ᠪᠤᠤ ᠭᠠᠩ ᠲᠡᠭᠦᠰᠦᠭᠰᠡᠨ᠎ᠢ ᠵᠠᠷᠯᠠᠪᠠ
8 ᠰᠠᠷ᠎ᠠ᠎ᠶᠢᠨ 16᠎ᠤ᠋ ᠣᠷᠣᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ ᠪᠤᠭᠤᠲᠤ᠎ᠳᠤ ᠲᠡᠭᠦᠰᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠤᠤ ᠭᠠᠩ ᠤᠷᠤᠯᠴᠠᠭᠰᠠᠨ ᠪᠦᠭᠡᠳ ᠲᠡᠭᠦᠰᠦᠭᠰᠡᠨ᠎ᠢ ᠵᠠᠷᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠪᠦᠦ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠪᠤᠭᠤᠲᠤ ᠬᠣᠲᠠ᠎ᠶᠢᠨ ᠨᠠᠮ᠎ᠤᠨ ᠬᠣᠷᠢᠶ᠎ᠠ᠎ᠶᠢᠨ ᠱᠦᠵᠢ ᠴᠧᠨ ᡁᠢ ᠴᠠᠩ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠰᠦᠬᠡ ᠲᠡᠭᠦᠰᠬᠦ ᠦᠭᠡ ᠬᠡᠯᠡᠪᠡ᠃
ᠦᠳᠡᠰᠢ᠎ᠶᠢᠨ ᠪᠦᠷᠦᠢ ᠪᠠᠭᠤᠵᠦ᠂ ᠥᠩᠭᠡᠲᠦ ᠳ᠋ᠧᠩᠭᠡᠷᠡᠯᠳᠦᠨᠠ᠃ ᠪᠤᠭᠤᠲᠤ ᠬᠤᠳᠠ᠎ᠶᠢᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠲᠥᠪ᠎ᠦᠨ ᠲᠠᠮᠢᠷ᠎ᠤᠨ ᠣᠷᠳᠣᠨ᠎ᠳᠤ ᠬᠥᠮᠥᠰ ᠳᠦᠭᠦᠷ᠎ᠤᠨ᠂ ᠬᠦᠷ ᠬᠥᠭᠵᠢᠶᠡᠨ᠎ᠢᠶᠠᠷ ᠪᠢᠯᠬᠠᠵᠤ᠂ ᠤᠷᠤᠯᠳᠤᠭᠠᠨ᠎ᠳᠤ ᠣᠷᠣᠯᠴᠠᠭᠰᠠᠨ ᠡᠯ᠎ᠡ ᠲᠥᠯᠥᠭᠡᠯᠡᠭᠴᠢᠳ᠎ᠦᠨ ᠪᠦᠯᠬᠦᠮ᠎ᠦᠨ ᠲᠥᠯᠥᠭᠡᠯᠡᠭᠴᠢᠳ ᠲᠠᠯᠠᠪᠠᠢ᠎ᠳᠤ ᠠᠯᠬᠤᠮ ᠳᠠᠷᠠᠭ᠎ᠠ ᠲᠡᠢ ᠤᠷᠤᠪᠠ᠃ ᠲᠠᠯᠠᠪᠠᠢ᠎ᠳᠤ ᠣᠷᠣᠵᠤ ᠳᠠᠭᠤᠰᠤᠭᠰᠠᠨ᠎ᠤ ᠳᠠᠷᠠᠭ᠎ᠠ ᠪᠦᠭᠦᠳᠡᠭᠡᠷ᠎ᠢᠶᠡᠨ ᠪᠣᠰᠴᠤ ᠵᠤᠭᠰᠤᠨ᠂ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ ᠳᠠᠭᠤᠤ᠎ᠶᠢ ᠬᠥᠭᠵᠢᠮᠳᠡᠨ ᠳᠠᠭᠤᠯᠠᠪᠠ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠰᠦᠯᠳᠡ ᠳᠠᠭᠤᠤ᠎ᠶᠢᠨ ᠳᠤᠮᠳᠠ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠲᠤᠭ ᠪᠣᠯᠣᠨ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠲᠤᠭ ᠠᠯᠭᠤᠷᠬᠠᠨ ᠪᠠᠭᠤᠵᠤ᠂ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠭᠣᠣᠯ ᠭᠠᠯ ᠪᠠᠮᠪᠠᠷ ᠠᠭᠠᠵᠢᠮ᠎ᠢᠶᠠᠷ ᠤᠨᠲᠠᠷᠠᠪᠠ᠃
ᠲᠡᠭᠦᠰᠬᠦ ᠶᠣᠰᠣᠯᠠᠯ᠎ᠤᠨ ᠤᠷᠠᠨ ᠰᠠᠢᠬᠠᠨ᠎ᠤ ᠦᠵᠡᠭᠦᠯᠭᠡ᠎ᠶᠢᠨ ᠲᠣᠭᠯᠠᠯᠲᠠ᠎ᠶᠢ 《ᠰᠢᠨ᠎ᠡ ᠲᠣᠷᠭᠠᠨ ᠵᠠᠮ᠎ᠤᠨ ᠮᠠᠭᠳᠠᠭᠠᠯ》᠂ 《ᠰᠢᠨ᠎ᠡ ᠴᠠᠭ ᠦᠶ᠎ᠡ ᠵᠢᠨ ᠳᠠᠭᠤᠯᠠᠯ》᠂ 《ᠰᠢᠨ᠎ᠡ ᠠᠶᠠᠨ᠎ᠤ ᠤᠤᠬᠠᠢᠯᠠᠯ》 ᠭᠤᠷᠪᠠᠨ ᠪᠦᠯᠦᠭ ᠬᠤᠪᠢᠶᠠᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠪᠦᠯᠬᠦᠮᠳᠡᠨ ᠲᠡᠮᠡᠴᠡᠵᠦ᠂ ᠣᠮᠣᠭ ᠲᠡᠭᠦᠯᠳᠡᠷ᠎ᠢᠶᠡᠷ ᠥᠭᠡᠳᠡᠯᠡᠨ ᠲᠠᠪᠰᠢᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠠᠮᠢᠳᠤᠯᠢᠭ᠋ ᠢᠯᠡᠷᠡᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ᠎ᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠲᠦᠷᠭᠡᠨ ᠦᠷ᠎ᠡ ᠪᠦᠲᠦᠮᠵᠢᠲᠡᠢ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠰᠢᠨ᠎ᠡ ᠵᠢᠳᠬᠦᠯ ᠴᠢᠷᠮᠠᠢᠯᠭ᠎ᠠ ᠭᠠᠷᠭᠠᠨ᠂ ᠰᠢᠨ᠎ᠡ ᠠᠮᠵᠢᠯᠲᠠ ᠪᠦᠲᠦᠮᠵᠢ ᠭᠠᠷᠭᠠᠬᠤ᠎ᠪᠠᠷ ᠴᠢᠷᠮᠠᠢᠬᠤ ᠵᠢ ᠵᠤᠷᠢᠭᠵᠢᠭᠤᠯᠪᠠ᠃
ᠲᠦᠮᠡᠨ ᠣᠯᠠᠨ᠎ᠤ ᠠᠩᠬᠠᠷᠤᠯ᠎ᠤᠨ ᠳᠤᠮᠳᠠ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠲᠣᠭ᠎ᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠣᠯᠣᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠢ ᠳᠠᠭᠠᠭᠠᠴᠢᠯᠠᠨ ᠡᠷᠭᠢᠯᠡᠬᠦ ᠬᠣᠲᠠ ᠪᠤᠯᠬᠤ ᠬᠥᠬᠡᠬᠣᠲᠠ᠎ᠶᠢᠨ ᠤᠬᠠᠭᠤᠯᠭ᠎ᠠ᠎ᠶᠢᠨ ᠹᠢᠯᠢᠮ᠎ᠢ ᠨᠡᠪᠲᠡᠷᠡᠭᠦᠯᠪᠡ᠃ ᠲᠡᠭᠦᠰᠬᠦ ᠶᠣᠰᠣᠯᠠᠯ ᠨᠢ 《ᠡᠬᠡ ᠤᠯᠤᠰ᠎ᠢᠶᠠᠨ ᠮᠠᠭᠲᠠᠨ ᠳᠠᠭᠤᠯᠠᠶ᠎ᠠ》 ᠭᠡᠬᠦ ᠪᠦᠬᠦ ᠲᠠᠯᠠᠪᠠᠢ᠎ᠶᠢᠨ ᠨᠠᠢᠷᠠᠯ ᠳᠠᠭᠤᠤ ᠵᠢᠨ ᠬᠠᠩᠭᠢᠨᠠᠮ᠎ᠠ ᠠᠶᠠᠰ᠎ᠤᠨ ᠳᠤᠮᠳᠠ ᠥᠨᠳᠥᠷᠯᠡᠪᠡ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠬᠤᠭᠤᠴᠠᠭᠠᠨ᠎ᠳᠤ ᠪᠦᠬᠦ ᠣᠷᠣᠨ᠎ᠤ ᠡᠯ᠎ᠡ ᠭᠠᠵᠠᠷ᠎ᠡᠴᠡ ᠢᠷᠡᠭᠰᠡᠨ 1.2 ᠲᠦᠮᠡ ᠭᠠᠷᠤᠢ ᠲᠠᠮᠢᠷᠴᠢᠨ 37 ᠶᠡᠬᠡ ᠲᠦᠷᠦᠯ᠂ 860 ᠪᠠᠭ᠎ᠠ ᠲᠦᠷᠦᠯ᠎ᠦᠨ ᠤᠷᠤᠯᠳᠤᠭᠠᠨ᠎ᠳᠤ ᠣᠷᠣᠯᠴᠠᠵᠤ᠂ ᠡᠭᠦᠨ᠎ᠳᠦ ᠦᠷᠢᠰᠦᠯᠳᠦᠭᠡᠨᠲᠦ ᠳᠤᠭᠤᠢᠯᠠᠩ᠎ᠤᠨ 26 ᠶᠡᠬᠡ ᠲᠦᠷᠦᠯ᠎ᠤᠨ 809 ᠪᠠᠭ᠎ᠠ ᠲᠦᠷᠦᠯ᠂ ᠤᠯᠠᠨ ᠲᠦᠮᠡᠨ᠎ᠦ ᠳᠤᠭᠤᠢᠯᠠᠩ᠎ᠤᠨ 11 ᠶᠡᠬᠡ ᠲᠦᠷᠦᠯ᠎ᠤᠨ 51 ᠪᠠᠭ᠎ᠠ ᠲᠦᠷᠦᠯ ᠪᠤᠢ᠃ ᠤᠷᠤᠯᠳᠤᠭᠠᠨ᠎ᠤ ᠪᠦᠬᠦ ᠶᠠᠪᠤᠴᠠ ᠡᠮᠬᠢ ᠳᠢᠭ᠌ᠯᠢᠮ᠎ᠲᠠᠢ᠂ ᠰᠤᠷᠲᠠᠯ ᠴᠢᠬᠡᠴᠢ ᠣᠪᠣᠷ ᠲᠥᠪ ᠪᠠᠢᠵᠤ᠂ ᠥᠷᠭᠡᠨ ᠤᠯᠠᠨ ᠲᠠᠮᠢᠷᠴᠢᠳ ᠲᠦᠷᠦᠭᠦᠯᠡᠬᠦ ᠪᠡᠷ ᠡᠷᠡᠯᠬᠡᠭᠯᠡᠨ ᠲᠡᠮᠡᠴᠡᠵᠦ᠂ ᠥᠪᠡᠷ᠎ᠢ ᠪᠡᠨ ᠢᠯᠠᠨ ᠳᠠᠪᠠᠵᠤ᠂ ᠦᠷᠢᠰᠦᠯᠳᠦᠭᠡᠨ ᠪᠤᠯᠭᠠᠨ᠎ᠳᠦ ᠴᠢᠳᠠᠯ ᠵᠢᠡᠨ ᠰᠢᠪᠬᠠᠬᠤ᠂ ᠪᠦᠯᠬᠦᠮᠲᠠᠨ ᠡᠶ᠎ᠡ ᠨᠠᠢᠷᠲᠠᠢ᠂ ᠦᠷᠢᠰᠦᠯᠳᠦᠭᠴᠢ ᠪᠡᠨ ᠬᠦᠨᠳᠦᠳᠬᠡᠬᠦ᠂ ᠳᠦᠷᠢᠮ᠎ᠢ ᠪᠢᠰᠢᠷᠡᠨ ᠬᠦᠨᠳᠦᠳᠬᠡᠬᠦ ᠰᠠᠢᠨ ᠰᠠᠢᠬᠠᠨ ᠳᠦᠷᠰᠦ ᠪᠠᠢᠳᠠᠯ᠎ᠢ ᠢᠯᠡᠷᠡᠭᠦᠯᠵᠡᠢ᠃