠶᠢ ᠲᠦᠯᠬᠢᠨ ᠠᠬᠢᠭᠤᠯᠪᠠ᠃ ᠡᠨᠡ ᠬᠦ᠌ ᠪᠦᠬᠦ ᠤᠯᠤᠰ᠎ᠤᠨ ᠤᠯᠠᠨ ᠲᠦᠮᠡᠨᠴᠢ ᠤᠳᠬ᠎ᠠ ᠤᠷᠠᠯᠢᠭ᠋᠎ᠤᠨ ᠠᠵᠢᠯᠯᠠᠭ᠎ᠠ ᠵᠢ ᠥᠪᠥᠷ ᠮᠣᠩᠭᠣᠯ᠎ᠳᠤ ᠦᠷᠨᠢᠭᠦᠯᠦᠭᠰᠡᠨ ᠭᠤᠷᠪᠠᠨ ᠵᠢᠯ᠎ᠦᠨ ᠲᠤᠷᠰᠢ᠂ ᠠᠷᠠᠳ ᠤᠯᠠᠨ᠎ᠢᠶᠠᠷ ᠭᠣᠣᠯ ᠳᠦᠷᠢ ᠪᠣᠯᠭᠠᠬᠤ᠂ ᠭᠣᠣᠯ ᠲᠠᠯᠠᠪᠤᠷ ᠪᠣᠯᠭᠠᠬᠤ᠎ᠶᠢ ᠢᠮᠠᠭᠲᠠ ᠪᠠᠷᠢᠮᠲᠠᠯᠠᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠦ ᠤᠶᠤᠨ᠎ᠤ ᠰᠣᠶᠣᠯ᠎ᠤᠨ ᠠᠮᠢᠳᠤᠷᠠᠯ᠎ᠢ ᠦᠷᠭᠦᠯᠵᠢᠯᠡᠨ ᠪᠠᠶᠠᠯᠢᠭ᠍ᠵᠢᠭᠤᠯᠵᠤ᠂ ᠬᠥᠳᠡᠭᠡ ᠲᠣᠰᠬᠣᠨ᠎ᠤ ᠰᠣᠶᠣᠯ᠎ᠤᠨ ᠬᠥᠭᠵᠢᠯ ᠮᠠᠨᠳᠤᠯ᠎ᠢ ᠬᠦᠴᠦᠲᠡᠢ ᠠᠬᠢᠭᠤᠯᠵᠠᠢ᠃