ᠣᠢᠷ᠎ᠠ ᠳ᠋ᠤ᠂ ᠤᠯᠠᠭᠠᠨᠴᠠᠪ ᠬᠣᠲᠠ ᠵᠢᠨ ᠨᠤᠲᠤᠭ ᠪᠡᠯᠴᠢᠭᠡᠷ ᠤ᠋ᠨ ᠠᠵᠢᠯᠯᠠᠬᠤ ᠥᠷᠲᠡᠭᠡᠵᠢᠨ ᠰᠣᠩᠭᠣᠨ ᠲᠠᠷᠢᠵᠤ ᠪᠤᠢᠵᠢᠭᠤᠯᠤᠭᠰᠠᠨ ᠬᠦᠢᠲᠡᠨᠰᠢᠯᠢ ᠵᠢᠨ ᠰᠤᠷ ᠦᠭᠡᠢ ᠰᠤᠭᠤᠪᠤᠷ ᠵᠠᠯᠭᠠᠭ᠎ᠠ ᠪᠡᠷ ᠨᠣᠭᠣᠭᠠᠷᠠᠪᠠ᠃ ᠲᠣᠰ ᠲᠥᠷᠥᠯ ᠵᠦᠢᠯ ᠢ᠋ 2024 ᠣᠨ ᠳ᠋ᠤ ᠥᠪᠡᠷᠲᠡᠭᠡᠨ ᠵᠠᠰᠠᠬᠤ ᠣᠷᠣᠨ ᠤ᠋ ᠡᠪᠡᠰᠦᠨ ᠤ᠋ ᠲᠥᠷᠥᠯ ᠵᠦᠢᠯ ᠤ᠋ᠨ ᠬᠢᠨᠠᠨ ᠲᠣᠭᠲᠠᠭᠠᠯᠲᠠ ᠶ᠋ᠢ ᠥᠩᠭᠡᠷᠡᠭᠡᠵᠦ᠂ ᠣᠷᠣᠨ ᠨᠤᠳᠤᠭ ᠤ᠋ᠨ ᠡᠪᠡᠰᠦᠨ ᠤ᠋ ᠲᠥᠷᠥᠯ ᠪᠣᠯᠵᠠᠢ᠃
ᠲᠠᠷᠢᠵᠤ ᠪᠤᠢᠵᠢᠭᠤᠯᠤᠭᠰᠠᠨ ᠬᠦᠢᠲᠡᠨᠰᠢᠯᠢ ᠵᠢᠨ ᠰᠤᠷ ᠦᠭᠡᠢ ᠰᠤᠭᠤᠪᠤᠷ ᠬᠦᠢᠲᠡᠨ ᠳ᠋ᠤ ᠲᠡᠰᠪᠦᠷᠢᠲᠡᠢ᠂ ᠬᠤᠵᠢᠷ ᠲᠤ᠌ ᠳᠠᠭᠠᠭᠠᠴᠠᠲᠠᠢ᠂ ᠤᠷᠭᠤᠮᠠᠯ ᠤ᠋ᠨ ᠬᠤᠴᠢᠯᠭ᠎ᠠ ᠶ᠋ᠢ ᠰᠡᠷᠭᠦᠭᠡᠬᠦ ᠴᠢᠳᠠᠪᠤᠷᠢ ᠪᠡᠷ ᠲᠣᠪᠣᠢᠮ᠎ᠠ ᠪᠠᠢᠵᠤ᠂ ᠲᠤᠷᠰᠢᠯᠲᠠ ᠵᠢᠨ ᠳᠤᠮᠳᠠ ᠵᠡᠷᠯᠢᠭ ᠡᠭᠦᠯᠳᠡᠷᠲᠠᠢ ᠬᠠᠷᠢᠴᠠᠭᠤᠯᠪᠠᠯ ᠤᠨᠠᠯᠳᠠ ᠨᠢ 14% — 17% ᠪᠡᠷ ᠨᠡᠮᠡᠭᠳᠡᠵᠦ᠂ ᠲᠦᠷᠦᠭᠦᠤ ᠬᠤᠭᠤᠴᠠᠭᠠᠨ ᠤ᠋ ᠪᠦᠳᠦᠭᠦᠯᠢᠭ ᠤᠭᠤᠷᠠᠭ ᠤ᠋ᠨ ᠠᠭᠤᠯᠤᠭᠳᠠᠴᠠ 16.1% ᠳ᠋ᠤ ᠬᠦᠷᠴᠠᠢ᠃ 2019 ᠣᠨ ᠡᠴᠡ ᠡᠬᠢᠯᠡᠨ᠂ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤ ᠵᠢᠨ ᠬᠢᠨ ᠬᠦᠢᠲᠡᠨᠰᠢᠯᠢ ᠵᠢᠨ ᠰᠤᠷ ᠦᠭᠡᠢ ᠰᠤᠭᠤᠪᠤᠷ ᠢ᠋ ᠲᠤᠷᠰᠢᠨ ᠳᠠᠷᠢᠵᠤ᠂ ᠣᠳᠣᠬᠠᠨ ᠳ᠋ᠤ ᠨᠢᠭᠡᠨᠲᠡ ᠬᠡᠪᠴᠢᠶᠡᠵᠢᠭᠦᠯᠦᠨ ᠦᠷᠡᠵᠢᠭᠦᠯᠦᠨ ᠪᠣᠢᠵᠢᠭᠤᠯᠬᠤ ᠱᠠᠲᠤᠨ ᠳ᠋ᠤ ᠣᠷᠣᠵᠤ᠂ ᠨᠡᠶ᠋ᠢᠲᠡ 0.5 ᠲᠦᠮᠡᠨ ᠮᠦ᠍ ᠳᠠᠷᠢᠵᠤ᠂ ᠡᠳᠡᠭᠡᠷᠡᠯᠲᠡ ᠵᠢᠨ ᠨᠣᠷᠮ᠎ᠠ ᠨᠢ 86% ᠶ᠋ᠢ ᠳᠠᠪᠠᠵᠤ ᠤᠷᠭᠤᠮᠠᠯ ᠤ᠋ᠨ ᠥᠨᠳᠥᠷ ᠨᠢ 1 ᠮᠧᠲᠷ ᠢ᠋ ᠳᠠᠪᠠᠵᠤ᠂ ᠮᠦ᠍ ᠪᠦᠷᠢ ᠡᠴᠡ 400 ᠵᠢᠩ ᠰᠣᠷᠭᠣᠭ ᠡᠪᠡᠰᠦ᠂ 20 — 40 ᠵᠢᠩ ᠡᠪᠡᠰᠦᠨ ᠤ᠋ ᠦᠷ᠎ᠡ ᠬᠤᠷᠢᠶᠠᠵᠤ᠂ ᠲᠥᠷᠥᠯ ᠵᠦᠢᠯ ᠤ᠋ᠨ ᠵᠢᠯ ᠤ᠋ᠨ ᠦᠢᠯᠡᠳᠬᠦᠨ ᠤ᠋ ᠥᠷᠲᠡᠭ ᠨᠢ ᠪᠠᠷᠤᠭ 450 ᠲᠦᠮᠡᠨ ᠲᠥᠭᠥᠷᠢᠭᠲᠦ ᠬᠦᠷᠴᠡᠢ᠃ ᠡᠨᠡ ᠵᠢᠯ ᠤᠯᠠᠭᠠᠨᠴᠠᠪ ᠬᠣᠲᠠ ᠰᠦᠯ ᠰᠠᠢᠳᠠᠢ ᠡᠪᠡᠰᠦᠨ ᠦᠷ᠎ᠡ ᠶ᠋ᠢ ᠳᠡᠯᠭᠡᠷᠡᠭᠦᠯᠬᠦ ᠡᠷᠴᠢᠮ ᠵᠢᠡᠨ ᠦᠷᠭᠦᠯᠵᠢᠯᠡᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ᠋ ᠡᠪᠡᠰᠦᠨ ᠦᠷ᠎ᠡ ᠦᠷᠡᠵᠢᠭᠦᠯᠦᠨ ᠪᠣᠢᠵᠢᠭᠤᠯᠬᠤ ᠰᠠᠭᠤᠷᠢᠨ ᠤ᠋ ᠪᠦᠲᠦᠭᠡᠨ ᠪᠠᠢᠭᠤᠯᠤᠯᠲᠠ ᠵᠢᠨ ᠲᠥᠷᠥᠯ ᠵᠦᠢᠯ ᠢ᠋ ᠢᠳᠡᠪᠬᠢᠲᠡᠢ ᠴᠢᠷᠮᠠᠢᠨ ᠣᠯᠵᠤ᠂ ᠬᠦᠢᠲᠡᠨᠰᠢᠯᠢ ᠵᠢᠨ ᠲᠠᠴᠢᠷᠳᠠᠭᠰᠠᠨ ᠨᠤᠲᠤᠭ ᠪᠡᠯᠴᠢᠭᠡᠷ ᠢ᠋ ᠵᠠᠰᠠᠨ ᠰᠡᠷᠭᠦᠭᠡᠬᠦ ᠳ᠋ᠤ ᠦᠷ᠎ᠡ ᠵᠢᠨ ᠪᠠᠲᠤᠯᠠᠭ᠎ᠠ ᠬᠠᠩᠭᠠᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号