《ᠪᠣᠬᠢᠷᠲᠤᠯ ᠦᠭᠡᠢ᠂ ᠬᠠᠮᠲᠤ᠎ᠪᠠᠷ ᠡᠳ᠋ᠯᠡᠬᠦ᠂ ᠨᠡᠭᠡᠭᠡᠯᠲᠡᠲᠡᠢ᠂ ᠠᠷᠢᠭᠤᠨ ᠴᠢᠬᠡᠴᠢ》 ᠪᠡᠷ ᠤᠢᠯᠠᠭᠠᠭᠳᠠᠬᠤᠨ ᠪᠤᠯᠭᠠᠭᠰᠠᠨ ᠦᠪᠡᠳᠡᠭᠰᠢ ᠴᠤᠭᠯᠠᠭᠠᠨ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ ᠤᠳᠬ᠎ᠠ ᠲᠡᠭᠦᠯᠳᠡᠷ ᠪᠤᠯᠤᠯ᠎ᠠ᠃ ᠪᠥᠬᠥ ᠣᠷᠣᠨ᠎ᠤ ᠬᠡᠪᠴᠢᠶ᠎ᠡ᠎ᠪᠡᠷ ᠬᠠᠮᠤᠭ᠎ᠤᠨ ᠶᠡᠬᠡ᠂ ᠬᠡᠪ ᠪᠠᠷᠢᠮᠵᠢᠶ᠎ᠠ᠎ᠪᠠᠷ ᠬᠠᠮᠤᠭ᠎ᠤᠨ ᠥᠨᠳᠥᠷ᠂ ᠨᠥᠯᠥᠭᠡᠯᠡᠬᠦ ᠬᠦᠴᠦᠨ᠎ᠢᠶᠡᠷ ᠬᠠᠮᠤᠭ᠎ᠤᠨ ᠥᠷᠭᠡᠨ ᠶᠡᠷᠦᠩᠬᠡᠢᠯᠡᠭᠰᠡᠨ ᠴᠢᠨᠠᠷᠲᠠᠢ ᠪᠡᠶ᠎ᠡ᠎ᠶᠢᠨ ᠲᠠᠮᠢᠷ᠎ᠤᠨ ᠦᠪᠡᠳᠡᠭᠰᠢ ᠴᠤᠭᠯᠠᠭᠠᠨ ᠪᠣᠯᠤᠭᠰᠠᠨ᠎ᠤ ᠬᠤᠪᠢ᠎ᠳᠤ ᠲᠣᠰ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠤ ᠪᠥᠬᠥ ᠣᠷᠣᠨ᠎ᠤ 12 ᠠᠢᠮᠠᠭ ᠬᠣᠲᠠ᠎ᠶᠢᠨ ᠲᠦᠮᠡ ᠭᠠᠷᠤᠢ ᠲᠠᠮᠢᠷᠴᠢᠳ ᠪᠤᠭᠤᠳᠤ ᠬᠤᠳᠠ ᠳ᠋ᠤ ᠴᠤᠭᠯᠠᠷᠠᠵᠤ᠂ ᠤᠷᠤᠯᠳᠤᠭᠠᠨ᠎ᠤ ᠲᠠᠯᠠᠪᠤᠷ᠎ᠲᠤ ᠬᠦᠰᠡᠯ ᠵᠡᠭᠦᠳᠦ᠎ᠪᠡᠨ ᠲᠡᠷᠭᠡᠯᠰᠢᠭᠦᠯᠦᠯᠡ᠃ ᠤᠷᠤᠯᠳᠤᠭᠠᠨ᠎ᠤ ᠲᠦᠷᠦᠯ ᠵᠦᠢᠯ ᠡᠯᠪᠡᠭ ᠪᠠᠶᠠᠯᠢᠭ᠋᠂ ᠬᠠᠮᠤᠷᠤᠭᠰᠠᠨ ᠬᠡᠪᠴᠢᠶ᠎ᠡ ᠥᠷᠭᠡᠨ ᠳᠡᠯᠭᠡᠷ ᠪᠠᠢᠵᠤ᠂ ᠤᠮᠪᠠᠯᠲᠠ᠂ ᠲᠣᠣᠷ ᠪᠥᠮᠪᠥᠭᠡ᠂ ᠵᠡᠪᠰᠡᠭ᠎ᠦᠨ ᠡᠷᠳᠡᠮ᠂ ᠪᠥᠬᠡ ᠪᠠᠷᠢᠯᠳᠤᠬᠤ ᠵᠡᠷᠭᠡ ᠬᠤᠷᠴᠠ ᠰᠢᠷᠦᠭᠦᠨ ᠦᠷᠢᠰᠦᠯᠳᠦᠭᠡᠨ᠎ᠤ ᠲᠦᠷᠦᠯ ᠵᠦᠢᠯ ᠪᠠᠢᠬᠤ᠎ᠪᠠᠷ ᠪᠠᠷᠠᠬᠤ ᠦᠭᠡᠢ ᠪᠠᠰᠠ ᠤᠯᠠᠨ ᠲᠦᠮᠡᠨ᠎ᠦ ᠦᠵᠡᠵᠦ ᠰᠣᠨᠢᠷᠬᠠᠬᠤ ᠳᠤᠷᠠᠲᠠᠢ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠦᠷᠦᠯ ᠵᠦᠢᠯ ᠴᠦ᠍ ᠪᠠᠢᠵᠤ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠦᠢᠯᠡᠰ᠎ᠦᠨ ᠥᠷᠨᠢᠩᠭᠦᠢ ᠬᠥᠭᠵᠢᠯᠲᠡ᠎ᠶᠢᠨ ᠰᠠᠢᠨ ᠰᠠᠢᠬᠠᠨ ᠪᠠᠢᠳᠠᠯ ᠢ ᠪᠦᠬᠦ ᠲᠠᠯ᠎ᠠ᠎ᠪᠠᠷ ᠢᠯᠡᠷᠡᠭᠦᠯᠦᠭᠰᠡᠨ ᠪᠠᠢᠨ᠎ᠠ᠃

ᠦᠪᠡᠷᠮᠢᠴᠡ ᠡᠬᠢ ᠪᠠᠶᠠᠯᠢᠭ᠎ᠢ ᠦᠪᠡᠳᠡᠭᠰᠢ ᠴᠤᠭᠯᠠᠭᠠᠨ᠎ᠳᠤ ᠠᠭᠤᠰᠬᠠᠵᠤ ᠬᠣᠲᠠ᠎ᠶᠢᠨ ᠥᠪᠡᠷᠮᠢᠴᠡ ᠴᠣᠭ ᠵᠢᠪᠬᠤᠭ᠎ᠠ᠎ᠶᠢ ᠢᠯᠡᠷᠡᠭᠦᠯᠪᠡ
《ᠬᠣᠪᠣᠷ ᠰᠢᠷᠣᠢ᠎ᠶᠢᠨ ᠬᠣᠲᠠ》 ᠬᠡᠮᠡᠭᠳᠡᠭᠰᠡᠨ ᠪᠤᠭᠤᠳᠤ ᠬᠤᠳᠠ ᠭᠠᠵᠠᠷ ᠣᠷᠣᠨ᠎ᠤ᠎ᠪᠠᠨ ᠠᠵᠤ ᠦᠢᠯᠡᠰ᠎ᠦᠨ ᠳᠠᠪᠠᠭᠤᠯᠢᠭ᠋᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠦᠢᠯᠡᠰ᠎ᠦᠨ ᠬᠢᠯᠠᠰ ᠴᠡᠭ᠎ᠢ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠲᠠᠢ ᠭᠦᠨᠵᠡᠭᠡᠢ ᠤᠶᠠᠯᠳᠤᠭᠤᠯᠪᠠ᠃ ᠲᠤᠬᠠᠢᠯᠠᠪᠡᠯ᠂ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠭᠠᠯ ᠪᠠᠮᠪᠠᠷ᠎ᠤᠨ ᠭᠠᠳᠠᠷᠭᠤ ᠨᠢ ᠬᠣᠪᠣᠷ ᠰᠢᠷᠣᠢ᠎ᠶᠢᠨ ᠬᠠᠢᠯᠤᠰᠢ ᠵᠢᠨ ᠮᠠᠲᠧᠷᠢᠶᠠᠯ᠎ᠢ ᠬᠡᠷᠡᠭᠯᠡᠵᠦ᠂ ᠥᠨᠳᠥᠷ ᠳᠤᠯᠠᠭᠠᠨ ᠳ᠋ᠤ ᠲᠡᠰᠪᠦᠷᠢᠳᠡᠢ᠂ ᠢᠳᠡᠭᠳᠡᠯ᠎ᠢ ᠰᠡᠷᠭᠡᠢᠯᠡᠬᠦ᠂ ᠢᠰᠦᠯᠳᠦᠬᠦ᠎ᠶᠢ ᠡᠰᠡᠷᠬᠦᠴᠡᠬᠦ ᠲᠣᠪᠣᠢᠮ᠎ᠠ ᠴᠢᠳᠠᠮᠵᠢ᠎ᠲᠠᠢ ᠪᠠᠢᠵᠤ᠂ ᠨᠡᠷᠡᠨ᠎ᠳᠦ ᠰᠢᠷᠠᠭᠳᠠᠵᠤ ᠪᠣᠷᠣᠭᠠᠨ᠎ᠳᠤ ᠨᠣᠷᠣᠭᠳᠠᠬᠤ ᠪᠠ ᠣᠷᠳᠣ᠌ ᠬᠤᠭᠤᠴᠠᠭ᠎ᠠ᠎ᠪᠠᠷ ᠨᠤᠴᠤᠬᠤ᠎ᠶᠢ ᠳᠠᠭᠠᠭᠠᠵᠤ᠂ ᠭᠡᠷ᠎ᠦᠨ ᠭᠠᠳᠠᠨᠠᠬᠢ ᠭᠠᠯ ᠪᠠᠮᠪᠠᠷ᠎ᠤᠨ ᠳᠠᠮᠵᠢᠭᠤᠯᠭ᠎ᠠ᠎ᠶᠢᠨ ᠲᠣᠭᠲᠠᠭᠤᠨ ᠪᠥᠭᠡᠳ ᠠᠮᠤᠷ ᠲᠦᠪᠰᠢᠨ᠎ᠢ ᠪᠦᠲᠦᠮᠵᠢᠲᠡᠶ ᠪᠠᠲᠤᠯᠠᠪᠠ᠃ ᠭᠠᠯ ᠪᠠᠮᠪᠠᠷᠴᠢᠨᠤ ᠬᠤᠪᠴᠠᠰᠤ ᠬᠤᠨᠠᠷ ᠨᠢ ᠲᠣᠰ ᠭᠠᠵᠠᠷ ᠣᠷᠣᠨ᠎ᠤ ᠰᠤᠳᠤᠯᠤᠨ ᠨᠡᠭᠡᠭᠡᠭᠰᠡᠨ ᠬᠣᠪᠣᠷ ᠰᠢᠷᠣᠢ᠎ᠶᠢᠨ ᠴᠢᠳᠠᠮᠵᠢᠳᠤ ᠪᠥᠰ ᠢ ᠬᠡᠷᠡᠭᠯᠡᠨ᠂ ᠠᠭᠠᠷ ᠠᠮᠠᠷᠬᠠᠨ ᠨᠡᠪᠲᠡᠷᠡᠬᠦ ᠮᠦᠷᠲᠡᠭᠡᠨ ᠡᠮᠦᠰᠬᠦ᠎ᠳᠦ ᠰᠡᠷᠢᠭᠦᠨ ᠲᠠᠭᠠᠯᠠᠮᠵᠢᠲᠠᠢ ᠣᠨᠴᠠᠯᠢᠭ᠋᠎ᠲᠠᠢ ᠪᠠᠢᠳᠠᠭ᠃


ᠤᠷᠤᠯᠳᠤᠭᠠᠨ᠎ᠤ ᠪᠠᠢᠷᠢᠯᠠᠭᠤᠯᠤᠯᠲᠠ᠂ ᠭᠣᠣᠯ ᠰᠡᠳᠦᠪᠲᠦ ᠦᠵᠡᠭᠦᠯᠭᠡ ᠵᠡᠷᠭᠡ ᠡᠯ᠎ᠡ ᠭᠣᠭᠴᠣᠭ᠎ᠠ᠎ᠳᠤ ᠴᠦᠮ ᠬᠣᠪᠣᠷ ᠰᠢᠷᠣᠢ᠎ᠶᠢᠨ ᠡᠯᠧᠮᠧᠨ᠋ᠲ ᠪᠠ ᠲᠠᠯ᠎ᠠ ᠨᠤᠲᠤᠭ᠎ᠤᠨ ᠰᠤᠶᠤᠯ᠎ᠢ ᠤᠷᠠᠨ᠎ᠢᠶᠠᠷ ᠠᠭᠤᠰᠬᠠᠪᠠ᠃ ᠡᠭᠦᠨ᠎ᠦ ᠬᠠᠮᠲᠤ᠂ ᠲᠤᠰ ᠤᠳᠠᠭ᠎ᠠ᠎ᠶᠢᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠤ ᠪᠣᠬᠢᠷᠲᠤᠯ ᠦᠭᠡᠢ ᠠᠷᠪᠢᠴᠢ ᠭᠠᠮᠲᠠᠢ ᠤᠷᠤᠯᠳᠤᠭᠠᠨ ᠡᠷᠬᠢᠯᠡᠬᠦ ᠵᠠᠷᠴᠢᠮ᠎ᠢ ᠪᠠᠷᠢᠮᠲᠠᠯᠠᠵᠤ᠂ ᠪᠤᠭᠤᠲᠤ᠎ᠶᠢᠨ ᠤᠳᠤ᠎ᠶᠢᠨ ᠪᠠᠢᠭ᠎ᠠ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ᠎ᠤ ᠡᠬᠢ ᠪᠠᠶᠠᠯᠢᠭ᠋᠎ᠢ ᠭᠦᠢᠴᠡᠳ ᠠᠮᠢᠳᠤᠯᠢᠭ᠋᠎ᠢᠶᠠᠷ ᠠᠰᠢᠭ᠍ᠯᠠᠵᠤ᠂ ᠲᠡᠰ ᠳᠡᠪᠰᠢᠭᠦᠯᠦᠨ ᠥᠭᠡᠷᠡᠴᠢᠯᠡᠬᠦ᠂ ᠲᠠᠯᠠᠪᠤᠷ ᠭᠠᠵᠠᠷ᠎ᠤᠨ ᠲᠥᠬᠦᠭᠡᠷᠦᠮᠵᠢ᠎ᠶᠢ ᠪᠠᠢᠴᠠᠭᠠᠨ ᠰᠡᠯᠪᠢᠵᠦ ᠰᠢᠯᠢᠳᠡᠭᠵᠢᠭᠦᠯᠬᠦ᠎ᠪᠡᠷ ᠳᠠᠮᠵᠢᠭᠤᠯᠵᠤ᠂ ᠤᠮᠪᠠᠯᠲᠠ᠎ᠶᠢᠨ ᠣᠷᠳᠣᠨ᠎ᠤ ᠴᠠᠭᠪᠤᠳᠤᠬᠤ ᠰᠢᠰᠲᠧᠮ᠂ ᠲᠠᠯᠠᠪᠤᠷ ᠣᠷᠳᠣᠨ᠎ᠤ ᠳ᠋ᠧᠩ᠂ ᠤᠰᠤ ᠴᠡᠪᠡᠷᠰᠢᠭᠦᠯᠬᠦ ᠲᠥᠬᠦᠭᠡᠷᠦᠮᠵᠢ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ᠎ᠶᠢ ᠲᠡᠭᠦᠯᠳᠡᠷᠵᠢᠭᠦᠯᠵᠦ᠂ ᠢᠯᠡᠭᠦᠴᠡ ᠪᠦᠲᠦᠭᠡᠨ ᠪᠠᠶ᠋ᠢᠭᠤᠯᠬᠤ ᠦᠭᠡᠢ᠂ ᠪᠦᠷᠢᠯᠭᠡᠨ ᠰᠦᠢᠳᠬᠡᠬᠦ ᠦᠭᠡᠢ ᠪᠠᠢᠵᠤ᠂ ᠤᠷᠤᠯᠳᠤᠭᠠᠨ ᠡᠷᠬᠢᠯᠡᠬᠦ ᠥᠪᠡᠷ᠎ᠦᠨ ᠦᠷᠳᠡᠭ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠠᠷᠪᠢᠯᠠᠯᠠ᠃ ᠵᠣᠬᠢᠶᠠᠨ ᠪᠠᠶ᠋ᠢᠭᠤᠯᠬᠤ ᠺᠣᠮᠢᠰ᠎ᠠᠴᠠ ᠡᠮ ᠡᠮᠨᠡᠯᠭᠡ᠎ᠶᠢᠨ ᠠᠪᠤᠷᠠᠨ ᠲᠤᠰᠠᠯᠠᠯᠲᠠ᠂ ᠠᠮᠤᠷ ᠲᠦᠪᠰᠢᠨ᠎ᠦ ᠬᠠᠮᠠᠭᠠᠯᠠᠯᠲᠠ᠂ ᠵᠠᠮ ᠬᠠᠷᠢᠯᠴᠠᠭ᠎ᠠ᠎ᠶᠢ ᠨᠡᠪᠲᠡᠷᠡᠭᠦᠯᠬᠦ᠂ ᠴᠠᠬᠢᠯᠭᠠᠨ ᠬᠦᠴᠦᠨ᠎ᠦ ᠪᠠᠲᠤᠯᠠᠭ᠎ᠠ᠂ ᠰᠠᠢᠨ ᠳᠤᠷ᠎ᠠ᠎ᠶᠢᠨ ᠦᠢᠯᠡᠴᠢᠯᠡᠭᠡ ᠵᠡᠷᠭᠡ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠶᠢ ᠪᠦᠬᠦ ᠲᠠᠯ᠎ᠠ᠎ᠪᠠᠷ ᠨᠠᠷᠢᠯᠢᠭ᠍ᠵᠢᠭᠤᠯᠤᠨ ᠥᠨᠳᠥᠷ ᠪᠦᠲᠦᠮᠵᠢᠲᠡᠢ ᠪᠠᠲᠤᠯᠠᠭ᠎ᠠ᠎ᠶᠢᠨ ᠠᠵᠢᠯ᠎ᠢᠶᠠᠷ ᠤᠷᠤᠯᠳᠤᠭᠠᠨ᠎ᠤ ᠶᠠᠪᠤᠳᠠᠯ᠎ᠤᠨ ᠲᠣᠭᠲᠠᠭᠤᠨ ᠡᠮᠬᠢ ᠵᠢᠷᠤᠮ᠎ᠲᠠᠢ ᠶᠠᠪᠤᠭᠳᠠᠬᠤ᠎ᠶᠢ ᠪᠠᠲᠤᠯᠠᠵᠤ᠂ ᠤᠷᠤᠯᠳᠤᠭᠠᠨ ᠪᠣᠯᠭᠠᠨ᠎ᠢ ᠠᠮᠤᠷ ᠲᠦᠪᠰᠢᠨ᠂ ᠵᠢᠷᠤᠮᠵᠢᠯ᠎ᠲᠠᠢ ᠂ ᠭᠣᠢᠳᠠ ᠰᠠᠢᠬᠠᠨ ᠡᠷᠬᠢᠯᠡᠪᠡ᠃
ᠠᠷᠠᠳ᠎ᠲᠤ ᠠᠰᠢᠭ᠋ ᠬᠦᠷᠲᠡᠭᠡᠬᠦ ᠣᠢᠯᠠᠭᠠᠭᠳᠠᠬᠤᠨ᠎ᠢ ᠪᠠᠷᠢᠮᠳᠠᠯᠠᠵᠦ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠤᠯᠲᠠ᠎ᠶᠢ ᠠᠬᠢᠭᠤᠯᠪᠠ
ᠲᠤᠰ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠤ 《ᠳᠥᠭᠥᠮ ᠳᠥᠲᠡ᠂ ᠠᠮᠤᠷ ᠲᠦᠪᠰᠢᠨ᠂ ᠭᠣᠢᠳᠠ ᠰᠠᠢᠬᠠᠨ》ᠤᠷᠤᠯᠳᠤᠭᠠᠨ ᠡᠷᠬᠢᠯᠡᠬᠦ ᠵᠣᠷᠢᠯᠲᠠ᠎ᠶᠢ ᠢᠮᠠᠭᠲᠠ ᠪᠠᠷᠢᠮᠲᠠᠯᠠᠵᠤ᠂ ᠤᠷᠤᠯᠳᠤᠭᠠᠨ ᠡᠷᠬᠢᠯᠡᠬᠦ ᠭᠣᠣᠯᠳᠠᠯᠭ᠎ᠠ᠎ᠪᠠᠨ ᠤᠷᠤᠯᠳᠤᠭᠠᠨ᠎ᠤ ᠶᠠᠪᠤᠳᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠤᠯᠲᠠ᠎ᠶᠢ ᠲᠦᠭᠡᠮᠡᠯᠵᠢᠭᠦᠯᠬᠦ ᠳᠡᠭᠡᠷ᠎ᠡ ᠲᠠᠯᠪᠢᠵᠤ᠂ ᠠᠷᠢᠭᠤᠨ ᠴᠢᠬᠡᠴᠢ ᠠᠷᠪᠢᠴᠢ ᠭᠠᠮᠲᠠᠢ᠂ ᠤᠯᠠᠨ ᠲᠦᠮᠡᠨ᠎ᠲᠠᠢ ᠣᠢᠷᠠᠲᠤᠭᠰᠠᠨ ᠪᠡᠶ᠎ᠡ᠎ᠶᠢᠨ ᠲᠠᠮᠢᠷ᠎ᠤᠨ ᠦᠪᠡᠳᠡᠭᠰᠢ ᠴᠤᠭᠯᠠᠭᠠᠨ᠎ᠢ ᠪᠦᠬᠦ ᠬᠦᠴᠦᠨ᠎ᠢᠶᠡᠷ᠎ᠢᠶᠡᠨ ᠴᠣᠭᠴᠠᠯᠠᠪᠠ᠃ ᠤᠷᠤᠯᠳᠤᠭᠠᠨ ᠨᠢ ᠤᠷᠤᠯᠳᠤᠭᠠᠨ᠎ᠤ ᠶᠠᠪᠤᠴᠠ᠎ᠶᠢ ᠴᠢᠩᠭ᠎ᠠ ᠵᠢᠷᠤᠮᠵᠢᠭᠤᠯᠵᠤ᠂ ᠲᠤᠰᠬᠠᠢ ᠮᠡᠷᠭᠡᠵᠢᠯ᠎ᠦᠨ ᠬᠢᠨᠠᠭ᠍ᠴᠢ᠎ᠶᠢᠨ ᠪᠦᠯᠬᠦᠮ᠎ᠢ ᠰᠣᠩᠭᠣᠨ ᠲᠤᠮᠢᠯᠠᠵᠦ᠂ ᠤᠷᠤᠯᠳᠤᠭᠠᠨ᠎ᠤ ᠰᠤᠷᠲᠠᠯ ᠰᠠᠬᠢᠯᠭ᠎ᠠ᠎ᠶᠢ ᠴᠢᠩᠭ᠎ᠠ ᠰᠠᠬᠢᠵᠤ᠂ ᠬᠥᠭᠡᠷᠦᠬᠦᠯᠬᠦ ᠡᠮ᠎ᠢ ᠡᠰᠡᠷᠭᠦᠴᠡᠬᠦ ᠡᠯ᠎ᠡ ᠵᠦᠢᠯ᠎ᠦᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠡᠷᠬᠡ ᠲᠡᠭᠰᠢ ᠲᠥᠪ ᠭᠣᠣᠯᠴᠢ᠂ ᠪᠣᠯᠪᠠᠰᠤᠨ ᠡᠮᠬᠢ ᠳᠢᠭ᠌ᠯᠢᠮ᠎ᠲᠠᠢ ᠤᠷᠤᠯᠳᠤᠭᠠᠨ᠎ᠤ ᠣᠷᠴᠢᠨ ᠲᠣᠭᠣᠷᠢᠨ᠎ᠢ ᠪᠦᠬᠦ ᠬᠦᠴᠦᠨ᠎ᠢᠶᠡᠷ᠎ᠢᠶᠡᠨ ᠪᠤᠢ ᠪᠣᠯᠭᠠᠵᠤ᠂ ᠲᠠᠮᠢᠷᠴᠢᠨ ᠨᠢᠭᠡᠪᠦᠷᠢ᠎ᠶᠢᠨ ᠳᠦᠷᠢᠮᠵᠢᠯ᠎ᠲᠠᠢ᠂ ᠴᠢᠩᠭ᠎ᠠ ᠨᠢᠮᠪᠠᠢ ᠠᠭᠤᠷ ᠠᠮᠢᠰᠬᠤᠯ᠎ᠤᠨ ᠳᠤᠮᠳᠠ ᠬᠠᠮᠤᠭ ᠰᠠᠢᠨ ᠲᠦᠪᠰᠢᠨ᠎ᠢᠶᠡᠨ ᠢᠯᠡᠷᠡᠭᠦᠯᠬᠦ᠎ᠶᠢ ᠪᠠᠲᠤᠯᠠᠵᠠᠢ᠃


ᠲᠣᠰ ᠤᠳᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠤ ᠲᠤᠰᠬᠠᠢ ᠮᠡᠷᠭᠡᠵᠢᠯ᠎ᠦᠨ ᠤᠷᠤᠯᠳᠤᠭᠠᠨ ᠪᠠ ᠪᠥᠬᠥ ᠠᠷᠠᠳ᠎ᠢᠶᠠᠷ᠎ᠢᠶᠠᠨ ᠣᠷᠣᠯᠴᠠᠬᠤ᠎ᠶᠢ ᠬᠠᠮᠲᠤ ᠳ᠋ᠤᠨᠢ ᠬᠠᠷᠠᠭᠠᠯᠵᠠᠵᠤ᠂ ᠥᠨᠳᠥᠷ ᠬᠢᠷᠢ ᠲᠦᠪᠰᠢᠨ ᠪᠦᠬᠦᠢ ᠵᠠᠯᠠᠭᠤᠴᠤᠳ ᠪᠠᠭᠠᠴᠤᠳ᠎ᠤᠨ ᠤᠷᠤᠯᠳᠤᠭᠠᠨ ᠪᠠᠢᠬᠤ ᠮᠥᠷᠲᠡᠭᠡᠨ ᠪᠠᠰᠠ ᠣᠯᠠᠨ ᠲᠦᠮᠡᠨ᠎ᠳᠦ ᠬᠠᠨᠳᠤᠭᠤᠯᠤᠭᠰᠠᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨᠢᠴᠦ ᠲᠤᠬᠢᠷᠠᠭᠤᠯᠪᠠ᠃ ᠷᠠᠳᠢᠣ᠋ ᠪᠡᠶ᠎ᠡ᠎ᠶᠢᠨ ᠲᠠᠮᠢᠷ᠂ ᠤᠯᠠᠨ ᠲᠦᠮᠡᠨ᠎ᠦ ᠰᠣᠨᠢᠷᠬᠠᠯᠲᠤ ᠤᠷᠤᠯᠳᠤᠭᠠᠨ ᠵᠡᠷᠭᠡ ᠠᠵᠢᠯᠯᠠᠭ᠎ᠠ ᠬᠤᠳᠠ᠎ᠶᠢᠨ ᠠᠭᠤᠳᠠᠮ ᠲᠠᠯᠠᠪᠠᠢ᠂ ᠨᠡᠢᠭᠡᠮ ᠲᠣᠭᠣᠷᠢᠭ᠋᠎ᠤᠨ ᠵᠡᠭᠡᠯᠢ ᠭᠤᠳᠤᠮᠵᠢ᠎ᠳᠤ ᠬᠦᠨᠵᠡᠭᠡᠢᠷᠡᠵᠦ᠂ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠢ ᠤᠯᠠᠨ ᠲᠦᠮᠡᠨ᠎ᠦ ᠠᠮᠢᠳᠤᠷᠠᠯ᠎ᠳᠤ ᠣᠢᠷᠠᠲᠤᠭᠤᠯᠵᠦ᠂ ᠥᠷᠭᠡᠨ ᠤᠯᠠᠨ ᠬᠤᠳᠠ᠎ᠶᠢᠨ ᠠᠷᠠᠳ ᠭᠡᠷ᠎ᠦᠨ ᠡᠭᠦᠳᠡᠨ᠎ᠳᠦ ᠪᠠᠨ ᠤᠷᠤᠯᠳᠤᠭᠠᠨ᠎ᠤ ᠬᠠᠪᠤ ᠴᠡᠨᠭᠭᠡᠯᠢ ᠡᠳ᠋ᠯᠡᠵᠦ᠂ ᠪᠡᠶ᠎ᠡ᠎ᠶᠢᠨ ᠲᠠᠮᠢᠷ ᠵᠢᠡᠷ ᠪᠡᠶ᠎ᠡ ᠮᠠᠬᠠᠪᠤᠳ ᠵᠢᠡᠨ ᠴᠢᠬᠢᠷᠠᠭᠵᠢᠭᠤᠯᠬᠤ ᠵᠢ ᠰᠠᠨᠠᠭᠠᠴᠢᠯᠠᠨ ᠦᠢᠯᠡᠳᠦᠯᠭᠡᠵᠢᠬᠦᠯᠵᠦ᠂《ᠪᠡᠶ᠎ᠡ᠎ᠶᠢᠨ ᠲᠠᠮᠢᠷ᠎ᠤᠨ ᠦᠪᠡᠳᠡᠭᠰᠢ ᠴᠤᠭᠯᠠᠭᠠᠨ᠎ᠢ ᠪᠦᠬᠦ ᠠᠷᠠᠳ᠎ᠢᠶᠠᠷ᠎ᠢᠶᠠᠨ ᠬᠠᠮᠲᠤ ᠪᠠᠷ ᠡᠳ᠋ᠯᠡᠬᠦ》 ᠶ᠋ᠢ ᠦᠨᠡᠨ ᠬᠦ᠌ ᠪᠡᠶᠡᠯᠡᠭᠦᠯᠦᠭᠰᠡᠨ ᠪᠠᠢᠨ᠎ᠠ᠃

ᠪᠡᠶ᠎ᠡ ᠵᠢᠨ ᠲᠠᠮᠢᠷ ᠰᠤᠶᠤᠯ ᠵᠢᠭᠤᠯᠴᠢᠯᠠᠯ᠎ᠢ ᠭᠦᠨᠵᠡᠭᠡᠢ ᠠᠭᠤᠰᠦᠯᠴᠠᠭᠤᠯᠵᠦ ᠬᠤᠲᠠ ᠵᠢᠨ ᠴᠢᠨᠠᠷ ᠰᠠᠢᠲᠠᠢ ᠬᠦᠭᠵᠢᠯᠲᠡ᠎ᠳᠤ ᠬᠦᠴᠦᠨ ᠨᠡᠮᠡᠷᠢᠯᠡᠪᠡ
ᠲᠤᠰ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠢᠶᠠᠷ ᠬᠣᠯᠪᠣᠭᠠᠰᠤ ᠪᠣᠯᠭᠠᠵᠤ᠂ ᠪᠡᠶ᠎ᠡ᠎ᠶᠢᠨ ᠲᠠᠮᠢᠷ᠂ ᠰᠣᠶᠣᠯ᠂ ᠵᠢᠭᠤᠯᠴᠢᠯᠡᠯ᠂ ᠠᠵᠤ ᠠᠬᠤᠢ᠎ᠶᠢᠨ ᠭᠦᠨᠵᠡᠭᠡᠢ ᠠᠭᠤᠰᠤᠯᠴᠠᠨ ᠬᠥᠭᠵᠢᠬᠦ᠎ᠶᠢ ᠠᠬᠢᠭᠤᠯᠵᠤ᠂《ᠪᠡᠶ᠎ᠡ ᠶᠢᠨ ᠲᠠᠮᠢᠷ᠎ᠤᠨ ᠲᠠᠪᠴᠠᠩ ᠪᠠᠶ᠋ᠢᠭᠤᠯᠬᠤ᠂ ᠰᠣᠶᠣᠯ ᠵᠢᠭᠤᠯᠴᠢᠯᠠᠯ᠎ᠤᠨ ᠦᠢᠯᠡᠰ᠎ᠢ ᠬᠦᠭᠵᠢᠭᠦᠯᠬᠦ᠂ ᠠᠵᠤ ᠠᠬᠤᠢ᠎ᠶᠢᠨ ᠣᠷᠣᠯᠭ᠎ᠠ᠎ᠶᠢ ᠨᠡᠮᠡᠭᠳᠡᠭᠦᠯᠬᠦ》 ᠤᠯᠠᠨ ᠡᠰᠢᠲᠦ ᠦᠷ᠎ᠡ ᠠᠰᠢᠭ᠋᠎ᠢ ᠪᠡᠶᠡᠯᠡᠭᠦᠯᠪᠠ᠃ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠲᠡᠭᠦᠰᠬᠦ ᠶᠣᠰᠣᠯᠠᠯ᠎ᠤᠨ ᠦᠵᠡᠭᠦᠯᠭᠡ᠎ᠶᠢᠨ ᠲᠣᠭᠯᠠᠯᠲᠠ᠂ ᠤᠷᠤᠯᠳᠤᠭᠠᠨ᠎ᠤ ᠰᠣᠶᠣᠯ᠎ᠤᠨ ᠦᠵᠡᠭᠦᠯᠭᠡ ᠨᠢ ᠲᠠᠯ᠎ᠠ ᠨᠤᠲᠤᠭ᠎ᠤᠨ ᠵᠠᠩ ᠦᠢᠯᠡ᠎ᠶᠢᠨ ᠰᠣᠶᠣᠯ ᠂ ᠤᠮᠠᠷᠠᠲᠤ᠎ᠶᠢᠨ ᠣᠨᠴᠠᠯᠢᠭ᠍ᠲᠤ ᠰᠣᠶᠣᠯ ᠵᠢᠴᠢ ᠪᠤᠭᠤᠲᠤ᠎ᠶᠢᠨ ᠠᠵᠤ ᠦᠢᠯᠡᠳᠪᠦᠷᠢ᠎ᠶᠢᠨ ᠰᠣᠶᠣᠯ᠎ᠢ ᠲᠥᠪᠯᠡᠷᠡᠭᠦᠯᠦᠨ ᠢᠯᠡᠷᠡᠭᠦᠯᠵᠦ᠂ ᠤᠷᠤᠯᠳᠤᠭᠠᠨᠶ᠋ᠢᠡᠷ ᠠᠴᠢᠶᠠᠯᠠᠪᠤᠷᠢ ᠪᠤᠯᠭᠠᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯᠣᠨ ᠥᠪᠥᠷ ᠮᠣᠩᠭᠣᠯ᠎ᠤᠨ ᠭᠠᠵᠠᠷ ᠣᠷᠣᠨ᠎ᠤ ᠣᠨᠴᠠᠯᠢᠭ᠍ᠲᠤ ᠰᠣᠶᠣᠯ᠎ᠢ ᠤᠯᠠᠮᠵᠢᠯᠠᠵᠤ᠂ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠲᠠᠯᠠᠪᠤᠷ᠎ᠢ ᠦᠪᠦᠷ ᠮᠤᠩᠭᠤᠯ᠎ᠤᠨ ᠴᠤᠭ ᠵᠢᠪᠬᠤᠭ᠎ᠠ᠎ᠶᠢ ᠳᠡᠯᠭᠡᠨ ᠦᠵᠡᠭᠦᠯᠬᠦ ᠴᠢᠬᠤᠯᠠ ᠵᠢᠭ᠍ᠰᠠᠭᠠᠯ᠎ᠤᠨ ᠭᠠᠵᠠᠷ ᠪᠣᠯᠭᠠᠪᠠ᠃
ᠤᠷᠤᠯᠳᠤᠭᠠᠨ᠎ᠤ ᠬᠤᠭᠤᠴᠠᠭᠠᠨ᠎ᠳᠤ ᠪᠠᠰᠠ ᠪᠦᠬᠦ ᠣᠷᠣᠨ᠎ᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠂ ᠰᠣᠶᠣᠯ᠎ᠤᠨ ᠪᠦᠳᠦᠭᠡᠯᠴᠢ ᠦᠢᠯᠡᠳᠬᠦᠨ᠎ᠢ ᠳᠡᠯᠭᠡᠨ ᠪᠣᠷᠣᠯᠠᠭᠤᠯᠬᠤ ᠠᠵᠢᠯᠯᠠᠭ᠎ᠠ᠎ᠶᠢ ᠵᠡᠷᠭᠡ᠎ᠪᠡᠷ ᠥᠷᠨᠢᠭᠦᠯᠵᠦ᠂ ᠡᠯ᠎ᠡ ᠠᠢᠮᠠᠭ ᠬᠤᠳᠠ᠎ᠶᠢᠨ ᠣᠨᠴᠠᠯᠢᠭ᠍ᠲᠤ ᠪᠦᠲᠦᠭᠡᠭᠳᠡᠬᠦᠨ᠎ᠢ ᠴᠤᠭᠯᠠᠭᠤᠯᠵᠤ᠂ ᠤᠷᠤᠯᠳᠤᠭᠠᠨ᠎ᠤ ᠯᠤᠲᠤ ᠶᠡᠬᠡ ᠬᠥᠮᠥᠨ᠎ᠦ ᠤᠷᠤᠰᠬᠠᠯ᠂ ᠤᠷᠤᠰᠴᠠ᠎ᠶᠢᠨ ᠳᠠᠪᠠᠭᠤᠯᠢᠭ᠋᠎ᠲᠤ ᠲᠦᠰᠢᠭᠯᠡᠨ᠂ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ ᠲᠠᠪᠴᠠᠩ᠎ᠢ ᠪᠠᠢᠭᠤᠯᠵᠤ᠂ ᠣᠷᠣᠨ ᠨᠤᠲᠤᠭ᠎ᠤᠨ ᠣᠨᠴᠠᠯᠢᠭ᠍ᠲᠤ ᠪᠦᠲᠦᠭᠡᠭᠳᠡᠬᠦᠨ᠎ᠦ ᠨᠤᠲᠤᠭ᠎ᠠᠴᠠ᠎ᠪᠠᠨ ᠭᠠᠷᠴᠤ ᠪᠣᠷᠤᠯᠠᠭᠤᠯᠭ᠎ᠠ᠎ᠶᠢᠨ ᠵᠠᠮ᠎ᠢ ᠥᠷᠭᠡᠳᠬᠡᠬᠦ᠎ᠳᠦ ᠬᠦᠴᠦ ᠨᠡᠮᠡᠷᠢᠯᠡᠪᠡ᠃ ᠡᠭᠦᠨ᠎ᠦ ᠬᠠᠮᠲᠤ᠂ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠤᠷᠤᠯᠳᠤᠭᠠᠨ᠎ᠤ ᠬᠠᠯᠠᠮᠰᠢᠯ᠎ᠳᠦ ᠲᠦᠰᠢᠭᠯᠡᠨ ᠪᠤᠭᠤᠲᠤ ᠬᠤᠲᠠ᠎ᠶᠢᠨ ᠬᠣᠭᠣᠯᠠ ᠤᠮᠳᠠ᠂ ᠬᠣᠨᠣᠭ ᠪᠠᠭᠤᠳᠠᠯ᠂ ᠵᠠᠮ ᠬᠠᠷᠢᠯᠴᠠᠭ᠎ᠠ᠂ ᠰᠣᠶᠣᠯ ᠵᠢᠭᠤᠯᠴᠢᠯᠠᠯ᠎ᠤᠨ ᠬᠡᠷᠡᠭᠯᠡᠭᠡ᠎ᠶᠢᠨ ᠦᠷᠭᠦᠯᠵᠢᠯᠡᠨ ᠨᠡᠮᠡᠭᠳᠡᠬᠦ᠎ᠶᠢ ᠪᠦᠲᠦᠮᠵᠢᠲᠡᠶ᠎ᠪᠡᠷ ᠳᠠᠶ᠋ᠢᠴᠢᠯᠠᠵᠤ᠂ ᠬᠣᠲᠠ᠎ᠶᠢᠨ ᠬᠡᠷᠡᠭᠯᠡᠭᠡᠨ᠎ᠦ ᠵᠠᠬ᠎ᠠ ᠳᠡᠯᠭᠡᠭᠦᠷ᠎ᠢ ᠲᠤᠢᠯ᠎ᠤᠨ ᠶᠡᠬᠡᠪᠡᠷ ᠬᠥᠭᠵᠢᠭᠡᠨ᠂ ᠰᠣᠶᠣᠯ᠎ᠤᠨ ᠵᠢᠭᠤᠯᠴᠢᠯᠠᠯ᠎ᠤᠨ ᠠᠵᠤ ᠠᠬᠤᠢ᠎ᠶᠢᠨ ᠨᠡᠮᠡᠭᠳᠡᠯ᠎ᠢ ᠳᠠᠶ᠋ᠢᠴᠢᠯᠠᠪᠠ᠃
ᠡᠭᠦᠨ᠎ᠡᠴᠡ ᠭᠠᠳᠠᠨ᠎ᠠ᠂ ᠪᠡᠶ᠎ᠡ᠎ᠶᠢᠨ ᠲᠠᠮᠢᠷ᠎ᠤᠨ ᠴᠤᠭᠯᠠᠭᠠᠨ ᠨᠢ ᠡᠯ᠎ᠡ ᠠᠢᠮᠠᠭ ᠬᠤᠳᠠ᠎ᠶᠢᠨ ᠰᠣᠯᠢᠯᠴᠠᠭ᠎ᠠ ᠬᠠᠮᠲᠤᠷᠠᠯᠴᠠᠭ᠎ᠠ᠎ᠶᠢᠨ ᠰᠠᠢᠨ ᠰᠠᠢᠬᠠᠨ ᠲᠠᠪᠴᠠᠩ᠎ᠢ ᠪᠠᠢᠭᠤᠯᠵᠤ᠂ ᠡᠯ᠎ᠡ ᠭᠠᠵᠠᠷ᠎ᠤᠨ ᠲᠠᠮᠢᠷᠴᠢᠨ᠂ ᠳᠠᠰᠬᠠᠯᠵᠢᠭᠤᠯᠤᠭ᠍ᠴᠢ᠂ ᠤᠯᠠᠨ ᠲᠦᠮᠡᠨ ᠪᠤᠭᠤᠳᠦ ᠬᠤᠳᠠ᠎ᠳᠤ ᠴᠤᠭᠯᠠᠷᠠᠵᠤ᠂ ᠰᠣᠯᠢᠯᠴᠠᠭ᠎ᠠ᠎ᠪᠠᠨ ᠨᠡᠮᠡᠭᠳᠡᠭᠦᠯᠦᠨ᠂ ᠨᠥᠬᠥᠷᠯᠡᠯ᠎ᠢᠶᠡᠨ ᠵᠤᠵᠠᠭᠠᠳᠬᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠪᠦᠲᠦᠮᠵᠢᠲᠡᠢ ᠠᠬᠢᠭᠤᠯᠵᠤ᠂ ᠪᠦᠯᠬᠦᠮᠳᠡᠨ ᠲᠡᠮᠡᠴᠡᠵᠦ᠂ ᠭᠠᠷ ᠬᠣᠯᠪᠣᠨ ᠬᠥᠭᠵᠢᠬᠦ ᠬᠦᠴᠦᠷᠬᠡᠭ ᠶᠡᠬᠡ ᠨᠡᠢᠯᠡᠯ ᠬᠦᠴᠦᠨ ᠢ ᠨᠢᠭ᠍ᠲᠠᠷᠠᠭᠤᠯᠪᠠ ᠃
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ ᠨᠢ ᠨᠢᠭᠡ ᠤᠳᠠᠭᠠᠨ᠎ᠤ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠦᠪᠡᠳᠡᠭᠰᠢ ᠴᠤᠭᠯᠠᠭᠠᠨ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠦᠪᠡᠳᠡᠭᠰᠢ ᠴᠤᠭᠯᠠᠭᠠᠨ ᠪᠤᠯᠤᠭᠰᠠᠨ ᠲᠡᠳᠦᠢ ᠦᠭᠡᠢ᠂ ᠨᠠᠩ ᠴᠤ᠌ ᠨᠢᠭᠡ ᠤᠳᠠᠭᠠᠨ᠎ᠤ ᠬᠣᠲᠠ᠎ᠶᠢᠨ ᠲᠦᠷᠰᠦ ᠪᠠᠢᠳᠠᠯ᠎ᠤᠨ ᠲᠡᠯᠭᠡᠨ ᠦᠵᠡᠭᠦᠯᠭᠡ᠂ ᠰᠣᠶᠣᠯ᠎ᠤᠨ ᠤᠯᠠᠮᠵᠢᠯᠠᠯ ᠬᠦᠭᠵᠢᠯ᠎ᠤᠨ ᠦᠪᠡᠳᠡᠭᠰᠢ ᠴᠤᠭᠯᠠᠭᠠᠨ ᠪᠤᠯᠵᠤ᠂ ᠪᠤᠭᠤᠲᠤ ᠬᠣᠲᠠ᠎ᠶᠢᠨ ᠲᠠᠰ ᠳᠡᠪᠰᠢᠬᠦ᠂ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠯᠠ᠃