ᠦᠪᠦᠷ ᠮᠤᠩᠭᠤᠯ᠎ᠤᠨ ᠲᠥᠯᠥᠭᠡᠯᠡᠭᠴᠢᠳ᠎ᠦᠨ ᠠᠩᠭᠢ ᠪᠦᠬᠦ ᠤᠯᠤᠰ᠎ᠤᠨ ᠰᠤᠷᠤᠭᠴᠢᠳ ᠤ᠋ᠨ ᠤᠷᠤᠯᠳᠤᠭᠠᠨ᠎ᠳᠤ ᠰᠢᠯᠢᠳᠡᠭ ᠬᠢᠷᠢ ᠪᠦᠲᠦᠮᠵᠢ ᠣᠯᠪᠠ
2026-08-17 15:48:27
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠦᠪᠡᠷᠳᠡᠬᠡᠨ ᠵᠠᠰᠠᠬᠤ ᠤᠷᠤᠨ᠎ᠤ ᠰᠤᠷᠭᠠᠨ ᠬᠦᠮᠦᠵᠢᠯ᠎ᠤᠨ ᠲᠢᠩᠬᠢᠮ ᠡᠴᠡ ᠤᠢᠯᠠᠭᠠᠭᠰᠠᠨ ᠵᠢᠡᠷ᠂ ᠲᠦᠷᠦᠬᠦᠬᠡᠨ ᠶᠠᠪᠤᠭᠳᠠᠭᠰᠠᠨ ᠠᠷᠪᠠᠨ ᠨᠢᠭᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠰᠤᠷᠤᠭ᠍ᠴᠢᠳ᠎ᠤᠨ 《ᠦᠨᠳᠦᠰᠦᠨ ᠬᠠᠤᠯᠢ᠎ᠶᠢ ᠰᠤᠷᠤᠯᠴᠠᠵᠤ ᠦᠨᠳᠦᠰᠦᠨ ᠬᠠᠤᠯᠢ᠎ᠶᠢ ᠵᠢᠭᠠᠬᠤ》 ᠤᠷᠤᠯᠳᠤᠭᠠᠨ᠎ᠤ ᠬᠠᠤᠯᠢ᠎ᠪᠠᠷ ᠵᠠᠰᠠᠬᠤ ᠬᠢᠴᠢᠶᠡᠯ᠎ᠦᠨ ᠪᠠᠭ᠍ᠰᠢ ᠬᠢᠭᠡᠳ ᠬᠠᠤᠯᠢ ᠪᠠᠷ ᠵᠠᠰᠠᠬᠤ ᠳᠡᠳ᠋ ᠵᠠᠬᠢᠷᠤᠯ᠎ᠤᠨ ᠪᠢᠴᠢᠯ ᠬᠢᠴᠢᠶᠡᠯ᠎ᠦᠨ ᠤᠷᠤᠯᠳᠤᠭᠠᠨ᠎ᠤ ᠪᠥᠬᠥ ᠤᠯᠤᠰ᠎ᠤᠨ ᠰᠢᠢᠳᠪᠦᠷᠢᠲᠦ ᠤᠷᠤᠯᠳᠤᠭᠠᠨ ᠳ᠋ᠤ ᠦᠪᠦᠷ ᠮᠤᠩᠭᠤᠯ᠎ᠤᠨ ᠲᠥᠯᠥᠭᠡᠯᠡᠭᠴᠢᠳ᠎ᠦᠨ ᠠᠩᠭᠢ ᠰᠢᠯᠢᠳᠡᠭ ᠬᠢᠷᠢ ᠪᠦᠲᠦᠮᠵᠢ ᠣᠯᠪᠠ᠃

ᠡᠯ᠎ᠡ ᠠᠢᠮᠠᠭ ᠬᠣᠲᠠ᠎ᠡᠴᠡ ᠰᠣᠩᠭᠣᠨ ᠲᠠᠨᠢᠯᠴᠠᠭᠤᠯᠬᠤ᠂ ᠰᠦᠯᠵᠢᠶᠡᠨ ᠲᠡᠭᠡᠷ᠎ᠡ ᠠᠩᠬᠠᠨ᠎ᠤ ᠰᠢᠯᠭᠠᠷᠠᠭᠤᠯᠤᠯᠳᠠ ᠬᠢᠬᠦ᠎ᠪᠠᠷ ᠲᠠᠮᠵᠢᠨ ᠦᠪᠡᠷᠳᠡᠭᠡᠨ ᠵᠠᠰᠠᠬᠤ ᠤᠷᠤᠨ᠎ᠤ ᠰᠤᠷᠭᠠᠨ ᠬᠦᠮᠦᠵᠢᠯ᠎ᠤᠨ ᠲᠢᠩᠬᠢᠮ ᠡᠴᠡ ᠡᠯ᠎ᠡ ᠳᠤᠭᠤᠢᠯᠠᠩ᠎ᠤᠨ ᠲᠦᠷᠦᠭᠦᠸ᠋ 5 ᠤᠷᠤᠯᠴᠠᠭᠴᠢ ᠵᠢ ᠥᠪᠡᠷᠲᠡᠭᠡᠨ ᠵᠠᠰᠠᠬᠤ ᠣᠷᠣᠨ᠎ᠤ ᠰᠢᠢᠳᠪᠦᠷᠢᠲᠦ ᠤᠷᠤᠯᠳᠤᠭᠠᠨ᠎ᠳᠤ ᠣᠷᠣᠯᠴᠠᠭᠤᠯᠵᠤ᠂ ᠪᠠᠭ᠎ᠠ ᠰᠤᠷᠭᠠᠭᠤᠯᠢ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ (ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠪᠠᠭᠲᠠᠨ᠎ᠠ) ᠵᠢᠨ ᠳᠤᠭᠤᠢᠯᠠᠩ᠎ᠤᠨ ᠨᠢᠭᠡᠳᠦᠭᠡᠷ ᠳᠡᠰ᠎ᠤᠨ ᠱᠠᠩᠨᠠᠯ ᠭᠥᠷᠳᠡᠭᠰᠡᠨ ᠬᠠᠤᠯᠢ᠎ᠪᠠᠷ ᠵᠠᠰᠠᠬᠤ ᠬᠢᠴᠢᠶᠡᠯ᠎ᠦᠨ ᠪᠠᠭ᠍ᠰᠢ ᠪᠠ ᠬᠠᠤᠯᠢ᠎ᠪᠠᠷ ᠵᠠᠰᠠᠬᠤ ᠳᠡᠳ᠋ ᠵᠠᠬᠢᠷᠤᠯ ᠨᠡᠶ᠋ᠢᠲᠡ 6 ᠤᠷᠤᠯᠴᠠᠭᠴᠢ ᠵᠢ ᠰᠣᠩᠭᠣᠨ ᠪᠥᠬᠥ ᠤᠯᠤᠰ᠎ᠤᠨ ᠰᠢᠢᠳᠪᠦᠷᠢᠲᠦ ᠤᠷᠤᠯᠳᠤᠭᠠᠨ᠎ᠳᠤ ᠣᠷᠣᠯᠴᠠᠭᠤᠯᠪᠠ᠃ ᠤᠷᠤᠯᠳᠤᠭᠠᠨ᠎ᠤ ᠡᠴᠦᠰ ᠲᠤ᠌ ᠤᠯᠠᠭᠠᠨᠴᠠᠪ ᠬᠣᠲᠠ᠎ᠶᠢᠨ ᠵᠢᠨᠢᠩ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶᠠᠨ᠎ᠤ ᠬᠣᠶᠠᠳᠤᠭᠠᠷ ᠪᠠᠢᠴᠠᠭᠠᠬᠤ ᠬᠡᠯᠲᠡᠰ᠎ᠦᠨ ᠳᠡᠳ᠋ ᠡᠷᠬᠢᠯᠡᠭᠴᠢ᠂ ᠬᠣᠶᠠᠳᠤᠭᠠᠷ ᠳᠡᠰ᠎ᠤᠨ ᠪᠠᠢᠴᠠᠭᠠᠬᠤ ᠲᠤᠰᠢᠶᠠᠯᠲᠠᠨ (ᠤᠯᠠᠭᠠᠨᠴᠠᠪ ᠬᠣᠲᠠ᠎ᠶᠢᠨ ᠵᠢᠨᠢᠩ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠬᠠᠤᠯᠢ᠎ᠪᠠᠷ ᠵᠠᠰᠠᠬᠤ ᠳᠡᠳ᠋ ᠵᠠᠬᠢᠷᠤᠯ) ᠼᠤᠤ ᠶᠠᠨ ᠴᠢᠩ ᠬᠠᠤᠯᠢ᠎ᠪᠠᠷ ᠵᠠᠰᠠᠬᠤ ᠳᠡᠳ᠋ ᠵᠠᠬᠢᠷᠤᠯ᠎ᠤᠨ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠳᠤᠭᠤᠢᠯᠠᠩ᠎ᠤᠨ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠪᠡ; ᠤᠯᠠᠭᠠᠨᠬᠠᠳᠠ ᠬᠤᠲᠠ᠎ᠶᠢᠨ ᠰᠦᠩᠱᠠᠨ ᠲᠣᠭᠣᠷᠢᠭ᠋᠎ᠤᠨ ᠠᠷᠪᠠᠨ ᠨᠢᠭᠡᠳᠦᠭᠡᠷ ᠪᠠᠭ᠎ᠠ ᠰᠤᠷᠭᠠᠭᠤᠯᠢ᠎ᠶᠢᠨ ᠬᠠᠤᠯᠢ ᠪᠡᠷ ᠵᠠᠰᠠᠬᠤ ᠬᠢᠴᠢᠶᠡᠯ᠎ᠦᠨ ᠪᠠᠭ᠍ᠰᠢ ᠸᠠᠩ ᠵᠢᠶᠠ ᠰᠢᠨ᠂ ᠪᠤᠭᠤᠲᠤ ᠬᠤᠲᠠ᠎ᠶᠢᠨ ᠶᠡᠷᠡᠨ ᠲᠠᠪᠤᠳᠤᠭᠠᠷ ᠳᠤᠮᠳᠠᠳᠤ ᠰᠤᠷᠭᠠᠭᠤᠯᠢ᠎ᠶᠢᠨ ᠥᠨᠳᠥᠷ ᠳᠤᠮᠳᠠᠳᠤ᠎ᠶᠢᠨ ᠬᠠᠤᠯᠢ ᠪᠡᠷ ᠵᠠᠰᠠᠬᠤ ᠬᠢᠴᠢᠶᠡᠯ᠎ᠦᠨ ᠪᠠᠭ᠍ᠰᠢ ᠴᠢᠶᠣᠤ ᠵᠢᠶᠠ᠂ ᠤᠯᠠᠭᠠᠨᠴᠠᠪ ᠬᠤᠲᠠ᠎ᠶᠢᠨ ᠯᠢᠶᠡᠩᠴᠧᠩ ᠰᠢᠶᠠᠨ᠎ᠤ ᠠᠷᠠᠳ᠎ᠤᠨ ᠪᠠᠢᠴᠠᠭᠠᠬᠤ ᠬᠣᠷᠢᠶᠠᠨ᠎ᠤ ᠲᠠᠪᠤᠳᠤᠭᠠᠷ ᠳᠡᠰ᠎ᠤᠨ ᠪᠠᠢᠴᠠᠭᠠᠬᠤ ᠲᠤᠰᠢᠶᠠᠯᠲᠠᠨ᠎ᠤ ᠲᠤᠰᠠᠯᠠᠭ᠍ᠴᠢ (ᠤᠯᠠᠭᠠᠨᠴᠠᠪ ᠬᠤᠲᠠ᠎ᠶᠢᠨ ᠯᠢᠶᠡᠩᠴᠧᠩ ᠰᠢᠶᠠᠨ᠎ᠤ ᠨᠢᠭᠡᠳᠦᠭᠡᠷ ᠪᠠᠭ᠎ᠠ ᠰᠤᠷᠭᠠᠭᠤᠯᠢ᠎ᠶᠢᠨ ᠬᠠᠤᠯᠢ ᠪᠡᠷ ᠵᠠᠰᠠᠬᠤ ᠳᠡᠳ᠋ ᠵᠠᠬᠢᠷᠤᠯ) ᠯᠢ ᠰᠢᠨ ᠲᠤᠰ ᠲᠤᠰ ᠬᠠᠤᠯᠢ ᠪᠡᠷ ᠵᠠᠰᠠᠬᠤ᠎ᠬᠢᠴᠢᠶᠡᠯ᠎ᠦᠨ ᠪᠠᠭ᠍ᠰᠢ ᠪᠠ ᠬᠠᠤᠯᠢ ᠪᠡᠷ ᠵᠠᠰᠠᠬᠤ᠎ᠳᠡᠳ᠋ ᠵᠠᠬᠢᠷᠤᠯ᠎ᠤᠨ ᠳᠤᠭᠤᠢᠯᠠᠩ᠎ᠤᠨ ᠬᠣᠶᠠᠳᠤᠭᠠᠷ ᠳᠡᠰ᠎ᠤᠨ ᠱᠠᠩᠨᠠᠯ ᠎ᠢ ᠬᠦᠷᠳᠡᠪᠡ; ᠦᠬᠠᠢ ᠬᠣᠲᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠬᠠᠤᠯᠢ᠎ᠪᠠᠷ ᠵᠠᠰᠠᠬᠤ ᠬᠢᠴᠢᠶᠡᠯ᠎ᠦᠨ ᠪᠠᠭ᠍ᠰᠢ ᠸᠠᠩ ᠯᠦ᠍ ᠶᠣᠣ᠂ ᠪᠤᠭᠤᠲᠤ ᠬᠣᠲᠠ᠎ᠶᠢᠨ ᠬᠥᠨᠳᠡᠯᠡᠨ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶᠠᠨ᠎ᠤ ᠳᠥᠷᠪᠡᠳᠦᠭᠡᠷ ᠳᠡᠰ᠎ᠤᠨ ᠪᠠᠢᠴᠠᠭᠠᠬᠤ ᠲᠤᠰᠢᠶᠠᠯᠲᠠᠨ᠎ᠤ ᠲᠤᠰᠠᠯᠠᠭ᠍ᠴᠢ (ᠪᠤᠭᠤᠲᠤ ᠬᠣᠲᠠ᠎ᠶᠢᠨ ᠳᠣᠯᠣᠳᠤᠭᠠᠷ ᠳᠤᠮᠳᠠᠳᠤ ᠰᠤᠷᠭᠠᠭᠤᠯᠢ᠎ᠶᠢᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠬᠠᠤᠯᠢ᠎ᠪᠠᠷ ᠵᠠᠰᠠᠬᠤ ᠳᠡᠳ᠋ ᠵᠠᠬᠢᠷᠤᠯ) ᠰᠥᠩ ᠠᠨ ᠴᠢ ᠲᠣᠰ ᠲᠣᠰ ᠬᠠᠤᠯᠢ᠎ᠪᠠᠷ ᠵᠠᠰᠠᠬᠤ ᠬᠢᠴᠢᠶᠡᠯ᠎ᠦᠨ ᠪᠠᠭ᠍ᠰᠢ ᠪᠠ ᠬᠠᠤᠯᠢ᠎ᠪᠠᠷ ᠵᠠᠰᠠᠬᠤ ᠳᠡᠳ᠋ ᠵᠠᠬᠢᠷᠤᠯ᠎ᠤᠨ ᠳᠤᠭᠤᠢᠯᠠᠩ᠎ᠤᠨ ᠭᠤᠷᠪᠠᠳᠤᠭᠠᠷ ᠳᠡᠰ᠎ᠤᠨ ᠱᠠᠩᠨᠠᠯ᠎ᠢ ᠭᠥᠷᠳᠡᠪᠡ᠃

ᠳᠠᠷᠠᠭᠠᠴᠢ ᠪᠡᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠵᠠᠯᠠᠭᠤᠴᠤᠳ ᠪᠠᠭᠠᠴᠤᠳ᠎ᠤᠨ ᠦᠨᠳᠦᠰᠦᠨ ᠬᠠᠤᠯᠢ᠂ ᠬᠠᠤᠯᠢ ᠪᠡᠷ ᠵᠠᠰᠠᠬᠤ ᠬᠥᠮᠦᠵᠢᠯ᠎ᠢ ᠪᠦᠬᠦ ᠲᠠᠯ᠎ᠠ᠎ᠪᠠᠷ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠂ ᠬᠢᠴᠢᠶᠡᠯ᠎ᠦᠨ ᠳᠠᠷᠠᠭᠠᠬᠢ ᠦᠢᠯᠡᠴᠢᠯᠡᠭᠡ᠂ ᠭᠡᠷ ᠪᠦᠯᠢ᠎ᠶᠢᠨ ᠬᠥᠮᠦᠵᠢᠯ᠂ ᠨᠡᠢᠭᠡᠮ᠎ᠦᠨ ᠦᠢᠯᠡᠳᠦᠯᠭᠡ᠎ᠶᠢᠨ ᠡᠯ᠎ᠡ ᠭᠣᠭᠴᠣᠭ᠎ᠠ᠎ᠳᠤ ᠣᠷᠣᠭᠤᠯᠵᠤ᠂ ᠥᠷᠭᠡᠨ ᠤᠯᠠᠨ ᠵᠠᠯᠠᠭᠤᠴᠤᠳ ᠪᠠᠭᠠᠴᠤᠳ᠎ᠤᠨ ᠤᠬᠠᠮᠰᠠᠷ᠎ᠠᠴᠠ᠎ᠪᠠᠨ ᠬᠠᠤᠯᠢ᠎ᠶᠢ ᠰᠤᠷᠤᠯᠴᠠᠬᠤ᠂ ᠬᠠᠤᠯᠢ᠎ᠶᠢ ᠮᠡᠳᠡᠬᠦ᠂ ᠬᠠᠤᠯᠢ᠎ᠶᠢ ᠣᠢᠯᠠᠭᠠᠬᠤ᠂ ᠬᠠᠤᠯᠢ᠎ᠶᠢ ᠰᠠᠬᠢᠬᠤ᠂ ᠬᠠᠤᠯᠢ᠎ᠶᠢ ᠬᠡᠷᠡᠭᠯᠡᠬᠦ᠎ᠶᠢ ᠬᠥᠲᠥᠯᠥᠨ ᠵᠢᠯᠤᠭᠣᠳᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号